3 ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾
ᠨᠡᠶᠢᠲᠡᠯᠡᠭᠰᠡᠨ ᠴᠠᠭ᠄
2025/1/14
       ᠭᠤᠷᠪᠠᠳᠤᠭᠠᠷ ᠪᠦᠯᠦᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠡᠷᠡᠭᠵᠢᠭᠦᠯᠦᠯᠲᠡ       ᠬᠤᠷᠢᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠪᠣᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠢ ᠦᠨᠳᠦᠰᠦᠯᠡᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠭᠠᠷᠴᠠᠭ ᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠵᠠᠰᠠᠪᠤᠷᠢ ᠣᠷᠣᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠡᠷᠭᠡ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠬᠤᠷᠸ᠎ᠠ ᠲᠠᠯ᠎ᠠ ᠠᠴᠠ ᠬᠠᠮᠢᠶᠠᠷᠤᠨ ᠵᠢᠯᠣᠭᠤᠳᠤᠨ᠎ᠠ᠃       ᠬᠤᠷᠢᠨ ᠨᠢᠭᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠡᠷᠬᠡᠪᠰᠢ ᠭᠤᠣᠯᠯᠠᠭᠴᠢ ᠬᠦᠴᠦᠨ ᠪᠠ ᠳᠠᠭᠤᠷᠢᠶᠠᠯ ᠦᠵᠡᠭᠦᠯᠬᠦ ᠦᠢᠯᠡᠳᠦᠯ ᠢ ᠪᠠᠳᠠᠷᠠᠭᠤᠯᠬᠤ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠠᠤᠷᠠᠭᠤᠯᠤᠯ ᠤᠨ ᠪᠠᠶᠢᠭᠤᠯᠤᠮᠵᠢ ᠶᠢ ᠡᠷᠬᠢᠯᠡᠬᠦ ᠪᠤᠶᠤ ᠡᠷᠬᠢᠯᠡᠬᠦ ᠳᠤ ᠣᠷᠣᠯᠴᠠᠵᠤ᠂ ᠨᠡᠶᠢᠭᠡᠮ ᠤᠨ ᠬᠦᠴᠦᠨ ᠤ ᠬᠠᠤᠯᠢ ᠶᠣᠰᠤ ᠪᠠᠷ ᠡᠷᠬᠢᠯᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠯᠣᠭᠤᠳᠤᠨ ᠳᠡᠮᠵᠢᠨ᠎ᠡ᠃ ᠤᠯᠤᠰ ᠠᠴᠠ ᠠᠵᠤ ᠦᠢᠯᠡᠰ ᠤᠨ ᠪᠠᠶᠢᠷᠢᠯᠠᠭᠤᠯᠤᠯᠲᠠ ᠪᠠ ᠠᠵᠢᠯ ᠲᠥᠷᠥᠯ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠠᠷᠭ᠎ᠠ ᠬᠡᠮᠵᠢᠶ᠎ᠡ ᠠᠪᠴᠤ᠂ ᠲᠡᠷᠢᠭᠦᠨ ᠤ ᠦᠢᠯᠡᠳᠬᠦ ᠦᠢᠯᠡᠰ ᠵᠡᠷᠭᠡ ᠠᠵᠤ ᠦᠢᠯᠡᠰ ᠤᠨ ᠬᠡᠷᠡᠭᠴᠡᠭᠡ ᠳᠤ ᠱᠠᠭᠠᠷᠳᠠᠭᠳᠠᠬᠤ ᠰᠢᠨ᠎ᠡ ᠪᠠᠷ ᠬᠥᠭᠵᠢᠭᠰᠡᠨ ᠲᠤᠰᠬᠠᠶ ᠮᠡᠷᠭᠡᠵᠢᠯ ᠢ ᠶᠡᠭᠡ ᠪᠠᠷ ᠬᠥᠭᠵᠢᠭᠦᠯᠵᠦ᠂ ᠥᠨᠳᠥᠷ ᠬᠢᠷᠢ ᠲᠦᠪᠰᠢᠨ ᠪᠥᠬᠦᠶ ᠠᠵᠢᠯ ᠮᠡᠷᠭᠡᠵᠢᠯ ᠤᠨ ᠰᠤᠷᠭᠠᠭᠤᠯᠢ᠂ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠳᠡᠮᠵᠢᠨ᠎ᠡ᠃ ᠤᠯᠤᠰ ᠠᠴᠠ ᠠᠷᠭ᠎ᠠ ᠬᠡᠮᠵᠢᠶ᠎ᠡ ᠠᠪᠴᠤ ᠨᠠᠶᠢᠳᠠᠨ ᠬᠥᠮᠦᠵᠢᠭᠦᠯᠬᠦ᠂ ᠰᠤᠪᠢᠯᠠᠬᠤ᠂ ᠡᠷᠡᠭᠦᠯᠵᠢᠯ ᠰᠤᠪᠢᠯᠠᠯᠲᠠ᠂ ᠭᠡᠷ ᠤᠨ ᠶᠠᠪᠤᠳᠠᠯ ᠵᠡᠷᠭᠡ ᠶᠢᠨ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠥᠳᠲᠡᠷ ᠲᠦᠷᠭᠡᠨ ᠬᠥᠮᠦᠵᠢᠭᠦᠯᠦᠨ᠎ᠡ᠃       ᠬᠤᠷᠢᠨ ᠬᠤᠶᠠᠳᠤᠭᠠᠷ ᠵᠦᠢᠯ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠰᠢᠶᠠᠨ ᠤ ᠬᠡᠪᠴᠢᠶᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠪᠠᠨ ᠦᠨᠳᠦᠰᠦᠯᠡᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠤᠣᠯ ᠰᠤᠷᠭᠠᠭᠤᠯᠢ ᠪᠠᠶᠢᠭᠤᠯᠵᠤ᠂ ᠣᠯᠠᠨ ᠵᠦᠢᠯ ᠤᠨ ᠬᠡᠯᠪᠡᠷᠢᠲᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠥᠷᠨᠢᠭᠦᠯᠵᠦ᠂ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠢ ᠬᠡᠷᠡᠭᠵᠢᠭᠦᠯᠵᠦ ᠪᠣᠯᠤᠨ᠎ᠠ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠤᠤᠯ ᠰᠤᠷᠭᠠᠭᠤᠯᠢ ᠳᠤ ᠨᠠᠶᠢᠳᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠵᠢᠯᠣᠭᠤᠳᠬᠤ᠂ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠯᠡᠬᠦ᠂ ᠪᠠᠭᠰᠢ ᠶᠢᠨ ᠪᠣᠯᠪᠠᠰᠤᠷᠠᠭᠤᠯᠤᠯ ᠵᠡᠷᠭᠡ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠡᠭᠦᠷᠭᠡᠯᠡᠭᠦᠯᠵᠦ ᠪᠣᠯᠤᠨ᠎ᠠ᠃       ᠬᠤᠷᠢᠨ ᠭᠤᠷᠪᠠᠳᠤᠭᠠᠷ ᠵᠦᠢᠯ ᠠᠵᠢᠯ ᠲᠥᠷᠥᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠠᠵᠢᠯ ᠲᠥᠷᠥᠯ᠂ ᠠᠵᠤ ᠦᠢᠯᠡᠰ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠣᠰᠤ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭᠠᠲᠠᠢ ᠨᠡᠶᠢᠲᠡᠯᠡᠨ᠎ᠡ᠃ ᠠᠵᠢᠯ ᠲᠥᠷᠥᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ ᠤ ᠡᠪᠯᠡᠯ ᠪᠣᠯᠤᠨ ᠳᠤᠮᠳᠠᠳᠤ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠷᠢᠶ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠨᠢ ᠬᠡᠷᠡᠭᠴᠡᠭᠡ ᠪᠠᠨ ᠦᠨᠳᠦᠰᠦᠯᠡᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠭᠠᠷᠴᠠᠭ ᠪᠣᠯᠤᠨ ᠬᠤᠯᠪᠤᠭᠳᠠᠬᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠵᠤ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠲᠥᠰᠦᠭᠡᠯᠡᠬᠦ᠂ ᠠᠵᠢᠯ ᠮᠡᠷᠭᠡᠵᠢᠯ ᠤᠨ ᠠᠮᠢᠳᠤᠷᠠᠬᠤᠢ ᠶᠢᠨ ᠬᠥᠭᠵᠢᠯᠲᠡ ᠶᠢᠨ ᠰᠤᠳᠤᠯᠭᠠᠨ ᠵᠢᠴᠢ ᠮᠡᠳᠡᠭᠡ ᠵᠠᠩᠭᠢ ᠶᠢᠨ ᠵᠦᠪᠯᠡᠯᠭᠡ ᠥᠭᠬᠦ ᠶᠢ ᠥᠷᠨᠢᠭᠦᠯᠵᠦ᠂ ᠬᠠᠩᠭᠠᠯᠭ᠎ᠠ ᠪᠠ ᠬᠡᠷᠡᠭᠴᠡᠭᠡ ᠳᠤ ᠵᠣᠬᠢᠴᠠᠭᠰᠠᠨ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠬᠠᠭᠰᠠᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠡᠷᠭᠢᠯᠡᠬᠦ ᠪᠤᠶᠤ ᠬᠠᠮᠲᠤᠷᠠᠨ ᠡᠷᠭᠢᠯᠡᠵᠦ᠂ ᠬᠤᠯᠪᠤᠭᠳᠠᠬᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ ᠵᠢᠯᠣᠭᠤᠳᠴᠤ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠡᠷᠭᠢᠯᠡᠵᠦ ᠪᠣᠯᠤᠨ᠎ᠠ᠃       ᠬᠤᠷᠢᠨ ᠳᠥᠷᠪᠡᠳᠦᠭᠡᠷ ᠵᠦᠢᠯ ᠠᠵᠤ ᠠᠬᠤᠶᠢᠯᠠᠯ ᠡᠷᠬᠡᠪᠰᠢ ᠲᠤᠰ ᠨᠢᠭᠡᠴᠢ ᠶᠢᠨ ᠢᠶᠠᠨ ᠪᠣᠳᠠᠲᠤ ᠪᠠᠶᠢᠳᠠᠯ ᠢ ᠦᠨᠳᠦᠰᠦᠯᠡᠨ᠂ ᠲᠤᠰ ᠨᠢᠭᠡᠴᠢ ᠶᠢᠨ ᠢᠶᠠᠨ ᠠᠵᠢᠯᠳᠠᠨ ᠠᠵᠢᠯᠴᠢᠨ ᠪᠠ ᠡᠯᠰᠡᠵᠦ ᠬᠡᠷᠡᠭᠯᠡᠬᠦ ᠪᠠᠷ ᠪᠡᠯᠡᠳᠬᠡᠵᠦ ᠪᠠᠶᠢᠭ᠎ᠠ ᠬᠥᠮᠦᠰ ᠲᠤ ᠲᠥᠯᠥᠪᠯᠡᠭᠡ ᠲᠠᠢ ᠪᠠᠷ ᠠᠵᠢᠯ ᠮᠡᠷᠭᠡᠵᠢᠯ ᠤᠨ ᠬᠥᠮᠦᠵᠢᠯ ᠬᠢᠬᠦ ᠬᠡᠷᠡᠭᠲᠡᠢ ᠪᠥᠭᠡᠳ ᠲᠤᠰᠬᠠᠢ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠠᠵᠢᠯ ᠮᠡᠷᠭᠡᠵᠢᠯ ᠤᠨ ᠬᠥᠮᠦᠵᠢᠯ ᠤᠨ ᠠᠵᠢᠯ ᠤᠨ ᠪᠠᠶᠢᠷᠢ ᠭᠠᠷᠭᠠᠵᠤ ᠪᠣᠯᠤᠨ᠎ᠠ᠃ ᠠᠵᠤ ᠠᠬᠤᠶᠢᠯᠠᠯ ᠤᠨ ᠬᠢᠨ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠪᠣᠯᠪᠠᠰᠤᠷᠠᠭᠤᠯᠵᠤ ᠠᠵᠢᠯ ᠤᠨ ᠪᠠᠶᠢᠷᠢ ᠳᠤ ᠭᠠᠷᠭᠠᠬᠤ ᠲᠦᠷᠢᠮ ᠢ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠡᠯᠰᠡᠵᠦ ᠬᠡᠷᠡᠭᠯᠡᠭᠰᠡᠨ ᠮᠡᠷᠭᠡᠵᠢᠯ ᠤᠨ ᠲᠦᠷᠦᠯ ᠤᠨ ᠬᠥᠳᠡᠯᠮᠦᠷᠢᠴᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠡᠷᠬᠡᠪᠰᠢ ᠠᠶᠤᠯ ᠦᠭᠡᠢ ᠦᠢᠯᠡᠳᠪᠦᠷᠢᠯᠡᠯ ᠤᠨ ᠬᠥᠮᠦᠵᠢᠯ ᠪᠠ ᠮᠡᠷᠭᠡᠵᠢᠯ ᠤᠨ ᠪᠣᠯᠪᠠᠰᠤᠷᠠᠭᠤᠯᠤᠯ ᠭᠦᠷᠲᠡᠨ᠎ᠡ︔ ᠣᠯᠠᠨ ᠨᠡᠶᠢᠲᠡ ᠶᠢᠨ ᠠᠮᠤᠷ ᠲᠦᠪᠰᠢᠨ᠂ ᠬᠥᠮᠦᠨ ᠤ ᠪᠡᠶ᠎ᠡ ᠶᠢᠨ ᠡᠷᠡᠭᠦᠯ ᠮᠡᠨᠳᠦ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠵᠡᠷᠭᠡ ᠳᠤ ᠬᠤᠯᠪᠣᠭᠳᠠᠬᠤ ᠣᠨᠴᠠᠭᠠᠶ ᠠᠵᠢᠯ ᠮᠡᠷᠭᠡᠵᠢᠯ ︵ᠠᠵᠢᠯ ᠲᠥᠷᠥᠯ︶ ᠳᠤ ᠡᠯᠰᠡᠵᠦ ᠬᠡᠷᠡᠭᠯᠡᠭᠰᠡᠨ ᠬᠥᠳᠡᠯᠮᠦᠷᠢᠴᠢᠨ ᠡᠷᠬᠡᠪᠰᠢ ᠪᠣᠯᠪᠠᠰᠤᠷᠠᠭᠤᠯᠤᠯ ᠭᠥᠷᠳᠡᠬᠦ ᠶᠢᠨ ᠬᠠᠮᠲᠤ ᠬᠠᠤᠯᠢ ᠶᠣᠰᠤ ᠪᠠᠷ ᠠᠵᠢᠯ ᠮᠡᠷᠭᠡᠵᠢᠯ ᠤᠨ ᠬᠢᠷᠢ ᠬᠡᠮ ᠪᠤᠶᠤ ᠣᠨᠴᠠᠭᠠᠶ ᠲᠥᠷᠥᠯ ᠤᠨ ᠠᠵᠢᠯ ᠬᠢᠬᠦ ᠬᠢᠷᠢ ᠬᠡᠮ ᠣᠯᠤᠭᠰᠠᠨ ᠪᠠᠶᠢᠬᠤ ᠬᠡᠷᠡᠭᠲᠡᠶ᠃ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢᠨ ᠮᠡᠳᠡᠭᠦᠯᠦᠯᠲᠡ ᠳᠤ ᠣᠷᠣᠭᠤᠯᠤᠨ᠎ᠠ᠃       ᠬᠤᠷᠢᠨ ᠲᠠᠪᠤᠳᠤᠭᠠᠷ ᠵᠦᠢᠯ ᠠᠵᠤ ᠠᠬᠤᠶᠢᠯᠠᠯ ᠨᠢ ᠬᠥᠷᠥᠩᠭᠡ᠂ ᠮᠡᠷᠭᠡᠵᠢᠯ᠂ ᠮᠡᠳᠡᠯᠭᠡ᠂ ᠪᠡᠯᠡᠳᠬᠡᠮᠵᠢ᠂ ᠲᠥᠬᠦᠭᠡᠷᠦᠮᠵᠢ᠂ ᠪᠠᠶᠢᠷᠢ ᠲᠠᠯᠠᠪᠤᠷ ᠪᠣᠯᠤᠨ ᠬᠠᠮᠢᠶᠠᠷᠤᠯᠲᠠ ᠵᠡᠷᠭᠡ ᠬᠦᠴᠦᠨ ᠵᠦᠢᠯ ᠢ ᠠᠰᠢᠭᠯᠠᠨ᠂ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠡᠷᠬᠢᠯᠡᠬᠦ ᠪᠤᠶᠤ ᠬᠠᠮᠲᠤᠷᠠᠨ ᠡᠷᠬᠢᠯᠡᠵᠦ ᠪᠣᠯᠤᠨ᠎ᠠ᠃       ᠬᠤᠷᠢᠨ ᠵᠢᠷᠭᠤᠳᠤᠭᠠᠷ ᠵᠦᠢᠯ ᠤᠯᠤᠰ ᠠᠴᠠ ᠠᠵᠤ ᠠᠬᠤᠶᠢᠯᠠᠯ ᠪᠠ ᠨᠡᠶᠢᠭᠡᠮ ᠤᠨ ᠪᠤᠰᠤᠳ ᠬᠦᠴᠦᠨ ᠤ ᠬᠠᠤᠯᠢ ᠶᠣᠰᠤ ᠪᠠᠷ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠡᠷᠬᠢᠯᠡᠬᠦ ᠶᠢ ᠵᠣᠷᠢᠭᠵᠢᠭᠤᠯᠤᠨ ᠵᠢᠯᠣᠭᠤᠳᠴᠤ ᠳᠡᠮᠵᠢᠨ᠎ᠡ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠴᠤ᠂ ᠰᠤᠷᠤᠭᠴᠢᠳ ᠲᠤ ᠰᠤᠷᠤᠯᠭ᠎ᠠ ᠶᠢ ᠳᠡᠳᠬᠦᠬᠦ ᠵᠢᠭᠡᠯᠡᠯᠭᠡ᠂ ᠰᠤᠷᠤᠯᠭ᠎ᠠ ᠶᠢᠨ ᠱᠠᠩᠨᠠᠯ ᠤᠨ ᠮᠥᠩᠭᠦ ᠬᠠᠩᠭᠠᠬᠤ ᠵᠡᠷᠭᠡ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠪᠣᠯᠤᠨ ᠨᠡᠶᠢᠭᠡᠮ ᠤᠨ ᠪᠤᠰᠤᠳ ᠬᠦᠴᠦᠨ ᠤ ᠬᠠᠤᠯᠢ ᠶᠣᠰᠤ ᠪᠠᠷ ᠡᠷᠬᠢᠯᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠡᠳᠬᠦᠨ ᠳᠡᠮᠵᠢᠨ᠎ᠡ︔ ᠡᠭᠦᠨ ᠳᠠᠬᠢ ᠠᠰᠢᠭ ᠣᠯᠵᠠᠪᠤᠷᠢ ᠶᠢᠨ ᠪᠤᠰᠤ ᠴᠢᠨᠠᠷᠲᠠᠶ ᠠᠵᠢᠯ ᠮᠡᠷᠭᠡᠵᠢᠯ ᠤᠨ ᠰᠤᠷᠭᠠᠭᠤᠯᠢ ᠪᠣᠯᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠪᠠᠰᠠ ᠵᠠᠰᠠᠭ ᠤᠨ ᠣᠷᠳᠣᠨ ᠤ ᠨᠥᠬᠦᠪᠥᠷᠢ᠂ ᠰᠠᠭᠤᠷᠢ ᠮᠥᠩᠭᠦ ᠪᠠᠷ ᠱᠠᠩᠨᠠᠬᠤ᠂ ᠪᠡᠯᠡ ᠮᠥᠩᠭᠦ ᠪᠠᠷ ᠲᠤᠰᠠᠯᠠᠵᠤ ᠤᠷᠮᠠᠰᠢᠭᠤᠯᠬᠤ ᠵᠡᠷᠭᠡ ᠲᠡᠳᠬᠦᠬᠦ ᠠᠷᠭ᠎ᠠ ᠬᠡᠮᠵᠢᠶ᠎ᠡ ᠶᠢ ᠠᠪᠴᠤ᠂ ᠠᠳᠠᠯᠢ ᠱᠠᠲᠤᠨ ᠤ ᠠᠳᠠᠯᠢ ᠲᠥᠷᠥᠯ ᠤᠨ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠨᠢᠭᠡ ᠪᠦᠷᠢ ᠶᠢᠨ ᠳᠤᠮᠳᠠᠴᠢ ᠵᠠᠷᠤᠳᠠᠯ ᠵᠡᠷᠭᠡ ᠬᠤᠯᠪᠤᠭᠳᠠᠬᠤ ᠵᠠᠷᠤᠳᠠᠯ ᠤᠨ ᠪᠠᠷᠢᠮᠵᠢᠶ᠎ᠠ ᠪᠣᠯᠤᠨ ᠳᠡᠮᠵᠢᠬᠦ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠨ ᠵᠣᠬᠢᠰᠲᠠᠶ ᠨᠥᠬᠦᠪᠥᠷᠢ ᠥᠭᠴᠦ ᠪᠣᠯᠤᠨ᠎ᠠ᠃       ᠬᠤᠷᠢᠨ ᠳᠣᠯᠣᠳᠤᠭᠠᠷ ᠵᠦᠢᠯ ᠠᠵᠤ ᠦᠢᠯᠡᠰ ᠪᠣᠯᠤᠨ ᠰᠤᠷᠭᠠᠨ ᠬᠥᠮᠦᠵᠢᠯ ᠤᠨ ᠠᠭᠤᠰᠤᠯᠴᠠᠭ᠎ᠠ᠂ ᠰᠤᠷᠭᠠᠭᠤᠯᠢ ᠪᠣᠯᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠳᠤ ᠭᠦᠨᠵᠡᠭᠡᠶ ᠣᠷᠣᠯᠴᠠᠵᠤ᠂ ᠮᠡᠷᠭᠡᠵᠢᠯ ᠤᠨ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠠᠵᠢᠯ ᠣᠯᠭᠤᠯᠲᠠ ᠶᠢ ᠠᠬᠢᠭᠤᠯᠬᠤ ᠶᠠᠪᠤᠴᠠ ᠳᠤ ᠴᠢᠬᠤᠯᠠ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠤᠭᠰᠠᠨ ᠠᠵᠤ ᠠᠬᠤᠶᠢᠯᠠᠯ ᠢ ᠲᠣᠭᠲᠠᠭᠠᠯ ᠶᠣᠰᠤ ᠪᠠᠷ ᠱᠠᠩᠨᠠᠨ᠎ᠠ︔ ᠨᠥᠬᠦᠴᠡᠯ ᠳᠤ ᠨᠡᠶᠢᠴᠡᠭᠰᠡᠨ ᠠᠵᠤ ᠦᠢᠯᠡᠰ ᠪᠣᠯᠤᠨ ᠰᠤᠷᠭᠠᠨ ᠬᠥᠮᠦᠵᠢᠯ ᠢ ᠠᠭᠤᠰᠬᠠᠭᠰᠠᠨ ᠬᠡᠯᠪᠡᠷᠢᠲᠦ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠭᠰᠠᠨ ᠪᠣᠯ ᠲᠣᠭᠲᠠᠭᠠᠯ ᠶᠣᠰᠤ ᠪᠠᠷ ᠮᠥᠩᠭᠦᠨ ᠭᠦᠢᠯᠭᠡᠭᠡ᠂ ᠡᠳ᠋ ᠤᠨ ᠵᠠᠰᠠᠭ᠂ ᠭᠠᠵᠠᠷ ᠰᠢᠷᠣᠶ ᠵᠡᠷᠭᠡ ᠶᠢᠨ ᠳᠡᠮᠵᠢᠯᠭᠡ ᠣᠯᠭᠤᠵᠤ᠂ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ ᠢ ᠬᠠᠰᠤᠵᠤ ᠭᠡᠯᠳᠦᠷᠢᠭᠦᠯᠬᠦ ᠵᠢᠴᠢ ᠪᠤᠰᠤᠳ ᠭᠠᠶᠢᠯᠢ ᠪᠠ ᠰᠦᠢᠳᠭᠡᠯ ᠤᠨ ᠬᠠᠷᠠᠭᠠᠯᠵᠠᠯ ᠢ ᠨᠠᠶᠢᠳᠠᠪᠤᠷᠢᠵᠢᠭᠤᠯᠤᠨ᠎ᠠ᠃       ᠬᠤᠷᠢᠨ ᠨᠠᠢᠮᠠᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠠᠮᠲᠤᠷᠠᠨ ᠡᠷᠬᠢᠯᠡᠬᠦ ᠳᠤ ᠡᠷᠬᠢᠯᠡᠨ ᠪᠠᠶᠢᠭᠤᠯᠤᠭᠴᠢ ᠨᠢ ᠬᠠᠮᠲᠤᠷᠠᠨ ᠰᠤᠷᠭᠠᠭᠤᠯᠢ ᠡᠷᠬᠢᠯᠡᠬᠦ ᠬᠡᠯᠡᠯᠴᠡᠭᠡᠷ ᠲᠣᠭᠲᠠᠭᠠᠵᠤ᠂ ᠡᠯ᠎ᠡ ᠲᠠᠯ᠎ᠠ ᠶᠢᠨ ᠬᠢᠨ ᠤ ᠡᠷᠬᠡ ᠪᠠ ᠡᠭᠦᠷᠭᠡ ᠶᠢ ᠪᠣᠯᠵᠣᠨ ᠲᠣᠭᠲᠠᠭᠠᠬᠤ ᠬᠡᠷᠡᠭᠲᠡᠢ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠠᠵᠢᠯ ᠲᠥᠷᠥᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠨᠡᠶᠢᠭᠡᠮ ᠤᠨ ᠬᠦᠴᠦᠨ ᠤ ᠬᠠᠮᠲᠤᠷᠠᠨ ᠰᠤᠷᠭᠠᠭᠤᠯᠢ ᠡᠷᠬᠢᠯᠡᠬᠦ ᠳᠤ ᠬᠠᠤᠯᠢ ᠶᠣᠰᠤ ᠪᠠᠷ ᠣᠷᠣᠯᠴᠠᠬᠤ ᠶᠢ ᠳᠡᠮᠵᠢᠵᠦ᠂ ᠣᠯᠠᠨ ᠵᠦᠢᠯ ᠤᠨ ᠬᠡᠯᠪᠡᠷᠢᠲᠦ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠡᠷᠬᠢᠯᠡᠨ᠎ᠡ᠃ ᠠᠵᠢᠯ ᠲᠥᠷᠥᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ ᠤ ᠡᠪᠯᠡᠯ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠵᠡᠷᠭᠡ ᠨᠢ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠨᠠᠶᠢᠳᠠᠵᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠨᠠᠶᠢᠳᠠᠯᠭ᠎ᠠ ᠶᠢᠨ ᠭᠡᠷ᠎ᠡ ᠲᠣᠭᠲᠠᠬᠤ ᠬᠡᠷᠡᠭᠲᠡᠶ᠃       ᠬᠤᠷᠢ ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠲᠦᠷᠦᠯ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ ᠤ ᠡᠪᠯᠡᠯ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠵᠡᠷᠭᠡ ᠶᠢ ᠵᠣᠬᠢᠶᠠᠨ ᠪᠠᠶᠢᠭᠤᠯᠵᠤ ᠣᠷᠣᠨ ᠪᠦᠰᠡ ᠪᠤᠶᠤ ᠠᠵᠢᠯ ᠲᠦᠷᠦᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠡᠷᠡᠭᠴᠡᠭᠡ ᠶᠢ ᠦᠨᠳᠦᠰᠦᠯᠡᠨ ᠥᠨᠳᠥᠷ ᠬᠢᠷᠢ ᠲᠦᠪᠰᠢᠨᠲᠦ᠂ ᠲᠤᠰᠬᠠᠶᠢᠵᠢᠭᠰᠠᠨ᠂ ᠨᠡᠭᠡᠭᠡᠯᠲᠡᠲᠦ ᠬᠠᠮᠲᠤ ᠪᠠᠷ ᠡᠳ᠋ᠯᠡᠬᠦ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠬᠠᠭᠰᠠᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠳᠠᠳᠤᠯᠭ᠎ᠠ ᠪᠣᠯᠪᠠᠰᠤᠷᠠᠯ ᠢ ᠥᠷᠨᠢᠭᠦᠯᠬᠦ ᠪᠠ ᠠᠵᠤ ᠠᠬᠤᠶᠢᠯᠠᠯ ᠤᠨ ᠪᠣᠯᠪᠠᠰᠤᠷᠠᠭᠤᠯᠤᠯ ᠢ ᠥᠷᠨᠢᠭᠦᠯᠬᠦ ᠳᠤ ᠨᠥᠬᠦᠴᠡᠯ ᠪᠠ ᠳᠡᠮᠵᠢᠯᠭᠡ ᠬᠠᠩᠭᠠᠬᠤ ᠬᠡᠷᠡᠭᠲᠡᠢ᠃       ᠭᠤᠴᠢᠳᠤᠭᠠᠷ ᠵᠦᠢᠯ ᠤᠯᠤᠰ ᠠᠴᠠ ᠳᠤᠮᠳᠠᠳᠤ ᠤᠯᠤᠰ ᠤᠨ ᠣᠨᠴᠠᠯᠢᠭ ᠪᠦᠬᠦᠢ ᠱᠠᠪᠢᠯᠠᠬᠤ ᠳᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠠᠵᠢᠯ ᠤᠨ ᠪᠠᠶᠢᠷᠢ ᠶᠢᠨ ᠶᠡᠷᠦᠩᠬᠡᠶ ᠬᠡᠮᠵᠢᠶᠡᠨ ᠤ ᠵᠣᠬᠢᠬᠤ ᠬᠠᠷᠢᠴᠠᠯ ᠢᠶᠠᠷ ᠱᠠᠪᠢᠯᠠᠬᠤ ᠠᠵᠢᠯ ᠤᠨ ᠪᠠᠶᠢᠷᠢ ᠭᠠᠷᠭᠠᠵᠤ᠂ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠬᠦ ᠴᠢᠳᠠᠪᠤᠷᠢ ᠲᠠᠢ ᠠᠵᠤ ᠠᠬᠤᠶᠢᠯᠠᠯ ᠣᠨᠴᠠᠭᠠᠶᠢᠯᠠᠨ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠤᠶᠠᠯᠳᠤᠭᠤᠯᠤᠭᠰᠠᠨ ᠬᠡᠯᠪᠡᠷᠢ ᠶᠢᠨ ᠠᠵᠤ ᠠᠬᠤᠶᠢᠯᠠᠯ ᠬᠢᠭᠡᠳ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠰᠢᠨ᠎ᠡ ᠪᠠᠷ ᠡᠯᠰᠡᠵᠦ ᠬᠡᠷᠡᠭᠯᠡᠭᠰᠡᠨ ᠠᠵᠢᠯᠲᠠᠨ ᠠᠵᠢᠯᠴᠢᠨ᠂ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠪᠠ ᠠᠵᠢᠯ ᠤᠨ ᠪᠠᠶᠢᠷᠢ ᠰᠢᠯᠵᠢᠭᠰᠡᠨ ᠠᠵᠢᠯᠲᠠᠨ ᠠᠵᠢᠯᠴᠢᠨ ᠢ ᠪᠣᠯᠪᠠᠰᠤᠷᠠᠭᠤᠯᠬᠤ ᠪᠤᠶᠤ ᠠᠵᠢᠯ ᠮᠡᠷᠭᠡᠵᠢᠯ ᠤᠨ ᠰᠤᠷᠭᠠᠭᠤᠯᠢ ᠲᠠᠢ ᠬᠠᠮᠲᠤᠷᠠᠨ ᠰᠤᠷᠤᠭᠴᠢ ᠡᠯᠰᠡᠵᠦ᠂ ᠠᠵᠢᠯᠯᠠᠵᠤ ᠰᠤᠷᠤᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠱᠠᠪᠢ ᠠᠵᠢᠯᠴᠢᠨ ᠢ ᠬᠥᠮᠦᠵᠢᠭᠦᠯᠦᠨ᠎ᠡ᠃ ᠬᠤᠯᠪᠤᠭᠳᠠᠬᠤ ᠠᠵᠤ ᠠᠬᠤᠶᠢᠯᠠᠯ ᠲᠣᠭᠲᠠᠭᠠᠯ ᠶᠣᠰᠤ ᠪᠠᠷ ᠨᠥᠬᠦᠪᠥᠷᠢ ᠮᠥᠩᠭᠦ ᠣᠯᠵᠤ ᠪᠣᠯᠤᠨ᠎ᠠ᠃ ᠠᠵᠤ ᠠᠬᠤᠶᠢᠯᠠᠯ ᠪᠣᠯᠤᠨ ᠠᠵᠢᠯ ᠮᠡᠷᠭᠡᠵᠢᠯ ᠤᠨ ᠰᠤᠷᠭᠠᠭᠤᠯᠢ ᠬᠤᠯᠪᠣᠭᠠᠯᠠᠨ ᠰᠤᠷᠤᠭᠴᠢ ᠡᠯᠰᠡᠵᠦ᠂ ᠠᠵᠢᠯᠯᠠᠵᠤ ᠰᠤᠷᠤᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠱᠠᠪᠢ ᠬᠥᠮᠦᠵᠢᠭᠦᠯᠬᠦ ᠳᠤ ᠱᠠᠪᠢ ᠬᠥᠮᠦᠵᠢᠭᠦᠯᠬᠦ ᠬᠡᠯᠡᠯᠴᠡᠭᠡᠷ ᠲᠣᠭᠲᠠᠭᠠᠬᠤ ᠬᠡᠷᠡᠭᠲᠡᠢ᠃       ᠭᠤᠴᠢᠨ ᠨᠢᠭᠡᠳᠦᠭᠡᠷ ᠵᠦᠢᠯ ᠤᠯᠤᠰ ᠠᠴᠠ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠵᠡᠷᠭᠡ ᠶᠢᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠤᠨ ᠵᠢᠭᠠᠬᠤ ᠮᠠᠲ᠋ᠧᠷᠢᠶᠠᠯ ᠢ ᠨᠡᠭᠡᠭᠡᠨ ᠬᠥᠭᠵᠢᠭᠦᠯᠬᠦ ᠳᠤ ᠣᠷᠣᠯᠴᠠᠬᠤ ᠶᠢ ᠵᠣᠷᠢᠭᠵᠢᠭᠤᠯᠵᠤ᠂ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠣᠨᠣᠯᠵᠢᠬᠤᠨ ᠢ ᠠᠵᠢᠯ ᠮᠡᠷᠭᠡᠵᠢᠯ ᠤᠨ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠳᠤ ᠣᠷᠣᠭᠤᠯᠬᠤ ᠶᠢᠨ ᠬᠠᠮᠲᠤ ᠵᠠᠳᠠᠭᠠᠢ ᠬᠠᠭᠤᠳᠠᠰᠤᠲᠤ ᠵᠢᠭᠠᠬᠤ ᠮᠠᠲ᠋ᠧᠷᠢᠶᠠᠯ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠬᠥᠳᠡᠯᠦᠩᠭᠦᠢ ᠪᠠᠷ ᠰᠢᠨᠡᠳᠬᠡᠵᠦ ᠪᠣᠯᠤᠨ᠎ᠠ︔ ᠮᠡᠳᠡᠭᠡ ᠵᠠᠩᠭᠢ ᠶᠢᠨ ᠮᠡᠷᠭᠡᠵᠢᠯ ᠪᠣᠯᠤᠨ ᠪᠤᠰᠤᠳ ᠣᠳᠣᠬᠢᠴᠢᠯᠠᠭᠰᠠᠨ ᠵᠢᠭᠠᠬᠤ ᠠᠷᠭ᠎ᠠ ᠮᠠᠶ᠋ᠢᠭ ᠢ ᠬᠡᠷᠡᠭᠯᠡᠬᠦ ᠶᠢ ᠳᠡᠮᠵᠢᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠦᠯᠵᠢᠶᠡᠨ ᠳᠠᠬᠢ ᠬᠢᠴᠢᠶᠡᠯ ᠵᠡᠷᠭᠡ ᠰᠤᠷᠤᠯᠴᠠᠬᠤ ᠡᠬᠢ ᠪᠠᠶᠠᠯᠢᠭ ᠢ ᠨᠡᠭᠡᠭᠡᠵᠦ᠂ ᠵᠢᠭᠠᠬᠤ ᠠᠷᠭ᠎ᠠ ᠮᠠᠶ᠋ᠢᠭ ᠪᠣᠯᠤᠨ ᠰᠤᠷᠭᠠᠭᠤᠯᠢ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠪᠠ ᠠᠭᠤᠰᠬᠠᠨ ᠬᠡᠷᠡᠭᠯᠡᠬᠦ ᠶᠢ ᠠᠬᠢᠭᠤᠯᠤᠨ᠎ᠠ᠃       ᠭᠤᠴᠢᠨ ᠬᠤᠶᠠᠳᠤᠭᠠᠷ ᠵᠦᠢᠯ ᠤᠯᠤᠰ ᠠᠴᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠳᠠᠮᠵᠢᠭᠤᠯᠤᠨ᠂ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠳᠤ ᠤᠷ᠎ᠠ ᠴᠢᠳᠠᠪᠤᠷᠢ ᠪᠠᠨ ᠳᠡᠯᠭᠡᠨ ᠦᠵᠡᠭᠦᠯᠬᠦ᠂ ᠤᠷ᠎ᠠ ᠮᠡᠷᠭᠡᠰᠢᠯ ᠢᠶᠠᠨ ᠰᠣᠯᠢᠯᠴᠠᠬᠤ ᠲᠠᠪᠴᠠᠩ ᠢ ᠬᠠᠩᠭᠠᠵᠤ᠂ ᠥᠨᠳᠥᠷ ᠬᠡᠪ ᠴᠢᠨᠠᠷ ᠪᠦᠬᠦᠢ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ᠂ ᠤᠷᠠᠨ ᠳᠠᠷᠬᠠᠨ ᠪᠠ ᠤᠯᠤᠰ ᠤᠨ ᠲᠤᠮᠤ ᠤᠷᠠᠨ ᠳᠠᠷᠬᠠᠨ ᠢ ᠦᠷᠭᠦᠯᠵᠢᠯᠡᠨ ᠬᠥᠮᠦᠵᠢᠭᠦᠯᠦᠨ᠎ᠡ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠮᠢᠷ ᠤᠨ ᠲᠤᠪᠴᠢᠶ᠎ᠠ