ᠳᠥᠷᠪᠡᠳᠦᠭᠡᠷ ᠪᠦᠯᠦᠭ ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ | ᠭᠤᠴᠢᠨ ᠭᠤᠷᠪᠠᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠳᠤ ᠳᠣᠣᠷ᠎ᠠ ᠵᠢᠭᠰᠠᠭᠠᠭᠰᠠᠨ ᠦᠨᠳᠦᠰᠦᠨ ᠨᠥᠬᠦᠴᠡᠯ ᠳᠤ ᠨᠡᠶᠢᠴᠡᠭᠰᠡᠨ | ᠪᠠᠶᠢᠬᠤ ᠬᠡᠷᠡᠭᠲᠡᠢ᠄ ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠳᠦᠷᠢᠮ ᠲᠠᠢ ᠪᠠᠶᠢᠬᠤ︔ ︵ᠬᠤᠶᠠᠷ︶ ᠬᠢᠷᠢ ᠲᠡᠩᠴᠡᠭᠰᠡᠨ ᠪᠠᠭᠰᠢ ᠪᠠ | ᠬᠠᠮᠢᠶᠠᠷᠤᠯᠲᠠ ᠶᠢᠨ ᠠᠵᠢᠯᠳᠡᠠ ᠲᠠᠢ ᠪᠠᠶᠢᠬᠤ︔ ︵ᠭᠤᠷᠪᠠ︶ ᠬᠡᠷᠡᠭᠵᠢᠭᠦᠯᠵᠦ ᠪᠠᠶᠢᠭ᠎ᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠯᠦᠭᠡ ᠲᠣᠬᠢᠷᠠᠯᠴᠠᠭᠰᠠᠨ᠂ | ᠳᠣᠭᠲᠠᠭᠰᠠᠨ ᠪᠠᠷᠢᠮᠵᠢᠶ᠎ᠠ ᠪᠣᠯᠤᠨ ᠠᠶᠤᠯ ᠦᠭᠡᠶ ᠶᠢᠨ ᠱᠠᠭᠠᠷᠳᠠᠯᠭ᠎ᠠ ᠳᠤ ᠨᠡᠶᠢᠴᠡᠭᠰᠡᠨ ᠵᠢᠭᠠᠨ ᠰᠤᠷᠭᠠᠯᠲᠠ ᠵᠢᠴᠢ ᠳᠠᠳᠤᠯᠭ᠎ᠠ ᠪᠣᠯᠪᠠᠰᠤᠷᠠᠭᠤᠯᠤᠯ ᠤᠨ ᠪᠠᠶᠢᠷᠢ | ᠲᠠᠯᠠᠪᠤᠷ᠂ ᠪᠡᠯᠡᠳᠬᠡᠮᠵᠢ᠂ ᠲᠥᠬᠦᠭᠡᠷᠦᠮᠵᠢ ᠵᠢᠴᠢ ᠬᠢᠴᠢᠶᠡᠯ ᠤᠨ ᠳᠣᠭᠲᠠᠯᠴᠠᠭ᠎ᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠬᠢ ᠪᠠᠶᠠᠯᠢᠭ ᠵᠡᠷᠭᠡ ᠲᠠᠢ ᠪᠠᠶᠢᠬᠤ︔ | ︵ᠳᠥᠷᠪᠡ︶ ᠰᠤᠷᠭᠠᠭᠤᠯᠢ ᠡᠷᠬᠢᠯᠡᠬᠦ ᠴᠢᠬᠤᠯᠠ ᠪᠦᠬᠦᠢ ᠪᠡᠯᠡ ᠮᠥᠩᠭᠦ ᠪᠣᠯᠤᠨ ᠰᠤᠷᠭᠠᠭᠤᠯᠢ ᠡᠷᠬᠢᠯᠡᠬᠦ ᠬᠡᠪᠴᠢᠶ᠎ᠡ ᠯᠦᠭᠡ ᠲᠣᠬᠢᠷᠠᠯᠴᠠᠭᠰᠠᠨ ᠲᠣᠭᠲᠠᠪᠤᠷᠢᠲᠠᠶ | ᠵᠠᠷᠤᠳᠠᠯ ᠤᠨ ᠢᠷᠡᠯᠲᠡᠢ ᠪᠠᠶᠢᠬᠤ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠳᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠪᠤᠶᠤ ᠬᠤᠯᠪᠤᠭᠳᠠᠬᠤ ᠰᠠᠯᠠᠭ᠎ᠠ ᠮᠥᠴᠢᠷ ᠠᠴᠠ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠤ ᠪᠠᠷ ᠬᠢᠨᠠᠨ | ᠵᠥᠪᠰᠢᠶᠡᠷᠡᠨ᠎ᠡ︔ ᠲᠤᠰᠬᠠᠢ ᠮᠡᠷᠭᠡᠵᠢᠯ ᠤᠨ ᠲᠡᠰ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ | ᠪᠠᠶᠢᠭᠤᠯᠬᠤ ᠳᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠵᠥᠪᠰᠢᠶᠡᠷᠡᠵᠦ᠂ | ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ︔ ᠦᠨᠳᠦᠰᠦᠨ | ᠠᠩᠬᠢ ᠵᠢᠴᠢ ᠲᠡᠭᠦᠨ ᠠᠴᠠ ᠳᠡᠭᠡᠭᠰᠢᠬᠢ ᠲᠡᠰ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ | ᠪᠠᠶᠢᠭᠤᠯᠬᠤ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠨ᠎ᠡ᠃ ᠲᠤᠰᠬᠠᠢ | ᠮᠡᠷᠭᠡᠵᠢᠯ ᠤᠨ ᠲᠡᠰ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠬᠢᠷᠠᠭᠤᠯᠤᠭᠰᠠᠨ ᠳᠡᠭᠡᠳᠦ ᠲᠡᠰ ᠤᠨ ᠮᠡᠷᠭᠡᠵᠢᠯ ᠤᠨ ᠤᠷ᠎ᠠ ᠴᠢᠳᠠᠪᠤᠷᠢᠲᠤ | ᠴᠢᠳᠠᠪᠤᠷᠢᠲᠠᠨ ᠢ ᠬᠥᠮᠦᠵᠢᠭᠦᠯᠬᠦ ᠬᠡᠰᠡᠭ ᠲᠤᠰᠬᠠᠢ ᠮᠡᠷᠭᠡᠵᠢᠯ ᠨᠢ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠭᠦᠨᠵᠡᠭᠡᠢ ᠠᠭᠤᠰᠬᠠᠵᠤ᠂ ᠰᠤᠷᠭᠠᠭᠤᠯᠢ ᠡᠷᠬᠢᠯᠡᠬᠦ | ᠣᠨᠴᠠᠯᠢᠭ ᠢᠯᠡ ᠲᠣᠳᠣ᠂ ᠬᠥᠮᠦᠵᠢᠭᠦᠯᠬᠦ ᠴᠢᠨᠠᠷ ᠴᠢᠨᠰᠠᠭ᠎ᠠ ᠨᠡᠯᠢᠶᠡᠳ ᠥᠨᠳᠥᠷ ᠵᠡᠷᠭᠡ ᠨᠥᠬᠦᠴᠡᠯ ᠳᠤ ᠨᠡᠶᠢᠴᠡᠭᠰᠡᠨ ᠪᠣᠯ ᠲᠦᠷᠦ ᠶᠢᠨ ᠶᠠᠪᠤᠳᠠᠯ ᠤᠨ ᠬᠤᠷᠢᠶᠠᠨ ᠤ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠡᠳ᠂ ᠦᠨᠳᠦᠰᠦᠨ ᠠᠩᠭᠢ ᠶᠢᠨ ᠲᠡᠰ ᠤᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠢ ᠬᠡᠷᠡᠭᠵᠢᠭᠦᠯᠵᠦ ᠪᠣᠯᠤᠨ᠎ᠠ᠃ | ᠭᠤᠴᠢᠨ ᠳᠥᠷᠪᠡᠳᠦᠭᠡᠷ ᠵᠦᠢᠯ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠠᠶᠢᠭᠤᠯᠬᠤ ᠳᠤ ᠳᠣᠣᠷ᠎ᠠ ᠵᠢᠭᠰᠠᠭᠠᠭᠰᠠᠨ ᠦᠨᠳᠦᠰᠦᠨ | ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠬᠠᠮᠢᠶᠠᠷᠤᠯᠲᠠ ᠶᠢᠨ ᠲᠦᠷᠢᠮ ᠲᠠᠢ ᠪᠠᠶᠢᠬᠤ︔ ︵ | ᠬᠤᠶᠠᠷ︶ ᠪᠣᠯᠪᠠᠰᠤᠷᠠᠭᠤᠯᠤᠯ ᠤᠨ ᠡᠭᠦᠷᠭᠡ ᠯᠦᠭᠡ ᠲᠣᠬᠢᠷᠠᠯᠴᠠᠭᠰᠠᠨ ᠬᠢᠴᠢᠶᠡᠯ ᠤᠨ ᠳᠣᠭᠲᠠᠯᠴᠠᠭ᠎ᠠ᠂ ᠪᠠᠭᠰᠢ ᠪᠤᠶᠤ ᠪᠤᠰᠤᠳ ᠬᠢᠴᠢᠶᠡᠯᠯᠡᠭᠴᠢ᠂ ᠬᠠᠮᠢᠶᠠᠷᠤᠯᠲᠠ ᠶᠢᠨ | ᠠᠵᠢᠯᠲᠠᠨ ᠲᠠᠢ ᠪᠠᠶᠢᠬᠤ︔ ︵ᠭᠤᠷᠪᠠ︶ ᠪᠣᠯᠪᠠᠰᠤᠷᠠᠭᠤᠯᠤᠯ ᠤᠨ ᠡᠭᠦᠷᠭᠡ ᠯᠦᠭᠡ ᠲᠣᠬᠢᠷᠠᠭᠰᠠᠨ᠂ ᠠᠶᠤᠯ ᠦᠭᠡᠶ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠷᠢ | ᠲᠠᠯᠠᠪᠤᠷ᠂ ᠪᠡᠯᠡᠳᠬᠡᠮᠵᠢ᠂ ᠲᠥᠬᠦᠭᠡᠷᠦᠮᠵᠢ ᠲᠠᠢ ᠪᠠᠶᠢᠬᠤ︔ ︵ᠳᠥᠷᠪᠡ︶ ᠵᠣᠬᠢᠴᠠᠩᠭᠤᠶ ᠵᠠᠷᠤᠳᠠᠯ ᠲᠠᠢ ᠪᠠᠶᠢᠬᠤ᠃ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠪᠠᠶᠢᠭᠤᠯᠬᠤ᠂ ᠬᠤᠪᠢᠷᠠᠭᠤᠯᠬᠤ ᠪᠠ ᠵᠣᠭᠰᠣᠭᠠᠬᠤ ᠳᠤ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠬᠡᠷᠡᠭᠵᠢᠭᠦᠯᠦᠨ᠎ᠡ᠃ | ᠭᠤᠴᠢᠨ ᠲᠠᠪᠤᠳᠤᠭᠠᠷ ᠵᠦᠢᠯ ᠠᠯᠪᠠᠨ ᠠᠴᠠ ᠡᠷᠬᠢᠯᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠬᠠᠷᠢᠭᠤᠴᠠᠬᠤ ᠳᠦᠷᠢᠮ ᠢ | ᠬᠡᠷᠡᠭᠵᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠨᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ ᠪᠣᠯᠤᠨ ᠬᠤᠯᠪᠤᠭᠳᠠᠬᠤ ᠲᠣᠭᠲᠠᠭᠠᠯ ᠶᠣᠰᠤ ᠪᠠᠷ ᠰᠤᠷᠭᠠᠭᠤᠯᠢ ᠶᠢᠨ ᠠᠵᠢᠯ ᠢ ᠪᠦᠬᠦ ᠲᠠᠯ᠎ᠠ ᠪᠠᠷ ᠤᠳᠤᠷᠢᠳᠴᠤ᠂ | ᠰᠤᠷᠭᠠᠭᠤᠯᠢ ᠶᠢᠨ ᠵᠠᠬᠢᠷᠤᠯ ᠤᠨ ᠡᠷᠬᠡ ᠲᠤᠰᠢᠶᠠᠯ ᠢᠶᠠᠨ ᠪᠡᠶ᠎ᠡ ᠪᠠᠨ ᠳᠠᠭᠠᠭᠠᠵᠤ ᠬᠠᠷᠢᠭᠤᠴᠠᠨ ᠬᠡᠷᠡᠭᠵᠢᠭᠦᠯᠬᠦ ᠶᠢ ᠳᠡᠮᠵᠢᠨ᠎ᠡ᠃ ᠠᠷᠠᠳ ᠠᠴᠠ ᠡᠷᠭᠢᠯᠡᠭᠰᠡᠨ ᠠᠵᠢᠯ | ᠮᠡᠷᠭᠡᠵᠢᠯ ᠤᠨ ᠰᠤᠷᠭᠠᠭᠤᠯᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠪᠠᠨ ᠬᠠᠤᠯᠢ ᠶᠣᠰᠤ ᠪᠠᠷ ᠲᠡᠭᠦᠯᠳᠡᠷᠵᠢᠭᠦᠯᠵᠦ᠂ ᠰᠤᠷᠭᠠᠭᠤᠯᠢ ᠶᠢᠨ ᠢᠶᠠᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠶᠢ ᠴᠢᠩᠭᠠᠷᠠᠭᠤᠯᠵᠤ᠂ ᠰᠤᠷᠭᠠᠭᠤᠯᠢ ᠶᠢᠨ | ᠴᠢᠬᠤᠯᠠ ᠶᠡᠭᠡ ᠬᠡᠷᠡᠭ ᠶᠠᠪᠤᠳᠠᠯ ᠳᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠢᠨᠠᠯᠲᠠ ᠲᠠᠯᠪᠢᠬᠤ᠂ ᠬᠡᠷᠡᠭᠵᠢᠭᠦᠯᠬᠦ ᠡᠯ᠎ᠡ ᠭᠤᠭᠴᠤᠭ᠎ᠠ ᠳᠠᠬᠢ ᠦᠢᠯᠡᠳᠦᠯ ᠢ | ᠪᠦᠲᠦᠮᠵᠢᠲᠡᠶ ᠪᠠᠳᠠᠷᠠᠭᠤᠯᠬᠤ ᠶᠢ ᠪᠠᠲᠤᠯᠠᠨ᠎ᠠ᠃ ᠰᠤᠷᠭᠠᠭᠤᠯᠢ ᠶᠢᠨ ᠵᠠᠬᠢᠷᠤᠯ ᠲᠤᠰ ᠰᠤᠷᠭᠠᠭᠤᠯᠢ ᠶᠢᠨ ᠢᠶᠠᠨ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ | ᠰᠤᠳᠤᠯᠭᠠᠨ ᠪᠠ ᠪᠤᠰᠤᠳ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠬᠠᠷᠢᠭᠤᠴᠠᠨ᠎ᠠ᠃ ᠰᠤᠷᠭᠠᠭᠤᠯᠢ ᠶᠢᠨ ᠵᠠᠬᠢᠷᠤᠯ ᠨᠢ ᠰᠤᠷᠭᠠᠭᠤᠯᠢ ᠶᠢᠨ | ᠵᠠᠬᠢᠷᠤᠯ ᠤᠨ ᠠᠯᠪᠠᠨ ᠤ ᠬᠤᠷᠠᠯ ᠪᠤᠶᠤ ᠰᠤᠷᠭᠠᠭᠤᠯᠢ ᠶᠢᠨ ᠶᠠᠪᠤᠳᠠᠯ ᠤᠨ ᠬᠤᠷᠠᠯ ᠢᠶᠠᠷ ᠳᠠᠮᠵᠢᠨ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠬᠠᠤᠯᠢ ᠶᠣᠰᠤ ᠪᠠᠷ | ᠬᠢᠨᠠᠯᠲᠠ ᠲᠠᠯᠪᠢᠬᠤ ᠶᠢ ᠬᠦᠯᠢᠶᠡᠨ᠎ᠡ᠃ ᠠᠵᠢᠯ ᠮᠡᠷᠭᠡᠵᠢᠯ ᠤᠨ ᠰᠤᠷᠭᠠᠭᠤᠯᠢ ᠵᠦᠪᠯᠡᠯᠭᠡ ᠥᠭᠬᠦ᠂ ᠵᠥᠪᠳᠡᠯᠴᠡᠬᠦ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ | ᠳᠠᠮᠵᠢᠭᠤᠯᠤᠨ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠰᠤᠷᠭᠠᠭᠤᠯᠢ ᠲᠡᠭᠦᠰᠦᠭᠰᠡᠳ ᠵᠡᠷᠭᠡ ᠲᠠᠯ᠎ᠠ ᠶᠢᠨ ᠬᠢᠨ ᠤ ᠲᠥᠯᠥᠭᠡᠯᠡᠭᠴᠢ ᠶᠢᠨ | ᠰᠠᠨᠠᠯ ᠢ ᠰᠣᠨᠣᠰᠴᠤ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ᠂ ᠰᠤᠷᠭᠠᠭᠤᠯᠢ ᠶᠢᠨ ᠬᠥᠭᠵᠢᠯᠲᠡ ᠶᠢ ᠳᠡᠮᠵᠢᠬᠦ ᠦᠢᠯᠡᠳᠦᠯ ᠢ ᠪᠠᠳᠠᠷᠠᠭᠤᠯᠵᠤ | ᠪᠣᠯᠤᠨ᠎ᠠ᠃ | ᠭᠤᠴᠢᠨ ᠵᠢᠷᠭᠤᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠬᠠᠤᠯᠢ ᠶᠣᠰᠤ ᠪᠠᠷ ᠰᠤᠷᠭᠠᠭᠤᠯᠢ ᠡᠷᠬᠢᠯᠡᠵᠦ᠂ ᠳᠦᠷᠢᠮ ᠢᠶᠠᠨ ᠦᠨᠳᠦᠰᠦᠯᠡᠨ ᠡᠵᠡᠨ | ᠮᠡᠳᠡᠨ ᠬᠠᠮᠢᠶᠠᠷᠬᠤ ᠬᠡᠷᠡᠭᠲᠡᠶ᠃ ᠠᠵᠢᠯ ᠮᠡᠷᠭᠡᠵᠢᠯ ᠤᠨ ᠰᠤᠷᠭᠠᠭᠤᠯᠢ ᠰᠤᠷᠭᠠᠭᠤᠯᠢ ᠡᠷᠬᠢᠯᠡᠬᠦ ᠳᠤ ᠪᠠᠨ ᠳᠣᠣᠷ᠎ᠠ ᠵᠢᠭᠰᠠᠭᠠᠭᠰᠠᠨ ᠠᠵᠢᠯᠯᠠᠭ᠎ᠠ ᠢ ᠥᠷᠨᠢᠭᠦᠯᠵᠦ ᠪᠣᠯᠤᠨ᠎ᠠ | ᠃ ︵ᠨᠢᠭᠡ︶ ᠠᠵᠤ ᠦᠢᠯᠡᠰ ᠤᠨ ᠬᠡᠷᠡᠭᠴᠡᠭᠡ ᠶᠢ ᠦᠨᠳᠦᠰᠦᠯᠡᠨ᠂ ᠲᠤᠰᠬᠠᠶ ᠮᠡᠷᠭᠡᠵᠢᠯ ᠢ ᠬᠠᠤᠯᠢ ᠶᠣᠰᠤ ᠪᠠᠷ ᠡᠵᠡᠨ ᠮᠡᠳᠡᠨ ᠪᠠᠶᠢᠷᠢᠯᠠᠭᠤᠯᠤᠨ᠎ᠠ︔ ︵ᠬᠤᠶᠠᠷ︶ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠷᠢᠮᠵᠢᠶ᠎ᠠ ᠳᠤ ᠰᠠᠭᠤᠷᠢᠯᠠᠨ ᠴᠢᠳᠠᠪᠤᠷᠢᠲᠠᠨ ᠢ ᠬᠥᠮᠦᠵᠢᠭᠦᠯᠬᠦ ᠲᠥᠰᠦᠯ ᠢ ᠲᠣᠭᠲᠠᠭᠠᠵᠤ᠂ ᠲᠤᠰᠬᠠᠶ ᠮᠡᠷᠭᠡᠵᠢᠯ ᠤᠨ | ᠬᠢᠴᠢᠶᠡᠯ ᠤᠨ ᠵᠢᠭᠠᠬᠤ ᠮᠠᠲ᠋ᠧᠷᠢᠶᠠᠯ ᠢ ᠬᠠᠤᠯᠢ ᠶᠣᠰᠣ ᠪᠠᠷ ᠡᠵᠡᠨ ᠮᠡᠳᠡᠨ ᠰᠣᠩᠭᠤᠨ ᠬᠡᠷᠡᠭᠯᠡᠬᠦ ᠪᠤᠶᠤ ᠨᠠᠶᠢᠷᠠᠭᠤᠯᠤᠨ ᠪᠢᠴᠢᠨ᠎ᠡ︔ ︵ᠭᠤᠷᠪᠠ︶ ᠮᠡᠷᠭᠡᠵᠢᠯ ᠤᠨ ᠤᠷ᠎ᠠ | ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠬᠦ ᠬᠡᠷᠡᠭᠴᠡᠭᠡ ᠶᠢ ᠦᠨᠳᠦᠰᠦᠯᠡᠨ᠂ ᠰᠤᠷᠤᠯᠴᠠᠬᠤ ᠲᠦᠷᠢᠮ ᠢ ᠡᠵᠡᠨ ᠮᠡᠳᠡᠨ ᠳᠣᠭᠲᠠᠭᠠᠵᠤ᠂ ᠵᠢᠭᠠᠨ ᠰᠤᠷᠭᠠᠬᠤ | ᠶᠠᠪᠤᠴᠠ ᠶᠢ ᠲᠤᠬᠢᠷᠠᠭᠤᠯᠤᠨ᠎ᠠ︔ ︵ᠲᠦᠷᠪᠡ︶ ᠰᠤᠷᠤᠯᠭ᠎ᠠ ᠶᠢᠨ ᠦᠨᠳᠦᠰᠦᠨ ᠲᠦᠷᠢᠮ ᠤᠨ ᠰᠠᠭᠤᠷᠢᠨ ᠳᠡᠭᠡᠷ᠎ᠡ ᠰᠤᠷᠭᠠᠭᠤᠯᠢ ᠳᠤ ᠰᠤᠷᠦᠯᠴᠡᠬᠤ ᠬᠤᠭᠤᠴᠠᠭ᠎ᠠ ᠶᠢ | ᠵᠣᠬᠢᠰᠲᠠᠢ ᠲᠤᠬᠢᠷᠡᠭᠤᠯᠵᠦ᠂ ᠤᠶᠠᠨ ᠬᠠᠳᠡᠠ ᠰᠤᠷᠦᠯᠴᠡᠬᠤ ᠲᠦᠷᠢᠮ ᠢ ᠬᠡᠷᠡᠭᠵᠢᠭᠦᠯᠦᠨ᠎ᠡ︔ ︵ᠲᠠᠪᠤ︶ ᠲᠤᠰᠬᠠᠶ ᠮᠡᠷᠭᠡᠵᠢᠯ ᠤᠨ ᠬᠢᠴᠢᠶᠡᠯ ᠤᠨ ᠪᠠᠭᠰᠢ ᠶᠢ ᠬᠠᠤᠯᠢ | ᠶᠣᠰᠤ ᠪᠠᠷ ᠡᠵᠡᠨ ᠮᠡᠳᠡᠵᠦ ᠰᠣᠩᠭᠤᠨ ᠤᠷᠢᠨ᠎ᠠ᠃ | ᠭᠤᠴᠢᠨ ᠳᠣᠯᠣᠳᠤᠭᠠᠷ ᠵᠦᠢᠯ ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠲᠤ ᠨᠡᠶᠢᠴᠡᠭᠰᠡᠨ ᠰᠢᠯᠭᠠᠯᠲᠠ ᠪᠠᠷ ᠰᠤᠷᠤᠭᠴᠢ | ᠡᠯᠰᠡᠬᠦ ᠳᠦᠷᠢᠮ ᠢ ᠪᠠᠶᠢᠭᠤᠯᠤᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠬᠤᠯᠪᠤᠭᠳᠠᠬᠤ | ᠲᠤᠰᠬᠠᠶ ᠮᠡᠷᠭᠡᠵᠢᠯ ᠳᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠯᠦᠭᠡ ᠨᠡᠪᠲᠡᠷᠡᠭᠰᠡᠨ ᠰᠤᠷᠤᠭᠴᠢ ᠡᠯᠰᠡᠬᠦ ᠪᠠ | ᠬᠥᠮᠦᠵᠢᠭᠦᠯᠬᠦ ᠶᠢ ᠬᠡᠷᠡᠭᠵᠢᠭᠦᠯᠵᠦ ᠪᠣᠯᠤᠨ᠎ᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨ ᠤᠯᠤᠰ ᠤᠨ ᠬᠤᠯᠪᠤᠭᠳᠠᠬᠤ ᠲᠣᠭᠲᠠᠭᠠᠯ | ᠶᠣᠰᠤ ᠪᠠᠷ ᠰᠣᠶᠣᠯ ᠤᠨ ᠬᠡᠪ ᠴᠢᠨᠠᠷ ᠪᠣᠯᠤᠨ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢ ᠤᠶᠠᠯᠳᠤᠭᠤᠯᠤᠭᠰᠠᠨ ᠬᠢᠨᠠᠨ ᠰᠢᠯᠭᠠᠬᠤ ᠠᠷᠭ᠎ᠠ ᠮᠠᠶ᠋ᠢᠭ ᠢ ᠠᠪᠴᠤ | ᠰᠤᠷᠤᠭᠴᠢ ᠡᠯᠰᠡᠵᠦ ᠪᠣᠯᠤᠨ᠎ᠠ︔ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠬᠢᠨᠠᠨ ᠰᠢᠯᠭᠠᠭᠠᠳ ᠬᠢᠷᠢ | ᠲᠡᠩᠴᠡᠪᠡᠯ ᠳᠦᠷᠢᠮ ᠠᠴᠠ ᠳᠠᠪᠠᠭᠤᠯᠤᠨ ᠡᠯᠰᠡᠵᠦ ᠪᠣᠯᠤᠨ᠎ᠠ᠃ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠤᠭᠳᠠᠬᠤ ᠰᠠᠯᠠᠭ᠎ᠠ ᠮᠥᠴᠢᠷ ᠲᠠᠢ | ᠬᠠᠮᠲᠤᠷᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠢᠭᠡᠳᠦᠯᠲᠡᠶ ᠰᠤᠷᠤᠭᠴᠢ ᠡᠯᠰᠡᠬᠦ ᠲᠠᠪᠴᠠᠩ ᠢ ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠢ ᠬᠡᠷᠡᠭᠵᠢᠭᠦᠯᠬᠦ ᠰᠤᠷᠭᠠᠭᠤᠯᠢ ᠵᠢᠴᠢ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ᠂ ᠰᠤᠷᠤᠭᠴᠢ ᠡᠯᠰᠡᠭᠰᠡᠨ ᠪᠠᠶᠢᠳᠠᠯ ᠵᠡᠷᠭᠡ ᠮᠡᠳᠡᠭᠡ ᠵᠠᠩᠭᠢ ᠶᠢ | ᠬᠤᠷᠢᠶᠠᠩᠭᠤᠶᠢᠯᠠᠨ ᠨᠡᠶᠢᠲᠡᠯᠡᠵᠦ᠂ ᠪᠠᠶᠢᠴᠠᠭᠠᠨ ᠯᠠᠪᠯᠠᠬᠤ᠂ ᠨᠡᠷ᠎ᠡ ᠮᠡᠳᠡᠭᠦᠯᠬᠦ ᠵᠡᠷᠭᠡ ᠦᠢᠯᠡᠴᠢᠯᠡᠭᠡ ᠶᠢ ᠬᠠᠩᠭᠠᠨ᠎ᠠ᠃ | ᠭᠤᠴᠢᠨ ᠨᠠᠢᠮᠠᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨ ᠰᠤᠷᠭᠠᠭᠤᠯᠢ ᠶᠢᠨ ᠰᠤᠷᠲᠠᠯ ᠰᠤᠷᠤᠯᠴᠠᠬᠤ ᠰᠤᠷᠲᠠᠯ᠂ ᠪᠠᠭᠰᠢ ᠶᠢᠨ ᠮᠣᠷᠠᠯ | ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠰᠠᠶᠢᠨ ᠰᠠᠶᠢᠬᠠᠨ ᠰᠤᠷᠤᠯᠴᠠᠬᠤ ᠣᠷᠴᠢᠨ ᠲᠣᠭᠤᠷᠢᠨ ᠢ ᠪᠣᠶ ᠪᠣᠯᠭᠠᠵᠤ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠴᠢᠨᠠᠷ ᠴᠢᠨᠰᠠᠭ᠎ᠠ ᠶᠢ ᠪᠠᠲᠤᠯᠠᠬᠤ ᠬᠡᠷᠡᠭᠲᠡᠶ᠃ | ᠭᠤᠴᠢ ᠶᠢᠰᠦᠳᠦᠭᠡᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠣᠯᠠᠨ ᠵᠦᠢᠯ ᠤᠨ ᠬᠡᠯᠪᠡᠷᠢ ᠪᠠᠷ ᠰᠤᠷᠤᠭᠴᠢᠳ ᠲᠤ ᠠᠵᠢᠯ ᠮᠡᠷᠭᠡᠵᠢᠯ ᠢ ᠲᠥᠯᠦᠪᠵᠢᠭᠦᠯᠬᠦ᠂ ᠠᠵᠢᠯ ᠮᠡᠷᠭᠡᠵᠢᠯ ᠢ ᠣᠶᠢᠯᠠᠭᠠᠭᠤᠯᠬᠤ᠂ ᠠᠵᠢᠯ | ᠡᠷᠢᠬᠦ ᠶᠢ ᠵᠢᠯᠣᠭᠤᠳᠬᠤ ᠵᠡᠷᠭᠡ ᠠᠵᠢᠯ ᠣᠯᠵᠤ ᠦᠢᠯᠡᠰ ᠪᠣᠰᠬᠠᠬᠤ ᠦᠢᠯᠡᠴᠢᠯᠡᠭᠡ ᠶᠢ ᠬᠠᠩᠭᠠᠵᠤ᠂ ᠰᠤᠷᠤᠭᠴᠢᠳ ᠤᠨ ᠠᠵᠢᠯ ᠣᠯᠵᠤ ᠦᠢᠯᠡᠰ ᠪᠣᠰᠬᠠᠬᠤ | ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ᠃ | ᠳᠥᠴᠢᠳᠦᠭᠡᠷ ᠵᠦᠢᠯ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠢ ᠬᠡᠷᠡᠭᠵᠢᠭᠦᠯᠬᠦ ᠳᠤ ᠪᠠᠨ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠴᠢᠬᠤᠯᠠᠴᠢᠯᠠᠵᠤ᠂ ᠰᠤᠷᠭᠠᠭᠤᠯᠢ ᠪᠠ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠬᠡᠷᠡᠭᠵᠢᠭᠦᠯᠬᠦ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠠᠵᠢᠯ | ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠵᠡᠷᠭᠡ ᠯᠦᠭᠡ ᠬᠠᠮᠲᠤ ᠪᠠᠷ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠪᠠᠶᠢᠭᠤᠯᠤᠮᠵᠢ ᠶᠢ ᠡᠷᠬᠢᠯᠡᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠯᠦᠭᠯᠡᠯ ᠢ ᠵᠣᠬᠢᠶᠠᠨ ᠪᠠᠶᠢᠭᠤᠯᠬᠤ᠂ ᠵᠠᠬᠢᠶᠠᠯᠠᠭ᠎ᠠ ᠪᠠᠷ ᠬᠥᠮᠦᠵᠢᠭᠦᠯᠬᠦ | ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠳᠠᠮᠵᠢᠭᠤᠯᠤᠨ ᠬᠤᠷᠰᠢᠶᠠᠯᠠᠵᠤ ᠪᠣᠯᠤᠨ᠎ᠠ᠃ ᠤᠯᠤᠰ ᠠᠴᠠ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ | ᠡᠯᠰᠡᠵᠦ ᠠᠵᠢᠯ ᠣᠯᠭᠤᠬᠤ᠂ ᠴᠢᠳᠠᠪᠤᠷᠢᠲᠠᠨ ᠢ ᠬᠥᠮᠦᠵᠢᠭᠦᠯᠬᠦ ᠲᠥᠰᠦᠯ ᠲᠣᠭᠲᠠᠭᠠᠬᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠲᠤᠰᠬᠠᠶ ᠮᠡᠷᠭᠡᠵᠢᠯ ᠤᠨ | ᠲᠥᠯᠥᠪᠵᠢᠭᠦᠯᠭᠡ᠂ ᠬᠢᠴᠢᠶᠡᠯ ᠤᠨ ᠲᠣᠬᠢᠷᠠᠭᠤᠯᠤᠯᠲᠠ᠂ ᠵᠢᠭᠠᠬᠤ ᠮᠠᠲ᠋ᠧᠷᠢᠶᠠᠯ ᠤᠨ ᠨᠡᠭᠡᠭᠡᠯᠲᠡ᠂ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ᠂ ᠵᠢᠭᠠᠨ | ᠰᠤᠷᠭᠠᠯᠲᠠ ᠶᠢᠨ ᠬᠡᠷᠡᠭᠵᠢᠭᠦᠯᠦᠯᠲᠡ᠂ ᠴᠢᠨᠠᠷ ᠴᠢᠨᠰᠠᠭ᠎ᠠ ᠶᠢᠨ ᠦᠨᠡᠯᠡᠯᠲᠡ᠂ ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ ᠤᠨ ᠦᠢᠯᠡᠴᠢᠯᠡᠭᠡ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠵᠢᠴᠢ ᠮᠡᠷᠭᠡᠵᠢᠯ ᠤᠨ ᠤᠷ᠎ᠠ ᠴᠢᠳᠠᠪᠤᠷᠢ ᠶᠢᠨ ᠰᠢᠨ᠎ᠡ ᠶᠢ ᠡᠭᠦᠳᠬᠦ ᠲᠠᠪᠴᠠᠩ᠂ | ᠲᠤᠰᠬᠠᠶᠢᠵᠢᠭᠰᠠᠨ ᠮᠡᠷᠭᠡᠵᠢᠯ ᠢ ᠰᠢᠯᠵᠢᠭᠦᠯᠬᠦ ᠪᠠᠶᠢᠭᠤᠯᠤᠮᠵᠢ᠂ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ | ᠲᠠᠯ᠎ᠠ ᠪᠠᠷ ᠬᠤᠯᠪᠤᠭᠳᠠᠬᠤ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠵᠡᠷᠭᠡ ᠯᠦᠭᠡ ᠬᠠᠮᠲᠤᠷᠠᠯᠴᠠᠭᠠᠨ ᠤ | ᠲᠣᠭᠲᠠᠴᠠ ᠪᠠᠶᠢᠭᠤᠯᠬᠤ ᠶᠢ ᠵᠣᠷᠢᠭᠵᠢᠭᠤᠯᠤᠨ᠎ᠠ᠃ ᠬᠠᠮᠲᠤᠷᠠᠯᠴᠠᠭ᠎ᠠ ᠥᠷᠨᠢᠭᠦᠯᠬᠦ ᠳᠤ ᠬᠡᠯᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠡᠷᠬᠡ ᠪᠠ ᠡᠭᠦᠷᠭᠡ ᠶᠢ | ᠲᠣᠳᠣᠷᠬᠠᠶᠢᠯᠠᠬᠤ ᠬᠡᠷᠡᠭᠲᠡᠢ᠃ | ᠳᠥᠴᠢᠨ ᠨᠢᠭᠡᠳᠦᠭᠡᠷ ᠵᠦᠢᠯ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠰᠤᠷᠭᠠᠭᠤᠯᠢ ᠪᠠ ᠠᠵᠤ | ᠠᠬᠤᠶᠢᠯᠠᠯ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠨᠡᠶᠢᠭᠡᠮ ᠤᠨ ᠦᠢᠯᠡᠴᠢᠯᠡᠭᠡ ᠬᠠᠩᠭᠠᠬᠤ ᠪᠤᠶᠤ ᠳᠠᠳᠤᠯᠭ᠎ᠠ ᠪᠣᠯᠪᠠᠰᠤᠷᠠᠯ ᠬᠢᠬᠦ ᠪᠠᠷ ᠵᠣᠷᠢᠯᠭ᠎ᠠ ᠪᠣᠯᠭᠠᠨ ᠠᠵᠤ | ᠠᠬᠤᠶᠢᠯᠠᠯ ᠡᠷᠬᠢᠯᠡᠵᠦ᠂ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠭᠡᠳ ᠣᠯᠤᠭᠰᠠᠨ ᠣᠷᠣᠯᠭ᠎ᠠ ᠶᠢ ᠰᠤᠷᠭᠠᠭᠤᠯᠢ ᠡᠷᠬᠢᠯᠡᠬᠦ ᠨᠥᠬᠦᠴᠡᠯ ᠢᠶᠠᠨ ᠰᠠᠶᠢᠵᠢᠷᠠᠭᠤᠯᠬᠤ ᠳᠤ | ᠬᠡᠷᠡᠭᠯᠡᠨ᠎ᠡ︔ ᠣᠷᠣᠯᠭ᠎ᠠ ᠶᠢᠨ ᠵᠣᠬᠢᠬᠤ ᠬᠠᠷᠢᠴᠠᠯ ᠢ ᠪᠠᠭᠰᠢ᠂ ᠠᠵᠤ ᠠᠬᠤᠶᠢᠯᠠᠯ ᠤᠨ ᠲᠤᠰᠬᠠᠶ ᠮᠡᠷᠭᠡᠵᠢᠯᠲᠡᠨ᠂ ᠭᠠᠳᠠᠨ᠎ᠠ ᠠᠴᠠ ᠤᠷᠢᠭᠳᠠᠭᠴᠢ ᠪᠠ ᠰᠤᠷᠭᠠᠨ | ᠬᠥᠮᠦᠵᠢᠯ ᠬᠦᠷᠲᠡᠭᠴᠢ ᠶᠢᠨ ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠭᠬᠦ ᠳᠤ ᠬᠡᠷᠡᠭᠯᠡᠵᠦ ᠪᠣᠯᠤᠨ᠎ᠠ᠂ ᠪᠠᠰᠠ ᠬᠢᠷᠢ ᠪᠦᠲᠦᠮᠵᠢ ᠶᠢᠨ ᠴᠠᠯᠢᠩ ᠤᠨ ᠢᠷᠡᠯᠲᠡ | ᠪᠣᠯᠭᠠᠵᠤ᠂ ᠤᠯᠤᠰ ᠤᠨ ᠲᠣᠭᠲᠠᠭᠠᠯ ᠳᠤ ᠨᠡᠶᠢᠴᠡᠪᠡᠯ ᠬᠢᠷᠢ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢᠨ ᠬᠢᠵᠠᠭᠠᠷᠯᠠᠯ ᠢ ᠬᠦᠯᠢᠶᠡᠬᠦ ᠦᠭᠡᠶ ᠪᠠᠶᠢᠵᠤ | ᠪᠣᠯᠤᠨ᠎ᠠ᠃ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠡᠮᠦᠨᠡᠬᠢ ᠵᠤᠷᠪᠤᠰ ᠲᠤ ᠲᠣᠭᠲᠠᠭᠠᠭᠰᠠᠨ | ᠠᠵᠢᠯᠯᠠᠭ᠎ᠠ ᠶᠢ ᠬᠢᠬᠦ ᠳᠤ ᠤᠯᠤᠰ ᠤᠨ ᠬᠤᠯᠪᠤᠭᠳᠠᠬᠤ ᠲᠣᠭᠲᠠᠭᠠᠯ ᠳᠤ ᠨᠡᠶᠢᠴᠡᠪᠡᠯ᠂ ᠬᠤᠯᠪᠤᠭᠳᠠᠬᠤ ᠭᠠᠶᠢᠯᠢ ᠪᠠ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠬᠦᠷᠲᠡᠨ᠎ᠡ᠃ | ᠳᠥᠴᠢᠨ ᠬᠤᠶᠠᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨ ᠳᠣᠭᠲᠠᠭᠰᠠᠨ ᠰᠦᠢᠳᠬᠡᠯ ᠬᠤᠷᠢᠶᠠᠬᠤ ᠪᠠᠷᠢᠮᠵᠢᠶ᠎ᠠ ᠪᠠ ᠠᠷᠭ᠎ᠠ ᠶᠢᠨ | ᠶᠣᠰᠤ ᠪᠠᠷ ᠰᠤᠷᠤᠯᠭ᠎ᠠ ᠶᠢᠨ ᠰᠦᠢᠳᠬᠡᠯ ᠪᠠ ᠪᠤᠰᠤᠳ ᠴᠢᠬᠤᠯᠠ ᠪᠦᠬᠦᠢ ᠰᠦᠢᠳᠬᠡᠯ ᠢ ᠬᠤᠷᠢᠶᠠᠨ᠎ᠠ︔ ᠤᠯᠤᠰ ᠠᠴᠠ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ | ᠪᠣᠯ ᠬᠠᠰᠤᠵᠤ ᠬᠡᠯᠲᠦᠷᠢᠭᠦᠯᠬᠦ ᠬᠡᠷᠡᠭᠲᠡᠶ︔ ᠠᠵᠢᠯ ᠲᠠᠨᠢᠯᠴᠠᠭᠤᠯᠬᠤ᠂ ᠳᠠᠳᠤᠯᠭ᠎ᠠ ᠪᠣᠯᠪᠠᠰᠤᠷᠠᠯ ᠬᠢᠬᠦ ᠵᠡᠷᠭᠡ ᠨᠡᠷ᠎ᠡ ᠪᠠᠷ ᠬᠠᠤᠯᠢ ᠶᠢ ᠵᠥᠷᠢᠴᠡᠨ ᠰᠦᠢᠳᠭᠡᠯ | ᠬᠤᠷᠢᠶᠠᠵᠤ ᠪᠣᠯᠬᠤ ᠥᠬᠡᠶ᠃ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠠᠵᠢᠯ ᠮᠡᠷᠭᠡᠵᠢᠯ ᠤᠨ ᠰᠤᠷᠭᠠᠭᠤᠯᠢ ᠨᠡᠶᠢᠭᠡᠮ ᠳᠤ ᠬᠠᠨᠳᠤᠭᠤᠯᠤᠨ | ᠪᠣᠯᠪᠠᠰᠤᠷᠠᠭᠤᠯᠤᠯ ᠥᠷᠨᠢᠭᠦᠯᠦᠭᠰᠡᠨ ᠪᠣᠯ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠰᠦᠢᠳᠬᠡᠯ ᠬᠤᠷᠢᠶᠠᠨ᠎ᠠ᠃ | ᠳᠥᠴᠢᠨ ᠭᠤᠷᠪᠠᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨ ᠰᠤᠷᠭᠠᠨ | ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠯᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ | ᠵᠡᠷᠭᠡ ᠶᠢ ᠰᠢᠩᠭᠡᠭᠡᠨ ᠠᠪᠴᠤ ᠦᠨᠡᠯᠡᠬᠦ ᠳᠤ ᠣᠷᠣᠯᠴᠠᠭᠤᠯᠬᠤ ᠶᠢᠨ ᠬᠠᠮᠲᠤ ᠬᠤᠯᠪᠤᠭᠳᠠᠬᠤ ᠮᠡᠳᠡᠭᠡ ᠵᠠᠩᠭᠢ ᠶᠢ ᠳᠠᠷᠤᠢ ᠳᠤ ᠨᠢ ᠢᠯᠡ ᠪᠣᠯᠭᠠᠵᠤ᠂ ᠰᠤᠷᠭᠠᠨ | ᠬᠥᠮᠦᠵᠢᠯ ᠢ ᠬᠢᠨᠠᠨ ᠵᠢᠯᠣᠭᠤᠳᠬᠤ ᠪᠠ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠬᠤᠯᠪᠤᠭᠳᠠᠬᠤ ᠰᠠᠯᠠᠭ᠎ᠠ ᠮᠥᠴᠢᠷ᠂ ᠠᠵᠢᠯ ᠲᠦᠷᠦᠯ ᠤᠨ ᠵᠣᠬᠢᠶᠠᠨ | ᠪᠠᠶᠢᠭᠤᠯᠤᠯᠲᠠ ᠲᠠᠢ ᠬᠠᠮᠲᠤᠷᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠲᠤ ᠨᠡᠶᠢᠴᠡᠭᠰᠡᠨ ᠴᠢᠨᠠᠷ ᠴᠢᠨᠰᠠᠭ᠎ᠠ ᠶᠢ ᠦᠨᠡᠯᠡᠬᠦ ᠳᠣᠭᠲᠠᠯᠴᠠᠭ᠎ᠠ ᠶᠢ | ᠪᠠᠶᠢᠭᠤᠯᠵᠤ᠂ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠪᠠ ᠭᠤᠷᠪᠠᠳᠠᠬᠢ ᠡᠲᠡᠭᠡᠳ ᠤᠨ ᠲᠤᠰᠬᠠᠢ ᠮᠡᠷᠭᠡᠵᠢᠯ ᠤᠨ ᠪᠠᠶᠢᠭᠤᠯᠤᠮᠵᠢ ᠶᠢ | ᠵᠣᠬᠢᠶᠠᠨ ᠪᠠᠶᠢᠭᠤᠯᠬᠤ ᠪᠤᠶᠤ ᠨᠠᠶᠢᠳᠠᠵᠤ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ ᠶᠢ ᠦᠨᠡᠯᠡᠨ ᠵᠢᠱᠢᠬᠦ ᠶᠢᠨ ᠬᠠᠮᠲᠤ | ᠦᠨᠡᠯᠡᠨ ᠵᠢᠱᠢᠭᠰᠡᠨ ᠦᠷ᠎ᠡ ᠳ᠋ᠦᠩ ᠢ ᠳᠠᠷᠤᠢ ᠳᠤ ᠨᠢ ᠢᠯᠡ ᠪᠣᠯᠭᠠᠬᠤ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢᠨ | ᠦᠨᠡᠯᠡᠯᠲᠡ ᠨᠢ ᠠᠵᠢᠯ ᠣᠯᠭᠤᠬᠤ ᠤᠳᠤᠷᠢᠳᠤᠮᠵᠢ ᠶᠢ ᠲᠣᠪᠤᠶᠢᠯᠭᠠᠵᠤ᠂ ᠰᠤᠷᠭᠠᠨ ᠬᠥᠮᠦᠵᠢᠯ ᠬᠦᠷᠲᠡᠭᠰᠡᠳ ᠤᠨ ᠡᠷᠬᠢᠯᠡᠭᠰᠡᠨ ᠠᠵᠢᠯ ᠤᠨ ᠶᠣᠰᠣ ᠮᠣᠷᠠᠯ᠂ ᠤᠷ᠎ᠠ | ᠴᠢᠳᠠᠪᠤᠷᠢ ᠶᠢᠨ ᠬᠢᠷᠢ ᠬᠡᠮᠵᠢᠶ᠎ᠡ᠂ ᠠᠵᠢᠯ ᠣᠯᠬᠤ ᠴᠢᠨᠠᠷ ᠴᠢᠨᠰᠠᠭ᠎ᠠ ᠪᠠᠷ ᠴᠢᠬᠤᠯᠠ ᠭᠦᠢᠴᠡᠳᠬᠡᠬᠦ ᠲᠤᠭ᠎ᠠ ᠪᠣᠯᠭᠠᠵᠤ᠂ ᠠᠵᠢᠯ ᠮᠡᠷᠭᠡᠵᠢᠯ ᠤᠨ ᠰᠤᠷᠭᠠᠭᠤᠯᠢ ᠶᠢ | ᠬᠥᠲᠥᠯᠥᠨ ᠵᠢᠯᠣᠭᠤᠳᠴᠤ ᠥᠨᠳᠥᠷ ᠮᠡᠳᠡᠯᠭᠡ ᠪᠣᠯᠪᠠᠰᠤᠷᠠᠯ ᠲᠠᠢ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠶ᠃ ᠬᠤᠯᠪᠤᠭᠳᠠᠬᠤ | ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠣᠰᠤ ᠪᠠᠷ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ |