ᠲᠠᠪᠤᠳᠤᠭᠠᠷ ᠪᠦᠯᠦᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠪᠠ ᠰᠤᠷᠭᠠᠨ ᠬᠥᠮᠦᠵᠢᠯ ᠬᠦᠷᠳᠡᠭᠴᠢᠦᠠ | ᠳᠥᠴᠢᠨ ᠳᠥᠷᠪᠡᠳᠦᠭᠡᠷ ᠵᠦᠢᠯ ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢᠨ ᠡᠷᠬᠡ ᠶᠢ ᠪᠠᠲᠤᠯᠠᠵᠤ᠂ ᠲᠤᠰᠬᠠᠢ | ᠮᠡᠷᠭᠡᠵᠢᠯ ᠤᠨ ᠬᠡᠪ ᠴᠢᠨᠠᠷ ᠪᠠ ᠨᠡᠶᠢᠭᠡᠮ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠦᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠵᠢᠴᠢ ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠢ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠪᠠᠨ ᠣᠷᠣᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠭᠦᠯᠦᠯᠲᠡ ᠶᠢᠨ ᠬᠡᠷᠡᠭᠴᠡᠭᠡ ᠳᠤ ᠵᠣᠬᠢᠴᠠᠭᠤᠯᠬᠤ ᠶᠢ ᠪᠠᠲᠤᠯᠠᠬᠤ ᠬᠡᠷᠡᠭᠲᠡᠢ᠃ | ᠳᠥᠴᠢᠨ ᠲᠠᠪᠤᠳᠤᠭᠠᠷ ᠵᠦᠢᠯ ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢ ᠬᠥᠮᠦᠵᠢᠭᠦᠯᠦᠨ ᠪᠣᠯᠪᠠᠰᠤᠷᠠᠭᠤᠯᠬᠤ | ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠪᠠᠭᠰᠢ ᠶᠢᠨ ᠲᠤᠰᠬᠠᠶᠢᠵᠢᠭᠰᠠᠨ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠲᠤᠰᠬᠠᠶ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠪᠠᠭᠰᠢ ᠶᠢᠨ ᠳᠡᠭᠡᠳᠦ ᠰᠤᠷᠭᠠᠭᠤᠯᠢ ᠪᠠᠶᠢᠭᠤᠯᠬᠤ ᠶᠢ ᠵᠣᠷᠢᠭᠵᠢᠭᠤᠯᠵᠤ᠂ ᠳᠡᠭᠡᠳᠦ ᠰᠤᠷᠭᠠᠭᠤᠯᠢ ᠠᠴᠠ ᠬᠤᠯᠪᠤᠭᠳᠠᠬᠤ ᠲᠤᠰᠬᠠᠶ ᠮᠡᠷᠭᠡᠵᠢᠯ | ᠪᠠᠶᠢᠭᠤᠯᠬᠤ ᠶᠢ ᠳᠡᠮᠵᠢᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢ ᠬᠥᠮᠦᠵᠢᠭᠦᠯᠬᠦ ᠬᠡᠷᠡᠭᠲᠡᠶ︔ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ | ᠠᠵᠤ ᠠᠬᠤᠶᠢᠯᠠᠯ ᠬᠠᠮᠲᠤ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢ ᠬᠥᠮᠦᠵᠢᠭᠦᠯᠬᠦ ᠪᠠ ᠪᠣᠯᠪᠠᠰᠤᠷᠠᠭᠤᠯᠬᠤ ᠳᠤ ᠣᠷᠣᠯᠴᠠᠬᠤ ᠶᠢ | ᠵᠣᠷᠢᠭᠵᠢᠭᠤᠯᠤᠨ᠎ᠠ᠃ ᠠᠵᠤ ᠦᠢᠯᠡᠰ ᠪᠣᠯᠤᠨ ᠰᠤᠷᠭᠠᠨ ᠬᠥᠮᠦᠵᠢᠯ ᠢ ᠠᠭᠤᠰᠬᠠᠭᠰᠠᠨ ᠠᠵᠤ ᠠᠬᠤᠶᠢᠯᠠᠯ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠳ | ᠵᠣᠬᠢᠬᠤ ᠬᠠᠷᠢᠴᠠᠯ ᠢᠶᠠᠷ ᠠᠵᠢᠯ ᠤᠨ ᠪᠠᠶᠢᠷᠢ ᠳᠣᠭᠢᠷᠠᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠪᠠᠭᠰᠢ ᠨᠠᠷ ᠤᠨ ᠦᠢᠯᠡᠳᠦᠯᠭᠡ ᠳᠤ ᠣᠷᠣᠯᠴᠠᠬᠤ ᠶᠢ ᠭᠥᠯᠢᠶᠡᠨ ᠠᠪᠬᠤ ᠬᠡᠷᠡᠭᠲᠡᠶ᠃ | ᠳᠥᠴᠢᠨ ᠵᠢᠷᠭᠤᠳᠤᠭᠠᠷ ᠵᠦᠢᠯ ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠪᠠ ᠬᠥᠭᠵᠢᠯᠲᠡ ᠶᠢᠨ ᠱᠠᠭᠠᠷᠳᠠᠯᠭ᠎ᠠ ᠳᠤ | ᠨᠡᠶᠢᠴᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠪᠠ ᠲᠤᠰᠢᠶᠠᠯ ︵ᠮᠡᠷᠭᠡᠵᠢᠯ ᠤᠨ ᠴᠣᠯᠠ︶ | ᠲᠣᠭᠲᠠᠭᠠᠬᠤ ᠪᠠ ᠤᠷᠢᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠬᠢᠴᠢᠶᠡᠯ ᠤᠨ | ᠪᠠᠭᠰᠢ ︵ᠳᠠᠳᠤᠯᠭ᠎ᠠ ᠶᠢ ᠵᠢᠭᠠᠨ ᠵᠢᠯᠣᠭᠤᠳᠬᠤ ᠪᠠᠭᠰᠢ ᠶᠢ ᠪᠠᠭᠲᠠᠭᠠᠨ᠎ᠠ︶ ᠨᠢ ᠵᠣᠬᠢᠬᠤ ᠵᠢᠯ ᠤᠨ ᠬᠠᠷᠠᠭᠠᠯᠵᠠᠭᠰᠠᠨ ᠠᠵᠢᠯ ᠤᠨ ᠳᠤᠷᠰᠢᠯᠭ᠎ᠠ ᠲᠠᠢ ᠪᠤᠶᠤ | ᠦᠢᠯᠡᠳᠦᠯᠭᠡ ᠶᠢᠨ ᠲᠤᠷᠰᠢᠯᠭ᠎ᠠ ᠲᠠᠢ ᠪᠠᠶᠢᠵᠤ᠂ ᠵᠣᠬᠢᠬᠤ ᠤᠷ᠎ᠠ ᠴᠢᠳᠠᠪᠤᠷᠢ ᠶᠢᠨ ᠬᠢᠷᠢ ᠲᠦᠪᠰᠢᠨ ᠳᠤ ᠬᠦᠷᠦᠭᠰᠡᠨ ᠪᠠᠶᠢᠬᠤ ᠬᠡᠷᠡᠭᠲᠡᠶ᠃ ᠨᠥᠬᠦᠴᠡᠯ ᠪᠦᠷᠢᠳᠦᠭᠰᠡᠨ | ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠡᠵᠡᠩᠨᠡᠯᠲᠡ ᠬᠠᠮᠢᠶᠠᠷᠤᠯᠲᠠ ᠪᠠ ᠲᠤᠰᠬᠠᠢ ᠮᠡᠷᠭᠡᠵᠢᠯ ᠤᠨ ᠠᠵᠢᠯᠳᠠᠨ ᠵᠢᠴᠢ ᠲᠤᠰᠬᠠᠢ ᠮᠡᠷᠭᠡᠵᠢᠯ ᠤᠨ | ᠮᠡᠳᠡᠯᠭᠡ ᠲᠠᠢ ᠪᠤᠶᠤ ᠣᠨᠴᠠᠭᠠᠢ ᠤᠷ᠎ᠠ ᠴᠢᠳᠠᠪᠤᠷᠢ ᠲᠠᠢ ᠪᠤᠰᠤᠳ ᠠᠵᠢᠯᠳᠠᠨ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠴᠢᠳᠠᠪᠤᠷᠢ ᠶᠢᠨ ᠪᠣᠯᠪᠠᠰᠤᠷᠠᠭᠤᠯᠤᠯ ᠳᠤ | ᠬᠢᠷᠢ ᠲᠡᠩᠴᠡᠭᠰᠡᠨ ᠪᠣᠯ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠢ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠲᠤᠰᠬᠠᠢ ᠮᠡᠷᠭᠡᠵᠢᠯ ᠤᠨ | ᠬᠢᠴᠢᠶᠡᠯ ᠤᠨ ᠪᠠᠭᠰᠢ ᠪᠤᠯᠵᠤ ᠪᠣᠯᠤᠨ᠎ᠠ︔ ᠪᠠᠭᠰᠢ ᠶᠢᠨ ᠬᠢᠷᠢ ᠬᠡᠮ ᠢ ᠣᠯᠤᠭᠰᠠᠨ ᠪᠣᠯ ᠲᠡᠭᠦᠨ ᠤ ᠮᠡᠷᠭᠡᠵᠢᠯ ᠤᠨ ᠴᠣᠯᠠ ᠶᠢ ᠦᠨᠳᠦᠰᠦᠯᠡᠨ ᠵᠣᠬᠢᠬᠤ ᠪᠠᠭᠰᠢ ᠶᠢᠨ | ᠲᠤᠰᠢᠶᠠᠯ ᠳᠤ ᠤᠷᠢᠵᠤ ᠪᠣᠯᠤᠨ᠎ᠠ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠬᠢᠴᠢᠶᠡᠯ ᠤᠨ ᠪᠠᠭᠰᠢ ᠶᠢᠨ ᠬᠢᠷᠢ ᠬᠡᠮ ᠢ ᠤᠯᠬᠤ ᠳᠤ | ᠪᠠᠶᠢᠳᠠᠯ ᠢ ᠦᠵᠡᠵᠦ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠶᠢ ᠪᠠᠭᠤᠷᠠᠭᠤᠯᠵᠤ ᠪᠣᠯᠤᠨ᠎ᠠ᠃ | ᠳᠥᠴᠢᠨ ᠳᠣᠯᠣᠳᠤᠭᠠᠷ ᠵᠦᠢᠯ ᠤᠯᠤᠰ ᠠᠴᠠ ᠠᠵᠢᠯ ᠮᠡᠷᠭᠡᠵᠢᠯ ᠤᠨ ᠰᠤᠷᠭᠠᠭᠤᠯᠢ ᠶᠢᠨ ᠤᠷ᠎ᠠ ᠴᠢᠳᠠᠪᠤᠷᠢᠲᠤ ᠶᠡᠭᠡ ᠮᠠᠰᠲ᠋ᠧᠷ᠂ ᠬᠥᠳᠡᠯᠮᠦᠷᠢ ᠶᠢᠨ ᠵᠢᠱᠢᠶᠡᠴᠢ᠂ | ᠤᠷᠠᠨ ᠳᠠᠷᠬᠠᠨ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠵᠡᠷᠭᠡ ᠳᠡᠭᠡᠳᠦ ᠳᠡᠰ ᠤᠨ ᠤᠷ᠎ᠠ ᠴᠢᠳᠠᠪᠤᠷᠢᠲᠤ | ᠴᠢᠳᠠᠪᠤᠷᠢᠲᠠᠨ ᠢ ᠤᠷᠢᠵᠤ᠂ ᠲᠤᠰᠬᠠᠢ ᠪᠤᠶᠤ ᠲᠤᠰᠢᠶᠠᠯ ᠬᠠᠪᠰᠤᠷᠭᠠᠭᠰᠠᠨ ᠲᠤᠰᠬᠠᠢ ᠮᠡᠷᠭᠡᠵᠢᠯ ᠤᠨ ᠬᠢᠴᠢᠶᠡᠯ ᠤᠨ ᠪᠠᠭᠰᠢ ᠪᠣᠯᠭᠠᠵᠤ᠂ ᠠᠵᠢᠯᠯᠠᠬᠤ ᠲᠠᠰᠤᠭ | ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠢᠳᠠᠪᠤᠷᠢᠲᠠᠨ ᠢ ᠬᠥᠮᠦᠵᠢᠭᠦᠯᠬᠦ᠂ ᠮᠡᠷᠭᠡᠵᠢᠯ ᠢ ᠨᠡᠭᠡᠭᠡᠨ ᠬᠥᠭᠵᠢᠭᠦᠯᠬᠦ᠂ ᠤᠷ᠎ᠠ ᠴᠢᠳᠠᠪᠤᠷᠢ ᠶᠢ ᠤᠯᠠᠮᠵᠢᠯᠠᠨ | ᠵᠠᠯᠭᠠᠮᠵᠢᠯᠠᠬᠤ ᠵᠡᠷᠭᠡ ᠠᠵᠢᠯ ᠳᠤ ᠣᠷᠣᠯᠴᠠᠭᠤᠯᠬᠤ ᠶᠢ ᠵᠣᠷᠢᠭᠵᠢᠭᠤᠯᠤᠨ᠎ᠠ᠃ | ᠳᠥᠴᠢᠨ ᠨᠠᠢᠮᠠᠳᠤᠭᠠᠷ ᠵᠦᠢᠯ ᠤᠯᠤᠰ ᠠᠴᠠ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠠᠵᠢᠯᠳᠡᠠ ᠠᠵᠢᠯᠴᠢᠨ ᠢ ᠲᠤᠬᠢᠷᠡᠭᠤᠯᠬᠤ ᠦᠨᠳᠦᠰᠦᠨ | ᠪᠠᠷᠢᠮᠵᠢᠶ᠎ᠠ ᠶᠢ ᠲᠣᠭᠲᠠᠭᠠᠨ᠎ᠠ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠦᠨᠳᠦᠰᠦᠨ ᠪᠠᠷᠢᠮᠵᠢᠶ᠎ᠠ ᠶᠢ ᠦᠨᠳᠦᠰᠦᠯᠡᠨ ᠲᠤᠰ ᠭᠠᠵᠠᠷ | ᠣᠷᠣᠨ ᠤ ᠪᠠᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠢ ᠲᠣᠬᠢᠷᠠᠭᠤᠯᠬᠤ ᠪᠠᠷᠢᠮᠵᠢᠶ᠎ᠠ ᠶᠢ ᠳᠣᠭᠲᠠᠭᠠᠨ᠎ᠠ᠃ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠠᠭᠰᠢ ᠠᠵᠢᠯᠲᠠᠨ ᠠᠵᠢᠯᠴᠢᠨ ᠢ ᠲᠣᠬᠢᠷᠠᠭᠤᠯᠬᠤ ᠪᠠᠷᠢᠮᠵᠢᠶ᠎ᠠ᠂ ᠰᠤᠷᠭᠠᠭᠤᠯᠢ ᠡᠷᠬᠢᠯᠡᠬᠦ | ᠬᠡᠪᠴᠢᠶ᠎ᠡ ᠵᠡᠷᠭᠡ ᠶᠢ ᠦᠨᠳᠦᠰᠦᠯᠡᠨ᠂ ᠠᠯᠪᠠᠨ ᠠᠴᠠ ᠡᠷᠬᠢᠯᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠬᠡᠪᠴᠢᠶ᠎ᠡ ᠶᠢ | ᠲᠣᠭᠲᠠᠭᠠᠬᠤ ᠬᠡᠷᠡᠭᠲᠡᠶ᠂ ᠡᠭᠦᠨ ᠳᠤ ᠵᠣᠬᠢᠬᠤ ᠬᠠᠷᠢᠴᠠᠯ ᠢ ᠠᠵᠢᠯ ᠮᠡᠷᠭᠡᠵᠢᠯ ᠤᠨ ᠰᠤᠷᠭᠠᠭᠤᠯᠢ ᠶᠢᠨ ᠨᠡᠶᠢᠭᠡᠮ ᠳᠤ ᠬᠠᠨᠳᠤᠭᠤᠯᠤᠨ ᠲᠤᠰᠬᠠᠶ ᠮᠡᠷᠭᠡᠵᠢᠯ ᠤᠨ ᠠᠵᠢᠯᠲᠠᠨ᠂ | ᠤᠷ᠎ᠠ ᠴᠢᠳᠠᠪᠤᠷᠢᠲᠤ ᠴᠢᠳᠠᠪᠤᠷᠢᠲᠠᠨ ᠢ ᠢᠯᠡ ᠪᠠᠷ ᠤᠷᠢᠵᠤ ᠲᠤᠰᠬᠠᠶ ᠪᠤᠶᠤ ᠲᠤᠰᠢᠶᠠᠯ ᠬᠠᠪᠰᠤᠷᠭᠠᠭᠰᠠᠨ ᠪᠠᠭᠰᠢ ᠪᠣᠯᠭᠠᠨ ᠬᠡᠷᠡᠭᠯᠡᠵᠦ ᠪᠣᠯᠤᠨ᠎ᠠ᠃ | ᠳᠥᠴᠢ ᠶᠢᠰᠦᠳᠦᠭᠡᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠬᠠᠤᠯᠢ ᠴᠠᠭᠠᠵᠠ᠂ ᠬᠠᠤᠯᠢ ᠳᠦᠷᠢᠮ ᠪᠣᠯᠤᠨ ᠰᠤᠷᠤᠭᠴᠢ ᠶᠢᠨ | ᠦᠢᠯᠡ ᠠᠵᠢᠯᠯᠠᠭᠠᠨ ᠤ ᠳᠦᠷᠢᠮᠵᠢᠯ ᠢ ᠵᠢᠷᠤᠮᠯᠠᠨ᠂ ᠰᠠᠶᠢᠨ ᠰᠠᠶᠢᠬᠠᠨ ᠠᠵᠢᠯ ᠮᠡᠷᠭᠡᠵᠢᠯ ᠤᠨ ᠶᠣᠰᠣ ᠮᠣᠷᠠᠯ᠂ ᠠᠵᠢᠯ ᠮᠡᠷᠭᠡᠵᠢᠯ ᠤᠨ ᠵᠣᠷᠢᠭ ᠰᠠᠨᠠᠭ᠎ᠠ ᠪᠣᠯᠤᠨ ᠦᠢᠯᠡ | ᠠᠵᠢᠯᠯᠠᠭᠠᠨ ᠤ ᠳᠠᠳᠬᠠᠯ ᠲᠠᠢ ᠪᠣᠯᠵᠣ᠂ ᠴᠢᠷᠮᠠᠶᠢᠨ ᠰᠤᠷᠤᠯᠴᠠᠵᠤ᠂ ᠳᠣᠭᠲᠠᠭᠰᠠᠨ ᠰᠤᠷᠤᠯᠴᠠᠬᠤ ᠡᠭᠦᠷᠭᠡ ᠪᠠᠨ ᠪᠡᠶᠡᠯᠡᠭᠦᠯᠦᠨ᠂ ᠱᠠᠭᠠᠷᠳᠠᠯᠭ᠎ᠠ ᠶᠣᠰᠤ ᠪᠠᠷ ᠳᠠᠳᠤᠯᠭ᠎ᠠ | ᠪᠣᠯᠪᠠᠰᠤᠷᠠᠯ ᠳᠤ ᠣᠷᠣᠯᠴᠠᠵᠤ᠂ ᠮᠡᠷᠭᠡᠵᠢᠯ ᠤᠨ ᠤᠷ᠎ᠠ ᠴᠢᠳᠠᠪᠤᠷᠢ ᠶᠢ ᠡᠵᠡᠮᠰᠢᠬᠦ ᠬᠡᠷᠡᠭᠲᠡᠶ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠬᠠᠤᠯᠢ | ᠶᠣᠰᠣᠨ ᠤ ᠡᠷᠬᠡ ᠠᠰᠢᠭ ᠢ ᠬᠠᠤᠯᠢ ᠪᠠᠷ ᠬᠠᠮᠠᠭᠠᠯᠠᠨ᠎ᠠ᠃ | ᠲᠠᠪᠢᠳᠤᠭᠠᠷ ᠵᠦᠢᠯ ᠤᠯᠤᠰ ᠠᠴᠠ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠬᠢᠨ ᠳᠠᠳᠤᠯᠭ᠎ᠠ ᠬᠢᠬᠦ ᠠᠵᠢᠯ ᠤᠨ ᠪᠠᠶᠢᠷᠢ ᠲᠣᠬᠢᠷᠠᠭᠤᠯᠵᠤ᠂ | ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠤᠭᠴᠢᠳ ᠤᠨ ᠳᠠᠳᠤᠯᠭ᠎ᠠ ᠬᠢᠬᠦ ᠶᠢ ᠬᠦᠯᠢᠶᠡᠨ | ᠠᠪᠬᠤ ᠶᠢ ᠵᠣᠷᠢᠭᠵᠢᠭᠤᠯᠤᠨ᠎ᠠ᠃ ᠳᠠᠳᠤᠯᠭ᠎ᠠ ᠶᠢ ᠬᠦᠯᠢᠶᠡᠨ ᠠᠪᠤᠭᠰᠠᠨ ᠨᠢᠭᠡᠴᠢ ᠨᠢ ᠰᠤᠷᠤᠭᠴᠢᠳ ᠤᠨ ᠳᠠᠳᠤᠯᠭ᠎ᠠ ᠶᠢᠨ ᠬᠤᠭᠤᠴᠠᠭᠠᠨ ᠳᠤ ᠪᠠᠨ ᠲᠣᠭᠲᠠᠭᠠᠯ | ᠶᠣᠰᠤ ᠪᠠᠷ ᠠᠮᠠᠷᠠᠯᠲᠠ ᠪᠠ ᠠᠮᠠᠷᠠᠯᠲᠠ ᠶᠢᠨ ᠴᠢᠯᠦᠭᠡ ᠶᠢ ᠡᠳ᠋ᠯᠡᠬᠦ᠂ ᠬᠥᠳᠡᠯᠮᠦᠷᠢ ᠶᠢᠨ ᠠᠶᠤᠯ ᠦᠭᠡᠢ ᠪᠠᠶᠢᠳᠠᠯ ᠪᠠ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠬᠦᠷᠲᠡᠬᠦ᠂ | ᠬᠤᠯᠪᠤᠭᠳᠠᠬᠤ ᠳᠠᠭᠠᠳᠬᠠᠯ ᠳᠤ ᠣᠷᠣᠯᠴᠠᠬᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠢᠯᠤᠭᠤᠳᠤᠯᠭ᠎ᠠ ᠶᠢ ᠬᠦᠯᠢᠶᠡᠬᠦ ᠵᠡᠷᠭᠡ ᠡᠷᠬᠡ ᠶᠢ ᠪᠠᠲᠤᠯᠠᠬᠤ ᠬᠡᠷᠡᠭᠲᠡᠢ︔ | ᠠᠵᠢᠯ ᠤᠨ ᠪᠠᠶᠢᠷᠢ ᠳᠤ ᠭᠠᠷᠴᠤ ᠳᠠᠳᠤᠯᠭ᠎ᠠ ᠬᠢᠭᠰᠡᠨ ᠪᠣᠯ ᠳᠠᠳᠤᠯᠭ᠎ᠠ ᠬᠢᠬᠦ ᠬᠡᠯᠡᠯᠴᠡᠭᠡᠷ ᠲᠣᠭᠲᠠᠭᠠᠵᠤ᠂ ᠵᠣᠬᠢᠬᠤ ᠬᠥᠳᠡᠯᠮᠦᠷᠢ ᠶᠢᠨ ᠬᠥᠯᠥᠰᠥ ᠬᠠᠷᠠᠮᠵᠢ ᠥᠭᠬᠦ | ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠠᠳᠤᠯᠭ᠎ᠠ ᠪᠣᠯᠪᠠᠰᠤᠷᠠᠯ ᠤᠨ ᠰᠤᠷᠤᠭᠴᠢᠳ ᠲᠤ | ᠬᠢᠬᠦ ᠵᠢᠯᠣᠭᠤᠳᠣᠯᠭ᠎ᠠ ᠪᠠᠨ ᠴᠢᠩᠭᠠᠳᠬᠠᠵᠤ᠂ ᠠᠶᠤᠯ ᠥᠬᠡᠶ ᠦᠢᠯᠡᠳᠪᠦᠷᠢᠯᠡᠯ ᠤᠨ ᠬᠥᠮᠦᠵᠢᠯ ᠢ ᠴᠢᠩᠭᠠᠳᠬᠠᠵᠤ᠂ ᠳᠠᠳᠤᠯᠭ᠎ᠠ ᠬᠢᠬᠦ ᠨᠢᠭᠡᠴᠢ ᠯᠦᠭᠡ ᠵᠥᠪᠳᠡᠯᠴᠡᠵᠦ | ᠰᠤᠷᠤᠭᠴᠢᠳ ᠤᠨ ᠰᠣᠷᠣᠭᠰᠠᠨ ᠲᠤᠰᠬᠠᠶ ᠮᠡᠷᠭᠡᠵᠢᠯ ᠯᠦᠭᠡ ᠳᠣᠭᠢᠷᠠᠯᠴᠠᠭᠰᠠᠨ ᠠᠵᠢᠯ ᠤᠨ ᠪᠠᠶᠢᠷᠢ ᠳᠤ ᠳᠣᠭᠢᠷᠠᠭᠤᠯᠵᠤ᠂ ᠳᠠᠳᠤᠯᠭ᠎ᠠ ᠪᠣᠯᠪᠠᠰᠤᠷᠠᠯ ᠤᠨ ᠠᠭᠤᠯᠭ᠎ᠠ ᠪᠠ | ᠪᠠᠷᠢᠮᠵᠢᠶ᠎ᠠ ᠶᠢ ᠲᠣᠳᠣᠷᠬᠠᠶᠢᠯᠠᠬᠤ ᠬᠡᠷᠡᠭᠲᠡᠶ᠂ ᠰᠤᠷᠤᠭᠴᠢᠳ ᠢᠶᠠᠷ ᠰᠣᠷᠣᠭᠰᠠᠨ ᠲᠤᠰᠬᠠᠶ ᠮᠡᠷᠭᠡᠵᠢᠯ ᠲᠠᠢ ᠨᠢ ᠬᠤᠯᠪᠤᠭᠳᠠᠬᠤ ᠥᠬᠡᠶ ᠳᠠᠳᠤᠯᠭ᠎ᠠ ᠪᠣᠯᠪᠠᠰᠤᠷᠠᠯ | ᠬᠢᠯᠭᠡᠬᠦ ᠪᠠᠷ ᠲᠣᠬᠢᠷᠠᠭᠤᠯᠵᠤ ᠪᠣᠯᠬᠤ ᠥᠬᠡᠶ᠂ ᠬᠤᠯᠪᠤᠭᠳᠠᠬᠤ ᠲᠣᠭᠲᠠᠭᠠᠯ ᠢ ᠵᠥᠷᠢᠴᠡᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠪᠠᠶᠢᠭᠤᠯᠤᠮᠵᠢ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ᠂ ᠡᠰᠡᠬᠦᠯ᠎ᠡ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ᠂ ᠬᠥᠳᠡᠯᠮᠦᠷᠢ | ᠦᠢᠯᠡᠴᠢᠯᠡᠭᠡ ᠲᠣᠮᠢᠯᠠᠬᠤ ᠲᠤᠬᠠᠶᠢᠯᠠᠭᠰᠠᠨ ᠠᠵᠢᠯ ᠢ ᠬᠠᠤᠯᠢ ᠪᠤᠰᠤ ᠪᠠᠷ ᠡᠷᠭᠢᠯᠡᠵᠦ ᠪᠠᠶᠢᠭ᠎ᠠ ᠨᠢᠭᠡᠴᠢ ᠪᠤᠶᠤ ᠬᠤᠪᠢ ᠬᠥᠮᠦᠨ ᠤ ᠵᠣᠬᠢᠶᠠᠨ ᠪᠠᠶᠢᠭᠤᠯᠬᠤ ᠪᠠᠷ | ᠳᠠᠮᠵᠢᠭᠤᠯᠤᠨ ᠰᠤᠷᠤᠭᠴᠢᠳ ᠤᠨ ᠳᠠᠳᠤᠯᠭ᠎ᠠ ᠪᠣᠯᠪᠠᠰᠤᠷᠠᠯ ᠢ ᠳᠣᠭᠢᠷᠠᠭᠤᠯᠤᠨ ᠬᠠᠮᠢᠶᠠᠷᠴᠤ ᠪᠣᠯᠬᠤ ᠥᠬᠡᠶ᠃ | ᠲᠡᠪᠢᠠ ᠨᠢᠭᠡᠳᠦᠭᠡᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠬᠦᠷᠳᠡᠬᠦ ᠳᠤ ᠬᠠᠷᠠᠭᠠᠯᠵᠠᠭᠰᠠᠨ ᠰᠤᠷᠤᠯᠭ᠎ᠠ ᠶᠢᠨ | ᠱᠠᠭᠠᠷᠳᠠᠯᠭ᠎ᠠ ᠳᠤ ᠬᠦᠷᠦᠭᠰᠡᠠ ᠪᠥᠭᠡᠳ ᠰᠤᠷᠭᠠᠭᠤᠯᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠪᠡᠯ ᠬᠠᠷᠠᠭᠠᠯᠵᠠᠭᠰᠠᠨ ᠰᠤᠷᠤᠯᠭ᠎ᠠ ᠶᠢᠨ ᠦᠨᠡᠮᠯᠡᠯ ᠣᠯᠭᠤᠨ᠎ᠠ︔ | ᠠᠵᠢᠯ ᠮᠡᠷᠭᠡᠵᠢᠯ ᠤᠨ ᠪᠣᠯᠪᠠᠰᠤᠷᠠᠭᠤᠯᠤᠯ ᠭᠦᠷᠲᠡᠬᠦ ᠳᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠪᠤᠶᠤ ᠠᠵᠢᠯ ᠮᠡᠷᠭᠡᠵᠢᠯ ᠤᠨ ᠰᠤᠷᠭᠠᠭᠤᠯᠢ ᠶᠢᠨ | ᠬᠢᠨᠠᠨ ᠰᠢᠯᠭᠠᠯᠲᠠ ᠳᠤ ᠬᠢᠷᠢ ᠲᠡᠩᠴᠡᠪᠡᠯ ᠬᠠᠷᠠᠭᠠᠯᠵᠠᠭᠰᠠᠨ ᠪᠣᠯᠪᠠᠰᠤᠷᠠᠭᠤᠯᠤᠯ ᠤᠨ ᠦᠨᠡᠮᠯᠡᠯ ᠣᠯᠭᠤᠨ᠎ᠠ︔ ᠤᠯᠤᠰ ᠤᠨ ᠲᠣᠭᠲᠠᠭᠠᠯ ᠳᠤ ᠨᠡᠶᠢᠴᠡᠭᠰᠡᠨ ᠲᠤᠰᠬᠠᠢ | ᠪᠠᠶᠢᠭᠤᠯᠤᠮᠵᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠣᠯ ᠬᠠᠷᠠᠭᠠᠯᠵᠠᠭᠰᠠᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠳᠡᠰ ᠤᠨ ᠦᠨᠡᠮᠯᠡᠯ ᠣᠯᠭᠤᠨ᠎ᠠ᠃ ᠰᠤᠷᠤᠯᠭ᠎ᠠ ᠶᠢᠨ ᠦᠨᠡᠮᠯᠡᠯ᠂ ᠪᠣᠯᠪᠠᠰᠤᠷᠠᠭᠤᠯᠤᠯ ᠤᠨ ᠦᠨᠡᠮᠯᠡᠯ᠂ ᠠᠵᠢᠯ ᠮᠡᠷᠭᠡᠵᠢᠯ ᠤᠨ ᠬᠢᠷᠢ ᠬᠡᠮ ᠤᠨ | ᠦᠨᠡᠮᠯᠡᠯ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠰ ᠤᠨ ᠦᠨᠡᠮᠯᠡᠯ ᠢ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠰᠤᠷᠭᠠᠨ ᠬᠥᠮᠦᠵᠢᠯ | ᠬᠦᠷᠳᠡᠭᠴᠢ ᠶᠢᠨ ᠠᠵᠢᠯ ᠡᠷᠬᠢᠯᠡᠬᠦ ᠭᠡᠷᠡᠴᠢ ᠪᠠᠷᠢᠮᠲᠠ ᠪᠣᠯᠭᠠᠨ᠎ᠠ᠃ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠭᠦᠷᠲᠡᠵᠦ ᠣᠯᠤᠭᠰᠠᠨ ᠠᠵᠢᠯ ᠤᠨ ᠮᠡᠷᠭᠡᠵᠢᠯ | ᠴᠢᠳᠠᠪᠤᠷᠢ ᠶᠢᠨ ᠳᠡᠰ ᠤᠨ ᠦᠨᠡᠮᠯᠡᠯ᠂ ᠪᠣᠯᠪᠠᠰᠤᠷᠠᠭᠤᠯᠤᠯ ᠤᠨ ᠦᠨᠡᠮᠯᠡᠯ ᠵᠡᠷᠭᠡ ᠰᠤᠷᠤᠯᠴᠠᠭᠰᠠᠨ ᠦᠷ᠎ᠡ ᠪᠦᠲᠦᠭᠡᠯ ᠢ ᠠᠵᠢᠯ ᠮᠡᠷᠭᠡᠵᠢᠯ ᠤᠨ ᠰᠤᠷᠭᠠᠭᠤᠯᠢ ᠪᠠᠷ | ᠭᠡᠷᠡᠴᠢᠯᠡᠭᠦᠯᠵᠦ ᠬᠠᠷᠠᠭᠠᠯᠵᠠᠭᠰᠠᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠬᠤᠪᠢ ᠪᠣᠯᠭᠠᠨ ᠬᠤᠪᠢᠷᠠᠭᠤᠯᠵᠤ ᠪᠣᠯᠤᠨ᠎ᠠ︔ | ᠬᠠᠷᠠᠭᠠᠯᠵᠠᠭᠰᠠᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ ᠱᠠᠭᠠᠷᠳᠠᠯᠭ᠎ᠠ ᠳᠤ ᠬᠦᠷᠦᠭᠰᠡᠨ ᠪᠣᠯ ᠬᠠᠷᠠᠭᠠᠯᠵᠠᠭᠰᠠᠨ ᠰᠤᠷᠤᠯᠭ᠎ᠠ ᠶᠢᠨ ᠦᠨᠡᠮᠯᠡᠯ ᠣᠯᠵᠤ | ᠪᠣᠯᠤᠨ᠎ᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ᠂ ᠰᠤᠷᠤᠯᠭ᠎ᠠ ᠶᠢᠨ ᠬᠢᠷᠢ ᠬᠡᠮᠵᠢᠶ᠎ᠡ ᠨᠢ ᠤᠯᠤᠰ ᠠᠴᠠ | ᠲᠣᠭᠲᠠᠭᠠᠭᠰᠠᠨ ᠡᠷᠳᠡᠮ ᠤᠨ ᠴᠣᠯᠠ ᠶᠢᠨ ᠪᠠᠷᠢᠮᠵᠢᠶ᠎ᠠ ᠳᠤ ᠬᠦᠷᠦᠭᠰᠡᠨ ᠪᠣᠯ ᠬᠠᠤᠯᠢ ᠶᠣᠰᠤ ᠪᠠᠷ ᠬᠠᠷᠠᠭᠠᠯᠵᠠᠭᠰᠠᠨ ᠡᠷᠳᠡᠮ ᠤᠨ ᠴᠣᠯᠠ ᠭᠤᠶᠤᠴᠢᠯᠠᠵᠤ ᠪᠣᠯᠤᠨ᠎ᠠ᠃ | ᠲᠡᠪᠢᠠ ᠬᠤᠶᠠᠳᠤᠭᠠᠷ ᠵᠦᠢᠯ ᠤᠯᠤᠰ ᠠᠴᠠ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠢ ᠱᠠᠩᠨᠠᠨ ᠬᠥᠬᠢᠭᠦᠯᠬᠦ ᠪᠠ ᠳᠡᠳᠬᠦᠨ ᠲᠤᠰᠠᠯᠠᠬᠤ | ᠲᠦᠷᠢᠮ ᠢ ᠪᠠᠶᠢᠭᠤᠯᠵᠤ᠂ ᠣᠨᠴᠠᠭᠠᠢ ᠰᠢᠯᠢᠳᠡᠭ ᠰᠤᠷᠤᠭᠴᠢ ᠶᠢ ᠱᠠᠩᠨᠠᠨ ᠬᠥᠬᠢᠭᠦᠯᠵᠦ᠂ ᠠᠵᠤ ᠠᠬᠤᠢ ᠶᠢᠨ ᠲᠠᠯ᠎ᠠ ᠪᠠᠷ ᠬᠦᠴᠢᠷᠳᠡᠯᠲᠡᠢ ᠰᠤᠷᠤᠭᠴᠢ ᠶᠢ ᠳᠡᠳᠬᠦᠨ | ᠲᠤᠰᠠᠯᠠᠬᠤ ᠶᠢᠨ ᠬᠠᠮᠲᠤ ᠪᠡᠷᠬᠡ ᠬᠠᠲᠠᠭᠤᠵᠢᠯᠲᠠᠢ᠂ ᠣᠨᠴᠠᠭᠠᠢ ᠠᠵᠢᠯ ᠲᠦᠷᠦᠯ ᠵᠡᠷᠭᠡ ᠲᠤᠰᠬᠠᠢ ᠮᠡᠷᠭᠡᠵᠢᠯ ᠤᠨ ᠰᠤᠷᠤᠭᠴᠢ ᠳᠤ ᠵᠣᠬᠢᠰᠲᠠᠢ ᠪᠠᠷ ᠬᠡᠯᠪᠠᠶᠢᠯᠭᠡᠨ᠎ᠡ᠃ | ᠤᠯᠤᠰ ᠠᠴᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ ᠱᠠᠩᠨᠠᠬᠤ ᠪᠠ ᠳᠡᠳᠬᠦᠨ ᠲᠤᠰᠠᠯᠠᠬᠤ ᠪᠠᠷᠢᠮᠵᠢᠶ᠎ᠠ ᠳᠤ ᠳᠠᠷᠤᠢ ᠳᠤ ᠨᠢ | ᠲᠣᠬᠢᠷᠠᠭᠤᠯᠤᠨ᠎ᠠ᠃ ᠤᠯᠤᠰ ᠠᠴᠠ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠠᠷᠠᠳ ᠢᠷᠭᠡᠨ ᠬᠤᠪᠢ | ᠬᠥᠮᠦᠨ ᠤ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠱᠠᠩᠨᠠᠯ ᠤᠨ ᠮᠥᠩᠭᠦ᠂ | ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠪᠠᠶᠢᠭᠤᠯᠵᠤ᠂ ᠰᠢᠯᠢᠳᠡᠭ ᠰᠤᠷᠤᠭᠴᠢ ᠶᠢ ᠱᠠᠩᠨᠠᠨ ᠬᠥᠬᠢᠭᠦᠯᠵᠦ᠂ ᠠᠵᠤ ᠠᠬᠤᠢ ᠨᠢ ᠬᠦᠴᠢᠷᠳᠡᠯᠲᠡᠢ ᠰᠤᠷᠤᠭᠴᠢ ᠶᠢ | ᠳᠡᠳᠬᠦᠨ ᠲᠤᠰᠠᠯᠠᠬᠤ ᠶᠢ ᠳᠡᠮᠵᠢᠨ᠎ᠡ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠠᠵᠢᠯ ᠦᠢᠯᠡᠰ ᠤᠨ | ᠣᠷᠣᠯᠭ᠎ᠠ ᠪᠤᠶᠤ ᠰᠤᠷᠤᠯᠭ᠎ᠠ ᠶᠢᠨ ᠰᠦᠢᠳᠬᠡᠯ ᠤᠨ ᠣᠷᠣᠯᠭ᠎ᠠ ᠶᠢᠨ ᠳᠣᠲᠣᠷ᠎ᠠ ᠠᠴᠠ ᠵᠣᠬᠢᠬᠤ ᠬᠠᠷᠢᠴᠠᠯ ᠢᠶᠠᠷ ᠪᠡᠯᠡ ᠮᠥᠩᠭᠦ ᠭᠠᠷᠭᠠᠵᠤ᠂ ᠰᠤᠷᠤᠭᠴᠢ ᠶᠢ ᠱᠠᠩᠨᠠᠬᠤ | ᠪᠠ ᠲᠤᠰᠠᠯᠠᠬᠤ ᠳᠤ ᠬᠡᠷᠡᠭᠯᠡᠨ᠎ᠡ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠤᠭᠳᠠᠬᠤ | ᠰᠠᠯᠠᠭ᠎ᠠ ᠮᠥᠴᠢᠷ ᠤᠨ ᠬᠢᠨ ᠠᠵᠢᠯ ᠮᠡᠷᠭᠡᠵᠢᠯ ᠤᠨ ᠰᠤᠷᠭᠠᠭᠤᠯᠢ ᠶᠢ ᠳᠡᠳᠬᠦᠨ ᠲᠤᠰᠠᠯᠠᠬᠤ ᠪᠡᠯᠡ ᠮᠥᠩᠭᠦᠨ ᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ | ᠳᠡᠳᠬᠦᠨ ᠲᠤᠰᠠᠯᠠᠬᠤ ᠪᠡᠯᠡ ᠮᠥᠩᠭᠦᠨ ᠤ ᠬᠠᠮᠢᠶᠠᠷᠤᠯᠲᠠ ᠪᠠ ᠬᠡᠷᠡᠭᠯᠡᠯᠲᠡ ᠶᠢ ᠳᠦᠷᠢᠮᠵᠢᠭᠦᠯᠦᠨ᠎ᠡ᠃ | ᠲᠠᠪᠢᠨ ᠭᠤᠷᠪᠠᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠰᠤᠷᠭᠠᠭᠤᠯᠢ ᠳᠡᠪᠰᠢᠬᠦ᠂ ᠠᠵᠢᠯ ᠣᠯᠬᠤ᠂ ᠠᠵᠢᠯ ᠮᠡᠷᠭᠡᠵᠢᠯ ᠤᠨ | ᠬᠥᠭᠵᠢᠯᠲᠡ ᠵᠡᠷᠭᠡ ᠲᠠᠯ᠎ᠠ ᠪᠠᠷ ᠠᠳᠠᠯᠢ ᠳᠡᠰ ᠤᠨ ᠡᠩ ᠤᠨ ᠰᠤᠷᠭᠠᠭᠤᠯᠢ ᠶᠢᠨ ᠰᠤᠷᠤᠭᠴᠢ ᠲᠠᠢ ᠠᠳᠠᠯᠢ ᠲᠡᠭᠰᠢ ᠲᠣᠬᠢᠶᠠᠯ ᠲᠠᠢ᠃ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠡᠩ ᠤᠨ ᠳᠡᠭᠡᠳᠦ ᠰᠤᠷᠭᠠᠭᠤᠯᠢ ᠰᠤᠷᠤᠭᠴᠢ ᠡᠯᠰᠡᠬᠦ | ᠲᠥᠯᠥᠪᠯᠡᠭᠡ ᠳᠤ ᠪᠠᠨ ᠵᠣᠬᠢᠬᠤ ᠬᠠᠷᠢᠴᠠᠯ ᠲᠣᠭᠲᠠᠭᠠᠬᠤ ᠪᠤᠶᠤ ᠲᠤᠰᠠᠭᠠᠷ ᠰᠢᠯᠭᠠᠬᠤ ᠠᠷᠭ᠎ᠠ ᠶᠢ ᠠᠪᠴᠤ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠢ | ᠲᠤᠰᠬᠠᠶᠢᠯᠠᠨ ᠡᠯᠰᠡᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠡᠷᠬᠡ ᠲᠡᠭᠰᠢ ᠪᠠᠷ ᠠᠵᠢᠯ ᠣᠯᠭᠤᠬᠤ ᠣᠷᠴᠢᠨ ᠲᠣᠭᠤᠷᠢᠨ ᠢ ᠡᠭᠦᠳᠬᠦ | ᠬᠡᠷᠡᠭᠲᠡᠶ᠃ ᠬᠥᠮᠦᠨ ᠬᠡᠷᠡᠭᠯᠡᠬᠦ ᠨᠢᠭᠡᠴᠢ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠡᠷᠬᠡ ᠲᠡᠭᠰᠢ ᠪᠠᠷ ᠠᠵᠢᠯ ᠣᠯᠬᠤ᠂ ᠡᠷᠬᠡ ᠲᠡᠭᠰᠢ ᠪᠠᠷ | ᠥᠷᠢᠰᠥᠯᠳᠦᠬᠦ ᠶᠢ ᠬᠠᠷᠰᠢᠯᠠᠬᠤ ᠰᠢᠯᠭᠠᠭᠤᠯᠬᠤ᠂ ᠡᠯᠰᠡᠬᠦ᠂ ᠤᠷᠢᠬᠤ ᠨᠥᠬᠦᠴᠡᠯ ᠲᠣᠬᠢᠷᠠᠭᠤᠯᠵᠤ ᠪᠣᠯᠬᠤ ᠦᠭᠡᠶ᠃ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠳ ᠮᠡᠷᠭᠡᠵᠢᠯ ᠤᠨ ᠤᠷ᠎ᠠ ᠴᠢᠳᠠᠪᠤᠷᠢ ᠶᠢᠨ ᠠᠵᠢᠯ ᠤᠨ ᠪᠠᠶᠢᠷᠢ ᠳᠤ ᠠᠵᠢᠯᠲᠠᠨ ᠡᠯᠰᠡᠬᠦ᠂ ᠤᠷᠢᠬᠤ ᠳᠤ ᠪᠠᠨ | ᠮᠡᠷᠭᠡᠵᠢᠯ ᠤᠨ ᠤᠷ᠎ᠠ ᠴᠢᠳᠠᠪᠤᠷᠢ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠶᠢ ᠡᠯᠰᠡᠬᠦ᠂ ᠤᠷᠢᠬᠤ ᠶᠢᠨ | ᠴᠢᠬᠤᠯᠠ ᠨᠥᠬᠦᠴᠡᠯ ᠪᠣᠯᠭᠠᠬᠤ ᠬᠡᠷᠡᠭᠲᠡᠢ᠃ ᠠᠵᠢᠯ ᠦᠢᠯᠡᠰ ᠤᠨ ᠨᠢᠭᠡᠴᠢ ᠠᠴᠠ ᠢᠯᠡ ᠪᠠᠷ ᠠᠵᠢᠯᠲᠠᠨ ᠡᠯᠰᠡᠬᠦ ᠶᠠᠪᠤᠴᠠ ᠳᠤ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠳᠡᠰ ᠤᠨ ᠱᠠᠭᠠᠷᠳᠠᠯᠭ᠎ᠠ ᠲᠠᠢ ᠠᠵᠢᠯ ᠤᠨ ᠪᠠᠶᠢᠷᠢ ᠳᠤ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠵᠤ | ᠪᠣᠯᠤᠨ᠎ᠠ᠃ |