6 ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾
ᠨᠡᠶᠢᠲᠡᠯᠡᠭᠰᠡᠨ ᠴᠠᠭ᠄
2025/1/14
       ᠵᠢᠷᠭᠤᠳᠤᠭᠠᠷ ᠪᠦᠯᠦᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠲᠤᠯᠠᠭ᠋᠎ᠠ       ᠲᠠᠪᠢᠨ ᠳᠥᠷᠪᠡᠳᠦᠭᠡᠷ ᠵᠦᠢᠯ ᠤᠯᠤᠰ ᠠᠴᠠ ᠰᠤᠷᠭᠠᠨ ᠬᠥᠮᠦᠵᠢᠯ ᠤᠨ ᠵᠠᠷᠤᠳᠠᠯ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠡᠯᠡ ᠣᠷᠣᠭᠤᠯᠤᠯᠲᠠ ᠶᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠡᠷᠡᠭᠴᠡᠭᠡ ᠲᠠᠢ ᠵᠣᠬᠢᠴᠠᠭᠤᠯᠵᠤ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠪᠡᠯᠡ ᠮᠥᠩᠭᠦ ᠶᠢ ᠬᠠᠤᠯᠢ ᠶᠣᠰᠤ ᠪᠠᠷ ᠴᠤᠭᠯᠠᠭᠤᠯᠬᠤ ᠶᠢ ᠵᠣᠷᠢᠭᠵᠢᠭᠤᠯᠤᠨ᠎ᠠ᠃       ᠲᠠᠪᠢᠨ ᠲᠠᠪᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠵᠢᠯ ᠤᠨ ᠡᠷᠬᠡ ᠪᠣᠯᠤᠨ ᠵᠠᠷᠤᠯᠭ᠎ᠠ ᠶᠢᠨ ᠬᠠᠷᠢᠭᠤᠴᠠᠯᠭ᠎ᠠ ᠪᠠᠨ ᠬᠠᠷᠢᠯᠴᠠᠨ ᠲᠣᠬᠢᠷᠠᠭᠤᠯᠬᠤ ᠵᠠᠷᠴᠢᠮ ᠶᠣᠰᠤ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠬᠡᠪᠴᠢᠶ᠎ᠡ᠂ ᠬᠥᠮᠦᠵᠢᠭᠦᠯᠬᠦ ᠥᠪᠡᠷ ᠤᠨ ᠥᠷᠲᠡᠭ ᠪᠣᠯᠤᠨ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ ᠵᠡᠷᠭᠡ ᠶᠢ ᠦᠨᠳᠦᠰᠦᠯᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠠᠷᠤᠳᠠᠯ ᠢ ᠨᠠᠶᠢᠳᠠᠪᠤᠷᠢᠵᠢᠭᠤᠯᠬᠤ ᠶᠢᠨ ᠬᠠᠮᠲᠤ ᠲᠥᠰᠦᠪ ᠤᠨ ᠬᠢᠷᠢ ᠪᠦᠲᠦᠮᠵᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠪᠡᠯᠡ ᠮᠥᠩᠭᠦ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠨᠢᠭᠡ ᠪᠦᠷᠢ ᠶᠢᠨ ᠳᠤᠮᠳᠠᠴᠢ ᠵᠠᠷᠤᠳᠠᠯ ᠤᠨ ᠪᠠᠷᠢᠮᠵᠢᠶ᠎ᠠ ᠪᠤᠶᠤ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠲᠣᠭᠲᠠᠭᠠᠬᠤ ᠬᠡᠷᠡᠭᠲᠡᠶ᠃ ᠠᠵᠢᠯ ᠮᠡᠷᠭᠡᠵᠢᠯ ᠤᠨ ᠰᠤᠷᠭᠠᠭᠤᠯᠢ ᠡᠷᠬᠢᠯᠡᠭᠰᠡᠳ ᠰᠤᠷᠤᠭᠴᠢ ᠨᠢᠭᠡ ᠪᠦᠷᠢ ᠶᠢᠨ ᠳᠤᠮᠳᠠᠴᠢ ᠵᠠᠷᠤᠳᠠᠯ ᠤᠨ ᠪᠠᠷᠢᠮᠵᠢᠶ᠎ᠠ ᠪᠤᠶᠤ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠣᠰᠤ ᠪᠠᠷ ᠵᠠᠷᠤᠳᠠᠯ ᠢ ᠬᠤᠭᠤᠴᠠᠭᠠᠨ ᠳᠤ ᠪᠠᠨ ᠭᠦᠢᠴᠡᠳ ᠲᠤᠭ᠎ᠠ ᠪᠠᠷ ᠰᠠᠯᠭᠠᠨ ᠥᠭᠴᠦ᠂ ᠰᠤᠷᠭᠠᠭᠤᠯᠢ ᠡᠷᠬᠢᠯᠡᠬᠦ ᠨᠥᠬᠦᠴᠡᠯ ᠢᠶᠠᠨ ᠲᠠᠰᠤᠷᠠᠯᠲᠠ ᠤᠢᠭᠡᠢ ᠰᠠᠶᠢᠵᠢᠷᠠᠭᠤᠯᠬᠤ ᠬᠡᠷᠡᠭᠲᠡᠶ᠃ ᠰᠤᠷᠤᠯᠭ᠎ᠠ ᠶᠢᠨ ᠰᠦᠢᠳᠬᠡᠯ᠂ ᠨᠡᠶᠢᠭᠡᠮ ᠤᠨ ᠦᠢᠯᠡᠴᠢᠯᠡᠭᠡᠨ ᠤ ᠣᠷᠣᠯᠭ᠎ᠠ ᠪᠠᠷ ᠰᠤᠷᠤᠭᠴᠢ ᠶᠢᠨ ᠳᠤᠮᠳᠠᠴᠢ ᠰᠠᠯᠭᠠᠨ ᠥᠭᠬᠦ ᠵᠣᠭᠤᠰ ᠢ ᠲᠤᠯᠭᠠᠨ ᠪᠣᠳᠣᠵᠤ ᠪᠣᠯᠬᠤ ᠦᠭᠡᠶ᠃ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠡᠷᠬᠢᠯᠡᠭᠰᠡᠳ ᠠᠳᠠᠯᠢ ᠳᠡᠰ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠨᠢᠭᠡ ᠪᠦᠷᠢ ᠶᠢᠨ ᠳᠤᠮᠳᠠᠴᠢ ᠵᠠᠷᠤᠳᠠᠯ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠵᠠᠷᠤᠳᠠᠯ ᠴᠤᠭᠯᠠᠭᠤᠯᠬᠤ ᠬᠡᠷᠡᠭᠲᠡᠶ᠃ ᠡᠳ᠋ ᠤᠨ ᠵᠠᠰᠠᠭ ᠤᠨ ᠲᠤᠰᠬᠠᠶ ᠵᠦᠢᠯ ᠢᠶᠠᠷ ᠲᠣᠬᠢᠷᠠᠭᠤᠯᠤᠭᠰᠠᠨ᠂ ᠨᠡᠶᠢᠭᠡᠮ ᠤᠨ ᠬᠢᠨ ᠤ ᠲᠤᠰᠠᠯᠠᠨ ᠬᠦᠷᠭᠡᠭᠰᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠬᠡᠷᠡᠭᠯᠡᠬᠦ ᠪᠠᠷ ᠳᠣᠭᠲᠠᠭᠠᠭᠰᠠᠨ ᠵᠠᠷᠤᠳᠠᠯ ᠢ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠨᠡᠭᠦᠯᠭᠡᠨ ᠬᠡᠷᠡᠭᠯᠡᠬᠦ ᠪᠠ ᠳᠠᠷᠤᠵᠤ ᠦᠯᠡᠳᠡᠭᠡᠵᠦ ᠪᠣᠯᠬᠤ ᠦᠭᠡᠶ᠃       ᠲᠠᠪᠢᠨ ᠵᠢᠷᠭᠤᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠡᠷᠭᠡ ᠵᠠᠷᠤᠳᠠᠯ ᠢ ᠲᠤᠬᠢᠷᠠᠭᠤᠯᠬᠤ ᠳᠤ ᠪᠠᠨ ᠲᠡᠭᠦᠨ ᠤ ᠳᠣᠲᠣᠷᠠᠬᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠬᠡᠷᠡᠭᠯᠡᠵᠦ ᠪᠣᠯᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠬᠡᠷᠡᠭᠯᠡᠬᠦ ᠬᠡᠷᠡᠭᠲᠡᠢ︔ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠤ ᠦᠢᠯᠡᠳᠦᠯ ᠢ ᠪᠠᠳᠠᠷᠠᠭᠤᠯᠵᠤ᠂ ᠠᠵᠢᠯᠳᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠶᠢ ᠲᠡᠮᠵᠢᠨ᠎ᠠ᠃       ᠲᠠᠪᠢᠨ ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠥᠳᠡᠭᠡ ᠲᠣᠰᠬᠤᠨ ᠳᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡ᠂ ᠮᠡᠷᠭᠡᠵᠢᠯ ᠤᠨ ᠳᠡᠯᠭᠡᠷᠡᠭᠦᠯᠦᠯᠲᠡ ᠶᠢᠨ ᠵᠠᠷᠤᠳᠠᠯ ᠢ ᠬᠥᠳᠡᠭᠡ ᠲᠣᠰᠬᠤᠨ ᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠳᠤ ᠵᠣᠬᠢᠰᠲᠠᠢ ᠬᠡᠷᠡᠭᠯᠡᠵᠦ ᠪᠣᠯᠤᠨ᠎ᠠ᠃       ᠲᠡᠪᠢᠠ ᠨᠠᠢᠮᠠᠳᠤᠭᠠᠷ ᠵᠦᠢᠯ ᠠᠵᠤ ᠠᠬᠤᠶᠢᠯᠠᠯ ᠡᠷᠬᠡᠪᠰᠢ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠪᠠᠷᠢᠮᠵᠢᠶ᠎ᠠ ᠶᠢ ᠦᠨᠳᠦᠰᠦᠯᠡᠨ᠂ ᠠᠵᠢᠯᠳᠡᠠ ᠠᠵᠢᠯᠴᠢᠨ ᠤ ᠴᠠᠯᠢᠩ ᠤᠨ ᠪᠦᠬᠦ ᠲᠣᠭᠠᠨ ᠤ ᠵᠣᠬᠢᠬᠤ ᠬᠠᠷᠢᠴᠠᠯ ᠢᠶᠠᠷ ᠠᠵᠢᠯᠳᠡᠠ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ ᠭᠠᠷᠭᠠᠨ ᠠᠪᠴᠤ ᠬᠡᠷᠡᠭᠯᠡᠨ᠎ᠡ᠃ ᠠᠵᠢᠯᠲᠠᠨ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢ ᠡᠷᠬᠢᠯᠡᠬᠦ᠂ ᠲᠤᠰ ᠨᠢᠭᠡᠴᠢ ᠶᠢᠨ ᠢᠶᠠᠨ ᠠᠵᠢᠯᠲᠠᠨ ᠠᠵᠢᠯᠴᠢᠨ ᠪᠣᠯᠤᠨ ᠡᠯᠰᠡᠬᠦ ᠪᠠᠷ ᠪᠠᠶᠢᠭ᠎ᠠ ᠬᠥᠮᠦᠰ ᠲᠤ ᠠᠵᠢᠯ ᠮᠡᠷᠭᠡᠵᠢᠯ ᠤᠨ ᠬᠥᠮᠦᠵᠢᠯ ᠢ ᠥᠷᠨᠢᠭᠦᠯᠬᠦ ᠵᠡᠷᠭᠡ ᠵᠦᠢ ᠵᠣᠬᠢᠰᠲᠠᠶ ᠵᠦᠢᠯ ᠳᠤ ᠬᠡᠷᠡᠭᠯᠡᠵᠦ ᠪᠣᠯᠤᠨ᠎ᠠ᠂ ᠡᠭᠦᠨ ᠳᠤ ᠠᠵᠤ ᠠᠬᠤᠶᠢᠯᠠᠯ ᠤᠨ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠬᠡᠷᠡᠭᠯᠡᠬᠦ ᠵᠠᠷᠤᠳᠠᠯ ᠢ ᠤᠯᠤᠰ ᠠᠴᠠ ᠲᠣᠭᠲᠠᠭᠠᠭᠰᠠᠨ ᠬᠠᠷᠢᠴᠠᠯ ᠳᠤ ᠬᠦᠷᠦᠭᠦᠯᠬᠦ ᠬᠡᠷᠡᠭᠲᠡᠶ᠃ ᠬᠥᠮᠦᠨ ᠬᠡᠷᠡᠭᠯᠡᠬᠦ ᠨᠢᠭᠡᠴᠢ ᠠᠵᠢᠯᠲᠠᠨ ᠠᠵᠢᠯᠴᠢᠨ ᠢ ᠠᠵᠢᠯ ᠮᠡᠷᠭᠡᠵᠢᠯ ᠤᠨ ᠰᠤᠷᠭᠠᠭᠤᠯᠢ ᠪᠤᠶᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠣᠬᠢᠷᠠᠭᠤᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠭᠡᠪᠡᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠵᠦ ᠪᠠᠶᠢᠭ᠎ᠠ ᠬᠤᠭᠤᠴᠠᠭᠠᠨ ᠳᠤ ᠬᠠᠤᠯᠢ ᠶᠣᠰᠤ ᠪᠠᠷ ᠴᠠᠯᠢᠩ ᠣᠯᠭᠤᠵᠤ᠂ ᠬᠠᠮᠢᠶ᠎ᠠ ᠪᠦᠬᠦᠢ ᠣᠯᠭᠤᠮᠵᠢ ᠶᠢ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠨᠢ ᠦᠢᠯᠡᠳᠪᠦᠷᠢᠯᠡᠯ ᠪᠣᠯᠤᠨ ᠵᠢᠭᠠᠨ ᠰᠤᠷᠭᠠᠯᠲᠠ ᠶᠢᠨ ᠴᠢᠳᠠᠮᠵᠢ ᠲᠠᠢ ᠠᠵᠤ ᠦᠢᠯᠡᠰ ᠪᠣᠯᠤᠨ ᠵᠢᠭᠠᠨ ᠰᠤᠷᠭᠠᠯᠲᠠ ᠶᠢ ᠠᠭᠤᠰᠬᠠᠭᠰᠠᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠤᠭᠰᠠᠨ ᠠᠴᠠ ᠪᠣᠢ ᠪᠣᠯᠤᠭᠰᠠᠨ ᠵᠠᠷᠤᠳᠠᠯ ᠢ ᠠᠵᠢᠯ ᠮᠡᠷᠭᠡᠵᠢᠯ ᠤᠨ ᠰᠤᠷᠭᠠᠭᠤᠯᠢ ᠶᠢᠨ ᠵᠣᠬᠢᠬᠤ ᠬᠡᠷᠡᠭᠯᠡᠬᠦ ᠭᠠᠵᠠᠷ᠂ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠵᠠᠷᠤᠳᠠᠯ ᠵᠡᠷᠭᠡ ᠶᠢᠨ ᠬᠠᠷᠠᠭᠠᠯᠵᠠᠯ ᠢᠶᠠᠷ ᠯᠠᠪᠯᠠᠯᠲᠠ ᠪᠣᠯᠭᠠᠵᠤ ᠪᠣᠯᠤᠨ᠎ᠠ᠃       ᠲᠠᠪᠢ ᠶᠢᠰᠦᠳᠦᠭᠡᠷ ᠵᠦᠢᠯ ᠤᠯᠤᠰ ᠠᠴᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠪᠠᠷ ᠳᠠᠮᠵᠢᠭᠤᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠬᠦ ᠶᠢ ᠵᠣᠷᠢᠭᠵᠢᠭᠤᠯᠤᠨ᠎ᠠ᠃ ᠵᠢᠷᠠᠳᠤᠭᠠᠷ ᠵᠦᠢᠯ ᠤᠯᠤᠰ ᠠᠴᠠ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠠᠷᠠᠳ ᠢᠷᠭᠡᠨ ᠬᠤᠪᠢ ᠬᠥᠮᠦᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢ ᠳᠡᠳᠬᠦᠨ ᠲᠤᠰᠠᠯᠠᠬᠤ ᠶᠢ ᠵᠣᠷᠢᠭᠵᠢᠭᠤᠯᠵᠤ᠂ ᠬᠢᠯᠢ ᠶᠢᠨ ᠭᠠᠳᠠᠨᠠᠬᠢ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠡᠳ᠋ ᠮᠥᠩᠭᠦ ᠪᠠᠷ ᠳᠡᠳᠬᠦᠨ ᠲᠤᠰᠠᠯᠠᠬᠤ ᠪᠠ ᠪᠡᠯᠡᠭᠯᠡᠨ ᠬᠦᠷᠭᠡᠬᠦ ᠶᠢ ᠵᠣᠷᠢᠭᠵᠢᠭᠤᠯᠤᠨ᠎ᠠ᠃ ᠬᠠᠩᠭᠠᠭᠰᠠᠨ ᠳᠡᠳᠬᠦᠮᠵᠢ ᠪᠠ ᠬᠦᠷᠭᠡᠯᠲᠡ ᠶᠢ ᠡᠷᠬᠡᠪᠰᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠬᠡᠷᠡᠭᠯᠡᠬᠦ ᠬᠡᠷᠡᠭᠲᠡᠶ᠃       ᠵᠢᠷᠠᠨ ᠨᠢᠭᠡᠳᠦᠭᠡᠷ ᠵᠦᠢᠯ ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ᠂ ᠵᠢᠭᠠᠬᠤ ᠮᠠᠲ᠋ᠧᠷᠢᠶᠠᠯ ᠪᠠ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠨ ᠪᠦᠰᠡ ᠠᠯᠤᠰᠯᠠᠨ᠂ ᠠᠵᠢᠯ ᠲᠦᠷᠦᠯ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠪᠠ ᠴᠢᠳᠠᠮᠵᠢ ᠶᠢ ᠲᠤᠰᠬᠠᠬᠤ ᠮᠡᠳᠡᠭᠡ ᠵᠠᠩᠭᠢ ᠶᠢᠨ ᠪᠦᠷᠢᠳᠬᠡᠯ ᠪᠠ ᠬᠠᠮᠢᠶᠠᠷᠤᠯᠲᠠ ᠶᠢᠨ ᠳᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠭᠡ ᠪᠠ ᠪᠠᠲᠤᠯᠠᠭᠠᠨ ᠤ ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯᠴᠢᠨ ᠤ ᠡᠪᠯᠡᠯ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠰᠤᠷᠭᠠᠭᠤᠯᠢ ᠵᠡᠷᠭᠡ ᠶᠢ ᠵᠣᠬᠢᠶᠠᠨ ᠪᠠᠶᠢᠭᠤᠯᠤᠨ ᠬᠥᠳᠥᠯᠥᠨ ᠵᠢᠯᠣᠭᠤᠳᠴᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠳᠤᠯᠭᠠᠨ᠂ ᠤᠬᠠᠭᠤᠯᠤᠨ ᠳᠡᠯᠭᠡᠷᠡᠭᠦᠯᠬᠦ᠂ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃       ᠵᠢᠷᠠᠨ ᠬᠤᠶᠠᠳᠤᠭᠠᠷ ᠵᠦᠢᠯ ᠰᠣᠨᠢᠨ ᠮᠡᠳᠡᠭᠡᠨ ᠤ ᠵᠠᠭᠤᠴᠢᠯᠠᠭᠤᠷ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠯᠪᠤᠭᠳᠠᠬᠤ ᠲᠠᠯ᠎ᠠ ᠶᠢᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠤ ᠦᠰᠦᠨ ᠪᠤᠶᠢᠵᠢᠵᠤ ᠴᠢᠳᠠᠪᠤᠷᠢᠲᠠᠨ ᠪᠣᠯᠤᠭᠰᠠᠨ ᠨᠡᠶᠢᠲᠡᠯᠢᠭ ᠦᠢᠯᠡ ᠠᠵᠢᠯᠯᠠᠭ᠎ᠠ ᠶᠢ ᠪᠠᠳᠠᠷᠠᠭᠤᠯᠵᠤ᠂ ᠬᠥᠮᠦᠨ ᠪᠣᠯᠭᠠᠨ ᠴᠢᠳᠠᠪᠤᠷᠢᠲᠠᠨ ᠪᠣᠯᠬᠤ ᠪᠠᠷ ᠴᠢᠷᠮᠠᠶᠢᠬᠤ᠂ ᠬᠥᠮᠦᠨ ᠪᠣᠯᠭᠠᠨ ᠴᠢᠳᠠᠪᠤᠷᠢᠲᠠᠨ ᠪᠤᠯᠵᠤ ᠪᠣᠯᠬᠤ᠂ ᠬᠥᠮᠦᠨ ᠪᠣᠯᠭᠠᠨ ᠡᠷᠳᠡᠮ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ