ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠵᠢᠷᠠᠨ ᠭᠤᠷᠪᠠᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠶᠠᠪᠤᠴᠠ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠰᠤᠷᠭᠠᠨ ᠬᠥᠮᠦᠵᠢᠯ ᠤᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾ ᠵᠡᠷᠭᠡ ᠬᠤᠯᠪᠤᠭᠳᠠᠬᠤ | ᠬᠠᠤᠯᠢ ᠴᠠᠭᠠᠵᠠ ᠶᠢᠨ ᠲᠣᠭᠲᠠᠭᠠᠯ ᠢ ᠵᠥᠷᠢᠴᠡᠭᠰᠡᠨ ᠪᠣᠯ ᠬᠤᠯᠪᠤᠭᠳᠠᠬᠤ ᠬᠠᠤᠯᠢ ᠴᠠᠭᠠᠵᠠ ᠶᠢᠨ ᠲᠣᠭᠲᠠᠭᠠᠯ ᠶᠣᠰᠤ ᠪᠠᠷ ᠰᠢᠢᠳᠭᠡᠨ᠎ᠡ᠃ | ᠵᠢᠷᠠᠨ ᠳᠥᠷᠪᠡᠳᠦᠭᠡᠷ ᠵᠦᠢᠯ ᠠᠵᠤ ᠠᠬᠤᠶᠢᠯᠠᠯ ᠲᠤᠰ ᠬᠠᠤᠯᠢ ᠶᠢᠨ ᠲᠣᠭᠲᠠᠭᠠᠯ ᠶᠣᠰᠤ ᠪᠠᠷ ᠲᠤᠰ ᠨᠢᠭᠡᠴᠢ ᠶᠢᠨ ᠢᠶᠠᠨ ᠠᠵᠢᠯᠲᠠᠨ ᠠᠵᠢᠯᠴᠢᠨ ᠪᠠ | ᠡᠯᠰᠡᠬᠦ ᠪᠠᠷ ᠪᠡᠯᠡᠳᠬᠡᠵᠦ ᠪᠠᠶᠢᠭ᠎ᠠ ᠬᠥᠮᠦᠰ ᠲᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠭᠡᠭᠰᠡᠨ ᠦᠭᠡᠢ᠂ ᠠᠵᠢᠯᠲᠠᠨ ᠠᠵᠢᠯᠴᠢᠨ ᠤ ᠰᠤᠷᠭᠠᠨ | ᠬᠥᠮᠦᠵᠢᠯ ᠤᠨ ᠵᠠᠷᠤᠳᠠᠯ ᠢ ᠭᠠᠷᠭᠠᠵᠤ ᠠᠪᠤᠭᠰᠠᠨ ᠪᠠ ᠬᠡᠷᠡᠭᠯᠡᠭᠰᠡᠨ ᠦᠭᠡᠢ ᠪᠣᠯ ᠬᠤᠯᠪᠤᠭᠳᠠᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ | ᠵᠠᠯᠠᠷᠠᠭᠤᠯᠬᠤ ᠶᠢ ᠲᠡᠪᠴᠢᠭᠰᠡᠨ ᠪᠣᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠲᠡᠭᠦᠨ ᠤ ᠡᠭᠦᠷᠭᠡᠯᠡᠪᠡᠰᠦ ᠵᠣᠬᠢᠬᠤ ᠠᠵᠢᠯᠳᠠᠨ | ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ ᠬᠤᠷᠢᠶᠠᠨ ᠠᠪᠴᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠬᠡᠷᠡᠭᠯᠡᠨ᠎ᠡ᠃ | ᠵᠢᠷᠠᠨ ᠲᠠᠪᠤᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠠᠵᠢᠯᠯᠠᠭᠠᠨ ᠤ ᠶᠠᠪᠤᠴᠠ ᠳᠤ ᠲᠤᠰ ᠬᠠᠤᠯᠢ ᠶᠢᠨ ᠲᠣᠭᠲᠠᠭᠠᠯ ᠢ ᠵᠥᠷᠢᠴᠡᠭᠰᠡᠨ ᠪᠣᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠪᠤᠶᠤ ᠪᠤᠰᠤᠳ ᠬᠤᠯᠪᠤᠭᠳᠠᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ | ᠴᠢᠨᠰᠠᠭ᠎ᠠ ᠨᠢ ᠳᠣᠣᠷ᠎ᠠ ᠪᠤᠶᠤ ᠬᠠᠮᠢᠶᠠᠷᠤᠯᠲᠠ ᠨᠢ ᠡᠮᠬᠢ ᠵᠠᠮᠪᠠᠷᠠᠭ᠎ᠠ ᠤᠢᠭᠡᠢ ᠠᠴᠠ ᠪᠤᠯᠵᠦ ᠬᠦᠨᠳᠦ ᠨᠣᠴᠢᠲᠠᠢ ᠤᠷᠰᠢᠭ ᠲᠠᠲᠠᠭᠰᠠᠨ ᠪᠣᠯ ᠵᠠᠷᠯᠢᠭᠳᠠᠵᠤ ᠰᠤᠷᠦᠬᠴᠢ | ᠡᠯᠰᠡᠬᠦ ᠶᠢ ᠲᠦᠷ ᠵᠣᠭᠰᠣᠭᠠᠵᠤ᠂ ᠬᠤᠭᠤᠴᠠᠭ᠎ᠠ ᠲᠣᠭᠲᠠᠭᠠᠨ ᠴᠡᠭᠴᠡᠯᠡᠭᠦᠯᠦᠨ᠎ᠡ︔ ᠬᠤᠭᠤᠴᠠᠭ᠎ᠠ ᠬᠡᠲᠦᠷᠡᠲᠡᠯ᠎ᠡ ᠴᠡᠭᠴᠡᠯᠡᠭᠰᠡᠨ ᠦᠭᠡᠢ ᠪᠤᠶᠤ ᠴᠡᠭᠴᠡᠯᠡᠭᠡᠳ | ᠱᠠᠭᠠᠷᠳᠠᠯᠭ᠎ᠠ ᠳᠤ ᠬᠦᠷᠦᠭᠰᠡᠨ ᠦᠭᠡᠢ ᠪᠣᠯ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠤᠶᠤ | ᠰᠤᠷᠭᠠᠭᠤᠯᠢ ᠡᠷᠬᠢᠯᠡᠬᠦ ᠶᠢ ᠵᠠᠷᠯᠢᠭᠳᠠᠨ ᠵᠣᠭᠰᠣᠭᠠᠨ᠎ᠠ᠃ | ᠵᠢᠷᠠᠨ ᠵᠢᠷᠭᠤᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠤᠭᠴᠢᠳ ᠤᠨ | ᠳᠠᠳᠤᠯᠭ᠎ᠠ ᠶᠢ ᠬᠦᠯᠢᠶᠡᠨ ᠠᠪᠤᠭᠰᠠᠨ ᠨᠢᠭᠡᠴᠢ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠰᠤᠷᠤᠭᠴᠢᠳ ᠤᠨ ᠠᠮᠠᠷᠠᠯᠲᠠ ᠪᠠ ᠠᠮᠠᠷᠠᠯᠲᠠ ᠶᠢᠨ ᠴᠢᠯᠥᠭᠡ ᠠᠪᠬᠤ᠂ | ᠬᠥᠳᠡᠯᠮᠦᠷᠢ ᠶᠢᠨ ᠠᠶᠤᠯ ᠦᠭᠡᠢ ᠪᠠᠶᠢᠳᠠᠯ ᠪᠠ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠶᠢ ᠣᠯᠬᠤ᠂ ᠬᠤᠯᠪᠤᠭᠳᠠᠬᠤ ᠳᠠᠭᠠᠳᠬᠠᠯ ᠳᠤ ᠣᠷᠣᠯᠴᠠᠬᠤ᠂ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠵᠢᠯᠤᠭᠤᠳᠤᠯᠭ᠎ᠠ ᠶᠢ ᠬᠦᠯᠢᠶᠡᠬᠦ ᠵᠡᠷᠭᠡ ᠡᠷᠬᠡ ᠳᠤ ᠬᠠᠯᠳᠠᠭᠰᠠᠨ ᠪᠣᠯ ᠬᠠᠤᠯᠢ ᠶᠣᠰᠤ ᠪᠠᠷ ᠵᠣᠬᠢᠰᠲᠠᠢ ᠬᠠᠤᠯᠢ ᠶᠢᠨ | ᠬᠠᠷᠢᠭᠤᠴᠠᠯᠭ᠎ᠠ ᠡᠭᠦᠷᠭᠡᠯᠡᠨ᠎ᠡ᠃ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠲᠤᠰ ᠬᠠᠤᠯᠢ ᠶᠢᠨ | ᠲᠣᠭᠲᠠᠭᠠᠯ ᠢ ᠵᠥᠷᠢᠴᠡᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ ᠪᠤᠶᠤ | ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ᠂ ᠬᠥᠳᠡᠯᠮᠦᠷᠢ ᠦᠢᠯᠡᠴᠢᠯᠡᠭᠡ ᠲᠣᠮᠢᠯᠠᠬᠤ ᠲᠤᠬᠠᠶᠢᠯᠠᠭᠰᠠᠨ ᠠᠵᠢᠯ ᠢ ᠬᠠᠤᠯᠢ ᠪᠤᠰᠤ ᠪᠠᠷ ᠬᠢᠵᠦ ᠪᠠᠶᠢᠭ᠎ᠠ | ᠨᠢᠭᠡᠴᠢ ᠪᠤᠶᠤ ᠬᠤᠪᠢ ᠬᠥᠮᠦᠨ ᠤ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ ᠰᠤᠷᠤᠭᠴᠢᠳ ᠤᠨ ᠳᠠᠳᠤᠯᠭ᠎ᠠ ᠪᠣᠯᠪᠠᠰᠤᠷᠠᠯ ᠬᠢᠬᠦ ᠶᠢ ᠲᠤᠬᠢᠷᠠᠭᠤᠯᠤᠨ ᠬᠠᠮᠢᠶᠠᠷᠤᠭᠰᠠᠨ | ᠪᠣᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠵᠠᠰᠠᠭ | ᠵᠠᠬᠢᠷᠭᠠᠨ ᠤ ᠰᠠᠯᠠᠭ᠎ᠠ ᠮᠥᠴᠢᠷ ᠪᠤᠶᠤ ᠪᠤᠰᠤᠳ ᠬᠤᠯᠪᠤᠭᠳᠠᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ ᠶᠢ ᠵᠥᠷᠢᠴᠡᠵᠦ ᠣᠯᠤᠭᠰᠠᠨ | ᠠᠰᠢᠭ ᠬᠤᠨᠵᠢᠪᠤᠷᠢ ᠶᠢ ᠨᠢ ᠬᠤᠷᠢᠶᠠᠨ ᠠᠪᠴᠤ᠂ ᠬᠠᠤᠯᠢ ᠶᠢ ᠵᠥᠷᠢᠴᠡᠵᠦ ᠣᠯᠤᠭᠰᠠᠨ ᠠᠰᠢᠭ ᠬᠤᠨᠵᠢᠪᠤᠷᠢ ᠶᠢᠨ ᠨᠢᠭᠡ ᠲᠠᠬᠢᠨ ᠠᠴᠠ ᠳᠡᠭᠡᠭᠰᠢ ᠲᠠᠪᠤᠨ ᠲᠠᠬᠢᠨ ᠠᠴᠠ | ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ ᠬᠠᠤᠯᠢ ᠶᠢ ᠵᠥᠷᠢᠴᠡᠵᠦ ᠣᠯᠤᠭᠰᠠᠨ ᠠᠰᠢᠭ ᠬᠤᠨᠵᠢᠪᠤᠷᠢ ᠨᠢ ᠲᠦᠮᠡᠨ ᠲᠥᠭᠦᠷᠢᠭ ᠲᠤ | ᠬᠦᠷᠬᠦ ᠦᠭᠡᠢ ᠪᠣᠯ ᠲᠦᠮᠡᠨ ᠲᠥᠭᠦᠷᠢᠭ ᠢᠶᠠᠷ ᠪᠤᠳᠤᠨ᠎ᠠ᠃ ᠡᠮᠦᠨᠡᠬᠢ ᠪᠠᠳᠠᠭ ᠲᠤ ᠲᠣᠭᠲᠠᠭᠠᠭᠰᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠪᠠᠶᠢᠭᠤᠯᠤᠮᠵᠢ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ ᠪᠤᠶᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ᠂ ᠬᠥᠳᠡᠯᠮᠦᠷᠢ ᠦᠢᠯᠡᠴᠢᠯᠡᠭᠡ | ᠲᠣᠮᠢᠯᠠᠬᠤ ᠲᠤᠬᠠᠶᠢᠯᠠᠭᠰᠠᠨ ᠠᠵᠢᠯ ᠢ ᠬᠠᠤᠯᠢ ᠪᠤᠰᠤ ᠪᠠᠷ ᠡᠷᠬᠢᠯᠡᠭᠰᠡᠨ ᠨᠢᠭᠡᠴᠢ ᠪᠤᠶᠤ ᠬᠤᠪᠢ ᠬᠥᠮᠦᠨ ᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭᠠᠨ ᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠶᠤ ᠪᠤᠰᠤᠳ ᠬᠤᠯᠪᠤᠭᠳᠠᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ ᠶᠢ | ᠵᠥᠷᠢᠴᠡᠵᠦ ᠣᠯᠤᠭᠰᠠᠨ ᠠᠰᠢᠭ ᠬᠤᠨᠵᠢᠪᠤᠷᠢ ᠶᠢ ᠨᠢ ᠬᠤᠷᠢᠶᠠᠨ ᠠᠪᠴᠤ᠂ ᠬᠠᠤᠯᠢ ᠶᠢ ᠵᠥᠷᠢᠴᠡᠵᠦ ᠣᠯᠤᠭᠰᠠᠨ ᠠᠰᠢᠭ ᠬᠤᠨᠵᠢᠪᠤᠷᠢ ᠶᠢᠨ ᠨᠢᠭᠡ ᠳᠠᠬᠢᠨ ᠠᠴᠠ | ᠳᠡᠭᠡᠭᠰᠢ ᠲᠠᠪᠤᠨ ᠳᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ ᠬᠠᠤᠯᠢ ᠶᠢ ᠵᠥᠷᠢᠴᠡᠵᠦ ᠣᠯᠤᠭᠰᠠᠨ ᠠᠰᠢᠭ | ᠬᠤᠨᠵᠢᠪᠤᠷᠢ ᠨᠢ ᠲᠦᠮᠡᠨ ᠲᠥᠭᠦᠷᠢᠭ ᠲᠤ ᠬᠦᠷᠬᠦ ᠦᠭᠡᠢ ᠪᠣᠯ ᠲᠦᠮᠡᠨ ᠲᠥᠭᠦᠷᠢᠭ ᠢᠶᠠᠷ ᠪᠤᠳᠤᠨ᠎ᠠ᠃ | ᠵᠢᠷᠠᠨ ᠳᠣᠯᠣᠳᠤᠭᠠᠷ ᠵᠦᠢᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭᠠᠨ ᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠶᠤ ᠪᠤᠰᠤᠳ ᠬᠤᠯᠪᠤᠭᠳᠠᠬᠤ ᠰᠠᠯᠠᠭ᠎ᠠ ᠮᠥᠴᠢᠷ ᠤᠨ ᠠᠵᠢᠯᠳᠠᠨ ᠲᠤᠰ ᠬᠠᠤᠯᠢ ᠶᠢᠨ ᠲᠣᠭᠲᠠᠭᠠᠯ ᠢ | ᠵᠥᠷᠢᠴᠡᠵᠦ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠨ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠬᠤᠪᠢ ᠶᠢᠨ ᠨᠠᠶᠢᠷ ᠢ ᠪᠣᠳᠤᠵᠤ ᠬᠠᠤᠯᠢ | ᠶᠣᠰᠣ ᠶᠢ ᠵᠥᠷᠢᠴᠡᠭᠰᠡᠨ ᠪᠣᠯ ᠬᠠᠤᠯᠢ ᠶᠣᠰᠤ ᠪᠠᠷ ᠰᠢᠢᠳᠭᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠣᠯ ᠬᠠᠤᠯᠢ ᠶᠣᠰᠤ ᠪᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠵᠢᠷᠠᠨ ᠨᠠᠢᠮᠠᠳᠤᠭᠠᠷ ᠵᠦᠢᠯ ᠬᠢᠯᠢ ᠶᠢᠨ ᠭᠠᠳᠠᠨᠠᠬᠢ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠬᠢᠯᠢ ᠶᠢᠨ ᠳᠣᠲᠣᠷ᠎ᠠ ᠠᠵᠢᠯ ᠮᠡᠷᠭᠡᠵᠢᠯ ᠤᠨ ᠰᠤᠷᠭᠠᠭᠤᠯᠢ᠂ | ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠪᠠᠶᠢᠭᠤᠯᠬᠤ ᠳᠤ ᠲᠤᠰ ᠬᠠᠤᠯᠢ ᠶᠢ ᠬᠡᠷᠡᠭᠯᠡᠨ᠎ᠡ︔ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠳᠤᠰᠬᠠᠢ ᠶᠢᠨ ᠲᠣᠭᠲᠠᠭᠠᠯ ᠢ ᠵᠢᠷᠤᠮᠯᠠᠨ᠎ᠠ᠃ | ᠵᠢᠷᠠ ᠶᠢᠰᠦᠳᠦᠭᠡᠷ ᠵᠦᠢᠯ ᠲᠤᠰ ᠬᠠᠤᠯᠢ ᠶᠢ 2022 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |