ᠰᠢᠨ᠎ᠡ ᠪᠠᠷᠭᠤ ᠵᠡᠭᠦᠨ ᠬᠤᠰᠢᠭᠤᠨ ᠤ ᠭᠠᠨᠵᠤᠤᠷ ᠰᠤᠮᠤᠨ ᠤ ᠪᠠᠶᠠᠨᠭᠤᠣᠯ ᠭᠠᠴᠠᠭ᠎ᠠ ᠠᠴᠠ ᠢᠷᠡᠭᠰᠡᠨ ᠮᠠᠯᠴᠢᠨ ᠲᠥᠯᠥᠭᠡᠯᠡᠭᠴᠢ ᠤᠯᠠᠭᠠᠨ 2025 ᠣᠨ ᠤ | ᠬᠥᠯᠥᠨ ᠪᠤᠶᠢᠷ ᠬᠤᠲᠠ ᠶᠢᠨ ︽ᠬᠤᠶᠠᠷ ᠬᠤᠷᠠᠯ︾ ᠳᠤ ︽︿ᠭᠤᠷᠪᠠ ᠶᠢ ᠬᠤᠪᠢᠷᠠᠭᠤᠯᠬᠤ﹀ ᠥᠭᠡᠷᠡᠴᠢᠯᠡᠯᠲᠡ ᠪᠠᠷ ᠬᠥᠳᠡᠭᠡ ᠲᠤᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ︾ ᠲᠤᠬᠠᠢ ᠰᠠᠨᠠᠯ ᠵᠦᠪᠯᠯᠡᠭᠡ ᠪᠠᠨ ᠳᠡᠪᠰᠢᠭᠦᠯᠵᠡᠢ᠃ | ︽ᠭᠤᠷᠪᠠ ᠶᠢ ᠬᠤᠪᠢᠷᠠᠭᠤᠯᠬᠤ︾ᠥᠭᠡᠷᠡᠴᠢᠯᠡᠯᠲᠡ ᠭᠡᠳᠡᠭ ᠪᠣᠯ ᠡᠬᠢ ᠪᠠᠶᠠᠯᠢᠭ ᠢ ᠡᠳ᠋ ᠬᠥᠷᠥᠩᠭᠡ ᠪᠤᠯᠭᠠᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ | ᠮᠥᠩᠭᠦ ᠪᠤᠯᠭᠠᠬᠤ᠂ ᠮᠠᠯᠴᠢᠨ ᠲᠠᠷᠢᠶᠠᠴᠢᠨ ᠢ ᠬᠤᠪᠢ ᠣᠷᠣᠭᠤᠯᠤᠭᠴᠢ ᠪᠤᠯᠭᠠᠬᠤ ᠥᠭᠡᠷᠡᠴᠢᠯᠡᠯᠲᠡ ᠶᠢ ᠬᠡᠯᠡᠵᠦ ᠪᠠᠶᠢᠭ᠎ᠠ ᠶᠤᠮ᠃ 2017 ᠣᠨ ᠤ 2 ᠰᠠᠷ᠎ᠠ ᠶᠢᠨ | 5 ᠤ ᠡᠳᠦᠷ᠂︽ᠭᠤᠷᠪᠠ ᠶᠢ ᠬᠤᠪᠢᠷᠠᠭᠤᠯᠬᠤ︾ᠥᠭᠡᠷᠡᠴᠢᠯᠡᠯᠲᠡ ᠨᠢ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠭᠢᠯᠠᠰ ᠴᠡᠭ ᠪᠤᠯᠬᠤ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ ᠲᠥᠪ ᠤᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠳᠤ ᠪᠢᠴᠢᠭᠳᠡᠭᠰᠡᠨ ᠪᠠᠶᠢᠨ᠎ᠠ᠃ | ᠲᠥᠯᠥᠭᠡᠯᠡᠭᠴᠢ ᠤᠯᠠᠭᠠᠨ᠄︽ᠨᠠᠮ ᠤᠨ ᠬᠤᠷᠢᠳᠤᠭᠠᠷ ᠶᠡᠭᠡ ᠬᠤᠷᠠᠯ ᠳᠤ ᠪᠦᠭᠦ ᠲᠠᠯ᠎ᠠ ᠪᠠᠷ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ | ᠲᠤᠰᠬᠤᠨ᠂ ᠲᠠᠷᠢᠶᠠᠯᠠᠩ ᠮᠠᠯ ᠠᠵᠤ ᠠᠬᠤᠢ ᠶᠢ ᠤᠷᠢᠳᠠᠪᠠᠷ ᠬᠥᠭᠵᠢᠭᠦᠯᠬᠦ ᠶᠢ ᠳᠤᠷᠠᠳᠤᠭᠰᠠᠨ᠃ 2023 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠳᠤ ᠬᠥᠳᠡᠭᠡ ᠠᠵᠤ ᠠᠬᠤᠢ᠂ ᠬᠥᠳᠡᠭᠡ ᠲᠤᠰᠬᠤᠨ᠂ ᠮᠠᠯᠴᠢᠨ ᠲᠠᠷᠢᠶᠠᠴᠢᠨ ᠤ ᠠᠰᠠᠭᠤᠳᠠᠯ ᠢ ᠪᠦᠭᠦ ᠠᠵᠢᠯ ᠤᠨ ᠬᠠᠮᠤᠭ ᠤᠨ ᠴᠢᠬᠤᠯᠠ ᠠᠵᠢᠯ ᠭᠡᠵᠦ | ᠳᠤᠷᠠᠳᠤᠭᠰᠠᠨ᠃ ᠮᠠᠨ ᠤ ᠬᠤᠲᠠ ᠶᠢᠨ ᠮᠠᠯᠵᠢᠬᠤ ᠲᠦᠷᠪᠡᠨ ᠬᠤᠰᠢᠭᠤᠨ ᠤ ᠪᠣᠳᠠᠲᠠᠢ ᠬᠥᠭᠵᠢᠯᠲᠡ ᠲᠠᠢ ᠤᠶᠠᠯᠳᠤᠭᠤᠯᠤᠨ᠂ ᠮᠠᠯᠵᠢᠬᠤ ᠦᠢᠯᠡᠳᠪᠦᠷᠢᠯᠡᠯ ᠤᠨ ᠴᠢᠨᠠᠷ | ᠰᠠᠶᠢᠲᠠᠢ ᠬᠥᠭᠵᠢᠯᠲᠡ ᠶᠢ ᠭᠤᠣᠯᠴᠢᠯᠠᠨ ᠠᠳᠬᠤᠵᠤ᠂︿ᠭᠤᠷᠪᠠ ᠶᠢ ᠬᠤᠪᠢᠷᠠᠭᠤᠯᠬᠤ﹀ ᠥᠭᠡᠷᠡᠴᠢᠯᠡᠯᠲᠡ ᠪᠠᠷ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ | ᠮᠠᠯᠴᠢᠳ ᠤᠨ ᠤᠷᠤᠯᠭ᠎ᠠ ᠶᠢ ᠨᠡᠮᠡᠭᠳᠡᠭᠦᠯᠪᠡᠯ ᠵᠣᠬᠢᠨ᠎ᠠ︾ᠭᠡᠵᠦ︽ᠬᠤᠶᠠᠷ ᠬᠤᠷᠠᠯ︾ ᠳᠤ ᠳᠡᠪᠰᠢᠭᠦᠯᠦᠭᠰᠡᠨ ᠰᠠᠨᠠᠯ ᠵᠥᠪᠯᠡᠯᠭᠡ ᠶᠢᠨ ᠢᠶᠠᠨ ᠲᠤᠬᠠᠢ | ᠰᠤᠷᠪᠤᠯᠵᠢᠯᠠᠬᠴᠢ ᠳᠤ ᠶᠠᠷᠢᠯ᠎ᠠ᠃ ᠰᠠᠨᠠᠯ ᠵᠥᠪᠯᠡᠯᠭᠡ ᠶᠢᠨ ᠢᠶᠠᠨ ᠲᠣᠭᠤᠷᠢᠨ ᠳᠤ ᠲᠥᠯᠥᠭᠡᠯᠡᠭᠴᠢ ᠤᠯᠠᠭᠠᠨ᠄ | 1.ᠮᠠᠯᠵᠢᠬᠤ ᠣᠷᠣᠨ ᠳᠤ ᠪᠠᠶᠢᠭ᠎ᠠ ᠡᠬᠢ ᠪᠠᠶᠠᠯᠢᠭ ᠢ ᠠᠰᠢᠭᠯᠠᠬᠤ᠂ ᠳᠠᠷᠤᠢ ᠰᠦᠨ ᠤ ᠦᠢᠯᠡᠰ᠂ ᠴᠠᠭᠠᠨ ᠢᠲᠡᠭᠡ᠂ ᠤᠯᠠᠭᠠᠨ ᠢᠲᠡᠭᠡᠨ ᠤ ᠨᠡᠷᠡᠲᠦ ᠲᠡᠮᠳᠡᠭ ᠢ | ᠡᠭᠦᠳᠬᠦ ᠨᠢ ᠴᠢᠬᠤᠯᠠ᠃ ᠮᠠᠯᠴᠢᠳ ᠭᠠᠷ ᠲᠠᠭᠠᠨ ᠪᠠᠶᠢᠭ᠎ᠠ ᠮᠢᠬ᠎ᠠ᠂ ᠰᠦ ᠪᠠᠨ ᠲᠠᠸᠠᠷᠴᠢᠯᠠᠵᠤ ᠵᠠᠬ᠎ᠠ ᠳᠡᠯᠭᠡᠭᠦᠷ ᠲᠤ ᠭᠠᠷᠭᠠᠬᠤ ᠶᠢ ᠪᠣᠳᠣᠯᠬᠢᠯᠠᠬᠤ ᠨᠢ ᠵᠦᠢᠲᠡᠢ᠃ | ᠮᠥᠨ ᠴᠤ ᠡᠬᠢ ᠪᠠᠶᠠᠯᠢᠭ ᠢ ᠵᠢᠭᠤᠯᠴᠢᠯᠠᠯ ᠤᠨ ᠦᠢᠯᠡᠰ ᠲᠠᠢ ᠤᠶᠠᠯᠳᠤᠭᠤᠯᠵᠤ᠂ ᠮᠠᠯᠴᠢᠳ ᠤᠨ ᠭᠠᠷ ᠲᠤ ᠪᠠᠶᠢᠬᠤ ᠡᠬᠢ ᠪᠠᠶᠠᠯᠢᠭ ᠢ ᠵᠢᠭᠤᠯᠴᠢᠯᠠᠯ ᠤᠨ ᠵᠠᠬ᠎ᠠ | ᠳᠡᠯᠭᠡᠭᠦᠷ ᠲᠤ ᠬᠠᠨᠳᠤᠭᠤᠯᠵᠤ᠂ ᠮᠠᠯᠴᠢᠨ ᠠᠷᠠᠳ ᠤᠨ ᠤᠷᠤᠯᠭ᠎ᠠ ᠶᠢ ᠨᠡᠮᠡᠭᠳᠡᠭᠦᠯᠵᠦ ᠪᠣᠯᠣᠨ᠎ᠠ ᠭᠡᠵᠦ ᠪᠤᠲᠤᠵᠦ ᠪᠤᠢ᠃ | 2. ᠬᠤᠲᠠ ᠶᠢᠨ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠤᠯᠤᠰ ᠤᠨ ᠳᠡᠰ ᠤᠨ ᠮᠠᠯ ᠠᠵᠤ ᠠᠬᠤᠢ ᠶᠢᠨ | ᠲᠦᠷᠦᠯ ᠲᠡᠮᠳᠡᠭ ᠢ ᠪᠤᠢ ᠪᠣᠯᠭᠠᠨ᠂ ᠮᠠᠯᠵᠢᠬᠤ ᠲᠦᠷᠪᠡᠨ ᠬᠤᠰᠢᠭᠤᠨ ᠤ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠬᠤᠲᠠ ᠪᠠᠷ ᠬᠥᠳᠡᠭᠡ ᠲᠤᠰᠬᠤᠨ ᠢ | ᠲᠠᠶᠢᠴᠢᠯᠠᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠳᠡᠮᠵᠢᠵᠦ᠂ ᠮᠠᠯᠵᠢᠬᠤ ᠡᠷᠦᠭᠡ ᠪᠣᠯᠣᠨ ᠣᠳᠣᠬᠢᠴᠢᠯᠠᠭᠰᠠᠨ | ᠮᠠᠯ ᠠᠵᠤ ᠠᠬᠤᠢ ᠶᠢᠨ ᠪᠦᠲᠦᠮᠵᠢ ᠲᠠᠢ ᠵᠤᠯᠭᠠᠯᠴᠠᠭ᠎ᠠ ᠶᠢ ᠳᠠᠶᠢᠴᠢᠯᠠᠬᠤ ᠶᠢ ᠬᠦᠰᠡᠵᠦ ᠪᠠᠶᠢᠨ᠎ᠠ ᠭᠡᠵᠦ ᠨᠠᠷᠢᠯᠢᠭ ᠶᠠᠷᠢᠯ᠎ᠠ᠃ | ᠠᠷᠠᠳ ᠤᠨ ᠲᠥᠯᠥᠭᠡᠯᠡᠭᠴᠢ ᠮᠥᠷᠲᠡᠭᠡᠨ ᠥᠪᠥᠷ ᠮᠣᠩᠭᠤᠯ ᠤᠨ ᠵᠢᠭᠤᠯᠴᠢᠯᠠᠯ ᠤᠨ ᠲᠠᠨᠢᠯᠴᠠᠭᠤᠯᠤᠭᠴᠢ᠂ ᠬᠥᠯᠥᠨ ᠪᠤᠶᠢᠷ ᠤᠨ ᠠᠮᠲᠠᠲᠤ ᠢᠲᠡᠭᠡᠨ ᠤ | ᠲᠠᠨᠢᠯᠴᠠᠭᠤᠯᠤᠭᠴᠢ ᠪᠣᠯᠤᠭᠰᠠᠨ ᠲᠡᠷᠡᠪᠡᠷ᠄︽ᠦᠨᠡᠨᠳᠡᠭᠡᠨ ᠮᠠᠯᠴᠢᠳ ᠤᠨ ᠭᠠᠷ ᠲᠤ ᠡᠷᠳᠡᠨᠢ ᠪᠤᠢ ᠰᠢᠦ᠂ ᠥᠨᠥ ᠴᠠᠭ ᠲᠤ ᠮᠠᠯᠴᠢᠳ ᠡᠨᠡ ᠡᠷᠳᠡᠨᠢ ᠪᠠᠨ ᠬᠥᠮᠥᠨ ᠳᠤ | ᠶᠠᠭᠠᠬᠢᠵᠤ ᠲᠠᠨᠢᠯᠴᠠᠭᠤᠯᠵᠤ᠂ ᠤᠯᠠᠮ ᠥᠨᠳᠥᠷ ᠦᠷᠲᠡᠭ ᠲᠤ ᠬᠦᠷᠭᠡᠬᠦ ᠪᠤᠢ ᠭᠡᠲᠡᠭ ᠢᠶᠠᠨ ᠪᠣᠳᠣᠯᠬᠢᠯᠠᠬᠤ ᠬᠡᠷᠡᠭᠲᠡᠢ ᠪᠣᠯᠵᠠᠢ᠃ ᠰᠢᠨ᠎ᠡ ᠵᠠᠭᠤᠴᠢᠯᠠᠭᠤᠷ ᠤᠨ ᠴᠠᠭ | ᠦᠶ᠎ᠡ ᠳᠤ ᠡᠯ᠎ᠡ ᠲᠠᠪᠴᠠᠩ ᠢ ᠠᠰᠢᠭᠯᠠᠨ᠂ ᠥᠪᠡᠷ ᠢᠶᠠᠨ ᠵᠠᠬ᠎ᠠ ᠳᠡᠯᠭᠡᠭᠦᠷ ᠨᠡᠭᠡᠭᠡᠬᠦ ᠶᠢ ᠪᠣᠳᠣᠯᠬᠢᠯᠠᠵᠤ ᠪᠣᠯᠣᠨ᠎ᠠ᠃ ᠵᠢᠭᠤᠯᠴᠢᠯᠠᠯ ᠲᠠᠢ ᠤᠶᠠᠯᠳᠤᠭᠤᠯᠪᠠᠯ ᠨᠡᠩ ᠰᠠᠶᠢᠨ᠂ | ᠲᠠᠪᠤᠨ ᠬᠤᠰᠢᠭᠤ ᠮᠠᠯ ᠤᠨ ᠢᠶᠠᠨ ᠠᠰᠢᠭ ᠰᠢᠮ᠎ᠡ ᠶᠢ ᠪᠦᠲᠦᠭᠡᠭᠳᠡᠬᠦᠨ ᠪᠣᠯᠭᠠᠨ ᠲᠠᠸᠠᠷᠴᠢᠯᠠᠵᠤ᠂ ᠵᠢᠵᠢᠭᠯᠡᠨ ᠪᠣᠷᠣᠯᠠᠭᠤᠯᠵᠤ᠂ ᠥᠨᠳᠥᠷ ᠦᠨ᠎ᠡ ᠳᠤ ᠬᠦᠷᠭᠡᠬᠦ ᠠᠷᠭ᠎ᠠ | ᠵᠠᠮ ᠢ ᠰᠦᠪᠡᠭᠴᠢᠯᠡᠵᠦ ᠪᠣᠯᠣᠨ᠎ᠠ︾ᠭᠡᠵᠦ ᠥᠪᠡᠷ ᠤᠨ ᠰᠠᠨᠠᠯ ᠪᠤᠲᠤᠯ ᠢᠶᠠᠨ ᠪᠠᠰᠠ ᠬᠤᠪᠢᠶᠠᠯᠴᠠᠯ᠎ᠠ᠃ | ᠲᠥᠯᠥᠭᠡᠯᠡᠭᠴᠢ ᠤᠯᠠᠭᠠᠨ ᠪᠠᠰᠠ ᠳᠤᠭᠤᠶᠢᠯᠠᠩ ᠬᠤᠪᠢᠶᠠᠵᠤ ᠶᠠᠷᠢᠯᠴᠠᠬᠤ ᠬᠤᠷᠠᠯ ᠳᠤ᠄︽ᠬᠥᠳᠡᠭᠡ ᠣᠷᠣᠨ ᠨᠤᠲᠤᠭ ᠲᠤ ᠪᠠᠶᠢᠩᠭᠤ ᠶᠢᠨ ᠴᠠᠭᠢᠯᠭᠠᠨ | ᠨᠡᠪᠲᠡᠷᠡᠭᠦᠯᠬᠦ᠂ ᠰᠦᠯᠵᠢᠶᠡᠨ ᠳᠣᠬᠢᠶ᠎ᠠ ᠶᠢ ᠨᠡᠶᠢᠳᠡᠮ ᠪᠦᠷᠬᠦᠭᠦᠯᠬᠦ᠂ ᠣᠷᠣᠨ ᠨᠤᠲᠤᠭ ᠲᠤ ᠭᠠᠳᠠᠨ᠎ᠠ ᠶᠢᠨ ᠮᠠᠯ ᠣᠷᠣᠵᠤ ᠢᠷᠡᠬᠦ ᠶᠢ ᠬᠤᠷᠢᠭᠯᠠᠬᠤ᠂ ᠬᠢᠯᠢ ᠬᠢᠵᠠᠭᠠᠷ | ᠣᠷᠣᠨ ᠢ ᠬᠠᠮᠠᠭᠠᠯᠠᠬᠤ︾ᠵᠡᠷᠭᠡ ᠰᠠᠨᠠᠯ ᠵᠥᠪᠯᠡᠯᠭᠡ ᠪᠠᠨ ᠳᠡᠪᠰᠢᠭᠦᠯᠵᠡᠢ᠃ ᠡᠲᠡᠭᠡᠷ ᠳᠤᠷᠠᠳᠤᠭᠰᠠᠨ ᠰᠠᠨᠠᠯ ᠵᠥᠪᠯᠡᠯᠭᠡ ᠨᠢ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠤᠨ 2025 ᠣᠨ ᠤ ᠭᠤᠣᠯ ᠠᠵᠢᠯ ᠤᠨ ᠲᠥᠰᠥᠪ ᠲᠠᠬᠢ ᠮᠠᠯ ᠠᠵᠤ ᠠᠬᠤᠢ ᠶᠢᠨ ᠲᠤᠬᠠᠢ᠄ ︽ᠮᠠᠯᠵᠢᠬᠤ ᠳᠥᠷᠪᠡᠨ ᠬᠤᠰᠢᠭᠤ ᠶᠢ ᠨᠤᠲᠤᠭ | ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠰᠲ᠋ᠧᠮ ᠲᠠᠢ ᠪᠠᠷ ᠰᠢᠢᠳᠪᠦᠷᠢᠯᠡᠬᠦ ᠵᠢᠱᠢᠶ᠎ᠡ ᠦᠵᠡᠭᠦᠯᠭᠦ ᠣᠷᠣᠨ ᠪᠠ ᠤᠯᠠᠮᠵᠢᠯᠠᠯᠲᠤ ᠮᠠᠯ | ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠤᠷᠢᠳ ᠢᠶᠠᠷ ᠬᠡᠷᠡᠭᠵᠢᠭᠦᠯᠬᠦ ᠣᠷᠣᠨ ᠪᠣᠯᠭᠠᠨ ᠪᠠᠶᠢᠭᠤᠯᠤᠨ᠎ᠠ︾ ᠭᠡᠵᠦ ᠳᠤᠷᠠᠳᠤᠭᠰᠠᠨ | ᠵᠦᠢᠯᠡᠰ ᠲᠠᠢ ᠨᠡᠶᠢᠴᠡᠭᠰᠡᠨ ᠳᠤ ᠲᠡᠷᠡᠪᠡᠷ ᠶᠡᠭᠡ ᠪᠠᠶᠠᠷ ᠲᠠᠢ ᠪᠠᠶᠢᠯ᠎ᠠ᠃ | |