ᠠᠵᠤ ᠠᠬᠤᠢ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠶᠢ ᠭᠦᠨᠵᠡᠭᠡᠢ ᠣᠶᠢᠯᠠᠭᠠᠰᠤᠭᠠᠢ
ᠨᠡᠶᠢᠲᠡᠯᠡᠭᠰᠡᠨ ᠴᠠᠭ᠄
2025/1/15
      - ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠥᠭᠦᠯᠡᠬᠦ ᠨᠢ           ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ        ᠲᠦᠷᠦᠭᠦᠬᠡᠨ ᠬᠤᠷᠠᠯᠳᠤᠭᠰᠠᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠮᠠᠨ ᠤ ᠨᠠᠮ ᠤᠨ ᠠᠵᠤ  ᠠᠬᠤᠢ ᠶᠢᠨ ᠠᠵᠢᠯ ᠤᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠶᠢ ᠳ᠋ᠦᠩᠨᠡᠨ ᠪᠣᠯᠪᠠᠰᠤᠷᠠᠭᠤᠯᠵᠤ᠂ ᠡᠷᠬᠡᠪᠰᠢ ᠪᠦᠲᠦᠮᠵᠢᠲᠡᠢ ᠵᠠᠬ᠎ᠠ ᠳᠡᠯᠭᠡᠭᠦᠷ ᠪᠣᠯᠣᠨ  ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ᠂ ᠶᠡᠷᠦᠩᠬᠡᠢ ᠬᠠᠩᠭᠠᠯᠭ᠎ᠠ ᠪᠣᠯᠣᠨ ᠶᠡᠷᠦᠩᠬᠡᠢ ᠬᠡᠷᠡᠭᠴᠡᠭᠡ᠂ ᠰᠢᠨ᠎ᠡ ᠬᠥᠳᠡᠯᠭᠡᠬᠦ ᠡᠨᠧᠷᠭᠢ ᠶᠢ ᠪᠣᠶᠢᠵᠢᠭᠤᠯᠤᠨ  ᠬᠠᠭᠤᠴᠢᠨ ᠬᠥᠳᠡᠯᠭᠡᠬᠦ ᠡᠨᠧᠷᠭᠢ ᠶᠢ ᠰᠢᠨᠡᠴᠢᠯᠡᠬᠦ᠂ ᠨᠡᠮᠡᠭᠳᠡᠯ ᠢ ᠰᠢᠯᠢᠳᠡᠭᠵᠢᠭᠦᠯᠬᠦ ᠪᠠ ᠨᠥᠭᠡᠴᠡ ᠶᠢ ᠠᠮᠢᠳᠤᠯᠢᠭᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠪᠠ  ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠡᠨᠡ ᠲᠠᠪᠤᠨ ᠴᠢᠬᠤᠯᠠ ᠬᠠᠷᠢᠴᠠᠭ᠎ᠠ ᠶᠢ ᠡᠷᠬᠡᠪᠰᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠴᠢᠨᠠᠷ ᠰᠠᠶᠢᠲᠠᠢ  ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠰᠢᠨᠵᠢᠯᠡᠬᠦ ᠤᠬᠠᠭᠠᠨᠴᠢ ᠵᠢᠯᠣᠭᠤᠳᠤᠮᠵᠢ ᠬᠠᠩᠭᠠᠬᠤ  ᠬᠡᠷᠡᠭᠲᠡᠢ ᠭᠡᠵᠦ ᠵᠢᠭᠠᠵᠤ ᠭᠠᠷᠭᠠᠪᠠ᠃        ᠡᠨᠡ ᠲᠠᠪᠤᠨ ︽ᠡᠷᠬᠡᠪᠰᠢ ᠨᠢᠭᠡᠳᠦᠯᠲᠡᠢ ᠲᠥᠯᠥᠪᠵᠢᠭᠦᠯᠬᠦ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠵᠤ ᠠᠬᠤᠢ ᠶᠢᠨ  ᠬᠥᠭᠵᠢᠯᠲᠡ ᠶᠢᠨ ᠵᠢᠮ᠎ᠡ ᠶᠣᠰᠣᠨ ᠳᠤ ᠬᠢᠭᠰᠡᠨ ᠴᠢᠬᠤᠯᠠ ᠶᠡᠭᠡ ᠨᠤᠲᠠᠯᠠᠯᠲᠠ ᠮᠥᠨ᠂ ᠨᠢᠭᠡᠨᠲᠡ ᠪᠠᠶᠢᠭ᠎ᠠ ᠦᠢᠯᠡᠳᠦᠯᠭᠡ ᠳᠤ ᠬᠢᠭᠰᠡᠨ ᠳ᠋ᠦᠩᠨᠡᠯᠲᠡ ᠬᠤᠷᠢᠶᠠᠩᠭᠤᠶᠢᠯᠠᠯ  ᠪᠣᠯᠬᠤ ᠪᠥᠭᠡᠳ ᠨᠡᠩ ᠴᠤ ᠢᠷᠡᠭᠡᠳᠦᠢ ᠶᠢᠨ ᠬᠥᠭᠵᠢᠯᠲᠡ ᠳᠤ ᠰᠡᠩᠬᠡᠷᠡᠭᠦᠯᠦᠯ ᠥᠭᠴᠦ ᠬᠥᠲᠥᠯᠥᠨ ᠳᠠᠭᠠᠭᠤᠯᠵᠤ᠂ ᠰᠢ ᠶᠢᠨ ᠫᠢᠩ ᠤᠨ ᠠᠵᠤ ᠠᠬᠤᠢ ᠶᠢᠨ ᠦᠵᠡᠯ  ᠰᠠᠨᠠᠭ᠎ᠠ ᠶᠢ ᠤᠯᠠᠮ ᠴᠢᠨᠠᠭᠰᠢᠳᠠ ᠪᠠᠶᠠᠯᠢᠭᠵᠢᠭᠤᠯᠤᠨ ᠬᠥᠭᠵᠢᠭᠦᠯᠵᠡᠢ᠃ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ᠋ ᠤ ᠬᠠᠷᠢᠴᠠᠭ᠎ᠠ ᠶᠢ ᠡᠷᠬᠡᠪᠰᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠂ ᠡᠨᠡ ᠪᠣᠯ ︽ᠠᠮᠢᠳᠤᠯᠢᠭ ᠪᠣᠯᠭᠠᠵᠤ ᠲᠡᠶᠢᠯᠬᠦ︾ ᠮᠥᠷᠲᠡᠭᠡᠨ ᠪᠠᠰᠠ ︽  ᠬᠠᠮᠢᠶᠠᠷᠴᠤ ᠲᠡᠶᠢᠯᠬᠦ︾ ᠠᠵᠤ ᠠᠬᠤᠢ ᠶᠢᠨ ᠡᠮᠬᠢ ᠵᠢᠷᠤᠮ ᠢ ᠪᠤᠢ ᠪᠣᠯᠭᠠᠬᠤ ᠶᠢᠨ ᠵᠠᠩᠭᠢᠯᠠᠭ᠎ᠠ ᠮᠥᠨ︔ ᠶᠡᠷᠦᠩᠬᠡᠢ ᠬᠠᠩᠭᠠᠯᠭ᠎ᠠ ᠪᠣᠯᠣᠨ ᠶᠡᠷᠦᠩᠬᠡᠢ ᠬᠡᠷᠡᠭᠴᠡᠭᠡ ᠶᠢᠨ  ᠬᠠᠷᠢᠴᠠᠭ᠎ᠠ ᠶᠢ ᠡᠷᠬᠡᠪᠰᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠂ ᠡᠨᠡ ᠪᠣᠯ ᠤᠯᠤᠰ ᠠᠷᠠᠳ ᠤᠨ ᠠᠵᠤ ᠠᠬᠤᠢ ᠶᠢᠨ ᠣᠷᠴᠢᠯ ᠢ  ᠰᠢᠯᠤᠭᠤᠳᠬᠠᠬᠤ ᠶᠢᠨ ᠴᠢᠬᠤᠯᠠ ᠰᠠᠭᠤᠷᠢ ᠮᠥᠨ︔ ᠰᠢᠨ᠎ᠡ ᠬᠥᠳᠡᠯᠭᠡᠭᠴᠢ ᠡᠨᠧᠷᠭᠢ ᠶᠢ ᠪᠣᠶᠢᠵᠢᠭᠤᠯᠬᠤ ᠪᠠ ᠬᠠᠭᠤᠴᠢᠨ ᠬᠥᠳᠡᠯᠭᠡᠭᠴᠢ ᠡᠨᠧᠷᠭᠢ ᠶᠢ ᠰᠢᠨᠡᠳᠬᠡᠬᠦ ᠶᠢᠨ  ᠬᠠᠷᠢᠴᠠᠭ᠎ᠠ ᠶᠢ ᠡᠷᠬᠡᠪᠰᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠂ ᠡᠨᠡ ᠪᠣᠯ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠪᠦᠬᠦᠢ  ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢᠨ ᠳᠣᠲᠣᠭᠠᠳᠤ ᠱᠠᠭᠠᠷᠳᠠᠯᠭ᠎ᠠ ᠮᠥᠨ︔ ᠡᠷᠬᠡᠪᠰᠢ ᠨᠡᠮᠡᠭᠳᠡᠯ ᠢ ᠰᠢᠯᠢᠳᠡᠭᠵᠢᠭᠦᠯᠬᠦ ᠪᠠ ᠨᠥᠭᠡᠴᠡ ᠶᠢ  ᠠᠮᠢᠳᠤᠯᠢᠭᠵᠢᠭᠤᠯᠬᠤ ᠶᠢᠨ ᠬᠠᠷᠢᠴᠠᠭ᠎ᠠ ᠶᠢ ᠡᠷᠬᠡᠪᠰᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠂ ᠡᠨᠡ ᠪᠣᠯ ᠡᠬᠢ ᠪᠠᠶᠠᠯᠢᠭ ᠤᠨ ᠲᠣᠬᠢᠷᠠᠭᠤᠯᠤᠯᠲᠠ ᠶᠢᠨ  ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠵᠠᠶᠢᠯᠠᠰᠢ ᠦᠭᠡᠢ ᠶᠠᠪᠤᠬᠤ ᠵᠠᠮ ᠮᠥᠨ︔ ᠶᠠᠰᠤ ᠴᠢᠨᠠᠷ ᠢ ᠳᠡᠭᠡᠭᠰᠢᠯᠡᠭᠦᠯᠬᠦ ᠪᠠ ᠶᠡᠷᠦᠩᠬᠡᠢ ᠬᠡᠮᠵᠢᠶ᠎ᠡ ᠶᠢ  ᠪᠤᠵᠠᠭᠠᠶᠢᠷᠠᠭᠤᠯᠬᠤ ᠶᠢᠨ ᠬᠠᠷᠢᠴᠠᠭ᠎ᠠ ᠶᠢ ᠡᠷᠬᠡᠪᠰᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠂ ᠡᠨᠡ ᠪᠣᠯ ᠳᠤᠮᠳᠠᠳᠤ ᠤᠯᠤᠰ ᠤᠨ ᠮᠠᠶ᠋ᠢᠭ ᠤᠨ  ᠣᠳᠣᠬᠢᠴᠢᠯᠠᠯᠲᠠ ᠶᠢᠨ ᠪᠣᠳᠠᠰ ᠤᠨ ᠰᠠᠭᠤᠷᠢ ᠶᠢ ᠪᠠᠬᠢᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠳᠡᠭ ᠢ ᠪᠢᠳᠠ ᠭᠦᠨᠵᠡᠭᠡᠢ ᠲᠠᠨᠢᠬᠤ ᠬᠡᠷᠡᠭᠲᠡᠢ᠃        ᠮᠠᠨ ᠤ ᠤᠯᠤᠰ ᠤᠨ ᠠᠵᠤ ᠠᠬᠤᠢ ᠶᠠᠭ ᠴᠢᠨᠠᠷ ᠰᠠᠶᠢᠲᠠᠢ ᠬᠥᠭᠵᠢᠯᠲᠡ ᠶᠢᠨ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠂ ᠬᠡᠳᠦᠢ ᠬᠦᠴᠢᠷ ᠢ  ᠲᠤᠭᠤᠯᠤᠨ ᠪᠡᠷᠬᠡ ᠶᠢ ᠳᠠᠪᠠᠭᠤ ᠲᠤᠳᠤᠮ ᠬᠥᠭᠵᠢᠯᠲᠡ ᠶᠢᠨ ᠵᠢᠮ᠎ᠡ ᠶᠣᠰᠣ ᠶᠢ ᠲᠡᠳᠦᠢ ᠬᠦᠨᠳᠦᠳᠬᠡᠵᠦ᠂ ᠰᠢᠨᠵᠢᠯᠡᠬᠦ ᠤᠬᠠᠭᠠᠨᠴᠢ ᠠᠷᠭ᠎ᠠ ᠶᠢ ᠡᠵᠡᠮᠰᠢᠵᠦ᠂  ᠠᠵᠢᠯ ᠤᠨ ᠰᠠᠨᠠᠭᠠᠴᠢᠯᠠᠭᠠᠲᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠪᠢᠳᠡ ᠲᠠᠪᠤᠨ ︽ᠡᠷᠬᠡᠪᠰᠢ ᠨᠢᠭᠡᠳᠦᠯᠲᠡᠢ ᠲᠥᠯᠥᠪᠵᠢᠭᠦᠯᠬᠦ︾᠎ ᠶᠢ ᠭᠦᠨᠵᠡᠭᠡᠢ ᠡᠵᠡᠮᠳᠡᠨ  ᠬᠡᠷᠡᠭᠯᠡᠵᠦ᠂ ᠰᠢᠨ᠎ᠡ ᠴᠠᠭ ᠦᠶ᠎ᠡ ᠶᠢᠨ ᠠᠵᠤ ᠠᠬᠤᠢ ᠶᠢᠨ ᠬᠥᠭᠵᠢᠯᠲᠡ ᠶᠢᠨ ᠵᠢᠮ᠎ᠡ ᠶᠣᠰᠣ ᠶᠢ ᠠᠵᠤ ᠠᠬᠤᠢ ᠶᠢᠨ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ  ᠦᠨᠡᠨ ᠬᠦ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃        ᠠᠳᠡ ᠶᠡᠷᠦᠩᠬᠡᠢ ᠬᠠᠩᠭᠠᠯᠭ᠎ᠠ ᠪᠣᠯᠣᠨ ᠶᠡᠷᠦᠩᠬᠡᠢ ᠬᠡᠷᠡᠭᠴᠡᠭᠡ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠪᠠᠷ ᠵᠢᠱᠢᠶ᠎ᠡ ᠪᠣᠯᠭᠠᠨ  ᠵᠠᠳᠠᠯᠤᠯᠲᠠ ᠬᠢᠵᠦ᠂ ᠣᠶᠢᠯᠠᠭᠠᠯᠲᠠ ᠪᠠᠨ ᠭᠦᠨᠵᠡᠭᠡᠶᠢᠷᠡᠭᠦᠯᠦᠶ᠎ᠡ᠃ ᠮᠠᠨ ᠤ ᠤᠯᠤᠰ ᠪᠥᠬᠦ ᠪᠥᠮᠪᠥᠷᠴᠡᠭ ᠤᠨ ᠬᠡᠪᠴᠢᠶ᠎ᠡ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ  ᠬᠠᠮᠤᠭ ᠤᠨ ᠪᠦᠷᠢᠨ ᠦᠢᠯᠡᠳᠬᠦ ᠦᠢᠯᠡᠰ ᠤᠨ ᠰᠢᠰᠲ᠋ᠧᠮ ᠲᠠᠢ ᠪᠠᠶᠢᠵᠤ᠂ 500 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ  220 ᠭᠠᠷᠤᠢ ᠵᠦᠢᠯ ᠤᠨ ᠦᠢᠯᠡᠳᠬᠦᠨ ᠤ ᠭᠠᠷᠤᠯᠲᠠ ᠨᠢ ᠪᠥᠬᠦ ᠳᠡᠯᠡᠬᠡᠢ ᠳᠤ ᠲᠡᠷᠢᠭᠦᠯᠡᠵᠦ ᠪᠠᠶᠢᠨ᠎ᠠ᠃ ᠬᠦᠴᠦᠷᠬᠡᠭ ᠶᠡᠭᠡ ᠬᠠᠩᠭᠠᠯᠭ᠎ᠠ ᠶᠢᠨ ᠴᠢᠳᠠᠪᠤᠷᠢ ᠨᠢ ᠮᠠᠨ ᠤ  ᠤᠯᠤᠰ ᠤᠨ ᠭᠠᠳᠠᠭᠠᠳᠤ ᠠᠷᠠᠯᠵᠢᠶᠠᠨ ᠤ ᠲᠣᠭᠲᠠᠭᠤᠨ ᠢᠶᠠᠷ ᠨᠡᠮᠡᠭᠳᠡᠬᠦ ᠶᠢ ᠲᠤᠯᠭᠠᠭᠤᠷᠢᠯᠠᠵᠤ᠂ ᠡᠳ᠋ ᠪᠠᠷᠠᠭᠠᠨ ᠤ ᠭᠠᠳᠠᠭᠠᠳᠤ ᠭᠠᠷᠭᠠᠯᠲᠠ ᠶᠢᠨ ᠤᠯᠠᠨ ᠤᠯᠤᠰ ᠤᠨ  ᠵᠠᠬ᠎ᠠ ᠳᠡᠯᠭᠡᠭᠦᠷ ᠲᠤ ᠡᠵᠡᠯᠡᠬᠦ ᠲᠤᠭ᠎ᠠ ᠬᠡᠮᠵᠢᠶ᠎ᠡ 15 ᠵᠢᠯ ᠳᠠᠷᠠᠭᠠᠯᠠᠨ ᠪᠦᠬᠦ ᠳᠡᠯᠡᠬᠡᠢ ᠳᠤ ᠲᠡᠷᠢᠭᠦᠯᠡᠭᠰᠡᠨ ᠪᠥᠭᠡᠳ ᠪᠠᠰᠠ ᠴᠢᠨᠠᠷ ᠰᠠᠶᠢᠲᠠᠢ ᠬᠠᠩᠭᠠᠯᠭ᠎ᠠ ᠪᠠᠷ  ᠳᠠᠮᠵᠢᠭᠤᠯᠤᠨ ᠪᠦᠲᠦᠮᠵᠢᠲᠡᠢ ᠬᠡᠷᠡᠭᠴᠡᠭᠡ ᠶᠢ ᠲᠠᠰᠤᠷᠠᠯᠳᠠ ᠦᠭᠡᠢ ᠡᠭᠦᠳᠴᠦ᠂ ᠠᠵᠤ ᠠᠬᠤᠢ ᠶᠢᠨ ᠨᠡᠮᠡᠭᠳᠡᠯ ᠳᠤ ᠲᠠᠰᠤᠷᠠᠯᠳᠠ ᠦᠭᠡᠢ ᠬᠥᠳᠡᠯᠭᠡᠬᠦ ᠬᠦᠴᠦᠨ ᠤ  ᠲᠤᠯᠭᠠᠭᠤᠷᠢᠯᠠᠯ ᠬᠠᠩᠭᠠᠪᠠ᠃        ᠬᠠᠩᠭᠠᠯᠭ᠎ᠠ ᠨᠢ ᠬᠡᠷᠡᠭᠴᠡᠭᠡ ᠶᠢ ᠡᠭᠦᠳᠦᠨ᠎ᠡ᠃ ᠬᠠᠩᠭᠠᠯᠭ᠎ᠠ ᠶᠢᠨ ᠰᠢᠰᠲ᠋ᠧᠮ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠪᠡᠯ  ᠰᠢᠨ᠎ᠡ ᠬᠡᠷᠡᠭᠴᠡᠭᠡ ᠶᠢ ᠡᠭᠦᠳᠴᠦ ᠴᠢᠳᠠᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠢᠶᠠᠷ ᠵᠢᠱᠢᠶᠡᠯᠡᠪᠡᠯ᠂ ᠵᠢᠯ ᠳᠤ ᠲᠦᠮᠡ ᠭᠠᠷᠤᠢ ᠮᠠᠰᠢᠨ  ᠲᠡᠷᠭᠡ ᠦᠢᠯᠡᠳᠪᠦᠷᠢᠯᠡᠵᠦ ᠪᠠᠶᠢᠭᠰᠠᠨ ᠠᠴᠠ ᠪᠠᠨ ᠠᠩᠬ᠎ᠠ ᠤᠳᠠᠭ᠎ᠠ ᠵᠢᠯ ᠳᠤ ᠵᠠᠭᠤᠨ ᠲᠦᠮᠡ ᠭᠠᠷᠤᠢ ᠶᠢ ᠦᠢᠯᠡᠳᠪᠦᠷᠢᠯᠡᠬᠦ ᠪᠣᠯᠵᠠᠢ᠂ ᠡᠭᠦᠨ ᠳᠤ 6 ᠵᠢᠯ ᠬᠡᠷᠡᠭᠯᠡᠵᠡᠢ᠃ ᠠᠳᠠᠯᠢᠬᠠᠨ 6 ᠵᠢᠯ ᠬᠡᠷᠡᠭᠯᠡᠭᠡᠳ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠵᠢᠯ ᠳᠤ ᠵᠠᠭᠤᠨ ᠲᠦᠮᠡᠨ ᠲᠡᠷᠭᠡ  ᠦᠢᠯᠡᠳᠪᠦᠷᠢᠯᠡᠵᠦ ᠪᠠᠶᠢᠭᠰᠠᠨ ᠠᠴᠠ ᠪᠠᠨ ᠲᠠᠬᠢᠨ ᠮᠢᠩᠭᠠᠨ ᠲᠦᠮᠡ ᠶᠢ ᠦᠢᠯᠡᠳᠪᠦᠷᠢᠯᠡᠬᠦ ᠳᠠᠪᠠᠯᠲᠠ ᠶᠢ ᠪᠡᠶᠡᠯᠡᠭᠦᠯᠵᠡᠢ᠃ 7 ᠰᠠᠷ᠎ᠠ ᠠᠴᠠ ᠨᠠᠭᠠᠰᠢ᠂ ᠰᠢᠨ᠎ᠡ  ᠡᠨᠧᠷᠭᠢ ᠶᠢᠨ ᠰᠠᠭᠤᠳᠠᠯ ᠤᠨ ᠮᠠᠰᠢᠨ ᠤ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠨᠢ ᠲᠣᠰᠣ ᠰᠢᠲᠠᠭᠠᠬᠤ ᠲᠡᠷᠭᠡ ᠠᠴᠠ ᠳᠠᠪᠠᠪᠠ᠃ ᠰᠢᠨ᠎ᠡ ᠡᠨᠧᠷᠭᠢ ᠶᠢᠨ ᠮᠠᠰᠢᠨ  ᠲᠡᠷᠭᠡ ᠨᠢ ᠵᠠᠬ᠎ᠠ ᠳᠡᠯᠭᠡᠭᠦᠷ ᠤᠨ ᠬᠦᠷᠢᠶᠡᠯᠡᠯ ᠢ ᠣᠯᠵᠤ᠂ ᠵᠠᠮ ᠰᠣᠯᠢᠵᠤ ᠲᠡᠷᠭᠡ ᠤᠷᠢᠲᠠᠵᠤ ᠭᠠᠷᠬᠤ ᠶᠢ ᠪᠡᠶᠡᠯᠡᠭᠦᠯᠵᠦ ᠴᠢᠳᠠᠭᠰᠠᠨ ᠨᠢ ᠨᠢᠭᠡ ᠲᠠᠯ᠎ᠠ ᠪᠠᠷ ᠰᠢᠨᠵᠢᠯᠡᠬᠦ  ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠭᠰᠡᠨ ᠠᠴᠠ ᠪᠣᠯᠤᠭᠰᠠᠨ ᠪᠥᠭᠡᠳ  ᠨᠥᠭᠦᠭᠡ ᠲᠠᠯ᠎ᠠ ᠪᠠᠷ ᠪᠠᠰᠠ ᠠᠷᠠᠳ ᠣᠯᠠᠨ ᠤ ᠴᠢᠨᠠᠷ ᠰᠠᠶᠢᠲᠠᠢ ᠠᠮᠢᠳᠤᠷᠠᠯ ᠤᠨ ᠬᠦᠰᠡᠯ ᠡᠷᠡᠮᠡᠯᠵᠡᠯ ᠳᠤ ᠨᠡᠶᠢᠴᠡᠭᠦᠯᠦᠭᠰᠡᠨ ᠠᠴᠠ ᠪᠣᠯᠤᠭᠰᠠᠨ ᠶᠤᠮ᠃        ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠭᠤᠣᠯᠳᠠᠯᠭ᠎ᠠ ᠨᠢ ᠰᠢᠨᠵᠢᠯᠡᠬᠦ ᠤᠬᠠᠭᠠᠨ ᠲᠧᠭᠨᠢᠭ  ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠬᠤ ᠶᠠᠪᠤᠳᠠᠯ ᠪᠣᠯᠣᠨ᠎ᠠ᠃ ᠡᠨᠡ ᠤᠳᠠᠭ᠎ᠠ ᠶᠢᠨ ᠲᠥᠪ ᠤᠨ ᠠᠵᠤ  ᠠᠬᠤᠢ ᠶᠢᠨ ᠠᠵᠢᠯ ᠤᠨ ᠬᠤᠷᠠᠯ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ  ᠬᠥᠭᠵᠢᠯᠲᠡ ᠶᠢ ᠬᠥᠲᠥᠯᠥᠨ ᠳᠠᠭᠠᠭᠤᠯᠬᠤ ᠶᠢᠨ ᠲᠣᠭᠤᠷᠢᠨ ᠳᠤ ᠴᠢᠬᠤᠯᠠ ᠪᠠᠶᠢᠷᠢᠯᠠᠭᠤᠯᠤᠯᠲᠠ ᠬᠢᠵᠦ᠂ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠪᠠᠶᠢᠳᠠᠯ  ᠳᠣᠣᠷ᠎ᠠ ᠶᠡᠭᠡ ᠬᠡᠪᠴᠢᠶᠡᠨ ᠤ ᠬᠡᠷᠡᠭᠯᠡᠭᠡᠨ ᠤ ᠵᠢᠱᠢᠶ᠎ᠡ ᠦᠵᠡᠭᠦᠯᠬᠦ ᠠᠵᠢᠯᠯᠠᠭ᠎ᠠ ᠥᠷᠨᠢᠭᠦᠯᠦᠨ᠎ᠡ ᠭᠡᠵᠦ ᠳᠤᠷᠠᠳᠪᠠ᠃ ᠢᠷᠡᠭᠡᠳᠦᠢ ᠳᠤ ᠬᠠᠨᠳᠤᠵᠤ᠂ ᠴᠢᠨᠠᠷ ᠰᠠᠶᠢᠲᠠᠢ  ᠬᠠᠩᠭᠠᠯᠭ᠎ᠠ ᠪᠠᠷ ᠬᠡᠷᠡᠭᠯᠡᠭᠡᠨ ᠤ ᠰᠢᠨ᠎ᠡ ᠬᠡᠷᠡᠭᠴᠡᠭᠡ ᠶᠢ ᠡᠭᠦᠳᠴᠦ᠂ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠠᠬᠢᠭᠤᠯᠪᠠᠯ ᠯᠠᠪᠲᠠᠢ  ᠰᠠᠶᠢᠨ ᠣᠷᠴᠢᠯ ᠢ ᠪᠡᠶᠡᠯᠡᠭᠦᠯᠵᠦ᠂ ᠬᠠᠮᠵᠢᠯᠴᠠᠨ ᠬᠦᠴᠦᠯᠡᠵᠦ ᠴᠢᠳᠠᠨ᠎ᠠ᠃        ᠬᠡᠷᠡᠭᠴᠡᠭᠡ ᠨᠢ ᠬᠠᠩᠭᠠᠯᠭ᠎ᠠ ᠶᠢ ᠬᠥᠲᠥᠯᠥᠨ ᠳᠠᠭᠠᠭᠤᠯᠤᠨ᠎ᠠ᠃ ᠣᠶᠢᠷ᠎ᠠ ᠶᠢᠨ ᠵᠢᠯ ᠠᠴᠠ᠂ ᠨᠠᠮ ᠤᠨ ᠲᠥᠪ ᠬᠤᠷᠢᠶ᠎ᠠ ᠳᠣᠲᠣᠭᠠᠳᠤ ᠬᠡᠷᠡᠭᠴᠡᠭᠡ ᠶᠢ  ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂  ᠳᠣᠲᠣᠭᠠᠳᠤ ᠬᠡᠷᠡᠭᠴᠡᠭᠡ ᠶᠢ ᠥᠷᠭᠡᠳᠬᠡᠬᠦ ᠡᠨᠡ ᠬᠦ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ ᠪᠠᠲᠤ ᠡᠵᠡᠮᠳᠡᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ  ᠨᠡᠩ ᠤᠷᠤᠭᠰᠢᠲᠠᠢ᠂ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠤᠨ ᠬᠤᠯᠪᠣᠯᠳᠤᠨ ᠨᠡᠪᠲᠡᠷᠡᠯᠴᠡᠬᠦ ᠨᠡᠩ ᠥᠨᠳᠥᠷ ᠪᠦᠲᠦᠮᠵᠢᠲᠡᠢ ᠪᠠᠶᠢᠬᠤ ᠶᠢ ᠠᠬᠢᠭᠤᠯᠪᠠ᠃  ᠢᠯᠠᠩᠭᠤᠶ᠎ᠠ ᠡᠨᠡ ᠵᠢᠯ ᠠᠴᠠ ᠨᠠᠭᠠᠰᠢ ︽ᠬᠤᠶᠠᠷ ᠴᠢᠬᠤᠯᠠ︾᠂ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠬᠡᠷᠡᠭᠯᠡᠭᠡᠨ ᠤ  ᠳᠠᠯᠳᠠ ᠬᠦᠴᠦᠨ ᠢ ᠲᠠᠰᠤᠷᠠᠯᠲᠠ ᠦᠭᠡᠢ ᠪᠠᠳᠠᠷᠠᠭᠤᠯᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠢ ᠳᠠᠶᠢᠴᠢᠯᠠᠪᠠ᠃ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ  ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠪᠠᠷ 1 ᠲᠦᠮᠡᠨ ᠳ᠋ᠦᠩᠰᠢᠭᠤᠷ ᠭᠠᠷᠤᠢ ᠲᠥᠭᠦᠷᠢᠭ ᠤᠨ ᠬᠠᠮᠢᠶ᠎ᠠ ᠪᠦᠬᠦᠢ ᠦᠢᠯᠡᠳᠬᠦᠨ ᠤ ᠪᠣᠷᠤᠯᠠᠭᠤᠯᠭ᠎ᠠ ᠶᠢᠨ  ᠨᠣᠷᠮ᠎ᠠ ᠎ ᠶᠢ ᠲᠠᠶᠢᠴᠢᠯᠠᠪᠠ᠃ 1 ᠰᠠᠷ᠎ᠠ ᠠᠴᠠ 10 ᠰᠠᠷ᠎ᠠ ᠪᠣᠯᠲᠠᠯ᠎ᠠ ᠪᠥᠬᠦ ᠤᠯᠤᠰ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ  ᠬᠤᠭᠤᠴᠠᠭᠠᠨ ᠤ ᠬᠢ ᠠᠴᠠ ᠪᠠᠨ 3.4 %᠎ ᠪᠠᠷ ᠨᠡᠮᠡᠭᠳᠡᠵᠡᠢ᠃ ᠡᠭᠦᠨ ᠳᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ  ᠬᠤᠭᠤᠴᠠᠭᠠᠨ ᠤ  ᠬᠢ ᠠᠴᠠ ᠪᠠᠨ 4.3%᠎ ᠪᠠᠷ ᠨᠡᠮᠡᠭᠳᠡᠵᠦ᠂ ᠲᠦᠷᠦᠭᠦᠦ 9 ᠰᠠᠷ᠎ᠠ ᠶᠢᠨ ᠬᠢ ᠠᠴᠠ ᠪᠠᠨ 0.2 ᠵᠠᠭᠤᠨ ᠤ ᠬᠤᠪᠢ ᠶᠢᠨ ᠴᠡᠭ ᠲᠦᠷᠭᠡᠳᠪᠡ︔  ᠦᠢᠯᠡᠳᠬᠦ ᠦᠢᠯᠡᠰ ᠤᠨ ᠪᠡᠯᠡ ᠣᠷᠣᠭᠤᠯᠤᠯᠲᠠ 9.3 %᠎ ᠪᠠᠷ ᠨᠡᠮᠡᠭᠳᠡᠵᠦ᠂ ᠲᠦᠷᠦᠭᠦᠦ 9 ᠰᠠᠷ᠎ᠠ ᠶᠢᠨ ᠬᠢ ᠠᠴᠠ ᠪᠠᠨ 0.1 ᠵᠠᠭᠤᠨ ᠤ ᠬᠤᠪᠢ ᠶᠢᠨ ᠴᠡᠭ  ᠲᠦᠷᠭᠡᠳᠪᠡ᠃        ᠡᠨᠡ ᠤᠳᠠᠭ᠎ᠠ ᠶᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠢᠷᠡᠬᠦ ᠵᠢᠯ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠬᠤ ᠳᠠᠭᠠᠨ ᠬᠠᠮᠤᠭ ᠲᠦᠷᠦᠭᠦᠨ ᠳᠤ ︽ᠬᠡᠷᠡᠭᠯᠡᠭᠡ ᠶᠢ ᠶᠡᠭᠡ ᠪᠠᠷ ᠬᠥᠭᠵᠢᠭᠡᠬᠦ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠶᠡᠭᠡ ᠪᠠᠷ ᠳᠡᠭᠡᠭᠰᠢᠯᠡᠭᠦᠯᠬᠦ ᠂ ᠤᠯᠤᠰ ᠤᠨ  ᠳᠣᠲᠣᠭᠠᠳᠤ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠬᠡᠬᠦ︾ ᠶᠠᠪᠤᠳᠠᠯ ᠢ ᠪᠠᠶᠢᠷᠢᠯᠠᠭᠤᠯᠪᠠ᠂ ᠡᠨᠡ ᠨᠢ ᠶᠡᠷᠦᠩᠬᠡᠢ ᠬᠠᠩᠭᠠᠯᠭ᠎ᠠ ᠪᠣᠯᠣᠨ ᠶᠡᠷᠦᠩᠬᠡᠢ  ᠬᠡᠷᠡᠭᠴᠡᠭᠡ ᠶᠢ ᠥᠨᠳᠥᠷ ᠪᠦᠲᠦᠮᠵᠢᠲᠡᠢ ᠪᠠᠷ ᠨᠢᠭᠡᠳᠦᠯᠲᠡᠢ ᠲᠥᠯᠥᠪᠵᠢᠭᠦᠯᠬᠦ ᠶᠢ ᠬᠠᠷᠠᠭᠤᠯᠤᠭᠰᠠᠨ ᠪᠥᠭᠡᠳ ᠠᠵᠤ ᠠᠬᠤᠢ ᠶᠢᠨ ᠵᠢᠮ᠎ᠡ ᠶᠣᠰᠣ ᠶᠢ ᠭᠦᠨᠵᠡᠭᠡᠢ ᠬᠡᠷᠡᠭᠯᠡᠬᠦ ᠶᠢ ᠬᠠᠷᠠᠭᠤᠯᠵᠠᠢ᠃ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ︽ᠬᠤᠶᠠᠷ ᠰᠢᠨ᠎ᠡ︾ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ  ᠬᠦᠴᠦᠯᠡᠨ ᠥᠷᠭᠡᠳᠬᠡᠵᠦ᠂ ︽ᠬᠤᠶᠠᠷ ᠴᠢᠬᠤᠯᠠ︾ ᠲᠦᠷᠦᠯ ᠵᠦᠢᠯ ᠢ ᠨᠡᠩ ᠬᠦᠴᠦᠲᠡᠢ ᠳᠡᠮᠵᠢᠨ᠎ᠡ᠂ ᠡᠳᠡᠭᠡᠷ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠨᠢ  ᠣᠳᠣᠬᠠᠨ ᠤ ᠪᠠᠶᠢᠳᠠᠯ ᠳᠤ ᠰᠠᠭᠤᠷᠢᠯᠠᠭᠰᠠᠨ ᠪᠥᠭᠡᠳ ᠠᠯᠤᠰ ᠬᠡᠳᠦ ᠶᠢ ᠪᠣᠳᠣᠯᠬᠢᠯᠠᠭᠰᠠᠨ ᠪᠣᠯᠬᠤᠷ ᠯᠠᠪᠲᠠᠢ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ  ᠪᠦᠲᠦᠮᠵᠢᠲᠡᠢ ᠬᠥᠭᠵᠢᠭᠡᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠪᠠᠬᠢᠵᠢᠭᠦᠯᠦᠨ ᠪᠤᠵᠠᠭᠠᠶᠢᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ  ᠬᠤᠣᠰ ᠣᠷᠴᠢᠯ ᠢ ᠨᠡᠩ ᠰᠠᠶᠢᠲᠤᠷ ᠳᠠᠶᠢᠴᠢᠯᠠᠬᠤ ᠪᠣᠯᠣᠨ᠎ᠠ᠃        ᠣᠳᠣᠬᠠᠨ ᠳᠤ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭ᠎ᠠ ᠳᠤ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠬᠤ ᠪᠥᠭᠡᠳ  ᠤᠯᠤᠰ ᠤᠨ ᠳᠣᠲᠣᠭᠠᠳᠤ ᠶᠢᠨ ᠬᠡᠷᠡᠭᠴᠡᠭᠡ ᠬᠦᠷᠦᠯᠴᠡᠬᠦ ᠦᠭᠡᠢ᠂ ᠭᠠᠳᠠᠭᠠᠳᠤ ᠬᠡᠷᠡᠭᠴᠡᠭᠡ ᠳᠡᠯᠡᠬᠡᠢ ᠶᠢᠨ ᠪᠠᠶᠢᠳᠠᠯ ᠤᠨ ᠲᠣᠭᠲᠠᠭᠤᠨ ᠪᠤᠰᠤ ᠲᠣᠭᠲᠠᠭᠠᠯᠲᠤ ᠪᠤᠰᠤ  ᠬᠦᠴᠦᠨ ᠵᠦᠢᠯ ᠨᠡᠮᠡᠭᠳᠡᠭᠰᠡᠨ ᠠᠰᠢᠭ ᠦᠭᠡᠢ ᠨᠥᠯᠥᠭᠡ ᠳᠤ ᠲᠤᠯᠭᠠᠷᠠᠵᠤ ᠪᠠᠶᠢᠨ᠎ᠠ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠨᠢ ᠠᠵᠤ ᠠᠬᠤᠢ ᠶᠢᠨ ᠲᠣᠭᠲᠠᠭᠤᠨ  ᠪᠠᠶᠢᠳᠠᠯ ᠳᠤ ᠬᠤᠯᠪᠣᠭᠳᠠᠬᠤ ᠮᠥᠷᠲᠡᠭᠡᠨ ᠪᠠᠰᠠ ᠠᠵᠤ ᠠᠬᠤᠢ ᠶᠢᠨ ᠠᠮᠤᠷ ᠲᠦᠪᠰᠢᠨ ᠳᠤ ᠬᠤᠯᠪᠣᠭᠳᠠᠨ᠎ᠠ᠂ ᠲᠦᠷ ᠵᠠᠭᠤᠷ᠎ᠠ ᠶᠢᠨ ᠠᠷᠭ᠎ᠠ ᠪᠢᠰᠢ᠂ ᠬᠠᠷᠢᠨ  ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠮᠥᠨ ᠭᠡᠳᠡᠭ ᠢ ᠡᠷᠬᠡᠪᠰᠢ ᠭᠦᠨᠵᠡᠭᠡᠢ ᠲᠠᠨᠢᠬᠤ ᠬᠡᠷᠡᠭᠲᠡᠢ᠃ ᠡᠶᠢᠮᠦᠷᠬᠦᠦ ᠠᠬᠤᠢ ᠪᠠᠶᠢᠳᠠᠯ ᠳᠣᠣᠷ᠎ᠠ ᠶᠡᠷᠦᠩᠬᠡᠢ ᠬᠠᠩᠭᠠᠯᠭ᠎ᠠ  ᠪᠣᠯᠣᠨ ᠶᠡᠷᠦᠩᠬᠡᠢ ᠬᠡᠷᠡᠭᠴᠡᠭᠡ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠯᠡᠬᠦ ᠨᠢ ᠲᠤᠶᠢᠯ ᠤᠨ ᠲᠤᠯᠭᠠᠮ ᠮᠥᠷᠲᠡᠭᠡᠨ ᠴᠢᠬᠤᠯᠠ ᠪᠠᠶᠢᠳᠠᠭ᠃        ᠤᠯᠤᠰ ᠠᠷᠠᠳ ᠤᠨ ᠠᠵᠤ ᠠᠬᠤᠢ ᠶᠢᠨ ᠰᠠᠶᠢᠨ ᠣᠷᠴᠢᠯ ᠢ ᠪᠡᠶᠡᠯᠡᠭᠦᠯᠬᠦ ᠳᠤ ᠡᠷᠬᠡᠪᠰᠢ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠪᠠᠷ ᠬᠠᠮᠵᠢᠯᠴᠠᠨ  ᠬᠦᠴᠦᠯᠡᠵᠦ᠂ ᠬᠥᠳᠡᠯᠦᠩᠭᠦᠢ ᠲᠡᠩᠴᠡᠭᠦᠷᠢᠲᠡᠢ ᠪᠠᠶᠢᠬᠤ ᠶᠢ ᠪᠠᠷᠢᠮᠲᠠᠯᠠᠬᠤ ᠬᠡᠷᠡᠭᠲᠡᠢ᠃ ᠨᠢᠭᠡ ᠲᠠᠯ᠎ᠠ ᠪᠠᠷ ᠬᠠᠩᠭᠠᠯᠭ᠎ᠠ ᠶᠢᠨ ᠲᠠᠯ᠎ᠠ ᠶᠢ ᠠᠳᠬᠤᠵᠤ᠂ ᠬᠠᠩᠭᠠᠯᠭ᠎ᠠ ᠶᠢᠨ  ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠷᠤᠭᠰᠢᠯᠠᠯᠲᠠ ᠲᠠᠢ ᠤᠬᠤᠷᠢᠯᠲᠠ ᠲᠠᠢ᠂ ᠪᠠᠲᠤᠯᠠᠭ᠎ᠠ ᠲᠠᠢ  ᠳᠠᠷᠤᠯᠲᠠ ᠲᠠᠢ ᠪᠠᠶᠢᠵᠤ᠂ ᠬᠠᠩᠭᠠᠯᠭ᠎ᠠ ᠪᠣᠯᠣᠨ ᠬᠡᠷᠡᠭᠴᠡᠭᠡ ᠶᠢᠨ ᠵᠣᠬᠢᠴᠠᠬᠤ ᠴᠢᠨᠠᠷ᠂ ᠲᠡᠩᠴᠡᠭᠦᠷᠢᠲᠦ ᠴᠢᠨᠠᠷ ᠢ ᠴᠢᠩᠭᠠᠳᠬᠠᠬᠤ ᠬᠡᠷᠡᠭᠲᠡᠢ᠃ ᠨᠦᠬᠦᠭᠡ ᠲᠠᠯ᠎ᠠ ᠪᠠᠷ  ᠬᠡᠷᠡᠭᠴᠡᠭᠡᠨ ᠤ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠣᠲᠣᠭᠠᠳᠤ ᠬᠡᠷᠡᠭᠴᠡᠭᠡ ᠢᠯᠠᠩᠭᠤᠶ᠎ᠠ ᠬᠡᠷᠡᠭᠯᠡᠭᠡᠨ ᠤ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂  ᠳᠣᠲᠣᠭᠠᠳᠤ ᠬᠡᠷᠡᠭᠴᠡᠭᠡ ᠶᠢ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠰᠠᠨᠠᠭᠠᠴᠢᠯᠠᠭᠠᠲᠤ ᠬᠦᠴᠦᠨ ᠪᠠ ᠲᠣᠭᠲᠠᠪᠤᠷᠢᠵᠢᠭᠤᠯᠤᠭᠴᠢ ᠪᠣᠯᠭᠠᠬᠤ ᠬᠡᠷᠡᠭᠲᠡᠢ᠃        ᠭᠠᠭᠴᠠ ᠬᠦ ᠵᠢᠮ᠎ᠡ ᠶᠣᠰᠣ ᠪᠠᠷ ᠠᠵᠢᠯᠯᠠᠪᠠᠯ ᠰᠠᠶ᠋ᠢ ᠨᠡᠩ ᠰᠠᠶᠢᠨ ᠠᠵᠢᠯ ᠤᠨ ᠪᠣᠳᠠᠲᠤ ᠪᠦᠲᠦᠮᠵᠢ ᠪᠠ ᠠᠮᠵᠢᠯᠲᠠ ᠪᠦᠲᠦᠮᠵᠢ ᠶᠢ ᠣᠯᠵᠤ ᠴᠢᠳᠠᠨ᠎ᠠ᠃  ᠲᠠᠪᠤᠨ ︽ᠡᠷᠬᠡᠪᠰᠢ ᠨᠢᠭᠡᠳᠦᠯᠲᠡᠢ ᠲᠥᠯᠥᠪᠵᠢᠭᠦᠯᠬᠦ︾ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠵᠢᠮ᠎ᠡ ᠶᠣᠰᠣᠴᠢ ᠴᠢᠨᠠᠷᠲᠠᠢ ᠲᠠᠨᠢᠯᠲᠠ  ᠮᠥᠨ᠂ ᠡᠭᠦᠨ ᠢ ᠪᠠᠲᠤ ᠡᠵᠡᠮᠳᠡᠬᠦ ᠬᠡᠷᠡᠭᠲᠡᠢ᠃ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠣᠶᠢᠯᠠᠭᠠᠵᠤ᠂  ᠰᠠᠶᠢᠲᠤᠷ ᠬᠡᠷᠡᠭᠯᠡᠵᠦ᠂ ᠰᠢᠨᠵᠢᠯᠡᠬᠦ ᠤᠬᠠᠭᠠᠨᠴᠢ ᠠᠷᠭ᠎ᠠ ᠪᠠᠷ ᠠᠵᠤ ᠠᠬᠤᠢ ᠶᠢᠨ ᠠᠵᠢᠯ ᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠪᠠᠯ ᠪᠢᠳᠡ ᠯᠠᠪᠲᠠᠢ  ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠰᠢᠵᠦ᠂ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ᠃  
ᠢᠷᠡᠯᠲᠡ᠄ ᠠᠷᠠᠳ ᠤᠨ ᠮᠣᠩᠭᠤᠯ ᠰᠦᠯᠵᠢᠶ᠎ᠡ