ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠭᠦᠨᠵᠡᠭᠡᠢ ᠡᠵᠡᠮᠰᠢᠰᠦᠭᠡᠢ
ᠨᠡᠶᠢᠲᠡᠯᠡᠭᠰᠡᠨ ᠴᠠᠭ᠄
2025/1/15
       - ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠥᠭᠦᠯᠡᠬᠦ ᠨᠢ   ᠠᠷᠠᠳ ᠤᠨ  ᠡᠳᠦᠷ ᠤᠨ ᠰᠣᠨᠢᠨ ᠤ ᠰᠢᠭᠦᠮᠵᠢᠯᠡᠭᠴᠢ         ᠢᠷᠡᠬᠦ ᠵᠢᠯ ᠤᠨ ᠠᠵᠤ ᠠᠬᠤᠢ ᠶᠢᠨ ᠠᠵᠢᠯ ᠢ ᠶᠠᠭᠠᠬᠢᠵᠤ ᠬᠢᠬᠦ ᠪᠤᠢ︖ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠰᠢᠰᠲ᠋ᠧᠮ ᠲᠠᠢ  ᠪᠠᠶᠢᠷᠢᠯᠠᠭᠤᠯᠤᠯᠲᠠ ᠬᠢᠵᠦ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯᠣᠨ ᠲᠦᠷᠦ ᠶᠢᠨ ᠪᠣᠳᠣᠯᠭ᠎ᠠ ᠶᠢᠨ ᠬᠠᠨᠳᠤᠰᠢ ᠶᠢ  ᠳᠤᠷᠠᠳᠴᠠᠢ᠃ ᠣᠳᠣᠬᠠᠨ ᠳᠤ ᠬᠠᠮᠤᠭ ᠤᠨ ᠴᠢᠬᠤᠯᠠ ᠨᠢ ᠨᠢᠭᠡ ᠳᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠵᠣᠷᠢᠯᠲᠠ ᠶᠢ ᠨᠠᠷᠢᠨ  ᠬᠢᠨᠠᠮᠠᠭᠠᠢ ᠰᠤᠷᠤᠯᠴᠠᠨ ᠣᠶᠢᠯᠠᠭᠠᠵᠤ᠂ ᠣᠨᠣᠪᠴᠢᠲᠠᠶ ᠣᠶᠢᠯᠠᠭᠠᠵᠤ᠂ ᠬᠤᠶᠠᠷ ᠲᠤ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ  ᠱᠠᠭᠠᠷᠳᠠᠯᠭ᠎ᠠ ᠶᠢ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤᠮᠳᠠ ᠲᠤᠭᠤᠰᠢᠯᠠᠭᠤᠯᠬᠤ ᠬᠡᠷᠡᠭᠲᠡᠢ᠃        ᠭᠤᠣᠯ ᠢ ᠨᠢ ᠪᠠᠷᠢᠪᠠᠯ ᠠᠯᠢᠪᠠ ᠪᠦᠬᠦᠨ ᠳᠠᠭᠠᠯᠳᠤᠨ ᠰᠢᠢᠳᠪᠦᠷᠢᠯᠡᠭᠳᠡᠨ᠎ᠡ᠃ ︽ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ  ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ  ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︾᠂ ︽ᠨᠡᠩ ᠢᠳᠡᠪᠬᠢᠲᠡᠢ  ᠦᠷ᠎ᠡ ᠪᠦᠳᠦᠮᠵᠢᠳᠡᠢ ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠵᠦ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠸᠠᠷ ᠤᠨ ᠣᠷᠣᠨ  ᠰᠠᠭᠤᠴᠠ ᠶᠢᠨ ᠵᠠᠬ᠎ᠠ ᠳᠡᠯᠭᠡᠭᠦᠷ ᠰᠲ᠋ᠣᠺ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ  ᠭᠠᠳᠠᠭᠠᠳᠤ ᠠᠴᠠ ᠢᠷᠡᠬᠦ ᠴᠣᠬᠢᠯᠲᠠ ᠶᠢ ᠰᠡᠷᠭᠡᠶᠢᠯᠡᠨ ᠠᠷᠢᠯᠭᠠᠵᠤ᠂ ᠵᠢᠱᠢᠯᠲᠡ ᠶᠢ ᠲᠣᠭᠲᠠᠪᠤᠷᠢᠵᠢᠭᠤᠯᠵᠤ᠂ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ︾ ᠁ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠶᠡᠷᠦᠩᠬᠡᠢ ᠱᠠᠭᠠᠷᠳᠠᠯᠭ᠎ᠠ  ᠳᠤᠷᠠᠳᠴᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠵᠠᠳᠠᠯᠤᠯᠲᠠ  ᠮᠠᠭᠠᠳᠯᠠᠯᠲᠠ ᠪᠠ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠥᠯᠦᠪᠵᠢᠭᠦᠯᠭᠡ ᠪᠣᠳᠣᠯᠬᠢᠯᠠᠯ ᠢ ᠬᠤᠷᠢᠶᠠᠩᠭᠤᠶᠢᠯᠠᠭᠰᠠᠨ ᠪᠠᠶᠢᠨ᠎ᠠ᠃ ᠡᠯ᠎ᠡ ᠭᠠᠵᠠᠷ ᠣᠷᠣᠨ ᠡᠯ᠎ᠡ  ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ  ᠨᠢᠭᠡᠳᠬᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ  ᠲᠠᠪᠤᠳᠤᠭᠠᠷ ᠲᠠᠪᠤᠨ ᠵᠢᠯ︾᠎ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠢ᠃        ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠪᠣᠯ ᠮᠠᠰᠢ ᠴᠢᠩᠭ᠎ᠠ ᠤᠳᠤᠷᠢᠳᠤᠮᠵᠢ ᠶᠢᠨ ᠦᠢᠯᠡᠳᠦᠯ ᠲᠠᠢ ᠶᠤᠮ᠃ ᠬᠤᠷᠠᠯ ᠠᠴᠠ ᠢᠷᠡᠬᠦ ᠵᠢᠯ ᠤᠨ  ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠳᠤᠷᠠᠳᠤᠨ ᠭᠠᠷᠭᠠᠭᠰᠠᠨ ᠪᠥᠭᠡᠳ ᠠᠵᠤ ᠠᠬᠤᠢ ᠶᠢᠨ ᠲᠣᠭᠲᠠᠭᠤᠨ ᠨᠡᠮᠡᠭᠳᠡᠯ ᠢ  ᠪᠠᠲᠤᠯᠠᠵᠤ᠂ ᠠᠵᠢᠯ ᠣᠯᠭᠤᠯᠲᠠ᠂ ᠪᠠᠷᠠᠭᠠᠨ ᠤ ᠦᠨ᠎ᠡ ᠶᠢᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠤᠯᠠᠨ ᠤᠯᠤᠰ ᠤᠨ ᠬᠤᠭᠤᠷᠣᠨᠳᠣᠬᠢ  ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠢ ᠪᠠᠶᠢᠬᠤ ᠶᠢ ᠪᠠᠲᠤᠯᠠᠵᠤ᠂ ᠰᠠᠭᠤᠭᠠᠯᠢ ᠠᠷᠠᠳ ᠤᠨ ᠣᠷᠣᠯᠭ᠎ᠠ ᠪᠠ ᠠᠵᠤ ᠠᠬᠤᠢ ᠵᠡᠷᠭᠡ ᠪᠠᠷ ᠨᠡᠮᠡᠭᠳᠡᠬᠦ ᠶᠢ  ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠨᠡ ᠪᠣᠯ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠣᠨᠣᠪᠴᠢᠲᠠᠢ ᠰᠤᠳᠤᠯᠤᠨ ᠮᠠᠭᠠᠳᠯᠠᠵᠤ᠂ ᠰᠢᠨᠵᠢᠯᠡᠬᠦ  ᠤᠬᠠᠭᠠᠨᠴᠢ ᠪᠠᠷ ᠵᠠᠳᠠᠯᠤᠯᠲᠠ ᠬᠢᠭᠰᠡᠨ ᠰᠠᠭᠤᠷᠢᠨ ᠳᠡᠭᠡᠷ᠎ᠡ ᠳᠤᠷᠠᠳᠤᠭᠰᠠᠨ ᠶᠤᠮ᠂ ᠣᠳᠣᠬᠠᠨ ᠤ ᠪᠠᠶᠢᠳᠠᠯ ᠢ ᠪᠣᠳᠣᠯᠬᠢᠯᠠᠭᠰᠠᠨ ᠪᠥᠭᠡᠳ ᠪᠠᠰᠠ ᠠᠯᠤᠰ ᠬᠡᠳᠤ ᠶᠢ  ᠪᠣᠳᠣᠯᠬᠢᠯᠠᠵᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠴᠢᠩᠭ᠎ᠠ ᠳᠣᠬᠢᠶ᠎ᠠ ᠶᠢ ᠳᠠᠮᠵᠢᠭᠤᠯᠵᠤ᠂ ᠢᠲᠡᠭᠡᠯ ᠵᠣᠷᠢᠭ ᠢᠶᠠᠨ ᠴᠢᠩᠭᠠᠯᠠᠵᠤ ᠡᠷᠴᠢ  ᠵᠣᠷᠢᠭ ᠢᠶᠠᠨ ᠬᠥᠪᠴᠢᠯᠡᠪᠡ᠃ ᠠᠵᠤ ᠠᠬᠤᠢ ᠶᠢᠨ ᠨᠡᠮᠡᠭᠳᠡᠯ ᠪᠣᠯ ᠬᠤᠯᠪᠣᠯᠳᠤᠬᠤ ᠴᠢᠨᠠᠷ ᠢᠶᠠᠷ ᠴᠢᠩᠭ᠎ᠠ ᠰᠠᠭᠤᠷᠢ ᠴᠢᠨᠠᠷᠲᠠᠢ ᠭᠦᠢᠴᠡᠳᠬᠡᠯ ᠲᠤᠭ᠎ᠠ ᠮᠥᠨ᠂ ᠠᠵᠢᠯ  ᠣᠯᠭᠤᠯᠲᠠ ᠶᠢ ᠲᠣᠭᠲᠠᠪᠤᠷᠢᠵᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠢᠲᠡᠭᠡᠯ ᠵᠣᠷᠢᠭ ᠢ  ᠴᠢᠩᠭᠠᠷᠠᠭᠤᠯᠬᠤ ᠳᠤ ᠴᠤ ᠲᠡᠷᠡ᠂ ᠡᠰᠡᠬᠦᠯ᠎ᠡ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠶᠢᠨ ᠰᠢᠯᠭᠠᠯᠲᠠ ᠶᠢ ᠪᠦᠲᠦᠮᠵᠢᠲᠡᠢ ᠠᠷᠭᠠᠴᠠᠵᠤ᠂  ᠬᠥᠭᠵᠢᠯᠲᠡ ᠶᠢᠨ ᠳᠤᠮᠳᠠ ᠡᠯ᠎ᠡ ᠵᠦᠢᠯ ᠤᠨ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠳᠤ ᠴᠤ ᠲᠡᠷᠡ ᠴᠥᠮ ᠠᠵᠤ ᠠᠬᠤᠢ ᠶᠢᠨ ᠨᠡᠮᠡᠭᠳᠡᠯ ᠤᠨ ᠵᠣᠬᠢᠬᠤ  ᠬᠤᠷᠳᠤᠴᠠ ᠶᠢ ᠪᠠᠲᠤᠯᠠᠬᠤ ᠴᠢᠬᠤᠯᠠᠲᠠᠢ ᠶᠤᠮ᠃ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ  ᠲᠣᠭᠲᠠᠪᠤᠷᠢᠵᠢᠭᠤᠯᠬᠤ ᠶᠢ ᠲᠣᠪᠣᠶᠢᠮ᠎ᠠ ᠪᠠᠶᠢᠷᠢᠨ ᠳᠤ ᠲᠠᠯᠪᠢᠬᠤ ᠶᠢᠨ ᠬᠠᠮᠲᠤ ︽ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ ᠪᠠᠷ  ᠲᠣᠭᠲᠠᠭᠤᠨ ᠢ ᠠᠬᠢᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠤᠷᠢᠳ ᠢᠶᠠᠷ ᠰᠢᠨ᠎ᠡ ᠶᠢ ᠪᠠᠶᠢᠭᠤᠯᠵᠤ ᠲᠠᠷᠠᠭ᠎ᠠ ᠨᠢ ᠬᠠᠭᠤᠴᠢᠨ ᠢ ᠡᠪᠳᠡᠵᠦ᠂  ᠰᠢᠰᠲ᠋ᠧᠮᠵᠢᠭᠦᠯᠦᠨ ᠬᠤᠷᠠᠭᠤᠯᠵᠤ᠂ ᠬᠠᠮᠵᠢᠯᠴᠠᠨ ᠠᠵᠢᠯᠯᠠᠬᠤ︾ ᠱᠠᠭᠠᠷᠳᠠᠯᠭ᠎ᠠ ᠶᠢ ᠳᠤᠷᠠᠳᠴᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ  ᠭᠤᠣᠯᠳᠠᠯᠭ᠎ᠠ ᠲᠠᠢ ᠴᠢᠭᠯᠡᠯ ᠢ ᠲᠣᠳᠣᠷᠬᠠᠢ ᠵᠢᠭᠠᠨ ᠥᠭᠴᠦ᠂ ᠰᠢᠨᠵᠢᠯᠡᠬᠦ ᠤᠬᠠᠭᠠᠨᠴᠢ ᠠᠷᠭ᠎ᠠ ᠶᠢᠨ ᠤᠨᠤᠯ ᠢ ᠬᠠᠩᠭᠠᠪᠠ᠃        ᠰᠢᠨᠵᠢᠯᠡᠬᠦ ᠤᠬᠠᠭᠠᠨᠴᠢ ᠪᠦᠲᠦᠮᠵᠢᠲᠡᠢ ᠬᠤᠷᠸ᠎ᠠ ᠲᠣᠬᠢᠷᠠᠭᠤᠯᠭ᠎ᠠ ᠡᠵᠡᠮᠳᠡᠯ ᠪᠣᠯ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢᠨ  ᠴᠢᠬᠤᠯᠠ ᠪᠠᠲᠤᠯᠠᠭ᠎ᠠ ᠮᠥᠨ᠃ ᠬᠤᠷᠠᠯ ᠠᠴᠠ᠂ ᠢᠷᠡᠬᠦ ᠵᠢᠯ ︽ᠨᠡᠩ ᠢᠳᠡᠪᠬᠢᠲᠡᠢ ᠦᠷ᠎ᠡ ᠪᠦᠳᠦᠮᠵᠢᠳᠡᠢ ᠲᠠᠢ ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ︾ ᠭᠡᠵᠦ ᠴᠢᠬᠤᠯᠠᠴᠢᠯᠠᠪᠠ᠃ ᠡᠳ᠋ ᠤᠨ ᠵᠠᠰᠠᠭ ᠤᠨ ᠨᠡᠩ ᠢᠳᠡᠪᠬᠢᠲᠡᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠂ ᠡᠳ᠋ ᠤᠨ ᠵᠠᠰᠠᠭ ᠤᠨ ᠤᠯᠠᠭᠠᠨ ᠲᠤᠭ᠎ᠠ ᠶᠢᠨ  ᠨᠤᠷᠮ᠎ᠠ ᠶᠢ ᠳᠡᠭᠡᠭᠰᠢᠯᠡᠭᠦᠯᠵᠦ᠂ ᠬᠡᠳᠤ ᠤᠷᠳᠤ ᠬᠤᠭᠤᠴᠠᠭᠠᠨ ᠤ ᠤᠯᠤᠰ ᠤᠨ ᠣᠨᠴᠠᠭᠠᠢ ᠵᠢᠭᠡᠯᠡᠯᠭᠡ ᠲᠠᠷᠬᠠᠭᠠᠬᠤ ᠶᠢ ᠨᠡᠮᠡᠭᠳᠡᠭᠦᠯᠵᠦ᠂ ᠣᠷᠣᠨ ᠨᠤᠲᠤᠭ ᠤᠨ  ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ ᠬᠡᠷᠡᠭᠯᠡᠬᠦ ᠶᠢ ᠨᠡᠮᠡᠭᠳᠡᠭᠦᠯᠦᠨ᠎ᠡ ᠭᠡᠵᠦ ᠲᠣᠳᠣᠷᠬᠠᠶᠢᠯᠠᠪᠠ᠃ ᠵᠣᠭᠤᠰᠤᠨ ᠤ ᠲᠦᠷᠦ ᠶᠢᠨ  ᠪᠣᠳᠣᠯᠭ᠎ᠠ ᠶᠢᠨ ᠦᠨᠳᠦᠰᠦᠨ ᠬᠦᠭ ᠠᠶᠠᠰ ᠢ ︽ᠯᠠᠪᠳᠠᠭᠤᠨ ᠲᠣᠭᠲᠠᠭᠤᠨ︾ ᠭᠡᠵᠦ ᠪᠠᠶᠢᠭᠰᠠᠨ ᠠᠴᠠ ︽ᠵᠣᠬᠢᠰᠲᠠᠢ ᠠᠭᠤᠵᠢᠭᠤ ᠲᠠᠯᠪᠢᠬᠤ︾ ᠪᠣᠯᠭᠠᠨ  ᠲᠣᠬᠢᠷᠠᠭᠤᠯᠪᠠ᠂ ᠡᠨᠡ ᠪᠣᠯ ᠠᠷᠪᠠᠨ ᠲᠦᠷᠪᠡᠨ ᠵᠢᠯ ᠤᠨ ᠲᠤᠷᠰᠢᠬᠢ ᠠᠩᠬᠠᠳᠠᠭᠴᠢ ᠤᠳᠠᠭ᠎ᠠ ᠪᠤᠯᠬᠤ ᠶᠤᠮ᠃ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠦᠨᠳᠦᠰᠦᠨ  ᠬᠦᠭ ᠠᠶᠠᠰ ᠲᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠨᠢ ᠭᠤᠣᠯᠳᠠᠭᠤ ᠣᠳᠣᠬᠠᠨ ᠤ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ  ᠠᠰᠢᠭ ᠦᠭᠡᠢ ᠨᠥᠯᠥᠭᠡ ᠭᠦᠨᠵᠡᠭᠡᠶᠢᠷᠡᠭᠰᠡᠨ ᠠᠴᠠ ᠪᠣᠯᠤᠭᠰᠠᠨ ᠶᠤᠮ᠂ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠳᠤ ᠮᠥᠨ ᠯᠡ ᠴᠥᠭᠡᠨ ᠪᠤᠰᠤ  ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠡᠷᠬᠡᠪᠰᠢ ᠬᠦᠴᠢᠷ ᠢ ᠰᠥᠷᠦᠨ  ᠤᠷᠤᠭᠰᠢᠯᠠᠵᠤ᠂ ᠢᠳᠡᠪᠬᠢᠲᠡᠢ ᠠᠵᠢᠯᠯᠠᠨ᠂ ᠰᠥᠷᠭᠡᠦ ᠦᠶᠡᠯᠡᠯ ᠤᠨ ᠬᠤᠭᠤᠴᠠᠭᠠᠨ ᠤ ᠲᠣᠬᠢᠷᠠᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠦᠷᠦ ᠶᠢᠨ  ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠳᠤ  ᠬᠦᠴᠦᠲᠡᠢ ᠲᠦᠷᠦ ᠶᠢᠨ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ᠃        ᠬᠤᠷᠠᠯ ᠠᠴᠠ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ ᠬᠡᠮᠵᠢᠶ᠎ᠡ︾᠎ ᠶᠢ ᠰᠠᠶᠢᠲᠤᠷ ᠬᠡᠷᠡᠭᠵᠢᠭᠦᠯᠦᠨ᠎ᠡ ᠭᠡᠰᠡᠨ ᠡᠨᠡ ᠬᠦ ᠲᠣᠳᠣᠷᠬᠠᠢ ᠱᠠᠭᠠᠷᠳᠠᠯᠭ᠎ᠠ ᠶᠢ  ᠳᠤᠷᠠᠳᠤᠭᠰᠠᠨ ᠨᠢ ᠮᠠᠰᠢ ᠴᠢᠩᠭ᠎ᠠ ᠪᠣᠳᠠᠲᠤ ᠬᠠᠨᠳᠤᠯᠭᠠᠲᠤ ᠴᠢᠨᠠᠷ ᠲᠠᠢ ᠶᠤᠮ᠃        ᠣᠷᠣᠨ ᠰᠠᠭᠤᠴᠠ ᠶᠢᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠠᠴᠠ ᠦᠵᠡᠪᠡᠯ᠂ ᠡᠨᠡ ᠵᠢᠯ ᠠᠴᠠ ᠨᠠᠭᠠᠰᠢ᠂ ᠣᠷᠣᠨ ᠰᠠᠭᠤᠴᠠ ᠬᠤᠳᠠᠯᠳᠤᠨ ᠠᠪᠬᠤ  ᠡᠯ᠎ᠡ ᠲᠥᠷᠥᠯ ᠤᠨ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠵᠦ᠂ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠣᠷᠣᠨ  ᠰᠠᠭᠤᠴᠠ ᠶᠢᠨ ᠨᠥᠭᠡᠴᠡ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠵᠤ᠂ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ  ᠬᠠᠮᠤᠭ ᠤᠨ ᠳᠣᠣᠷ᠎ᠠ ᠬᠠᠷᠢᠴᠠᠯ ᠢ ᠨᠢᠭᠡᠳᠬᠡᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ  ᠨᠣᠷᠮ᠎ᠠ ᠶᠢ ᠪᠠᠭᠤᠷᠠᠭᠤᠯᠪᠠ ᠁ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ ᠬᠡᠮᠵᠢᠶ᠎ᠡ︾ ᠎ ᠨᠢ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠳᠤ ᠵᠡᠷᠭᠡ ᠪᠠᠷ  ᠬᠦᠴᠦᠯᠡᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠲᠣᠭᠲᠠᠭᠤᠨ ᠪᠠᠶᠢᠳᠠᠯ ᠳᠤ ᠪᠤᠴᠠᠭᠤᠯᠬᠤ ᠶᠢ  ᠠᠬᠢᠭᠤᠯᠬᠤ ᠦᠷ᠎ᠡ ᠪᠦᠲᠦᠮᠵᠢ ᠢᠯᠡᠷᠬᠡᠢ ᠪᠣᠯᠪᠠ᠃ 11 ᠰᠠᠷ᠎ᠠ ᠶᠢᠨ ᠡᠴᠦᠰ ᠪᠣᠯᠲᠠᠯ᠎ᠠ᠂ ᠪᠥᠬᠦ ᠤᠯᠤᠰ ᠤᠨ ᠪᠠᠲᠤᠯᠠᠨ ᠲᠤᠰᠢᠶᠠᠬᠤ ᠭᠡᠷ ᠪᠠᠶᠢᠰᠢᠩ ᠤᠨ ᠪᠡᠷᠬᠡ  ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠳᠤ 324 ᠲᠦᠮᠡᠨ ᠢᠵᠢ ᠣᠷᠣᠨ ᠰᠠᠭᠤᠴᠠ ᠲᠤᠰᠢᠶᠠᠵᠤ᠂ 10 ᠰᠠᠷ᠎ᠠ᠂ 11 ᠰᠠᠷ᠎ᠠ ᠳᠤ ᠪᠥᠬᠦ ᠤᠯᠤᠰ ᠤᠨ  ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ᠠᠷᠠᠯᠵᠢᠶᠠᠨ ᠤ ᠰᠦᠯᠵᠢᠶ᠎ᠡ ᠪᠠᠷ ᠭᠡᠷ᠎ᠡ ᠳᠤ ᠭᠠᠷ ᠤᠨ ᠥᠰᠥᠭ ᠵᠢᠷᠤᠭᠰᠠᠨ ᠲᠠᠯᠠᠪᠠᠶ ᠬᠤᠶᠠᠷ ᠰᠠᠷ᠎ᠠ  ᠳᠠᠷᠠᠭᠠᠯᠠᠨ ᠠᠳᠠᠯᠢ ᠬᠤᠭᠤᠴᠠᠭᠠᠨ ᠤ ᠪᠠ ᠬᠠᠷᠢᠴᠠᠭᠤᠯᠤᠭᠰᠠᠨ ᠬᠡᠮᠵᠢᠶ᠎ᠡ ᠪᠠᠷ ᠬᠤᠣᠰ ᠢᠶᠠᠷ ᠨᠡᠮᠡᠭᠳᠡᠪᠡ᠃ 2007 ᠣᠨ ᠠᠴᠠ ᠨᠠᠭᠠᠰᠢ᠂ ᠠᠷᠪᠠᠳᠤᠭᠠᠷ ᠰᠠᠷ᠎ᠠ ᠶᠢᠨ  ᠠᠷᠠᠯᠵᠢᠶ᠎ᠠ ᠪᠦᠲᠦᠭᠰᠡᠨ ᠬᠡᠮᠵᠢᠶ᠎ᠡ ᠠᠩᠬ᠎ᠠ ᠤᠳᠠᠭ᠎ᠠ ᠶᠢᠰᠦᠳᠦᠭᠡᠷ ᠰᠠᠷ᠎ᠠ ᠶᠢᠨ ᠬᠢ ᠶᠢ ᠳᠠᠪᠠᠪᠠ᠃ ᠠᠵᠤ ᠠᠬᠤᠢ ᠨᠡᠶᠢᠭᠡᠮ ᠤᠨ ᠬᠥᠭᠵᠢᠯᠲᠡ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ  ᠴᠢᠨᠠᠷ ᠢ ᠴᠢᠩᠭᠠᠳᠬᠠᠪᠠᠯ ᠰᠠᠶ᠋ᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠳᠠᠯᠢ ᠴᠢᠭᠯᠡᠯ ᠢᠶᠠᠷ ᠬᠦᠴᠦᠯᠡᠬᠦ ᠶᠢ ᠦᠨᠡᠨ ᠬᠦ ᠪᠠᠲᠤᠯᠠᠵᠤ᠂ ᠬᠠᠮᠲᠤᠷᠠᠯ ᠤᠨ  ᠬᠦᠴᠦᠨ ᠢ ᠪᠦᠷᠢᠯᠳᠦᠭᠦᠯᠦᠨ᠂ ᠨᠠᠷᠢᠯᠢᠭ ᠣᠨᠣᠴᠠᠲᠠᠢ ᠬᠦᠴᠦᠯᠡᠵᠦ᠂ ᠬᠤᠷᠸ᠎ᠠ ᠲᠥᠷᠥ ᠶᠢᠨ ᠪᠣᠳᠣᠯᠭ᠎ᠠ ᠶᠢᠨ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠂  ᠡᠵᠡᠩᠨᠡᠯᠲᠡ ᠶᠢᠨ ᠪᠡᠶᠡᠴᠢ ᠴᠣᠭᠴᠠ ᠳᠤ ᠲᠣᠳᠣᠷᠬᠠᠢ ᠳᠣᠬᠢᠶ᠎ᠠ ᠥᠭᠴᠦ ᠴᠢᠳᠠᠨ᠎ᠠ ᠭᠡᠳᠡᠭ ᠢ ᠦᠢᠯᠡᠳᠦᠯᠭᠡ ᠭᠡᠷᠡᠴᠢᠯᠡᠵᠡᠢ᠃        ᠰᠢᠰᠲ᠋ᠧᠮᠵᠢᠭᠦᠯᠦᠨ ᠬᠤᠷᠠᠭᠤᠯᠬᠤ᠂ ᠵᠣᠬᠢᠴᠠᠯᠳᠤᠨ ᠬᠠᠮᠵᠢᠯᠴᠠᠬᠤ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠬᠠᠮᠲᠤᠷᠠᠯ ᠤᠨ ᠬᠦᠴᠦᠨ ᠢ  ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠪᠦᠬᠦᠯᠢ ᠴᠣᠭᠴᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠳᠤ᠂ ᠨᠢᠭᠡ ᠲᠠᠯ᠎ᠠ ᠪᠠᠷ ᠡᠳ᠋ ᠤᠨ ᠵᠠᠰᠠᠭ᠂  ᠵᠣᠭᠤᠰ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ᠂ ᠠᠷᠠᠯᠵᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠬᠢᠨᠠᠯᠲᠠ ᠬᠠᠮᠢᠶᠠᠷᠤᠯᠲᠠ ᠵᠡᠷᠭᠡ  ᠲᠥᠷᠥ ᠶᠢᠨ ᠪᠣᠳᠣᠯᠭ᠎ᠠ ᠪᠠ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠬᠡᠮᠵᠢᠶ᠎ᠡ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ  ᠬᠤᠭᠤᠷᠣᠨᠳᠣᠬᠢ ᠪᠦᠲᠦᠮᠵᠢᠲᠡᠶ ᠨᠡᠪᠲᠡᠷᠡᠯᠴᠡᠭᠡ᠂ ᠵᠥᠪᠳᠡᠯᠴᠡᠨ ᠬᠠᠷᠢᠭᠤ ᠲᠤᠰᠬᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ︔ ᠨᠥᠭᠦᠭᠡ ᠲᠠᠯ᠎ᠠ ᠪᠠᠷ ᠠᠵᠤ  ᠠᠬᠤᠢ ᠶᠢᠨ ᠲᠥᠷᠥ ᠶᠢᠨ ᠪᠣᠳᠣᠯᠭ᠎ᠠ ᠪᠠ ᠠᠵᠤ ᠠᠬᠤᠢ ᠶᠢᠨ ᠪᠤᠰᠤ ᠲᠥᠷᠥ ᠶᠢᠨ ᠪᠣᠳᠣᠯᠭ᠎ᠠ ᠶᠢ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ  ᠴᠢᠨᠠᠷᠲᠠᠢ ᠦᠨᠡᠯᠡᠨ ᠵᠢᠱᠢᠯᠲᠡ ᠳᠤ ᠨᠢᠭᠡᠳᠦᠯᠲᠡᠢ ᠣᠷᠣᠭᠤᠯᠵᠤ᠂ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠬᠡᠷᠡᠭᠵᠢᠭᠦᠯᠬᠦ ᠪᠥᠬᠦ ᠶᠠᠪᠤᠴᠠ ᠶᠢ ᠨᠢᠭᠡᠳᠦᠯᠲᠡᠢ  ᠲᠥᠯᠥᠪᠵᠢᠭᠦᠯᠦᠨ᠂ ᠲᠥᠷᠥ ᠶᠢᠨ ᠪᠣᠳᠣᠯᠭ᠎ᠠ ᠶᠢᠨ ᠬᠠᠷᠠᠯᠲᠠ᠂ ᠪᠠᠭᠠᠵᠢ᠂ ᠴᠠᠭ ᠲᠣᠬᠢᠶᠠᠯ᠂ ᠡᠷᠴᠢᠮ᠂ ᠠᠶᠢᠵᠠᠮ ᠤᠨ ᠵᠣᠬᠢᠴᠠᠯᠳᠤᠬᠤ ᠬᠡᠮᠵᠢᠶ᠎ᠡ ᠶᠢ ᠳᠡᠭᠡᠭᠰᠢᠯᠡᠭᠦᠯᠵᠦ ᠂ ᠲᠥᠷᠥ ᠶᠢᠨ ᠪᠣᠳᠣᠯᠭ᠎ᠠ ᠶᠢ ︽ᠬᠠᠮᠤᠭ ᠠᠩᠬᠠᠨ ᠤ ᠨᠢᠭᠡ ᠺᠢᠯᠣᠮᠧᠲᠷ︾᠎ ᠠᠴᠠ ︽ᠬᠠᠮᠤᠭ ᠡᠴᠦᠰ ᠤᠨ ᠨᠢᠭᠡ ᠠᠯᠬᠤᠮ ᠵᠠᠢ︾ ᠬᠦᠷᠲᠡᠯ᠎ᠡ ᠵᠣᠯᠭᠠᠯᠴᠠᠭᠤᠯᠤᠨ  ᠬᠠᠮᠵᠢᠯᠴᠠᠭᠤᠯᠬᠤ ᠶᠢ ᠠᠬᠢᠭᠤᠯᠬᠤ ᠬᠡᠷᠡᠭᠲᠡᠢ᠃        ᠣᠳᠣᠬᠠᠨ ᠳᠤ᠂ ᠨᠥᠭᠡᠴᠡ ᠶᠢᠨ ᠲᠥᠷᠥ ᠶᠢᠨ ᠪᠣᠳᠣᠯᠭ᠎ᠠ ᠪᠠ ᠨᠡᠮᠡᠭᠳᠡᠯ ᠤᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂  ᠬᠤᠷᠸ᠎ᠠ ᠲᠥᠷᠥ ᠶᠢᠨ ᠪᠣᠳᠣᠯᠭ᠎ᠠ ᠦᠷᠭᠦᠯᠵᠢᠯᠡᠨ ᠦᠷ᠎ᠡ ᠪᠦᠲᠦᠮᠵᠢ ᠣᠯᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂  ᠠᠵᠤ ᠠᠬᠤᠢ ᠶᠢᠨ ᠠᠵᠢᠯᠯᠠᠭ᠎ᠠ ᠳᠠᠬᠢ ᠢᠳᠡᠪᠬᠢᠲᠡᠢ ᠬᠦᠴᠦᠨ ᠵᠦᠢᠯ ᠪᠠ ᠠᠰᠢᠭᠲᠠᠢ ᠨᠥᠬᠦᠴᠡᠯ ᠢ ᠲᠠᠰᠤᠷᠠᠯᠲᠠ ᠦᠭᠡᠢ ᠬᠤᠷᠠᠮᠳᠤᠭᠤᠯᠵᠤ ᠪᠠᠶᠢᠨ᠎ᠠ᠃ ᠮᠠᠨ ᠤ  ᠤᠯᠤᠰ ᠤᠨ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠢᠯᠡᠳᠲᠡ ᠳᠠᠪᠠᠭᠤᠯᠢᠭ᠂ ᠬᠦᠴᠦᠷᠬᠡᠭ ᠶᠡᠭᠡ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠷᠠᠯᠠᠯᠳᠤ ᠴᠢᠨᠠᠷ᠂  ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠰᠠᠭᠤᠷᠢ ᠶᠢ ᠲᠠᠰᠤᠷᠠᠯᠳᠠ  ᠦᠭᠡᠢ ᠪᠠᠬᠢᠵᠢᠭᠦᠯᠬᠦ ᠬᠡᠷᠡᠭᠲᠡᠢ᠃        ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠭᠦᠷᠭᠡ ᠬᠦᠨᠳᠦ᠂ ᠳᠠᠷᠤᠯᠲᠠ ᠶᠡᠭᠡ᠂ ᠥᠷᠢᠰᠦᠯᠳᠦᠭᠡᠨ ᠤᠯᠠᠨ ᠪᠠᠶᠢᠨ᠎ᠠ᠃ ᠪᠢᠳᠡ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ  ᠲᠤᠤᠱᠯᠠᠭᠤᠯᠵᠤ᠂ ᠬᠠᠷᠠᠯᠲᠠ ᠪᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠡᠵᠡᠮᠳᠡᠵᠦ᠂ ᠰᠢᠰᠲ᠋ᠧᠮᠲᠦ  ᠰᠡᠳᠬᠢᠬᠦᠢ ᠪᠠᠨ ᠴᠢᠩᠭᠠᠳᠬᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠢᠷᠡᠬᠦ ᠵᠢᠯ ᠤᠨ ᠠᠵᠤ ᠠᠬᠤᠢ ᠨᠡᠶᠢᠭᠡᠮ ᠤᠨ  ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠦᠶ᠎ᠡ᠃  
ᠢᠷᠡᠯᠲᠡ᠄ ᠠᠷᠠᠳ ᠤᠨ ᠮᠣᠩᠭᠤᠯ ᠰᠦᠯᠵᠢᠶ᠎ᠡ