- ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠥᠭᠦᠯᠡᠬᠦ ᠨᠢ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢ | ᠪᠣᠳᠣᠯᠬᠢᠯᠠᠵᠤ᠂ ᠶᠢᠰᠦᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠵᠤ᠂ ᠲᠠᠪᠤᠨ ︽ᠡᠷᠬᠡᠪᠰᠢ ᠨᠢᠭᠡᠳᠦᠯᠲᠡᠢ ᠲᠥᠯᠥᠪᠵᠢᠭᠦᠯᠬᠦ︾ ᠵᠢᠮ᠎ᠡ ᠶᠣᠰᠣᠴᠢ | ᠴᠢᠨᠠᠷᠲᠠᠢ ᠲᠠᠨᠢᠯᠲᠠ ᠶᠢ ᠭᠦᠢᠴᠡᠳ ᠢᠯᠡᠷᠡᠭᠦᠯᠵᠦ᠂ ᠪᠢᠳᠡᠨ ᠤ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠭᠤᠣᠯ ᠰᠢᠪᠲᠤᠯᠬᠤ ᠴᠢᠭᠯᠡᠯ ᠢ | ᠲᠣᠳᠣᠷᠬᠠᠶᠢᠯᠠᠵᠤ᠂ ᠦᠢᠯᠡᠳᠦᠯᠭᠡ ᠶᠢᠨ ᠠᠷᠭ᠎ᠠ ᠵᠠᠮ ᠢ ᠵᠢᠭᠠᠵᠤ ᠥᠭᠴᠡᠢ᠃ | ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠡᠷᠦᠩᠬᠡᠢ ᠱᠠᠭᠠᠷᠳᠠᠯᠭ᠎ᠠ ᠠᠴᠠ ᠦᠵᠡᠪᠡᠯ᠂ ᠠᠵᠤ ᠠᠬᠤᠢ ᠶᠢᠨ ᠦᠷᠭᠦᠯᠵᠢᠯᠡᠨ ᠰᠡᠷᠭᠦᠨ | ᠰᠠᠶᠢᠵᠢᠷᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ | ᠲᠣᠭᠲᠠᠭᠤᠨ ᠢ ᠪᠠᠲᠤᠯᠠᠬᠤ ᠳᠤ ᠴᠤ ᠲᠡᠷᠡ᠂ ᠡᠰᠡᠬᠦᠯ᠎ᠡ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠪᠣᠯᠣᠨ ᠭᠠᠳᠠᠭᠠᠳᠤ ᠠᠴᠠ ᠢᠷᠡᠬᠦ ᠴᠣᠬᠢᠯᠲᠠ ᠶᠢ | ᠰᠡᠷᠭᠡᠶᠢᠯᠡᠨ ᠠᠷᠢᠯᠭᠠᠵᠤ᠂ ᠵᠢᠱᠢᠯᠲᠡ ᠶᠢ ᠲᠣᠭᠲᠠᠪᠤᠷᠢᠵᠢᠭᠤᠯᠤᠨ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠴᠤ ᠲᠡᠷᠡ ᠴᠥᠮ ᠪᠢᠳᠠᠨ ᠤ ᠨᠡᠩ | ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠭᠤ ᠶᠢ ᠱᠠᠭᠠᠷᠳᠠᠵᠤ ᠪᠠᠶᠢᠨ᠎ᠠ᠃ ᠡᠨᠡ | ᠤᠳᠠᠭ᠎ᠠ ᠶᠢᠨ ᠬᠤᠷᠠᠯ ᠠᠴᠠ ᠪᠠᠶᠢᠷᠢᠯᠠᠭᠤᠯᠤᠭᠰᠠᠨ ᠭᠤᠣᠯᠳᠠᠯᠭ᠎ᠠ ᠲᠠᠢ ᠡᠭᠦᠷᠭᠡ ᠨᠢ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ ᠵᠠᠩᠭᠢᠯᠠᠭ᠎ᠠ ᠶᠢᠨ ᠭᠤᠭᠴᠤᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ︽ᠬᠡᠷᠡᠭᠯᠡᠭᠡ ᠶᠢ ᠬᠥᠭᠵᠢᠭᠡᠬᠦ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ᠂ ᠤᠯᠤᠰ ᠤᠨ ᠳᠣᠲᠣᠭᠠᠳᠤ ᠶᠢᠨ | ᠬᠡᠷᠡᠭᠴᠡᠭᠡ ᠶᠢ ᠪᠥᠬᠦ ᠲᠠᠯ᠎ᠠ ᠪᠠᠷ ᠥᠷᠭᠡᠳᠬᠡᠬᠦ︾ ᠶᠢ ᠲᠡᠷᠢᠭᠦᠨ ᠪᠠᠶᠢᠷᠢᠨ ᠳᠤ ᠲᠠᠯᠪᠢᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ | ᠪᠡᠯᠭᠡ ᠲᠡᠮᠳᠡᠭ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ᠂ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠵᠡᠷᠭᠡ ᠶᠢᠨ ᠲᠣᠭᠤᠷᠢᠨ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠮᠠᠨ ᠤ ᠤᠯᠤᠰ ᠤᠨ | ᠬᠥᠭᠵᠢᠯᠲᠡ ᠶᠢᠨ ᠳᠤᠮᠳᠠᠬᠢ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ᠭᠦᠨ ᠳᠠᠪᠬᠤᠷᠭ᠎ᠠ ᠶᠢᠨ ᠬᠠᠷᠰᠢ ᠰᠠᠭᠠᠳ ᠢ ᠠᠷᠢᠯᠭᠠᠵᠤ᠂ ᠲᠣᠭᠲᠠᠭᠤᠨ ᠪᠤᠰᠤ | ᠲᠣᠭᠲᠠᠭᠠᠯᠲᠤ ᠪᠤᠰᠤ ᠬᠦᠴᠦᠨ ᠵᠦᠢᠯ ᠨᠡᠮᠡᠭᠳᠡᠵᠦ ᠪᠠᠶᠢᠭ᠎ᠠ ᠭᠠᠳᠠᠭᠠᠳᠤ ᠣᠷᠴᠢᠨ ᠢ ᠠᠷᠭᠠᠴᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠨᠢᠭᠡᠳᠬᠡᠬᠦ ᠶᠢ ᠪᠠᠷᠢᠮᠲᠠᠯᠠᠬᠤ ᠶᠢ ᠢᠯᠡᠷᠡᠭᠦᠯᠪᠡ᠃ ᠪᠢᠳᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠬᠤᠷᠠᠯ ᠠᠴᠠ ᠠᠯᠢ ᠣᠯᠠᠨ ᠴᠢᠬᠤᠯᠠ ᠶᠡᠭᠡ ᠠᠷᠭ᠎ᠠ ᠬᠡᠮᠵᠢᠶ᠎ᠡ ᠪᠠ ᠪᠣᠳᠠᠲᠠᠢ ᠱᠠᠭᠠᠷᠳᠠᠯᠭ᠎ᠠ ᠶᠢ ᠳᠤᠷᠠᠳᠴᠤ᠂ ᠢᠯᠡ ᠲᠣᠳᠣ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ ᠶᠢ ᠢᠯᠡᠷᠡᠭᠦᠯᠪᠡ᠃ ᠪᠢᠳᠡ ᠵᠣᠭᠰᠣᠴᠠ ᠪᠠᠨ ᠳᠡᠭᠡᠭᠰᠢᠯᠡᠭᠦᠯᠵᠦ᠂ ᠨᠠᠷᠢᠨ ᠬᠢᠨᠠᠮᠠᠭᠠᠢ ᠣᠶᠢᠯᠠᠭᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠬᠤ ᠬᠡᠷᠡᠭᠲᠡᠢ᠃ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠬᠤ ᠶᠢᠨ ᠨᠢᠭᠡ ᠴᠢᠬᠤᠯᠠ ᠲᠠᠯ᠎ᠠ ᠪᠣᠯ ᠳᠠᠷᠤᠢ ᠲᠣᠪᠣᠶᠢᠮ᠎ᠠ ᠠᠰᠠᠭᠤᠳᠠᠯ ᠢ | ᠰᠢᠢᠳᠪᠦᠷᠢᠯᠡᠬᠦ ᠶᠠᠪᠤᠳᠠᠯ ᠪᠣᠯᠣᠨ᠎ᠠ᠂ ᠡᠳᠡᠭᠡᠷ ᠠᠰᠠᠭᠤᠳᠠᠯ ᠶᠡᠷᠦ ᠨᠢ ᠭᠤᠣᠯᠳᠠᠯᠭ᠎ᠠ ᠲᠠᠢ ᠡᠭᠦᠷᠭᠡ ᠶᠢ ᠪᠡᠶᠡᠯᠡᠭᠦᠯᠬᠦ ᠶᠢ ᠨᠥᠯᠥᠭᠡᠯᠡᠵᠦ ᠪᠠᠶᠢᠳᠠᠭ᠃ | ᠵᠢᠱᠢᠶᠡᠯᠡᠪᠡᠯ ︽︿ᠳᠣᠲᠣᠭᠰᠢ ᠬᠤᠮᠢᠷᠠᠬᠤ ᠮᠠᠶ᠋ᠢᠭ﹀ ᠤᠨ ᠥᠷᠢᠰᠦᠯᠳᠦᠭᠡᠨ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠣᠷᠣᠨ ᠨᠤᠲᠤᠭ ᠤᠨ ᠵᠠᠰᠠᠭ ᠤᠨ | ᠣᠷᠳᠣᠨ ᠪᠠ ᠠᠵᠤ ᠠᠬᠤᠶᠢᠯᠠᠯ ᠤᠨ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ︾ ᠭᠡᠳᠡᠭ ᠨᠢ ᠡᠨᠡ ᠵᠢᠯ ᠤᠨ 7 ᠰᠠᠷ᠎ᠠ ᠶᠢᠨ 30 ᠤ ᠡᠳᠦᠷ | ᠬᠤᠷᠠᠯᠳᠤᠭᠤᠯᠤᠭᠰᠠᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ︽ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ | ︿ᠳᠣᠲᠣᠭᠰᠢ ᠬᠤᠮᠢᠷᠠᠬᠤ ᠮᠠᠶ᠋ᠢᠭ﹀ ᠤᠨ ᠬᠤᠣᠷᠲᠤ ᠥᠷᠢᠰᠦᠯᠳᠦᠭᠡᠨ ᠢ ᠰᠡᠷᠭᠡᠶᠢᠯᠡᠬᠦ ᠬᠡᠷᠡᠭᠲᠡᠢ︾ ᠭᠡᠵᠦ ᠵᠢᠭᠠᠵᠤ ᠭᠠᠷᠭᠠᠭᠰᠠᠨ ᠤ ᠲᠠᠷᠠᠭ᠎ᠠ ᠲᠥᠪ ᠬᠤᠷᠢᠶ᠎ᠠ ᠠᠴᠠ | ᠳᠠᠬᠢᠨᠲᠠ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠶᠠᠪᠤᠳᠠᠯ ᠪᠣᠯᠣᠨ᠎ᠠ᠃ ︽ᠰᠡᠷᠭᠡᠶᠢᠯᠡᠬᠦ︾ ᠠᠴᠠ ︽ᠶᠡᠷᠦᠩᠬᠡᠶᠢᠯᠡᠨ ᠴᠡᠭᠴᠡᠯᠡᠨ ᠵᠠᠰᠠᠬᠤ︾ ᠬᠦᠷᠲᠡᠯ᠎ᠡ᠂ ︽ | ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ︾ ᠶᠢ ᠴᠢᠬᠤᠯᠠᠴᠢᠯᠠᠬᠤ ᠠᠴᠠ ︽ᠣᠷᠣᠨ ᠨᠤᠲᠤᠭ ᠤᠨ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ | ᠦᠢᠯᠡ ᠠᠵᠢᠯᠯᠠᠭ᠎ᠠ ᠶᠢ ᠵᠢᠷᠤᠮᠵᠢᠭᠤᠯᠬᠤ︾ ᠬᠦᠷᠲᠡᠯ᠎ᠡ᠂ ︽ᠳᠣᠲᠣᠭᠰᠢ ᠬᠤᠮᠢᠷᠠᠬᠤ ᠮᠠᠶ᠋ᠢᠭ︾ ᠤᠨ ᠥᠷᠢᠰᠦᠯᠳᠦᠭᠡᠨ ᠢ ᠡᠰᠡᠷᠭᠦᠴᠡᠬᠦ ᠣᠪᠣᠷ ᠨᠠᠩ ᠢᠯᠡ | ᠲᠣᠳᠣ ᠪᠣᠯᠵᠤ᠂ ᠵᠢᠷᠤᠮᠵᠢᠭᠤᠯᠬᠤ ᠡᠲᠡᠭᠡᠳ ᠨᠢ ᠨᠠᠩ ᠲᠣᠳᠣᠷᠬᠠᠢ ᠪᠣᠯᠵᠠᠢ᠃ | ︽ᠳᠣᠲᠣᠭᠰᠢ ᠬᠤᠮᠢᠷᠠᠬᠤ ᠮᠠᠶ᠋ᠢᠭ︾ ᠤᠨ ᠥᠷᠢᠰᠦᠯᠳᠦᠭᠡᠨ ᠨᠢ ᠶᠡᠷᠦ ᠳᠡᠭᠡᠨ ᠬᠢᠮᠳᠠ ᠦᠨ᠎ᠡ ᠶᠢ ᠥᠷᠥᠭᠡᠰᠦᠭᠡᠯ ᠢᠶᠠᠷ ᠬᠥᠭᠡᠭᠡᠴᠡᠯᠳᠦᠬᠦ ᠢᠵᠢᠯᠰᠢᠬᠦ | ᠴᠢᠨᠠᠷ ᠶᠡᠬᠡᠲᠡᠢ ᠥᠷᠢᠰᠦᠯᠳᠦᠭᠡᠨ ᠢᠶᠠᠷ ᠢᠯᠡᠷᠡᠳᠡᠭ᠃ ᠰᠢᠨ᠎ᠡ ᠴᠠᠭ ᠦᠶ᠎ᠡ ᠠᠴᠠ ᠨᠠᠭᠠᠰᠢ᠂ ᠮᠠᠨ ᠤ ᠤᠯᠤᠰ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠲᠦᠷᠭᠡᠨ ᠪᠣᠶᠢᠵᠢᠭᠤᠯᠤᠨ ᠬᠥᠭᠵᠢᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯ ᠴᠡᠨᠡᠭ ᠤᠨ ᠦᠢᠯᠡᠳᠬᠦᠨ ᠵᠡᠷᠭᠡ ︽ᠰᠢᠨ᠎ᠡ | ᠭᠤᠷᠪᠠᠨ ᠵᠦᠢᠯ︾ ᠤᠨ ᠦᠢᠯᠡᠳᠬᠦᠨ ᠤ ᠢᠯᠡᠷᠡᠯ ᠮᠠᠰᠢ ᠰᠠᠶᠢᠨ ᠪᠠᠶᠢᠨ᠎ᠠ᠃ ᠭᠡᠪᠡᠴᠦ ᠪᠠᠰᠠ ᠣᠨᠴᠠ ᠵᠠᠷᠢᠮ ᠰᠢᠨ᠎ᠡ ᠪᠠᠷ ᠬᠥᠭᠵᠢᠭᠰᠡᠨ ᠠᠵᠢᠯ ᠲᠦᠷᠦᠯ ᠳᠤ | ᠳᠠᠪᠬᠤᠷᠳᠠᠭᠤᠯᠤᠨ ᠪᠠᠶᠢᠷᠢᠯᠠᠭᠤᠯᠬᠤ ᠪᠠ ︽ᠳᠣᠲᠣᠭᠰᠢ ᠬᠤᠮᠢᠷᠠᠬᠤ ᠮᠠᠶ᠋ᠢᠭ︾ ᠤᠨ ᠥᠷᠢᠰᠦᠯᠳᠦᠭᠡᠨ ᠣᠷᠣᠰᠢᠵᠤ᠂ ᠡᠬᠢ ᠪᠠᠶᠠᠯᠢᠭ ᠢ ᠠᠰᠢᠭᠯᠠᠬᠤ ᠪᠠ | ᠲᠣᠬᠢᠷᠠᠭᠤᠯᠬᠤ ᠦᠷ᠎ᠡ ᠪᠦᠲᠦᠮᠵᠢ ᠶᠢ ᠪᠠᠭᠤᠷᠠᠭᠤᠯᠵᠤ ᠪᠠᠶᠢᠬᠤ ᠪᠠᠷ ᠪᠠᠷᠠᠬᠤ ᠦᠭᠡᠢ ᠪᠠᠰᠠ ᠠᠵᠢᠯ ᠲᠦᠷᠦᠯ ᠤᠨ ᠡᠷᠡᠭᠦᠯ ᠢᠶᠠᠷ ᠬᠥᠭᠵᠢᠬᠦ ᠶᠢ ᠬᠠᠷᠰᠢᠯᠠᠵᠤ ᠪᠠᠶᠢᠨ᠎ᠠ᠃ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠤᠷᠤᠯᠳᠤᠭᠠᠨ ᠤ ᠵᠠᠮ ᠮᠠᠰᠢ ᠤᠯᠠᠨ ᠪᠠᠶᠢᠨ᠎ᠠ᠂ ᠵᠥᠪᠬᠡᠨ ︽ᠰᠢᠨ᠎ᠡ ᠭᠤᠷᠪᠠᠨ | ᠵᠦᠢᠯ︾ ᠢ ᠬᠠᠷᠠᠭᠠᠳ ᠯᠡ ᠪᠠᠶᠢᠵᠤ ᠪᠣᠯᠬᠤ ᠦᠭᠡᠢ᠂ ᠶᠡᠭᠡ ᠪᠠᠷ ᠳᠦᠷᠭᠢᠯᠳᠦᠨ ᠳᠡᠪᠵᠢᠶᠡᠷᠡᠵᠦ ᠪᠣᠯᠬᠤ ᠦᠭᠡᠢ᠂ ᠵᠠᠪᠠᠯ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠵᠤ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠢ᠃ ᠲᠤᠰ ᠪᠡᠶ᠎ᠡ ᠶᠢᠨ ᠢᠶᠠᠨ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠠᠬᠢ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠡᠪᠦᠷᠯᠡᠨ᠂ ᠬᠥᠭᠵᠢᠯᠲᠡ ᠶᠢ ᠢᠳᠡᠪᠬᠢᠲᠡᠢ | ᠲᠥᠯᠥᠪᠵᠢᠭᠦᠯᠬᠦ ᠪᠠᠷ ᠪᠠᠷᠠᠬᠤ ᠦᠭᠡᠢ ᠪᠠᠰᠠ ᠪᠣᠳᠠᠲᠠᠢ ᠳᠤ ᠰᠠᠭᠤᠷᠢᠯᠠᠨ᠂ ᠣᠷᠣᠨ ᠪᠠᠶᠢᠷᠢ ᠵᠥᠷᠢᠭᠦᠯᠦᠨ ᠬᠥᠭᠵᠢᠭᠦᠯᠬᠦ ᠳᠡᠭᠡᠨ ᠴᠢᠳᠠᠮᠠᠭᠠᠢ ᠪᠠᠶᠢᠵᠤ᠂ ᠴᠢᠨᠠᠷ | ᠰᠠᠶᠢᠲᠠᠢ ᠬᠥᠭᠵᠢᠯᠲᠡ ᠳᠤ ᠬᠦᠷᠬᠦ ᠦᠰᠦᠷᠦᠯᠲᠡ ᠶᠢᠨ ᠵᠠᠮ ᠢ ᠣᠨᠣᠪᠴᠢᠲᠠᠢ ᠣᠯᠬᠤ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠴᠤ ᠲᠡᠷᠡ᠂ ᠠᠵᠤ | ᠠᠬᠤᠶᠢᠯᠠᠯ ᠴᠤ ᠲᠡᠷᠡ᠂ ᠴᠥᠮ ᠣᠬᠤᠷ ᠬᠤᠭᠤᠴᠠᠭᠠᠨ ᠤ ᠠᠰᠢᠭ ᠲᠤᠰᠠ ᠠᠴᠠ ᠪᠣᠯᠵᠤ ᠦᠨ᠎ᠡ ᠬᠠᠩᠰᠢ ᠶᠢᠨ ︽ᠳᠣᠣᠷ᠎ᠠ ᠲᠦᠪᠰᠢᠨ ᠢᠶᠠᠷ ᠥᠷᠢᠰᠦᠯᠳᠦᠬᠦ︾ | ᠠᠵᠢᠯᠯᠠᠭ᠎ᠠ ᠬᠢᠵᠦ᠂ ᠠᠵᠢᠯ ᠲᠦᠷᠤᠯ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠮᠠᠭᠤᠳᠠᠭᠤᠯᠬᠤ ᠪᠠ ᠲᠤᠰ ᠲᠤᠰ ᠤᠨ ᠣᠷᠣᠰᠢᠨ | ᠲᠣᠭᠲᠠᠨᠢᠬᠤ ᠳᠠᠷᠤᠯᠲᠠ ᠶᠢ ᠨᠡᠮᠡᠭᠳᠡᠭᠦᠯᠵᠦ ᠪᠣᠯᠬᠤ ᠦᠭᠡᠢ᠂ ᠬᠠᠷᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠥᠲᠥᠯᠥᠨ ᠳᠠᠭᠠᠭᠤᠯᠵᠤ᠂ ᠰᠢᠨ᠎ᠡ ᠡᠭᠦᠳᠦᠯᠲᠡ ᠪᠠ ᠮᠡᠷᠭᠡᠵᠢᠯ ᠤᠨ ᠲᠠᠪᠰᠢᠯᠳᠠ ᠪᠠᠷ ᠳᠠᠮᠵᠢᠭᠤᠯᠤᠨ ᠴᠢᠳᠠᠮᠵᠢ᠂ | ᠶᠠᠰᠤ ᠴᠢᠨᠠᠷ ᠤᠨ ᠲᠠᠯ᠎ᠠ ᠪᠠᠷ ︽ᠳᠡᠭᠡᠭᠰᠢ ᠥᠷᠢᠰᠦᠯᠳᠦᠵᠦ︾᠂ ᠳᠠᠪᠠᠭᠤᠯᠢᠭ ᠪᠠᠶᠢᠷᠢ ᠶᠢ ᠣᠯᠬᠤ ᠬᠡᠷᠡᠭᠲᠡᠢ᠃ | ᠵᠢᠱᠢᠶᠡᠯᠡᠪᠡᠯ᠂ ︽ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢ ᠥᠷᠨᠢᠭᠦᠯᠬᠦ︾ ᠪᠣᠯ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠴᠢᠬᠤᠯᠠ ᠡᠭᠦᠷᠭᠡ ᠪᠣᠯᠬᠤ ᠪᠥᠭᠡᠳ ᠪᠠᠰᠠ ᠴᠤ ᠠᠵᠤ ᠠᠬᠤᠢ ᠶᠢᠨ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ | ᠡᠯ᠎ᠡ ᠲᠦᠷᠦᠯ ᠤᠨ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠦᠲᠦᠮᠵᠢᠲᠡᠢ ᠪᠥᠭᠡᠳ ᠡᠷᠬᠡ | ᠲᠡᠭᠰᠢ ᠪᠠᠷ ᠬᠠᠮᠠᠭᠠᠯᠠᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ | ᠰᠢᠢᠳᠪᠦᠷᠢᠯᠡᠵᠦ᠂ ᠬᠠᠤᠯᠢ ᠠᠴᠠ ᠭᠠᠳᠠᠭᠤᠷ ᠥᠷᠥᠰᠢᠶᠡᠬᠦ ᠦᠭᠡᠢ ᠪᠠᠶᠢᠬᠤ ᠪᠣᠯ ᠬᠠᠤᠯᠢ ᠪᠠᠷ ᠵᠠᠰᠠᠬᠤ ᠠᠵᠤ ᠠᠬᠤᠢ᠂ ᠬᠠᠤᠯᠢ ᠪᠠᠷ ᠵᠠᠰᠠᠬᠤ ᠨᠡᠶᠢᠭᠡᠮ ᠤᠨ | ᠦᠨᠳᠦᠰᠦᠨ ᠱᠠᠭᠠᠷᠳᠠᠯᠭ᠎ᠠ ᠮᠥᠨ᠃ ᠣᠶᠢᠷ᠎ᠠ ᠶᠢᠨ ᠵᠢᠯ ᠤᠳ ᠲᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠣᠨᠳᠣᠣ ᠭᠠᠵᠠᠷ ᠬᠡᠷᠡᠭ ᠰᠢᠢᠳᠪᠦᠷᠢᠯᠡᠬᠦ ᠳᠤ | ᠬᠠᠮᠵᠢᠯᠴᠠᠬᠤ ︽ᠵᠢᠷᠭᠤᠭ᠎ᠠ ᠶᠢ ᠴᠢᠩᠭ᠎ᠠ ᠴᠠᠭᠠᠵᠠᠯᠠᠬᠤ︾᠂ ᠠᠰᠢᠭ ᠬᠥᠭᠡᠭᠡᠴᠡᠯᠳᠦᠵᠦ ᠬᠠᠤᠯᠢ ᠬᠡᠷᠡᠭᠵᠢᠭᠦᠯᠬᠦ ᠶᠢ ᠴᠠᠭᠠᠵᠠᠯᠠᠬᠤ ︽ᠲᠤᠯᠤᠭᠠᠨ ᠵᠦᠢᠯ ᠤᠨ | ᠲᠣᠭᠲᠠᠭᠠᠯ︾ ᠵᠡᠷᠭᠡ ᠳᠦᠷᠢᠮ ᠢ ᠨᠡᠶᠢᠲᠡᠯᠡᠭᠰᠡᠨ ᠠᠴᠠ ᠠᠪᠤᠭᠠᠳ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠠᠴᠠ ︽ᠪᠠᠶᠢᠴᠠᠭᠠᠬᠤ ᠬᠤᠷᠢᠶ᠎ᠠ ᠠᠵᠤ ᠠᠬᠤᠶᠢᠯᠠᠯ ᠢ | ᠬᠠᠮᠠᠭᠠᠯᠠᠬᠤ︾ ᠲᠤᠰᠬᠠᠢ ᠠᠵᠢᠯᠯᠠᠭ᠎ᠠ ᠶᠢ ᠠᠬᠢᠭᠤᠯᠬᠤ᠂ ︽ᠪᠠᠭ᠎ᠠ ᠣᠰᠣᠯ ᠢ ᠬᠦᠨᠳᠦ ᠪᠠᠷ ᠰᠢᠢᠳᠬᠡᠬᠦ︾ ᠶᠢ ᠵᠠᠯᠠᠷᠠᠭᠤᠯᠤᠨ ᠵᠠᠰᠠᠬᠤ᠂ ︽ᠠᠯᠤᠰ ᠲᠡᠯᠡᠶ ᠠᠴᠠ | ᠠᠩᠨᠠᠵᠤ ᠱᠦᠭᠦᠬᠦ︾ ᠮᠠᠶ᠋ᠢᠭ ᠤᠨ ᠲᠣᠭᠲᠠᠭᠠᠯ ᠢ ᠵᠥᠷᠢᠴᠡᠨ ᠬᠠᠤᠯᠢ ᠬᠡᠷᠡᠭᠵᠢᠭᠦᠯᠬᠦ ᠵᠡᠷᠭᠡ ᠶᠢ ᠴᠢᠩᠭ᠎ᠠ ᠰᠢᠢᠳᠬᠡᠬᠦ ᠬᠦᠷᠲᠡᠯ᠎ᠡ᠂ ᠪᠢᠳᠡ ᠬᠠᠤᠯᠢ ᠪᠠᠷ ᠵᠠᠰᠠᠬᠤ | ᠠᠷᠭ᠎ᠠ ᠪᠠᠷ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢ ᠨᠡᠮᠡᠭᠳᠡᠭᠦᠯᠬᠦ ᠶᠢ ᠪᠠᠷᠢᠮᠲᠠᠯᠠᠪᠠ᠃ | ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢ ᠥᠷᠨᠢᠭᠦᠯᠬᠦ ᠳᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ | ᠲᠥᠷᠥᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠡᠶᠢᠭᠡᠮ ᠤᠨ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠰᠢᠢᠳᠪᠦᠷᠢᠯᠡᠨ᠂ | ᠲᠣᠭᠲᠠᠭᠠᠯ ᠠᠴᠠ ᠵᠥᠷᠢᠴᠡᠨ ᠣᠨᠳᠣᠣ ᠭᠠᠵᠠᠷ ᠬᠠᠤᠯᠢ ᠬᠡᠷᠡᠭᠵᠢᠭᠦᠯᠬᠦ ᠪᠠ ᠠᠰᠢᠭ ᠬᠠᠷᠠᠬᠤ ᠴᠢᠨᠠᠷᠲᠠᠢ ᠬᠠᠤᠯᠢ ᠬᠡᠷᠡᠭᠵᠢᠭᠦᠯᠬᠦ ᠶᠢ ᠡᠷᠡᠰ ᠰᠡᠷᠭᠡᠶᠢᠯᠡᠵᠦ᠂ ᠬᠡᠷᠡᠭ | ᠰᠢᠢᠳᠪᠦᠷᠢᠯᠡᠬᠦ ᠶᠢ ᠠᠰᠢᠭ ᠲᠤᠰᠠ ᠯᠤᠭ᠎ᠠ ᠬᠤᠯᠪᠣᠭᠳᠠᠭᠤᠯᠬᠤ ᠶᠢ ᠴᠠᠭᠠᠵᠠᠯᠠᠨ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠦᠴᠦᠲᠡᠢ ᠪᠥᠭᠡᠳ | ᠪᠦᠲᠦᠮᠵᠢᠲᠡᠶ ᠬᠠᠮᠠᠭᠠᠯᠠᠵᠤ᠂ ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ | ᠪᠣᠯᠭᠠᠬᠤ ᠬᠡᠷᠡᠭᠲᠡᠢ᠃ | ᠪᠠᠰᠠ ᠵᠢᠱᠢᠶᠡᠯᠡᠪᠡᠯ ᠠᠵᠢᠯ ᠣᠯᠭᠤᠯᠲᠠ ᠶᠢᠨ ᠠᠰᠠᠭᠤᠳᠠᠯ ᠪᠣᠯ ᠬᠤᠷᠠᠯ ᠠᠴᠠ ᠭᠤᠣᠯᠳᠠᠯᠭ᠎ᠠ ᠲᠠᠢ ᠪᠠᠶᠢᠷᠢᠯᠠᠭᠤᠯᠤᠭᠰᠠᠨ ᠬᠦᠷᠢᠶᠡᠨ ᠤ ᠨᠢᠭᠡ ᠪᠣᠯᠣᠨ᠎ᠠ᠃ ︽ | ᠠᠵᠢᠯ ᠣᠯᠭᠤᠯᠲᠠ ᠶᠢ ᠪᠠᠲᠤᠯᠠᠬᠤ᠂ ᠪᠠᠷᠠᠭᠠᠨ ᠤ ᠦᠨ᠎ᠡ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ︾᠂ ︽ᠰᠠᠭᠤᠭᠠᠯᠢ ᠠᠷᠠᠳ ᠤᠨ ᠣᠷᠣᠯᠭ᠎ᠠ ᠶᠢᠨ | ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠢᠵᠢᠯᠢ ᠠᠯᠬᠤᠮ ᠲᠠᠢ ᠪᠠᠶᠢᠯᠭᠠᠬᠤ ᠶᠢ ᠠᠬᠢᠭᠤᠯᠬᠤ︾ ᠬᠠᠷᠠᠯᠲᠠ ᠶᠢ ᠲᠣᠳᠣᠷᠬᠠᠶᠢᠯᠠᠭᠰᠠᠨ ᠠᠴᠠ ᠠᠪᠤᠭᠠᠳ ︽ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ᠂ ᠬᠤᠲᠠ ᠬᠥᠳᠡᠭᠡ ᠦᠨᠳᠦᠰᠦᠨ ᠱᠠᠲᠤ ᠪᠠ ᠳᠤᠮᠳᠠ ᠪᠠᠭ᠎ᠠ ᠵᠢᠵᠢᠭ ᠠᠵᠤ | ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠬᠦ︾ ᠠᠷᠭ᠎ᠠ ᠬᠡᠮᠵᠢᠶ᠎ᠡ ᠶᠢ ᠳᠤᠷᠠᠳᠤᠭᠰᠠᠨ ᠬᠦᠷᠲᠡᠯ᠎ᠡ᠂ ᠵᠣᠷᠢᠯᠭ᠎ᠠ ᠨᠢ ᠳᠠᠷᠤᠢ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠦᠨᠳᠦᠰᠦ᠂ ᠬᠥᠭᠵᠢᠯᠲᠡ ᠶᠢᠨ | ᠰᠠᠭᠤᠷᠢ ᠶᠢ ᠲᠣᠭᠲᠠᠪᠤᠷᠢᠵᠢᠭᠤᠯᠬᠤ ᠶᠢᠨ ᠲᠥᠯᠥᠭᠡ ᠶᠤᠮ᠃ | ᠣᠳᠣᠬᠠᠨ ᠳᠤ᠂ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠮᠥᠨ ᠬᠦ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠳᠤ ᠲᠤᠯᠭᠠᠷᠠᠵᠤ᠂ | ᠣᠯᠠᠨ ᠲᠦᠮᠡᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠳᠠᠷᠤᠯᠲᠠ ᠳᠤ ᠲᠤᠯᠭᠠᠷᠠᠵᠤ ᠪᠠᠶᠢᠨ᠎ᠠ᠃ ᠢᠷᠡᠬᠦ ᠵᠢᠯ ᠠᠵᠢᠯ ᠣᠯᠬᠤ ᠴᠢᠬᠤᠯᠠᠲᠠᠢ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠤᠨ ᠬᠡᠪᠴᠢᠶ᠎ᠡ ᠮᠠᠰᠢ ᠶᠡᠭᠡ ᠪᠠᠶᠢᠵᠤ᠂ ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ︾ | ᠲᠠᠯ᠎ᠠ ᠪᠠᠷ ᠨᠠᠩ ᠣᠯᠠᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠵᠢᠯ ᠣᠯᠭᠤᠯᠲᠠ ᠶᠢ ᠠᠷᠠᠳ ᠤᠨ | ᠠᠮᠢᠳᠤᠷᠠᠯ ᠤᠨ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠨ ᠠᠳᠬᠤᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠵᠤ᠂ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ | ᠬᠥᠮᠥᠰ ᠤᠨ ᠠᠵᠢᠯ ᠣᠯᠭᠤᠯᠲᠠ ᠶᠢ ᠠᠬᠢᠭᠤᠯᠵᠤ᠂ ᠠᠮᠢᠳᠤᠯᠢᠭ ᠠᠵᠢᠯ ᠣᠯᠭᠤᠯᠲᠠ ᠪᠠ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠡᠷᠬᠡ | ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠦᠢᠯᠡᠰ᠂ ᠠᠵᠢᠯ ᠣᠯᠭᠤᠯᠲᠠ ᠵᠡᠷᠭᠡ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠬᠡᠮᠵᠢᠶᠡᠨ ᠤ ᠵᠣᠬᠢᠰᠲᠠᠢ ᠨᠡᠮᠡᠭᠳᠡᠯ ᠢ ᠦᠷᠭᠦᠯᠵᠢᠯᠡᠨ | ᠠᠬᠢᠭᠤᠯᠵᠤ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠬᠦ | ᠬᠡᠷᠡᠭᠲᠡᠢ᠃ | ᠠᠵᠢᠯ ᠬᠡᠳᠦᠢ ᠠᠷᠪᠢᠨ ᠪᠤᠯᠬᠤ ᠲᠤᠳᠤᠮ ᠭᠤᠣᠯᠳᠠᠯᠭ᠎ᠠ ᠪᠠᠨ ᠲᠡᠳᠦᠢ ᠲᠤᠪᠤᠶᠢᠯᠭᠠᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠤᠣᠯᠳᠠᠯᠭ᠎ᠠ ᠶᠢ | ᠠᠳᠬᠤᠨ ᠡᠯ᠎ᠡ ᠲᠦᠷᠦᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠢᠷᠡᠬᠦ ᠵᠢᠯ ᠤᠨ ᠠᠵᠤ | ᠠᠬᠤᠢ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠪᠡᠶᠡᠯᠡᠭᠦᠯᠪᠡᠯ ᠪᠢᠳᠠ ᠯᠠᠪᠲᠠᠢ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠶᠢ ᠪᠡᠶᠡᠯᠡᠭᠦᠯᠵᠦ ᠴᠢᠳᠠᠨ᠎ᠠ᠃ | | | | |