- ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ | ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠥᠭᠦᠯᠡᠬᠦ ᠨᠢ | ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ | ︽ᠢᠯᠵᠠᠷᠠᠯ ᠢ ᠡᠰᠡᠷᠭᠦᠴᠡᠬᠦ ᠲᠡᠮᠡᠴᠡᠯ ᠨᠢ ᠡᠷᠬᠡᠪᠰᠢ ᠡᠷᠡᠰ ᠭᠤᠶᠢᠪᠢᠰᠢ ᠦᠭᠡᠢ ᠪᠠᠶᠢᠵᠤ᠂ ᠶᠠᠮᠠᠷᠪᠠ ᠡᠷᠡᠭᠡᠯᠵᠡᠬᠦ ᠭᠤᠶᠢᠪᠢᠯᠵᠠᠬᠤ᠂ ᠰᠤᠯᠠᠷᠠᠬᠤ ᠢᠯᠳᠠᠷ | ᠬᠠᠶᠠᠬᠤ ᠪᠤᠶᠤ ᠳᠤᠲᠠᠭᠤ ᠲᠣᠷᠭᠤᠨ ᠵᠣᠭᠰᠣᠬᠤ ᠨᠢ ᠴᠥᠮ ᠨᠤᠷᠠᠭᠠᠯᠲᠠ ᠶᠢᠨ ᠴᠢᠨᠠᠷᠲᠠᠢ ᠠᠯᠳᠠᠭ᠎ᠠ ᠭᠠᠷᠭᠠᠬᠤ ᠪᠣᠯᠣᠨ᠎ᠠ︾ ᠭᠡᠵᠦ ᠬᠤᠷᠢᠳᠤᠭᠠᠷ ᠬᠤᠭᠤᠴᠠᠭᠠᠨ ᠤ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠢᠯᠵᠠᠷᠠᠯ ᠢ ᠡᠰᠡᠷᠭᠦᠴᠡᠬᠦ | ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠲᠤᠬᠠᠢ | ᠲᠣᠳᠣᠷᠬᠠᠢ ᠱᠠᠭᠠᠷᠳᠠᠯᠭ᠎ᠠ ᠳᠤᠷᠠᠳᠴᠤ᠂ ︽ᠢᠯᠵᠠᠷᠠᠯ ᠢ ᠡᠰᠡᠷᠭᠦᠴᠡᠬᠦ ᠠᠵᠢᠯ ᠢ ᠡᠭᠦᠷᠢᠳᠡ ᠵᠣᠭᠰᠣᠰᠢ ᠦᠭᠡᠢ ᠬᠢᠬᠦ ᠡᠷᠡᠰ ᠪᠠᠲᠤ ᠪᠠᠷᠢᠮᠲᠠᠯᠠᠯ ᠢ ᠢᠮᠠᠭᠲᠠ ᠪᠠᠲᠤᠯᠠᠵᠤ | ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠪᠠ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠨᠢᠭᠡ ᠠᠯᠬᠤᠮ ᠴᠤ ᠵᠣᠭᠰᠣᠬᠤ ᠦᠭᠡᠢ᠂ ᠬᠠᠭᠠᠰ ᠠᠯᠬᠤᠮ | ᠴᠤ ᠤᠬᠤᠷᠢᠬᠤ ᠦᠭᠡᠢ ᠪᠠᠶᠢᠬᠤ ᠬᠡᠷᠡᠭᠲᠡᠢ︾ ᠭᠡᠵᠦ ᠴᠢᠬᠤᠯᠠᠴᠢᠯᠠᠪᠠ᠃ | ᠰᠢᠨ᠎ᠡ ᠴᠠᠭ ᠦᠶ᠎ᠡ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ ᠠᠬᠢᠭᠤᠯᠤᠭᠰᠠᠨ ᠡᠷᠴᠢᠮ ᠤᠷᠢᠳ ᠡᠮᠦᠨ᠎ᠡ ᠪᠠᠶᠢᠭ᠎ᠠ ᠦᠭᠡᠢ ᠴᠢᠩᠭᠠᠷᠠᠵᠤ᠂ ᠦᠷ᠎ᠡ ᠪᠦᠲᠦᠮᠵᠢ ᠨᠢ ᠤᠯᠠᠨ ᠤ | ᠠᠩᠬᠠᠷᠤᠯ ᠢ ᠲᠠᠲᠠᠵᠤ ᠪᠠᠶᠢᠨ᠎ᠠ᠂ ᠭᠡᠪᠡᠴᠦ ᠶᠡᠭᠡ ᠠᠮᠵᠢᠯᠲᠠ ᠪᠦᠳᠦᠮᠵᠢ ᠤᠯᠲᠠᠯ᠎ᠠ ᠬᠤᠯᠠ ᠪᠠᠶᠢᠭᠰᠠᠭᠠᠷ ᠪᠥᠭᠡᠳ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ | ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠢᠯᠵᠠᠷᠠᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠠᠷᠢᠯᠭᠠᠬᠤ ᠡᠭᠦᠷᠭᠡ ᠮᠥᠨ | ᠯᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠨ᠎ᠠ᠃ ᠣᠶᠢᠷ᠎ᠠ ᠶᠢᠨ ᠵᠢᠯ ᠤᠳ ᠲᠤ ᠪᠠᠶᠢᠴᠠᠭᠠᠨ ᠰᠢᠢᠳᠪᠦᠷᠢᠯᠡᠭᠰᠡᠨ ᠬᠡᠷᠡᠭ ᠠᠴᠠ ᠦᠵᠡᠪᠡᠯ᠂ ᠢᠯᠵᠠᠷᠠᠯ ᠤᠨ | ᠦᠯᠡᠳᠡᠭᠳᠡᠯ ᠢ ᠬᠠᠷᠠᠬᠠᠨ ᠠᠷᠢᠯᠭᠠᠭᠠᠳᠤᠢ ᠪᠥᠭᠡᠳ ᠨᠡᠮᠡᠭᠳᠡᠯ ᠤᠨ ᠬᠡᠮᠵᠢᠶ᠎ᠡ ᠨᠢ ᠪᠠᠰᠠ ᠦᠷᠭᠦᠯᠵᠢᠯᠡᠨ ᠡᠭᠦᠰᠴᠦ ᠪᠠᠶᠢᠨ᠎ᠠ᠃ ᠥᠨᠳᠥᠷ ᠳᠠᠷᠤᠯᠲᠠᠲᠤ ᠪᠠᠶᠢᠳᠠᠯ ᠳᠣᠣᠷ᠎ᠠ | ᠵᠠᠷᠢᠮ ᠬᠥᠮᠥᠨ ᠮᠥᠨ ᠯᠡ ᠳᠤᠷ᠎ᠠ ᠵᠣᠷᠢᠭ ᠢᠶᠠᠷ ᠢᠶᠠᠨ ᠠᠭᠠᠰᠢᠯᠠᠵᠤ ᠪᠠᠶᠢᠨ᠎ᠠ᠂ ᠡᠨᠡ ᠨᠢ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ | ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠᠲᠠᠢ ᠪᠠᠶᠢᠬᠤ ᠶᠢ | ᠬᠠᠷᠠᠭᠤᠯᠵᠤ ᠪᠤᠢ᠃ ᠭᠠᠭᠴᠠ ᠬᠦ ᠥᠪᠡᠷ ᠤᠨ ᠪᠡᠶ᠎ᠡ ᠳᠡᠭᠡᠨ ᠲᠤᠶᠢᠯᠪᠤᠷᠢᠲᠠᠢ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠢᠯᠵᠠᠷᠠᠯ ᠢ ᠡᠰᠡᠷᠭᠦᠴᠡᠬᠦ ᠲᠡᠮᠡᠴᠡᠯ ᠢ ᠡᠴᠦᠰ | ᠲᠤᠨᠢ ᠲᠤᠯᠲᠠᠯ᠎ᠠ ᠬᠢᠵᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡ ᠪᠠᠷ ᠵᠠᠰᠠᠬᠤ᠂ ᠰᠢᠰᠲ᠋ᠧᠮ ᠲᠠᠢ ᠪᠠᠷ ᠵᠠᠰᠠᠬᠤ ᠶᠢ ᠪᠠᠷᠢᠮᠲᠠᠯᠠᠪᠠᠯ ᠰᠠᠶ᠋ᠢ ᠬᠢᠯᠪᠠᠷ | ᠪᠤᠰᠤ ᠪᠠᠷ ᠣᠯᠣᠭᠰᠠᠨ ᠢᠯᠠᠯᠲᠠ ᠶᠢᠨ ᠦᠷ᠎ᠡ ᠪᠦᠲᠦᠭᠡᠯ ᠢᠶᠠᠨ ᠦᠨᠳᠦᠰᠦᠨ ᠠᠴᠠ ᠨᠢ ᠪᠠᠬᠢᠵᠢᠭᠦᠯᠵᠦ᠂ ᠴᠢᠩᠭ᠎ᠠ ᠬᠦᠴᠦᠲᠡᠢ ᠰᠦᠷᠳᠡᠭᠦᠯᠦᠯ ᠢ ᠪᠤᠢ ᠪᠣᠯᠭᠠᠵᠤ᠂ | ᠢᠯᠵᠠᠷᠠᠯ ᠤᠨ ᠡᠭᠦᠰᠬᠦ ᠬᠥᠷᠥᠰᠥ ᠰᠢᠷᠣᠢ ᠪᠠ ᠨᠥᠬᠦᠴᠡᠯ ᠢ ᠲᠠᠰᠤᠷᠠᠯᠳᠠ ᠦᠭᠡᠢ ᠠᠷᠢᠯᠭᠠᠵᠤ ᠴᠢᠳᠠᠨ᠎ᠠ᠃ | ᠨᠢᠭᠡ ᠠᠯᠬᠤᠮ ᠴᠤ ᠵᠣᠭᠰᠣᠬᠤ ᠦᠭᠡᠢ᠂ ᠬᠠᠭᠠᠰ ᠠᠯᠬᠤᠮ ᠴᠤ ᠤᠬᠤᠷᠢᠬᠤ ᠦᠭᠡᠢ ᠪᠠᠶᠢᠬᠤ ᠨᠢ ᠡᠷᠡᠰ ᠰᠢᠭᠤᠷᠬᠠᠢ ᠣᠪᠣᠷ ᠲᠠᠢ ᠪᠠᠶᠢᠬᠤ ᠮᠥᠷᠲᠡᠭᠡᠨ | ᠪᠠᠰᠠ ᠦᠨᠡᠨ ᠬᠦ ᠠᠵᠢᠯᠯᠠᠭ᠎ᠠ ᠠᠪᠴᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠬᠦᠴᠦᠯᠡᠬᠦ ᠴᠡᠭ ᠪᠠ ᠰᠢᠪᠲᠤᠯᠤᠯᠲᠠ ᠶᠢᠨ ᠴᠡᠭ ᠢ ᠣᠨᠣᠪᠴᠢᠲᠠᠢ ᠡᠷᠢᠨ ᠣᠯᠵᠤ᠂ | ᠨᠡᠮᠡᠭᠳᠡᠯ ᠤᠨ ᠬᠡᠮᠵᠢᠶ᠎ᠡ ᠶᠢ ᠬᠤᠷᠢᠭᠯᠠᠬᠤ᠂ ᠦᠯᠡᠳᠡᠭᠳᠡᠯ ᠢ ᠠᠷᠢᠯᠭᠠᠬᠤ ᠲᠠᠯ᠎ᠠ ᠪᠠᠷ ᠦᠨᠡᠨ ᠬᠦ ᠦᠷ᠎ᠡ ᠪᠦᠲᠦᠮᠵᠢ ᠣᠯᠬᠤ ᠶᠢ ᠱᠠᠭᠠᠷᠳᠠᠵᠤ ᠪᠤᠢ᠃ | ︽ᠰᠤᠷᠲᠠᠯ ᠢᠯᠵᠠᠷᠠᠯ ᠢ ᠪᠠᠶᠢᠴᠠᠭᠠᠬᠤ ᠪᠠ ᠵᠠᠰᠠᠬᠤ ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ︾ ᠭᠡᠵᠦ ᠶᠡᠷᠦᠩᠬᠡᠢ ᠱᠦᠵᠢ ᠰᠢ ᠶᠢᠨ ᠫᠢᠩ ᠤᠨ | ᠳᠤᠷᠠᠳᠤᠭᠰᠠᠨ ᠡᠨᠡ ᠬᠦ ᠲᠣᠳᠣᠷᠬᠠᠢ ᠱᠠᠭᠠᠷᠳᠠᠯᠭ᠎ᠠ ᠨᠢ ᠣᠳᠣᠬᠢ ᠱᠠᠲᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ | ᠡᠰᠡᠷᠭᠦᠴᠡᠬᠦ ᠲᠡᠮᠡᠴᠡᠯ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠪᠣᠳᠣᠯᠬᠢᠯᠠᠵᠤ᠂ ᠮᠠᠰᠢ ᠴᠢᠩᠭ᠎ᠠ ᠪᠣᠳᠠᠲᠤ ᠬᠠᠨᠳᠤᠯᠭᠠᠲᠤ ᠴᠢᠨᠠᠷ ᠪᠣᠯᠣᠨ ᠵᠢᠯᠤᠭᠤᠳᠬᠤ | ᠴᠢᠨᠠᠷ ᠲᠠᠢ ᠶᠤᠮ᠃ | ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠪᠣᠯ ᠬᠠᠷᠢᠯᠴᠠᠨ ᠦᠨᠳᠦᠰᠦ ᠨᠢᠭᠡᠲᠡᠢ ᠪᠠᠶᠢᠳᠠᠭ᠃ ᠰᠤᠷᠲᠠᠯ ᠲᠥᠪ ᠪᠤᠰᠤ ᠠᠴᠠ ᠪᠣᠯᠵᠤ ᠢᠯᠵᠠᠷᠠᠨ | ᠳᠣᠷᠣᠶᠢᠲᠠᠬᠤ᠂ ᠰᠤᠷᠲᠠᠯ ᠢᠯᠵᠠᠷᠠᠯ ᠬᠠᠷᠢᠯᠴᠠᠨ ᠨᠥᠯᠥᠭᠡᠯᠡᠨ ᠰᠣᠯᠪᠢᠴᠠᠬᠤ ᠪᠣᠯ ᠵᠠᠷᠢᠮ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠡᠷᠡᠭ ᠤᠨ | ᠨᠡᠶᠢᠲᠡᠯᠢᠭ ᠲᠠᠯ᠎ᠠ ᠪᠣᠯᠣᠨ᠎ᠠ᠃ ᠲᠧᠯᠸᠢᠰ ᠵᠦᠴᠦᠭᠡ ᠶᠢᠨ ᠲᠤᠰᠬᠠᠢ ᠰᠡᠳᠦᠪᠲᠦ ᠹᠢᠯᠢᠮ ︽ᠠᠷᠠᠳ ᠤᠨ ᠲᠥᠯᠥᠭᠡ ᠢᠯᠵᠠᠷᠠᠯ ᠢ ᠡᠰᠡᠷᠭᠦᠴᠡᠭᠰᠡᠨ ᠨᠢ︾ ᠳᠤ | ᠢᠯᠡᠴᠢᠯᠡᠭᠰᠡᠨ ᠪᠠᠶᠢᠳᠠᠯ ᠠᠴᠠ ᠦᠵᠡᠪᠡᠯ᠂ ᠵᠠᠷᠢᠮ ᠢᠯᠵᠠᠷᠠᠮᠠᠯ ᠡᠲᠡᠭᠡᠳ ᠨᠢ ᠶᠠᠭ ᠢᠳᠡᠵᠦ ᠤᠤᠭᠤᠵᠤ ᠨᠠᠭᠠᠳᠴᠤ ᠴᠡᠩᠭᠡᠬᠦ ᠠᠴᠠ ᠡᠬᠢᠯᠡᠨ ᠬᠠᠤᠯᠢ ᠪᠤᠰᠤ | ᠬᠤᠳᠠᠯᠳᠤᠭᠠᠴᠢᠨ ᠲᠠᠢ ᠰᠦᠯᠪᠡᠭᠡᠯᠡᠨ ᠬᠤᠤᠪᠢᠯᠳᠤᠵᠤ᠂ ᠡᠴᠦᠰ ᠲᠡᠭᠡᠨ ᠡᠷᠬᠡ ᠮᠥᠩᠭᠦᠨ ᠤ ᠠᠷᠠᠯᠵᠢᠶ᠎ᠠ ᠬᠢᠵᠦ᠂ ᠠᠰᠢᠭ ᠲᠤᠰᠠ ᠶᠢᠨ ᠬᠠᠮᠲᠤ ᠶᠢᠨ ᠴᠣᠭᠴᠠ ᠪᠣᠯᠵᠤ | ᠬᠥᠭᠵᠢᠭᠰᠡᠨ ᠪᠠᠶᠢᠨ᠎ᠠ᠃ ᠲᠥᠪ ᠪᠤᠰᠤ ᠰᠤᠷᠲᠠᠯ ᠪᠣᠯ ᠢᠯᠵᠠᠷᠠᠯ ᠢ ᠡᠭᠦᠰᠬᠡᠬᠦ ᠥᠯᠥᠭᠡᠢ ᠮᠥᠨ᠂ ᠢᠯᠵᠠᠷᠠᠯ ᠪᠣᠯ ︽ᠳᠥᠷᠪᠡᠨ ᠰᠤᠷᠲᠠᠯ︾ ᠤᠨ ᠲᠤᠭ᠎ᠠ ᠠᠴᠠ ᠪᠠᠨ | ᠴᠢᠨᠠᠷ ᠤᠨ ᠬᠤᠪᠢᠷᠠᠯᠲᠠ ᠭᠠᠷᠤᠭᠰᠠᠨ ᠤ ᠦᠷ᠎ᠡ ᠳ᠋ᠦᠩ ᠮᠥᠨ᠃ ᠭᠠᠭᠴᠠ ᠬᠦ ᠰᠤᠷᠲᠠᠯ ᠤᠨ ᠠᠰᠠᠭᠤᠳᠠᠯ ᠤᠨ ᠬᠡᠮ ᠰᠣᠭᠤᠭ ᠨᠢᠭᠡᠪᠦᠷᠢ ᠶᠢ ᠡᠰᠡᠷᠭᠦᠴᠡᠨ | ᠬᠤᠷᠢᠭᠯᠠᠪᠠᠯ ᠰᠠᠶ᠋ᠢ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠬᠠᠰᠢᠯᠭ᠎ᠠ ᠳᠠᠯᠠᠩ ᠢ ᠪᠠᠲᠤ ᠪᠠᠬᠢ ᠪᠠᠶᠢᠭᠤᠯᠵᠤ ᠴᠢᠳᠠᠨ᠎ᠠ᠃ | ᠣᠶᠢᠷ᠎ᠠ ᠶᠢᠨ ᠵᠢᠯ ᠤᠳ ᠲᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠢᠮᠠᠭᠲᠠ ᠲᠤᠤᠱᠯᠠᠭᠤᠯᠤᠭᠰᠠᠭᠠᠷ ᠢᠷᠡᠭᠰᠡᠨ ᠪᠣᠯᠬᠤᠷ ᠦᠷ᠎ᠡ ᠪᠦᠲᠦᠮᠵᠢ ᠨᠢ ᠢᠯᠡᠷᠬᠡᠢ ᠪᠠᠶᠢᠨ᠎ᠠ᠃ | ᠢᠷᠡᠭᠡᠳᠦᠢ ᠳᠤ ᠬᠠᠨᠳᠤᠨ᠂ ᠡᠷᠬᠡᠪᠰᠢ ᠲᠥᠪ ᠤᠨ ᠨᠠᠢᠮᠠᠨ ᠲᠣᠭᠲᠠᠭᠠᠯ ᠢ ᠲᠡᠮᠦᠷ ᠶᠣᠰᠣ᠂ ᠲᠥᠪ ᠤᠨ ᠨᠠᠢᠮᠠᠨ ᠲᠣᠭᠲᠠᠭᠠᠯ ᠢ ᠲᠡᠮᠦᠷ ᠶᠣᠰᠣ᠂ ᠬᠠᠲᠠᠭᠤ ᠪᠠᠷᠢᠮᠵᠢᠶ᠎ᠠ | ᠪᠣᠯᠭᠠᠵᠤ᠂ ᠥᠰᠢᠯᠳᠦᠨ ᠰᠠᠬᠢᠯᠭ᠎ᠠ ᠪᠠᠲᠤ ᠶᠢ ᠵᠥᠷᠢᠴᠡᠭᠰᠡᠨ᠂ ᠳᠠᠯᠳᠠᠭᠤᠷ ᠣᠨᠳᠣᠣᠰᠢᠭᠰᠠᠨ ︽ᠲᠦᠷᠪᠡᠨ ᠰᠤᠷᠲᠠᠯ︾ ᠤᠨ ᠠᠰᠠᠭᠤᠳᠠᠯ ᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠬᠡᠭᠡᠯᠢ ᠢᠳᠡᠵᠦ ᠬᠠᠭᠤᠤᠯᠢ ᠲᠦᠯᠬᠢᠬᠦ ᠶᠢ ᠬᠠᠮᠲᠤ ᠳᠤᠨᠢ ᠪᠠᠶᠢᠴᠠᠭᠠᠬᠤ ᠠᠵᠢᠯ ᠢ ᠭᠦᠨᠵᠡᠭᠡᠶᠢᠷᠡᠭᠦᠯᠵᠦ᠂ ᠰᠢᠰᠲ᠋ᠧᠮ ᠤᠨ ᠴᠢᠨᠠᠷᠲᠠᠢ ᠢᠯᠵᠠᠷᠠᠯ ᠤᠨ | ᠠᠶᠤᠯ ᠲᠦᠭᠰᠢᠭᠦᠷᠢ ᠭᠡᠮ ᠰᠣᠭᠤᠭ ᠢ ᠡᠷᠡᠰ ᠠᠷᠢᠯᠭᠠᠵᠤ᠂ ᠰᠢᠨ᠎ᠡ ᠮᠠᠶ᠋ᠢᠭ ᠤᠨ ᠢᠯᠵᠠᠷᠠᠯ ᠪᠠ ᠲᠠᠯᠳᠠ ᠢᠯᠵᠠᠷᠠᠯ ᠢ ᠰᠡᠷᠭᠡᠶᠢᠯᠡᠨ ᠵᠠᠰᠠᠬᠤ ᠪᠦᠲᠦᠮᠵᠢᠲᠡᠢ ᠠᠷᠭ᠎ᠠ ᠶᠢ | ᠪᠠᠶᠠᠯᠢᠭᠵᠢᠭᠤᠯᠬᠤ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠬᠤ ᠶᠢ | ᠪᠠᠷᠢᠮᠲᠠᠯᠠᠵᠤ᠂ ︽ᠬᠠᠮᠲᠤ ᠪᠠᠷ ᠪᠠᠶᠢᠴᠠᠭᠠᠬᠤ︾ ᠪᠠᠷ ᠰᠤᠷᠲᠠᠯ ᠢᠯᠵᠠᠷᠠᠯ ᠰᠣᠯᠪᠢᠴᠠᠭᠰᠠᠨ ᠠᠰᠠᠭᠤᠳᠠᠯ ᠢ ᠴᠢᠩᠭ᠎ᠠ ᠰᠢᠢᠳᠬᠡᠵᠦ᠂ ︽ᠬᠠᠮᠲᠤ ᠪᠠᠷ ᠵᠠᠰᠠᠬᠤ︾ | ᠪᠠᠷ ᠰᠤᠷᠲᠠᠯ ᠢᠯᠵᠠᠷᠠᠯ ᠤᠨ ᠨᠡᠶᠢᠲᠡᠴᠢ ᠴᠢᠨᠠᠷ ᠤᠨ ᠦᠨᠳᠦᠰᠦ ᠰᠤᠷᠪᠤᠯᠵᠢ ᠶᠢ ᠠᠷᠢᠯᠭᠠᠪᠠᠯ ᠰᠤᠷᠲᠠᠯ ᠢᠯᠵᠠᠷᠠᠯ ᠤᠨ ᠬᠡᠯᠬᠢᠶ᠎ᠡ ᠶᠢ ᠯᠠᠪᠲᠠᠢ ᠲᠠᠰᠤᠯᠵᠤ᠂ | ᠰᠤᠷᠲᠠᠯ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠴᠢᠳᠠᠨ᠎ᠠ᠃ | | ᠲᠠᠬᠢᠭᠠᠳ ︽ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ︾ ᠠᠴᠠ ᠠᠪᠴᠤ | ᠬᠡᠯᠡᠪᠡᠯ᠂ ᠡᠨᠡ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠲᠤ ᠲᠡᠶᠢᠰᠢ ᠦᠷᠭᠦᠯᠵᠢᠯᠡᠭᠦᠯᠬᠦ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ | ᠪᠣᠯᠣᠨ᠎ᠠ᠃ | ᠤᠯᠠᠨ ᠲᠦᠮᠡᠨ ᠤ ᠳᠡᠷᠭᠡᠳᠡ ᠡᠭᠦᠰᠦᠭᠰᠡᠨ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠨᠢ ᠤᠯᠠᠨ ᠲᠦᠮᠡᠨ ᠤ ᠠᠮᠢ ᠪᠡᠶ᠎ᠡ ᠶᠢᠨ ᠠᠰᠢᠭ | ᠲᠤᠰᠠ ᠶᠢ ᠬᠤᠬᠢᠷᠠᠭᠤᠯᠳᠠᠭ ᠪᠥᠭᠡᠳ ᠤᠯᠠᠨ ᠲᠦᠮᠡᠨ ᠲᠤᠰᠬᠠᠯ ᠶᠡᠬᠡᠲᠡᠢ ᠪᠠᠶᠢᠨ᠎ᠠ᠃ ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠶᠢᠨ ᠬᠠᠮᠢᠶᠠᠷᠤᠯᠲᠠ ᠶᠢᠨ | ᠠᠰᠠᠭᠤᠳᠠᠯ ᠢ ᠬᠦᠴᠦᠲᠡᠢ ᠴᠡᠭᠴᠡᠯᠡᠨ ᠵᠠᠰᠠᠬᠤ᠂ ᠰᠤᠷᠤᠭᠴᠢᠳ ᠤᠨ ᠬᠤᠭᠤᠯᠠᠨ ᠤ ᠵᠠᠷᠤᠳᠠᠯ ᠳᠤ ᠰᠢᠨᠤᠬᠤ᠂ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠳᠤ | ᠭᠠᠷ ᠲᠦᠷᠦᠭᠦ᠂ ᠰᠠᠭᠤᠳᠬᠠᠯ ᠠᠪᠬᠤ ᠵᠡᠷᠭᠡ ᠠᠰᠠᠭᠤᠳᠠᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠠᠴᠠ ᠠᠪᠤᠭᠠᠳ ᠬᠥᠳᠡᠭᠡ ᠲᠣᠰᠬᠤᠨ ᠤ ᠬᠠᠮᠲᠤ ᠶᠢᠨ | ︽ᠪᠡᠯᠡ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠴᠢᠩᠭ᠎ᠠ ᠠᠩᠬᠠᠷᠴᠤ᠂ ᠨᠢᠭᠡ ᠪᠦᠯᠦᠭ ︽ᠢᠯᠠᠭ᠎ᠠ | ᠱᠠᠮᠰᠢᠵᠤ ᠰᠢᠷᠭᠤᠯᠵᠢ ᠢᠯᠵᠠᠷᠠᠬᠤ︾ ᠦᠵᠡᠭᠳᠡᠯ ᠢ ᠴᠢᠩᠭ᠎ᠠ ᠵᠠᠯᠬᠠᠭᠠᠨ ᠰᠢᠢᠳᠬᠡᠬᠦ ᠬᠦᠷᠲᠡᠯ᠎ᠡ᠂ ᠳᠠᠬᠢᠭᠠᠳ ᠡᠮ ᠡᠮᠨᠡᠯᠭᠡ ᠶᠢᠨ ᠬᠦᠷᠢᠶᠡᠨ ᠳᠠᠬᠢ ᠡᠷᠦᠢ ᠬᠤᠷᠤᠢ | ᠦᠭᠡᠢ ᠦᠵᠡᠭᠳᠡᠯ ᠢ ᠭᠦᠨᠵᠡᠭᠡᠢ ᠴᠡᠭᠴᠡᠯᠡᠬᠦ᠂ ᠡᠮᠴᠢᠯᠡᠭᠡ ᠶᠢᠨ ᠰᠢᠰᠲ᠋ᠧᠮ ᠤᠨ ᠡᠷᠬᠡ ᠲᠤᠰᠢᠶᠠᠯ ᠢᠶᠠᠨ ᠠᠰᠢᠭᠯᠠᠨ ᠬᠠᠤᠯᠢ ᠪᠤᠰᠤ ᠠᠰᠢᠭ ᠣᠯᠬᠤ᠂ ᠡᠮ ᠡᠮᠨᠡᠯᠭᠡ ᠶᠢᠨ | ᠳᠠᠭᠠᠳᠬᠠᠯ ᠤᠨ ᠪᠡᠯᠡ ᠮᠥᠩᠭᠦ ᠶᠢ ᠮᠡᠬᠡᠯᠡᠨ ᠠᠪᠬᠤ ᠵᠡᠷᠭᠡ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢ᠊ᠵᠳᠪᠦᠷᠢᠯᠡᠬᠦ ᠬᠦᠷᠲᠡᠯ᠎ᠡ ᠁ ᠴᠢᠪ ᠬᠡᠮᠡᠨ | ᠠᠷᠠᠳ ᠤᠯᠠᠨ ᠶᠠᠭᠤ ᠶᠢ ᠡᠰᠡᠷᠭᠦᠴᠡᠵᠦ᠂ ᠶᠠᠭᠤ ᠶᠢ ᠵᠢᠭᠰᠢᠨ ᠬᠤᠷᠣᠰᠳᠠᠭ ᠪᠣᠯ ᠶᠠᠭᠤ ᠶᠢ ᠨᠢ ᠡᠷᠡᠰ ᠰᠡᠷᠭᠡᠶᠢᠯᠡᠨ ᠵᠠᠯᠠᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠤᠯᠠᠨ ᠲᠦᠮᠡᠨ ᠤ ᠳᠡᠷᠭᠡᠳᠡ ᠬᠦᠷᠲᠡᠯ᠎ᠡ ᠦᠷᠭᠦᠯᠵᠢᠯᠡᠭᠦᠯᠵᠦ᠂ ᠤᠯᠠᠨ ᠲᠦᠮᠡᠨ ᠤ ᠠᠰᠢᠭ ᠲᠤᠰᠠ ᠶᠢ ᠬᠦᠴᠦᠲᠡᠢ ᠬᠠᠮᠠᠭᠠᠯᠠᠬᠤ ᠶᠢ ᠪᠠᠷᠢᠮᠳᠠᠯᠠᠬᠰᠠᠨ᠋ ᠠᠴᠠ | ᠪᠣᠯᠤᠭᠰᠠᠨ ᠶᠤᠮ᠃ | ᠮᠠᠨ ᠤ ᠨᠠᠮ ᠢᠯᠵᠠᠷᠠᠯ ᠢ ᠬᠦᠴᠦᠲᠡᠢ ᠡᠰᠡᠷᠭᠦᠴᠡᠵᠦ᠂ ︽ᠳᠥᠷᠪᠡᠨ ᠰᠤᠷᠲᠠᠯ︾ ᠢ ᠵᠠᠯᠠᠷᠠᠭᠤᠯᠤᠨ ᠰᠢᠨ᠎ᠡ ᠰᠤᠷᠲᠠᠯ ᠢ ᠪᠣᠶ ᠪᠣᠯᠭᠠᠭᠠᠳ ᠨᠠᠮ ᠤᠨ | ᠰᠡᠳᠬᠢᠯ ᠠᠷᠠᠳ ᠤᠨ ᠰᠡᠳᠬᠢᠯ ᠢ ᠣᠯᠣᠭᠰᠠᠨ ᠪᠠᠶᠢᠨ᠎ᠠ᠃ ︽ᠪᠠᠷᠰ︾ ᠲᠣᠯᠣᠭᠠᠢ ᠥᠨᠳᠡᠶᠢᠪᠡᠯ ᠴᠣᠬᠢᠬᠤ ᠬᠡᠷᠡᠭᠲᠡᠢ᠂ ︽ᠢᠯᠠᠭ᠎ᠠ︾ ᠳᠤᠷ᠎ᠠ ᠪᠠᠷ ᠨᠢᠰᠪᠡᠯ ᠪᠠᠰᠠ | ᠴᠣᠬᠢᠬᠤ ᠬᠡᠷᠡᠭᠲᠡᠢ᠂ ᠶᠡᠭᠡ ᠪᠠᠷ ᠱᠠᠮᠰᠢᠵᠤ ᠶᠡᠭᠡ ᠪᠠᠷ ᠢᠯᠵᠠᠷᠠᠭᠰᠠᠳ ᠢ ᠨᠢᠭᠡ ᠶᠢ ᠴᠦ ᠵᠦᠭᠡᠷ ᠲᠠᠯᠪᠢᠬᠤ ᠦᠭᠡᠢ᠂ ︽ᠱᠠᠮᠰᠢᠵᠤ ᠢᠯᠵᠠᠷᠠᠭᠰᠠᠨ ᠢᠯᠠᠭ᠎ᠠ | ᠰᠢᠷᠭᠤᠯᠵᠢ︾ ᠶᠢ ᠠᠳᠠᠯᠢᠬᠠᠨ ᠢᠶᠠᠷ ︽ᠥᠴᠥᠬᠡᠨ ᠴᠦ ᠠᠭᠤᠴᠢᠯᠠᠬᠤ ᠦᠭᠡᠢ︾ ᠪᠠᠶᠢᠬᠤ ᠬᠡᠷᠡᠭᠲᠡᠢ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ | ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ᠂ ᠡᠯ᠎ᠡ ᠱᠠᠲᠤᠨ ᠤ ᠨᠠᠮ ᠤᠨ | ᠬᠤᠷᠢᠶ᠎ᠠ ᠢᠯᠠᠩᠭᠤᠶ᠎ᠠ ᠬᠤᠲᠠ ᠰᠢᠶᠠᠨ ᠤ ᠨᠠᠮ ᠤᠨ ᠬᠤᠷᠢᠶ᠎ᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ | ᠵᠠᠰᠠᠬᠤ ᠶᠠᠪᠤᠳᠠᠯ ᠢ ᠴᠢᠬᠤᠯᠠ ᠡᠭᠦᠷᠭᠡ ᠪᠠᠨ ᠪᠣᠯᠭᠠᠨ ᠪᠠᠶᠢᠩᠭᠤ ᠠᠳᠬᠤᠵᠤ᠂ ᠠᠷᠠᠳ ᠤᠯᠠᠨ ᠳᠤ ᠪᠠᠶᠠᠷᠲᠤ ᠲᠥᠷᠥᠭᠳᠡᠯ ᠥᠭᠴᠦ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠶᠢ ᠦᠨᠳᠦᠰᠦᠨ ᠱᠠᠲᠤᠨ ᠳᠤ ᠴᠠᠭᠳᠠᠨ ᠪᠠᠶᠢᠴᠠᠭᠠᠬᠤ ᠲᠠᠢ ᠤᠶᠠᠯᠳᠤᠭᠤᠯᠤᠨ᠂ ᠡᠯ᠎ᠡ ᠲᠠᠯ᠎ᠠ ᠳᠤ ᠬᠢᠨᠠᠯᠲᠠ ᠲᠠᠯᠪᠢᠬᠤ ᠲᠠᠢ ᠨᠢᠭᠡᠳᠦᠯᠲᠡᠢ | ᠲᠥᠯᠥᠪᠵᠢᠭᠦᠯᠵᠦ᠂ ᠠᠷᠠᠳ ᠤᠯᠠᠨ ᠳᠤ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠲᠡᠮᠡᠴᠡᠯ ᠳᠡᠷᠭᠡᠳᠡ ᠨᠢ ᠪᠠᠶᠢᠬᠤ᠂ | ᠲᠥᠪ ᠭᠤᠣᠯᠴᠢ ᠰᠢᠳᠤᠷᠭᠤ ᠶᠣᠰᠣ ᠶᠢ ᠳᠡᠷᠭᠡᠳᠡ ᠨᠢ ᠪᠠᠶᠢᠬᠤ ᠲᠥᠷᠥᠭᠳᠡᠯ ᠥᠭᠴᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ | ᠠᠷᠠᠳ ᠲᠦᠮᠡᠨ ᠳᠤ ᠨᠡᠩ ᠰᠠᠶᠢᠨ ᠨᠡᠩ ᠭᠤᠣᠯᠴᠢ ᠪᠠᠷ ᠬᠦᠷᠲᠡᠭᠡᠬᠦ ᠶᠢ ᠠᠬᠢᠭᠤᠯᠬᠤ ᠬᠡᠷᠡᠭᠲᠡᠢ᠃ | ᠢᠯᠵᠠᠷᠠᠯ ᠢ ᠦᠨᠳᠦᠰᠦ ᠪᠠᠷ ᠨᠢ ᠠᠷᠢᠯᠭᠠᠬᠤ ᠤᠶᠢᠭᠡᠢ ᠪᠣᠯ ᠢᠯᠵᠠᠷᠠᠯ ᠢ ᠡᠰᠡᠷᠭᠦᠴᠡᠬᠦ ᠲᠡᠮᠡᠴᠡᠯ ᠢ ᠨᠢᠭᠡ ᠮᠥᠴᠡ ᠴᠦ ᠵᠣᠭᠰᠤᠭᠠᠬᠤ ᠤᠶᠢᠭᠡᠢ᠃ ᠡᠨᠡ ᠬᠦ | ᠢᠯᠠᠭᠳᠠᠵᠤ ᠪᠣᠯᠣᠰᠢ ᠦᠭᠡᠢ ᠮᠥᠷᠲᠡᠭᠡᠨ ᠶᠠᠭᠠᠬᠢᠭᠰᠠᠨ ᠴᠤ ᠢᠯᠠᠭᠳᠠᠵᠤ ᠪᠣᠯᠣᠰᠢ ᠦᠭᠡᠢ ᠴᠢᠬᠤᠯᠠ ᠶᠡᠭᠡ ᠤᠯᠤᠰ ᠲᠦᠷᠦ ᠶᠢᠨ ᠲᠡᠮᠡᠴᠡᠯ ᠳᠤ ᠡᠷᠡᠭᠡᠯᠵᠡᠬᠦ | ᠭᠤᠶᠢᠪᠢᠯᠵᠠᠬᠤ᠂ ᠰᠤᠯᠠᠷᠠᠬᠤ ᠢᠯᠳᠠᠷ ᠬᠠᠶᠠᠵᠤ ᠶᠠᠭᠠᠬᠢᠭᠰᠠᠨ ᠴᠤ ᠪᠣᠯᠬᠤ ᠦᠭᠡᠢ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠡᠷᠡᠰ ᠵᠣᠷᠢᠭ ᠰᠥᠰᠥ ᠪᠠᠷ | ᠢᠯᠵᠠᠷᠠᠯ ᠢ ᠡᠰᠡᠷᠭᠦᠴᠡᠬᠦ ᠲᠡᠮᠡᠴᠡᠯ ᠢ ᠰᠢᠨᠲᠠᠷᠠᠰᠢ ᠦᠭᠡᠢ ᠰᠠᠶᠢᠲᠤᠷ ᠠᠳᠬᠤᠵᠤ᠂ ᠨᠠᠮ ᠤᠨ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠰᠤᠷᠲᠠᠯ | ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠᠯ ᠯᠠᠪᠲᠠᠢ ᠰᠢᠨ᠎ᠡ ᠠᠶᠠᠨ ᠳᠤ ᠦᠷᠭᠦᠯᠵᠢᠯᠡᠨ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠣᠯᠵᠤ᠂ ᠢᠮᠠᠭᠲᠠ | ᠢᠯᠠᠭᠳᠠᠰᠢ ᠦᠭᠡᠢ ᠪᠠᠶᠢᠷᠢᠨ ᠳᠤ ᠪᠠᠶᠢᠵᠤ ᠴᠢᠳᠠᠨ᠎ᠠ᠃ | | | |