1 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠥᠷ | ᠮᠣᠩᠭᠤᠯ ᠤᠨ ᠤᠷᠠᠨ ᠪᠢᠴᠢᠯᠭᠡᠲᠡᠳ ᠤᠨ ᠡᠪᠯᠡᠯ ᠤᠨ ᠳᠡᠳ᠋ ᠲᠡᠷᠢᠭᠦᠯᠡᠭᠴᠢ᠂ ᠤᠯᠠᠭᠠᠨᠴᠠᠪ ᠬᠤᠳᠠ ᠶᠢᠨ ᠤᠷᠠᠨ ᠪᠢᠴᠢᠯᠭᠡᠲᠡᠳ ᠤᠨ ᠡᠪᠯᠡᠯ ᠤᠨ ᠲᠡᠷᠢᠭᠦᠯᠡᠭᠴᠢ ᠯᠢᠶᠠᠩ | ᠨᠧᠩ ᠸᠧᠢ᠄ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠠᠷᠠᠳ ᠲᠦᠮᠡᠨ ᠠᠴᠠ ᠣᠯᠭᠤᠭᠰᠠᠨ ᠢᠷᠠᠭᠤ ᠠᠯᠳᠠᠷᠲᠤ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ ᠪᠤᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ | ᠰᠣᠩᠭᠤᠭᠳᠠᠭᠰᠠᠨ ᠪᠣᠯᠬᠤᠷ ᠮᠥᠷᠥᠨ ᠳᠠᠬᠢ ᠡᠭᠦᠷᠭᠡ ᠬᠠᠷᠢᠭᠤᠴᠠᠯᠭ᠎ᠠ ᠬᠦᠨᠳᠦ ᠭᠡᠳᠡᠭ ᠢ ᠭᠦᠨᠵᠡᠭᠡᠢ ᠣᠶᠢᠯᠠᠭᠠᠨ᠎ᠠ︾ ᠭᠡᠵᠦ ᠰᠤᠷᠪᠤᠯᠵᠢᠯᠠᠬᠴᠢ ᠬᠡᠯᠡᠨ᠎ᠡ᠃ | ᠥᠩᠭᠡᠷᠡᠭᠰᠡᠨ ᠨᠢᠭᠡ ᠵᠢᠯ ᠳᠤ᠂ ᠯᠢᠶᠠᠩ ᠨᠧᠩ ᠸᠧᠢ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠪᠣᠯᠣᠨ ᠲᠥᠯᠥᠭᠡᠯᠡᠭᠴᠢ ᠶᠢᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠡᠷᠭᠡ ᠪᠠᠷ ᠠᠳᠬᠤᠵᠤ᠂ ᠤᠮᠠᠷᠠᠲᠤ ᠬᠢᠯᠢ ᠶᠢᠨ ᠰᠣᠶᠣᠯ ᠤᠨ ᠦᠯᠢᠭᠡᠷ ᠢ ᠰᠠᠶᠢᠲᠤᠷ ᠶᠠᠷᠢᠬᠤ᠂ ᠤᠳᠬ᠎ᠠ ᠤᠷᠠᠯᠢᠭ ᠤᠨ | ᠵᠣᠬᠢᠶᠠᠨ ᠪᠦᠲᠦᠭᠡᠯᠭᠡ ᠪᠠᠷ ᠠᠷᠠᠳ ᠲᠤ ᠠᠰᠢᠭ ᠬᠦᠷᠲᠡᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠭᠦ᠂ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠵᠡᠷᠭᠡ ᠶᠢᠨ | ᠲᠣᠭᠤᠷᠢᠨ ᠳᠤ ᠪᠠᠶᠢᠴᠠᠭᠠᠨ ᠰᠤᠳᠤᠯᠵᠤ᠂ ᠥᠪᠡᠷ ᠤᠨ ᠳᠡᠪᠰᠢᠭᠦᠯᠬᠦ ᠪᠠᠷ ᠪᠠᠶᠢᠭ᠎ᠠ ᠰᠠᠨᠠᠭᠤᠯᠭ᠎ᠠ ᠳᠠᠭᠠᠨ ᠪᠣᠷᠣ ᠮᠠᠲ᠋ᠧᠷᠢᠶᠠᠯ ᠴᠤᠭᠯᠠᠭᠤᠯᠪᠠ᠃ | ︽2024 ᠣᠨ ᠤ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠬᠤᠭᠤᠴᠠᠭᠠᠨ ᠳᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠪᠠ | ︿ᠰᠦᠷᠯᠢᠭ ᠰᠠᠶᠢᠬᠠᠨ ᠥᠪᠥᠷ ᠮᠣᠩᠭᠤᠯ· ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ﹀ ᠭᠡᠬᠦ ᠵᠢᠭᠤᠯᠴᠢᠯᠠᠯ ᠤᠨ ᠲᠦᠷᠦᠯ ᠲᠡᠮᠳᠡᠭ ᠤᠨ ᠪᠠᠶᠢᠭᠤᠯᠤᠯᠲᠠ ᠶᠢᠨ | ᠲᠣᠭᠤᠷᠢᠨ ᠳᠤ᠂ ᠪᠢ ︿ᠥᠪᠥᠷ ᠮᠣᠩᠭᠤᠯ ᠤᠨ ᠴᠢᠬᠤᠯᠠ ᠶᠡᠭᠡ ᠤᠳᠬ᠎ᠠ ᠤᠷᠠᠯᠢᠭ ᠤᠨ ᠲᠦᠷᠦᠯ ᠵᠦᠢᠯ ᠢ ᠳᠡᠮᠵᠢᠬᠦ ᠪᠠ ᠰᠣᠳᠣᠨ ᠪᠦᠲᠦᠭᠡᠯ ᠢ ᠬᠥᠬᠢᠭᠦᠯᠦᠨ | ᠱᠠᠩᠨᠠᠬᠤ ᠠᠷᠭ᠎ᠠ ᠶᠢ ᠲᠣᠭᠲᠠᠭᠠᠬᠤ ᠲᠤᠬᠠᠢ ᠰᠠᠨᠠᠭᠤᠯᠭ᠎ᠠ﹀᠂ ︿ᠥᠪᠥᠷ ᠮᠣᠩᠭᠤᠯ ᠤᠨ ᠪᠦᠭᠦ ᠣᠷᠣᠨ ᠪᠦᠰᠡ ᠶᠢᠨ ᠵᠢᠭᠤᠯᠴᠢᠯᠠᠯ ᠤᠨ ᠲᠣᠮᠣ ᠳ᠋ᠠᠶᠢᠲ᠋ᠠ ᠶᠢᠨ ᠴᠠᠬᠢᠮ | ᠮᠡᠳᠡᠭᠡ ᠶᠢ ᠬᠡᠷᠡᠭᠵᠢᠭᠦᠯᠬᠦ ᠶᠢ ᠠᠬᠢᠭᠤᠯᠬᠤ ᠲᠤᠬᠠᠢ ᠰᠠᠨᠠᠭᠤᠯᠭ᠎ᠠ﹀ ᠶᠢ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠩᠬᠠᠷᠤᠯ ᠢ ᠲᠠᠲᠠᠪᠠ᠃ ᠮᠢᠨᠤ | ᠰᠠᠨᠠᠭᠤᠯᠭ᠎ᠠ ᠴᠢᠬᠤᠯᠠᠴᠢᠯᠠᠭᠳᠠᠭᠰᠠᠨ ᠠᠴᠠ ᠰᠠᠨᠠᠯ ᠰᠠᠨᠠᠭᠤᠯᠭ᠎ᠠ ᠳᠤᠷᠠᠳᠬᠤ ᠬᠠᠷᠢᠭᠤᠴᠠᠯᠭ᠎ᠠ ᠬᠦᠨᠳᠦ ᠴᠢᠬᠤᠯᠠ ᠪᠠᠶᠢᠬᠤ ᠶᠢ ᠨᠠᠩ ᠭᠦᠨᠵᠡᠭᠡᠢ ᠣᠶᠢᠯᠠᠭᠠᠪᠠ︾ ᠭᠡᠵᠦ | ᠯᠢᠶᠠᠩ ᠨᠧᠩ ᠸᠧᠢ ᠬᠡᠯᠡᠨ᠎ᠡ᠃ ᠡᠶᠢᠮᠦ ᠠᠴᠠ᠂ ᠲᠡᠷᠡ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠵᠢᠷᠭᠤᠳᠤᠭᠠᠷ ᠬᠤᠭᠤᠴᠠᠭ᠎ᠠ᠂ ᠨᠠᠢᠮᠠᠳᠤᠭᠠᠷ ᠬᠤᠭᠤᠴᠠᠭᠠᠨ ᠤ ᠶᠡᠷᠦᠩᠬᠡᠶᠢᠯᠡᠭᠰᠡᠨ ᠪᠣᠯᠪᠠᠰᠤᠷᠠᠯ ᠤᠨ ᠠᠩᠭᠢ ᠳᠤ ᠣᠷᠣᠯᠴᠠᠵᠤ᠂ | ᠤᠳᠠᠭ᠎ᠠ ᠪᠦᠷᠢ ᠶᠢᠨ ᠰᠤᠷᠤᠯᠴᠠᠯᠭ᠎ᠠ ᠰᠣᠯᠢᠯᠴᠠᠭ᠎ᠠ ᠳᠤᠮᠳᠠ᠂ ᠥᠪᠡᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠪᠡ᠃ | ︽ᠪᠢ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠠᠰᠠ ᠴᠦ ᠤᠳᠬ᠎ᠠ ᠤᠷᠠᠯᠢᠭ ᠤᠨ ᠠᠵᠢᠯᠲᠠᠨ ᠮᠥᠨ᠂ ᠦᠨᠡᠨ | ᠰᠡᠳᠬᠢᠯ ᠠᠴᠠ ᠪᠠᠨ ᠠᠷᠠᠳ ᠲᠦᠮᠡᠨ ᠤ ᠡᠮᠦᠨ᠎ᠡ ᠠᠴᠠ ᠦᠭᠡ ᠬᠡᠯᠡᠬᠦ᠂ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠶᠢ ᠪᠠᠷᠢᠮᠲᠠᠯᠠᠬᠤ ᠠᠴᠠ ᠭᠠᠳᠠᠨ᠎ᠠ᠂ ᠪᠠᠰᠠ | ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠵᠦ᠂ ︿ᠤᠳᠬ᠎ᠠ ᠤᠷᠠᠯᠢᠭ ᠤᠨ ᠲᠠᠭᠤᠨ﹀ ᠢ ᠴᠤᠤᠷᠢᠶᠠᠲᠤᠭᠤᠯᠵᠤ᠂ ᠮᠠᠨ ᠤ ᠣᠷᠣᠨ ᠤ | ᠤᠳᠬ᠎ᠠ ᠤᠷᠠᠯᠢᠭ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ︾ ᠭᠡᠵᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠤᠬᠠᠢ | ᠯᠢᠶᠠᠩ ᠨᠧᠩ ᠸᠧᠢ ᠪᠤᠳᠤᠯ ᠢᠶᠠᠨ ᠳᠡᠯᠭᠡᠨ᠎ᠡ᠃ | ᠨᠢᠳᠤᠨᠤᠨ ᠤ ᠵᠢᠯ ᠤᠨ ᠰᠡᠭᠦᠯᠴᠢ ᠪᠠᠷ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠤᠯᠠᠭᠠᠨᠴᠠᠪ ᠬᠤᠲᠠ ᠶᠢᠨ ᠤᠳᠬ᠎ᠠ | ᠤᠷᠠᠯᠢᠭ ᠤᠨ ᠬᠢᠨ ᠤ ᠬᠤᠯᠪᠤᠭ᠎ᠠ 30 ᠰᠢᠬᠠᠮ ᠤᠳᠬ᠎ᠠ ᠤᠷᠠᠯᠢᠭᠴᠢᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠱᠠᠨ ᠰᠢ ᠮᠤᠵᠢ ᠳᠤ ᠣᠴᠢᠭᠤᠯᠵᠤ᠂ | ︽ᠤᠮᠠᠷᠠᠲᠤ ᠬᠢᠯᠢ ᠶᠢᠨ ᠰᠣᠶᠣᠯ ᠤᠨ ᠲᠤᠮᠳᠠᠳᠤ ᠤᠯᠤᠰ ᠲᠠᠬᠢ ᠠᠶᠠᠯᠠᠯ - ᠪᠠᠷᠠᠭᠤᠨ ᠪᠣᠭᠤᠮᠲᠠ ᠪᠠᠷ ᠭᠠᠷᠤᠭᠰᠠᠨ ᠨᠡᠭᠦᠳᠡᠯ ᠤᠨ ᠬᠠᠭᠤᠴᠢᠨ ᠵᠠᠮ ᠢᠶᠠᠷ ᠵᠠᠮᠨᠠᠬᠤᠢ︾ | ᠮᠠᠲ᠋ᠧᠷᠢᠶᠠᠯ ᠴᠤᠭᠯᠠᠭᠤᠯᠵᠤ ᠰᠣᠯᠢᠯᠴᠠᠬᠤ ᠠᠵᠢᠯᠯᠠᠭ᠎ᠠ ᠥᠷᠨᠢᠭᠦᠯᠪᠡ᠃ ᠲᠤᠰ ᠤᠳᠠᠭ᠎ᠠ ᠶᠢᠨ ᠠᠵᠢᠯᠯᠠᠭ᠎ᠠ ᠶᠢᠨ ᠲᠥᠯᠥᠭᠡᠯᠡᠭᠴᠢ ᠶᠢᠨ ᠨᠢᠭᠡ ᠪᠣᠯᠤᠭᠰᠠᠨ ᠤ ᠬᠤᠪᠢ ᠳᠤ᠂ | ᠯᠢᠶᠠᠩ ᠨᠧᠩ ᠸᠧᠢ ᠲᠤᠬᠠᠢ ᠶᠢᠨ ᠭᠠᠵᠠᠷ ᠢᠶᠠᠷ ᠲᠣᠭᠤᠷᠢᠨ ᠦᠵᠡᠬᠦ᠂ ᠤᠯᠠ ᠮᠥᠷ ᠢᠶᠠᠷ ᠨᠢ ᠶᠠᠪᠤᠵᠤ ᠰᠤᠷᠪᠤᠯᠵᠢᠯᠠᠬᠤ᠂ ᠲᠠᠶᠢᠯᠪᠤᠷᠢᠯᠠᠬᠤ ᠶᠢ ᠰᠣᠨᠣᠰᠬᠤ ᠳᠤᠮᠳᠠ | ᠤᠮᠠᠷᠠᠲᠤ ᠬᠢᠯᠢ ᠶᠢᠨ ᠰᠣᠶᠣᠯ ᠪᠣᠯᠣᠨ ᠪᠠᠷᠠᠭᠤᠨ ᠪᠣᠭᠤᠮᠲᠠ ᠶᠢᠨ ᠰᠣᠶᠣᠯ ᠤᠨ ᠠᠭᠤᠰᠤᠯᠴᠠᠯ ᠢ ᠮᠡᠳᠡᠷᠡᠪᠡ᠃ ᠠᠵᠢᠯᠯᠠᠭ᠎ᠠ ᠳᠤ᠂ ᠯᠢᠶᠠᠩ ᠨᠧᠩ ᠸᠧᠢ ᠵᠣᠬᠢᠶᠠᠨ | ᠪᠦᠲᠦᠭᠡᠬᠦ ᠬᠠᠷᠠᠭ᠎ᠠ ᠪᠠᠨ ᠥᠷᠭᠡᠳᠬᠡᠵᠦ᠂ ᠵᠣᠬᠢᠶᠠᠨ ᠪᠦᠲᠦᠭᠡᠬᠦ ᠤᠢ ᠮᠡᠳᠡᠷᠡᠮᠵᠢ ᠪᠠᠨ ᠬᠥᠭᠵᠢᠭᠡᠪᠡ᠃ ᠲᠡᠷᠡ᠂ ᠨᠠᠩ ᠣᠯᠠᠨ ᠨᠠᠩ ᠰᠠᠶᠢᠨ ᠰᠣᠳᠣᠨ ᠪᠦᠲᠦᠭᠡᠯ ᠢ | ᠵᠣᠬᠢᠶᠠᠨ ᠪᠦᠲᠦᠭᠡᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠨᠥᠯᠥᠭᠡᠯᠡᠬᠦ | ᠬᠦᠴᠦᠨ ᠢ ᠥᠷᠭᠡᠳᠬᠡᠬᠦ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠭᠦ ᠴᠢᠬᠤᠯᠠᠲᠠᠢ ᠭᠡᠳᠡᠭ ᠢ ᠭᠦᠨᠵᠡᠭᠡᠢ ᠣᠶᠢᠯᠠᠭᠠᠪᠠ᠃ | ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠳᠡᠭᠡᠷ᠎ᠡ᠂ ᠯᠢᠶᠠᠩ ᠨᠧᠩ ᠸᠧᠢ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ | ᠳᠡᠭᠡᠭᠰᠢᠯᠡᠭᠦᠯᠭᠦ ᠠᠵᠢᠯᠯᠠᠭ᠎ᠠ᠂ ᠵᠢᠭᠤᠯᠴᠢᠯᠠᠯ ᠤᠨ ᠦᠢᠯᠡᠳᠬᠦᠨ ᠤ ᠰᠣᠶᠣᠯ ᠤᠨ ᠠᠭᠤᠯᠬᠤᠨ ᠢ ᠠᠭᠤᠳᠠᠯᠬᠤ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠭᠦ | ᠬᠤᠶᠠᠷ ᠲᠠᠯ᠎ᠠ ᠪᠠᠷ ᠰᠠᠨᠠᠭᠤᠯᠭ᠎ᠠ ᠳᠤᠷᠠᠳᠬᠤ ᠪᠣᠯᠣᠨ᠎ᠠ᠃ ︽ᠪᠢᠳᠡ ᠡᠷᠬᠡᠪᠰᠢ ᠰᠣᠶᠣᠯ ᠢᠶᠠᠷ ᠵᠢᠭᠤᠯᠴᠢᠯᠠᠯ ᠢ ᠬᠥᠭᠵᠢᠭᠦᠯᠵᠦ᠂ ᠵᠢᠭᠤᠯᠴᠢᠯᠠᠯ ᠢᠶᠠᠷ ᠰᠣᠶᠣᠯ ᠢ | ᠢᠯᠡᠷᠡᠭᠦᠯᠬᠦ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠤᠮᠠᠷᠠᠲᠤ ᠬᠢᠯᠢ ᠶᠢᠨ | ᠰᠣᠶᠣᠯ ᠢ ᠪᠦᠲᠦᠭᠡᠯᠴᠢ ᠴᠢᠨᠠᠷᠲᠠᠢ ᠣᠨᠳᠣᠣᠰᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠭᠦᠯᠬᠦ ᠶᠢ ᠢᠳᠡᠪᠬᠢᠲᠡᠢ ᠠᠬᠢᠭᠤᠯᠤᠨ᠎ᠠ᠃ ᠡᠷᠬᠡᠪᠰᠢ ᠤᠮᠠᠷᠠᠲᠤ | ᠬᠢᠯᠢ ᠶᠢᠨ ᠰᠣᠶᠣᠯ ᠢ ᠥᠪᠥᠷ ᠮᠣᠩᠭᠤᠯ ᠠᠴᠠ ᠭᠠᠷᠴᠤ ᠳᠡᠯᠡᠬᠡᠢ ᠳ᠋ᠠᠬᠢᠨ ᠢ ᠵᠣᠷᠢᠬᠤ ᠶᠢ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠨᠡᠷ᠎ᠡ ᠠᠯᠳᠠᠷᠰᠢᠯ ᠪᠠ | ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠤᠨ᠎ᠠ︾ ᠭᠡᠵᠦ ᠯᠢᠶᠠᠩ ᠨᠧᠩ ᠸᠧᠢ ᠬᠠᠷᠠᠯᠲᠠ ᠵᠣᠷᠢᠯᠲᠠ ᠪᠠᠨ ᠲᠣᠳᠣᠷᠠᠭᠤᠯᠤᠨ᠎ᠠ᠃ | | | | |