ᠬᠠᠶᠢᠲᠠᠩ ᠲᠥᠯᠥᠭᠡᠯᠡᠭᠴᠢ᠄ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠭᠦ ᠶᠢᠨ ᠲᠥᠯᠥᠭᠡ ᠦᠨᠳᠦᠰᠦᠨ ᠱᠠᠲᠤᠨ ᠤ ᠲᠠᠭᠤᠨ ᠢ ᠰᠠᠶᠢᠲᠤᠷ ᠳᠠᠮᠵᠢᠭᠤᠯᠤᠨ᠎ᠠ
ᠨᠡᠶᠢᠲᠡᠯᠡᠭᠰᠡᠨ ᠴᠠᠭ᠄
2025/1/15
       1 ᠰᠠᠷ᠎ᠠ ᠶᠢᠨ 11᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠠᠭᠠᠨᠬᠠᠳᠠ  ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠮᠦᠽᠧᠢ ᠶᠢᠨ ᠳᠡᠳ᠋ ᠳᠠᠷᠤᠭ᠎ᠠ ᠬᠠᠶᠢᠲᠠᠩ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠮᠵᠢᠯᠲᠠ ᠪᠦᠳᠦᠮᠵᠢ ᠪᠠᠨ ᠠᠪᠴᠤ᠂ ᠣᠷᠣᠨ ᠤ ᠲᠥᠪ ᠭᠦᠭᠡᠬᠤᠲᠠ ᠶᠢ ᠵᠣᠷᠢᠵᠤ ᠢᠷᠠᠯ᠎ᠠ᠃        2023 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠭᠰᠠᠨ ᠤ  ᠳᠠᠷᠠᠭ᠎ᠠ᠂ ᠬᠠᠶᠢᠲᠠᠩ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠠᠯ᠎ᠠ ᠶᠢᠨ ᠰᠠᠨᠠᠭᠤᠯᠭ᠎ᠠ ᠳᠡᠪᠰᠢᠭᠦᠯᠵᠦ ᠢᠷᠠᠵᠠᠢ᠃ ᠲᠡᠷᠠ᠂ ᠲᠤᠬᠠᠶᠢᠯᠠᠭᠰᠠᠨ ᠠᠵᠢᠯ ᠪᠣᠯ  ᠲᠡᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ︽ᠪᠠᠶᠠᠨ ᠠᠭᠤᠷᠬᠠᠢ︾ ᠪᠣᠯᠣᠨ᠎ᠠ᠂ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠨᠢ  ᠬᠠᠷᠢᠨ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢ ᠠᠬᠢᠭᠤᠯᠳᠠᠭ ᠭᠡᠯ᠎ᠡ᠃        2024 ᠣᠨ ᠳᠤ᠂ ᠬᠠᠶᠢᠲᠠᠩ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠳᠤ ᠣᠷᠤᠯᠴᠠᠬᠤ ᠵᠡᠷᠭᠡ ᠭᠡᠯᠪᠡᠷᠢ ᠪᠠᠷ 20 ᠭᠠᠷᠤᠢ ᠤᠳᠠᠭ᠎ᠠ ᠶᠢᠨ  ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠲᠦᠷᠦᠭᠦᠬᠡᠨ ᠳᠡᠭᠡᠷ᠎ᠡ ᠰᠠᠷ᠎ᠠ ᠳᠤ᠂ ᠲᠡᠷᠡ ᠪᠠᠰᠠ ᠪᠠᠭᠠᠷᠢᠨ ᠪᠠᠷᠠᠭᠤᠨ ᠬᠤᠰᠢᠭᠤᠨ ᠤ ᠪᠠᠶᠠᠨᠲᠠᠯ᠎ᠠ  ᠰᠤᠮᠤ ᠵᠡᠷᠭᠡ ᠭᠠᠵᠠᠷ ᠢᠶᠠᠷ ᠪᠠᠶᠢᠴᠠᠭᠠᠨ ᠰᠤᠳᠤᠯᠤᠯᠲᠠ ᠬᠢᠵᠦ᠂ ᠰᠠᠨᠠᠭᠤᠯᠭ᠎ᠠ ᠪᠢᠴᠢᠬᠦ ᠳᠡᠭᠡᠨ ᠪᠣᠷᠣ ᠮᠠᠲ᠋ᠧᠷᠢᠶᠠᠯ ᠬᠤᠷᠠᠮᠳᠤᠭᠤᠯᠪᠠ᠃ ᠬᠠᠶᠢᠲᠠᠩ᠂ ᠳᠡᠪᠰᠢᠭᠦᠯᠬᠦ ᠭᠡᠵᠦ  ᠪᠠᠶᠢᠭ᠎ᠠ ᠰᠠᠨᠠᠭᠤᠯᠭ᠎ᠠ ᠶᠢᠨ ᠢᠶᠠᠨ ᠨᠡᠩ ᠪᠠᠷᠠᠯᠠᠯᠲᠦ ᠴᠢᠨᠠᠷ ᠪᠠ ᠪᠣᠯᠣᠮᠵᠢᠲᠤ ᠴᠢᠨᠠᠷ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠳᠡᠭᠡᠷ᠎ᠡ ᠱᠠᠲᠤᠨ ᠤ ᠪᠠᠶᠢᠳᠠᠯ ᠢ  ᠰᠠᠶᠢᠲᠤᠷ ᠣᠶᠢᠯᠠᠭᠠᠵᠤ᠂ ᠦᠨᠳᠦᠰᠦᠨ ᠱᠠᠲᠤᠨ ᠤ ᠪᠠᠶᠢᠳᠠᠯ ᠢ ᠲᠣᠳᠣᠷᠬᠠᠢ ᠪᠠᠶᠢᠴᠠᠭᠠᠵᠤ᠂ ᠪᠣᠳᠠᠲᠤ ᠪᠠᠶᠢᠳᠠᠯ ᠢ ᠡᠵᠡᠮᠰᠢᠬᠦ ᠲᠠᠯ᠎ᠠ ᠪᠠᠷ ᠬᠦᠴᠦᠯᠡᠵᠦ᠂ ᠰᠠᠨᠠᠭᠤᠯᠭ᠎ᠠ  ᠪᠦᠷᠢ ᠪᠠᠨ ᠲᠠᠭᠢᠨ ᠳᠠᠪᠲᠠᠨ ᠲᠤᠩᠭᠠᠨ ᠪᠣᠳᠣᠯᠬᠢᠯᠠᠵᠤ᠂ ᠬᠠᠯᠠᠰᠢᠷᠠᠯ ᠦᠭᠡᠢ ᠵᠠᠰᠠᠪᠤᠷᠢ ᠣᠷᠣᠭᠤᠯᠤᠭᠰᠠᠨ ᠶᠤᠮ ᠭᠡᠵᠦ ᠰᠤᠷᠪᠤᠯᠵᠢᠯᠠᠬᠴᠢ ᠳᠤ ᠬᠡᠯᠡᠨ᠎ᠡ᠃        ︽ᠮᠦᠽᠧᠢ ᠪᠠᠷ ᠵᠢᠭᠤᠯᠴᠢᠯᠠᠬᠤᠢ︾ ᠎ ᠨᠢ ᠲᠠᠰᠤᠷᠠᠯᠲᠠ ᠦᠭᠡᠢ ᠬᠠᠯᠠᠮᠰᠢᠯ ᠪᠤᠯᠬᠤ ᠶᠢ ᠳᠠᠭᠠᠯᠳᠤᠨ᠂ ᠬᠠᠶᠢᠲᠠᠩ ᠳᠤ ᠪᠠᠰᠠ ᠡᠭᠦᠷᠭᠡ ᠬᠠᠷᠢᠭᠤᠴᠠᠯᠭ᠎ᠠ ᠪᠠᠨ  ᠭᠦᠢᠴᠡᠳᠬᠡᠬᠦ ᠳᠤ ᠰᠢᠨ᠎ᠡ ᠠᠵᠠ ᠲᠤᠭᠢᠶᠠᠯ ᠠᠪᠴᠢᠷᠠᠭᠰᠠᠨ ᠪᠠᠶᠢᠨ᠎ᠠ᠃ ︽ᠰᠣᠶᠣᠯ ᠤᠨ ᠦᠢᠯᠡᠴᠢᠯᠡᠭᠡ ᠪᠣᠯᠣᠨ ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠶᠢ  ᠰᠢᠯᠢᠳᠡᠭᠵᠢᠭᠦᠯᠵᠦ᠂ ᠠᠷᠠᠳ ᠲᠦᠮᠡᠨ ᠳᠤ ᠨᠡᠩ ᠤᠯᠠᠨ᠂ ᠨᠡᠩ ᠰᠠᠶᠢᠨ᠂ ᠨᠡᠩ ᠰᠢᠯᠢᠳᠡᠭ ᠥᠨᠳᠥᠷ ᠲᠦᠪᠰᠢᠨ ᠪᠦᠬᠦᠢ ᠤᠶᠤᠨ ᠤ ᠰᠣᠶᠣᠯ ᠤᠨ ᠠᠮᠢᠳᠤᠷᠠᠯ ᠢ  ᠡᠳ᠋ᠯᠡᠭᠦᠯᠭᠦ ᠪᠣᠯ ᠮᠠᠨ ᠤ ᠮᠦᠽᠧᠢ ᠶᠢᠨ ᠠᠵᠢᠯᠲᠠᠳ ᠤᠨ ᠡᠭᠦᠷᠭᠡ ᠬᠠᠷᠢᠭᠤᠴᠠᠯᠭ᠎ᠠ ᠪᠣᠯᠣᠨ᠎ᠠ︾᠃  ᠬᠠᠶᠢᠲᠠᠩ᠂ ᠮᠦᠽᠧᠢ ᠳᠤ ᠠᠵᠢᠯᠯᠠᠭᠰᠠᠨ 12 ᠵᠢᠯ ᠤᠨ ᠲᠤᠷᠰᠢ᠂  ᠪᠢ ᠬᠠᠮᠲᠤ ᠠᠵᠢᠯᠯᠠᠭᠰᠠᠳ ᠲᠠᠢ ᠪᠠᠨ ᠠᠩᠬᠠᠨ ᠤ ᠰᠡᠭᠦᠳᠡᠷᠯᠡᠭᠰᠡᠨ ᠭᠡᠷᠡᠯ ᠵᠢᠷᠤᠭ ᠢᠶᠠᠨ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ  ᠣᠷᠣᠭᠤᠯᠬᠤ᠂ ᠦᠵᠡᠮᠵᠢ ᠶᠢᠨ ᠣᠷᠣᠨ ᠳᠤ ᠣᠷᠣᠭᠤᠯᠬᠤ ᠵᠡᠷᠭᠡ ᠠᠷᠭ᠎ᠠ ᠭᠡᠯᠪᠡᠷᠢ ᠪᠠᠷ ᠳᠠᠮᠵᠢᠨ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠨᠠᠷᠢᠯᠢᠭ  ᠪᠣᠳᠠᠲᠠᠢ ᠬᠢᠵᠦ᠂ ᠮᠦᠽᠧᠢ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠢᠭᠡᠷ ᠢ ᠰᠠᠶᠢᠲᠤᠷ ᠶᠠᠷᠢᠬᠤ ᠪᠠᠷ ᠬᠦᠴᠦᠯᠡᠪᠡ ᠭᠡᠯ᠎ᠡ᠃        ᠨᠡᠩ ᠣᠯᠠᠨ ᠵᠠᠯᠠᠭᠤᠴᠤᠳ ᠪᠠᠭᠠᠴᠤᠳ ᠮᠦᠽᠧᠢ ᠳᠤ ᠢᠷᠠᠵᠤ ᠰᠤᠷᠤᠯᠴᠠᠬᠤ ᠶᠢ ᠳᠠᠭᠠᠯᠳᠤᠨ᠂ ᠬᠠᠶᠢᠲᠠᠩ ᠪᠠ ᠲᠡᠭᠦᠨ ᠤ ᠬᠠᠮᠲᠤ ᠠᠵᠢᠯᠯᠠᠭᠰᠠᠳ᠂  ᠵᠠᠯᠠᠭᠤᠴᠤᠳ ᠪᠠᠭᠠᠴᠤᠳ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠢᠭᠡᠷ ᠪᠠ ᠲᠡᠦᠬᠡ ᠳᠤ ᠮᠠᠰᠢ ᠰᠣᠨᠢᠷᠬᠠᠯ ᠲᠠᠢ ᠪᠠᠶᠢᠬᠤ ᠶᠢ ᠣᠯᠵᠤ ᠮᠡᠳᠡᠪᠡ᠃ ᠡᠭᠦᠨ ᠳᠤ᠂ ᠲᠡᠷᠡ ᠡᠨᠡ ᠲᠤᠬᠠᠢ ᠰᠠᠨᠠᠭᠤᠯᠭ᠎ᠠ ᠲᠤᠭᠤᠷᠪᠢᠵᠤ᠂ ᠵᠠᠯᠠᠭᠤᠴᠤᠳ ᠪᠠᠭᠠᠴᠤᠳ ᠢ ᠳᠠᠭᠠᠭᠤᠯᠤᠨ ᠰᠣᠶᠣᠯ ᠤᠨ ᠪᠦᠲᠦᠭᠡᠯᠴᠢ ᠦᠢᠯᠡᠳᠬᠦᠨ ᠦᠢᠯᠡᠳᠬᠦ᠂ ᠮᠦᠽᠧᠢ ᠶᠢᠨ  ᠪᠢᠴᠢᠬᠠᠨ ᠲᠠᠶᠢᠯᠪᠤᠷᠢᠯᠠᠭᠴᠢ ᠡᠯᠰᠡᠬᠦ ᠵᠡᠷᠭᠡ ᠠᠷᠭ᠎ᠠ ᠭᠡᠯᠪᠡᠷᠢ ᠪᠠᠷ ᠳᠠᠮᠵᠢᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠬᠤᠶᠢᠴᠢ ᠦᠶ᠎ᠡ ᠳᠡᠭᠡᠨ ᠨᠡᠩ  ᠰᠠᠶᠢᠲᠤᠷ ᠤᠯᠠᠮᠵᠢᠯᠠᠨ ᠪᠠᠳᠠᠷᠠᠭᠤᠯᠬᠤ ᠶᠢ ᠵᠣᠷᠢᠵᠠᠢ᠃        ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠳᠤ᠂ ᠬᠠᠶᠢᠲᠠᠩ 3 ᠬᠤᠪᠢ ᠰᠠᠨᠠᠭᠤᠯᠭ᠎ᠠ ᠪᠡᠯᠡᠳᠬᠡᠪᠡ᠂ ᠡᠭᠦᠨ ᠳᠤ ᠠᠩᠬᠠᠷᠤᠨ  ᠬᠠᠯᠠᠮᠵᠢᠯᠠᠵᠤ ᠢᠷᠡᠭᠰᠡᠨ ᠰᠣᠶᠣᠯ ᠤᠨ ᠬᠦᠷᠢᠶ᠎ᠡ ᠴᠠᠷᠠᠭ᠎ᠠ ᠠᠴᠠ ᠪᠠᠨ ᠭᠠᠳᠠᠨ᠎ᠠ᠂ ᠲᠦᠷᠦᠭᠦᠤ ᠤᠳᠠᠭ᠎ᠠ ᠮᠣᠩᠭᠤᠯ ᠡᠮ ᠡᠮᠨᠡᠯᠭᠡ ᠶᠢᠨ ᠬᠦᠷᠢᠶ᠎ᠡ ᠴᠠᠷᠠᠭ᠎ᠠ ᠶᠢᠨ  ᠠᠭᠤᠯᠭ᠎ᠠ ᠶᠢ ᠪᠠᠭᠲᠠᠭᠠᠵᠠᠢ᠃ ᠬᠠᠶᠢᠲᠠᠩ᠄ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠮᠢᠨᠤ ᠡᠭᠦᠷᠭᠡ  ᠬᠠᠷᠢᠭᠤᠴᠠᠯᠭ᠎ᠠ ᠪᠠᠨ ᠭᠦᠢᠴᠡᠳᠬᠡᠬᠦ ᠤᠭ ᠰᠠᠨᠠᠭ᠎ᠠ ᠪᠣᠯ ᠳᠠᠷᠤᠢ ᠤᠯᠠᠨ ᠲᠦᠮᠡᠨ ᠤ ᠪᠤᠳᠤᠯ ᠰᠠᠨᠠᠯ ᠢ ᠰᠣᠨᠣᠰᠴᠤ᠂ ᠣᠷᠣᠰᠢᠵᠤ ᠪᠠᠶᠢᠭ᠎ᠠ ᠦᠨᠡᠨ ᠪᠣᠳᠠᠲᠠᠢ  ᠠᠰᠠᠭᠤᠳᠠᠯ ᠢ ᠲᠤᠰᠬᠠᠵᠤ᠂ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠶᠠᠪᠤᠳᠠᠯ ᠪᠣᠯᠣᠨ᠎ᠠ︕︾ ᠭᠡᠵᠦ ᠵᠣᠷᠢᠯᠲᠠ ᠪᠠᠨ ᠳᠡᠯᠭᠡᠵᠦ ᠭᠠᠷᠤᠯ᠎ᠠ᠃   
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ