ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2024﹈ 24 ᠳ᠋ᠦ᠋ᠭᠡᠷ ᠲᠣᠭᠠᠲᠤ | ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠬᠤ ᠶᠢᠨ ᠲᠤᠰᠠᠳᠠ᠂ | ᠤᠯᠤᠰ ᠤᠨ ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠦᠨ᠎ᠡ | ︵ᠨᠢᠭᠡ︶ ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠰᠠᠭᠤᠷᠢ ᠰᠤᠳᠤᠯᠭᠠᠨ ᠢ ᠴᠢᠩᠭᠠᠳᠬᠠᠨ᠎ᠠ᠃ ᠠᠵᠤ ᠠᠬᠤᠶᠢᠯᠠᠯ᠂ ᠳᠡᠭᠡᠳᠦ ᠵᠡᠷᠭᠡ ᠶᠢᠨ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠤᠯᠤᠰ ᠤᠨ ᠭᠤᠣᠯᠳᠠᠯᠭ᠎ᠠ ᠪᠣᠯᠬᠤ ᠰᠤᠳᠤᠯᠤᠨ ᠨᠡᠭᠡᠭᠡᠬᠦ ᠲᠥᠯᠥᠪᠯᠡᠭᠡ ᠶᠢᠨ | ᠲᠤᠰᠬᠠᠢ ᠵᠦᠢᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯ ᠳᠤ ᠢᠳᠡᠪᠬᠢᠲᠡᠢ ᠪᠠᠷ | ᠭᠤᠶᠤᠴᠢᠯᠠᠨ ᠮᠡᠳᠡᠭᠦᠯᠵᠦ᠂ ᠳᠠᠬᠢᠨ ᠡᠭᠦᠰᠴᠦ ᠪᠣᠯᠬᠤ ᠡᠨᠧᠷᠭᠢ ᠪᠠᠷ ᠤᠰᠤᠲᠥ᠋ᠷᠥᠭᠴᠢ ᠦᠢᠯᠡᠳᠬᠦ ᠳᠠᠬᠢ ᠡᠵᠡᠮᠰᠢᠬᠦ ᠠᠵᠢᠯᠯᠠᠭᠠᠨ ᠢ ᠲᠦᠷᠭᠡᠨ ᠳᠠᠭᠠᠵᠤ | ᠭᠦᠢᠴᠡᠳᠬᠡᠬᠦ᠂ ᠥᠪᠡᠷ ᠤᠨ ᠥᠷᠲᠡᠭ ᠢᠶᠠᠷ ᠳᠣᠣᠷ᠎ᠠ ᠪᠣᠬᠢᠷᠲᠤᠯ ᠦᠭᠡᠢ ᠶᠡᠭᠡ ᠬᠡᠪᠴᠢᠶᠡᠨ ᠤ ᠤᠰᠤᠲᠥ᠋ᠷᠥᠭᠴᠢ ᠦᠢᠯᠡᠳᠬᠦ ᠨᠥᠭᠡᠴᠡᠯᠡᠬᠦ ᠵᠥᠭᠡᠭᠡᠪᠦᠷᠢᠯᠡᠬᠦ ᠵᠡᠷᠭᠡ | ᠰᠠᠭᠤᠷᠢ ᠰᠤᠳᠤᠯᠭᠠᠨ ᠥᠷᠨᠢᠭᠦᠯᠬᠦ ᠶᠢ ᠨᠢ ᠳᠡᠮᠵᠢᠨ᠎ᠡ᠃ ᠳᠠᠯᠠᠨ ᠬᠠᠷ᠎ᠠ ᠠᠭᠤᠯᠠ ᠶᠢᠨ ᠲᠤᠷᠰᠢᠯᠲᠠ ᠶᠢᠨ ᠲᠠᠰᠤᠭ ᠵᠡᠷᠭᠡ ᠰᠢᠨ᠎ᠡ ᠶᠢ ᠡᠭᠦᠳᠬᠦ ᠲᠠᠪᠴᠠᠩ ᠤᠨ | ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠳᠠᠬᠢᠨ ᠡᠭᠦᠰᠴᠦ ᠪᠣᠯᠬᠤ ᠡᠨᠧᠷᠭᠢ ᠪᠠᠷ ᠤᠰᠤᠲᠥ᠋ᠷᠥᠭᠴᠢ ᠦᠢᠯᠡᠳᠬᠦ ᠪᠠ ᠬᠡᠷᠡᠭᠯᠡᠬᠦ ᠵᠡᠷᠭᠡ ᠵᠠᠩᠭᠢᠯᠠᠭ᠎ᠠ ᠶᠢᠨ | ᠮᠡᠷᠭᠡᠵᠢᠯ ᠤᠨ ᠰᠤᠳᠤᠯᠭᠠᠨ ᠢ ᠠᠬᠢᠭᠤᠯᠤᠨ᠎ᠠ᠃ | ︵ᠬᠤᠶᠠᠷ︶ ᠤᠰᠤᠲᠥ᠋ᠷᠥᠭᠴᠢᠲᠤ ᠡᠨᠧᠷᠭᠢ ᠶᠢᠨ ᠭᠤᠣᠯᠯᠠᠬᠤ ᠮᠡᠷᠭᠡᠵᠢᠯ ᠳᠤ ᠰᠢᠨ᠎ᠡ ᠶᠢ ᠡᠭᠦᠳᠬᠦ ᠪᠠᠨ ᠴᠢᠩᠭᠠᠳᠬᠠᠨ᠎ᠠ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠤᠳᠤᠯᠤᠨ ᠨᠡᠭᠡᠭᠡᠯᠲᠡ ᠳᠠᠬᠢ | ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠨᠢᠭᠡ ᠪᠦᠯᠦᠭ ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠭᠤᠣᠯᠯᠠᠬᠤ ᠮᠡᠷᠭᠡᠵᠢᠯ ᠤᠨ ᠬᠤᠭᠤᠰᠤᠨ | ᠵᠠᠢ ᠶᠢ ᠨᠥᠬᠦᠪᠦᠷᠢᠯᠡᠵᠦ ᠳᠡᠶᠢᠯᠬᠦ ᠰᠤᠳᠤᠯᠤᠨ ᠨᠡᠭᠡᠭᠡᠬᠦ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠡᠭᠡᠳᠦ ᠬᠡᠯᠬᠢᠶᠡᠨ ᠳᠤ ᠦᠢᠯᠡᠳᠬᠦ᠂ ᠳᠤᠮᠳᠠ | ᠬᠡᠯᠬᠢᠶᠡᠨ ᠳᠤ ᠨᠥᠭᠡᠴᠡᠯᠡᠨ ᠵᠥᠭᠡᠭᠡᠪᠦᠷᠢᠯᠡᠬᠦ᠂ ᠳᠣᠣᠷᠠᠳᠤ ᠬᠡᠯᠬᠢᠶᠡᠨ ᠳᠤ ᠬᠡᠷᠡᠭᠯᠡᠬᠦ ᠵᠢᠴᠢ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠲᠠᠯ᠎ᠠ ᠪᠠᠷ | ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠬᠤ ᠰᠢᠨ᠎ᠡ ᠠᠷᠭ᠎ᠠ ᠵᠠᠮ ᠢ ᠭᠤᠣᠯᠳᠠᠯᠭ᠎ᠠ ᠲᠠᠢ ᠪᠠᠷ ᠰᠦᠪᠡᠭᠴᠢᠯᠡᠨ᠎ᠡ᠃ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠭᠤᠣᠯ ᠴᠣᠭᠴᠠ ᠶᠢᠨ ᠦᠢᠯᠡᠳᠦᠯ ᠢ ᠨᠢ ᠪᠠᠳᠠᠷᠠᠭᠤᠯᠤᠨ᠂ ᠠᠵᠤ ᠦᠢᠯᠡᠰ ᠤᠨ ᠬᠤᠰᠢᠭᠤᠷᠠᠯ ᠮᠡᠷᠭᠡᠵᠢᠯ ᠪᠠ ᠵᠠᠩᠭᠢᠯᠠᠭ᠎ᠠ ᠶᠢᠨ ᠨᠡᠶᠢᠲᠡᠴᠢ ᠴᠢᠨᠠᠷᠲᠠᠢ | ᠮᠡᠷᠭᠡᠵᠢᠯ ᠢᠶᠠᠷ ᠤᠳᠤᠷᠢᠳᠤᠮᠵᠢ ᠪᠣᠯᠭᠠᠵᠤ᠂ ᠤᠰᠤᠲᠥ᠋ᠷᠥᠭᠴᠢ ᠦᠢᠯᠡᠳᠬᠦ ᠠᠵᠤ ᠠᠬᠤᠶᠢᠯᠠᠯ ᠬᠢᠭᠡᠳ ᠤᠰᠤᠲᠥ᠋ᠷᠥᠭᠴᠢᠲᠤ ᠡᠨᠧᠷᠭᠢ ᠶᠢᠨ ᠲᠣᠨᠤᠭ | ᠲᠥᠬᠦᠭᠡᠷᠦᠮᠵᠢ ᠶᠢᠨ ᠠᠵᠤ ᠠᠬᠤᠶᠢᠯᠠᠯ ᠤᠨ ︽ᠬᠡᠯᠬᠢᠶᠡᠵᠢᠭᠦᠯᠦᠨ ᠬᠠᠮᠲᠤᠷᠠᠯᠴᠠᠭᠤᠯᠬᠤ︾ ᠵᠠᠭᠪᠤᠷ ᠢ ᠶᠡᠭᠡ ᠪᠠᠷ ᠳᠡᠮᠵᠢᠵᠦ᠂ ᠪᠣᠬᠢᠷᠲᠤᠯ ᠦᠭᠡᠢ ᠤᠰᠤᠲᠥ᠋ᠷᠥᠭᠴᠢ | ᠦᠢᠯᠡᠳᠬᠦ ᠨᠥᠭᠡᠴᠡᠯᠡᠬᠦ ᠵᠥᠭᠡᠭᠡᠪᠦᠷᠢᠯᠡᠬᠦ ᠡᠯ᠎ᠡ ᠭᠤᠭᠴᠣᠭᠠᠨ ᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠰᠢᠪᠲᠤᠯᠤᠯᠲᠠ ᠭᠠᠷᠭᠠᠬᠤ ᠪᠠᠨ ᠲᠦᠷᠭᠡᠳᠬᠡᠨ᠎ᠡ᠃ | ︵ᠭᠤᠷᠪᠠ︶ ᠤᠰᠤᠲᠥ᠋ᠷᠥᠭᠴᠢᠲᠤ ᠡᠨᠧᠷᠭᠢ ᠶᠢᠨ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠡᠮᠵᠢᠨ᠎ᠡ᠃ ᠤᠰᠤᠲᠥ᠋ᠷᠥᠭᠴᠢᠲᠤ ᠡᠨᠧᠷᠭᠢ ᠶᠢᠨ ᠠᠵᠤ | ᠦᠢᠯᠡᠰ ᠤᠨ ᠴᠢᠬᠤᠯᠠ ᠶᠡᠭᠡ ᠮᠡᠷᠭᠡᠵᠢᠯ ᠤᠨ ᠲᠣᠨᠤᠭ ᠲᠥᠬᠦᠭᠡᠷᠦᠮᠵᠢ ᠪᠠ ᠮᠠᠲ᠋ᠧᠷᠢᠶᠠᠯ ᠢ ᠤᠯᠤᠰ ᠤᠨ ᠡᠨᠧᠷᠭᠢ ᠶᠢᠨ ᠬᠦᠷᠢᠶᠡᠨ ᠳᠠᠬᠢ ᠠᠩᠬᠠᠳᠠᠭᠴᠢ ᠰᠠᠭᠤᠷᠢ ︵ | ᠢᠵᠢ︶ ᠴᠢᠬᠤᠯᠠ ᠶᠡᠭᠡ ᠮᠡᠷᠭᠡᠵᠢᠯ ᠤᠨ ᠲᠣᠨᠤᠭ ᠲᠥᠬᠦᠭᠡᠷᠦᠮᠵᠢ᠂ ᠭᠤᠣᠯᠳᠠᠯᠭ᠎ᠠ ᠪᠣᠯᠬᠤ ᠰᠢᠨ᠎ᠡ ᠮᠠᠲ᠋ᠧᠷᠢᠶᠠᠯ ᠤᠨ ᠬᠡᠷᠡᠭᠯᠡᠭᠡᠨ ᠢᠶᠠᠷ ᠵᠢᠱᠢᠶ᠎ᠡ ᠦᠵᠡᠭᠦᠯᠬᠦ᠂ | ᠪᠣᠬᠢᠷᠲᠤᠯ ᠦᠭᠡᠢ ᠮᠡᠷᠭᠡᠵᠢᠯ ᠵᠡᠷᠭᠡ ᠲᠤᠰᠬᠠᠢ ᠵᠦᠢᠯ ᠢᠶᠠᠷ ᠭᠤᠶᠤᠴᠢᠯᠠᠨ ᠮᠡᠳᠡᠭᠦᠯᠬᠦ ᠶᠢ ᠶᠡᠭᠡ ᠪᠠᠷ ᠳᠡᠮᠵᠢᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠢ ᠲᠠᠰ ᠳᠡᠪᠰᠢᠭᠦᠯᠵᠦ᠂ ᠠᠵᠤ ᠦᠢᠯᠡᠰ ᠤᠨ ᠬᠡᠯᠬᠢᠶᠡᠨ ᠤ ᠡᠯ᠎ᠡ | ᠭᠤᠭᠴᠣᠭᠠᠨ ᠳᠤ ᠪᠠᠶᠢᠭ᠎ᠠ ᠠᠵᠤ ᠠᠬᠤᠶᠢᠯᠠᠯ ᠤᠨ ᠥᠪᠥᠷ ᠮᠣᠩᠭᠤᠯ ᠢᠶᠠᠷ ᠲᠤᠷᠰᠢᠯᠲᠠ ᠶᠢᠨ ᠲᠠᠯᠠᠪᠠᠶ ᠪᠣᠯᠭᠠᠨ ᠰᠢᠨ᠎ᠡ ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ᠂ | ᠰᠢᠨ᠎ᠡ ᠮᠠᠲ᠋ᠧᠷᠢᠶᠠᠯ ᠢᠶᠠᠨ ᠳᠡᠯᠭᠡᠷᠡᠭᠦᠯᠦᠨ ᠬᠡᠷᠡᠭᠯᠡᠬᠦ ᠶᠢ ᠨᠢ ᠶᠡᠭᠡ ᠪᠠᠷ ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ︽ᠡᠷᠴᠢᠮᠯᠡᠬᠦ︾ | ᠦᠢᠯᠡᠴᠢᠯᠡᠭᠡ ᠶᠢ ᠨᠢ ᠶᠡᠬᠡᠰᠬᠡᠨ᠎ᠡ᠃ ᠰᠢᠨ᠎ᠡ ᠬᠡᠯᠪᠡᠷᠢ ᠶᠢᠨ ᠬᠤᠪᠣᠷ ᠰᠢᠷᠣᠢ ᠶᠢᠨ ᠤᠰᠤᠲᠥ᠋ᠷᠥᠭᠴᠢ ᠨᠥᠭᠡᠴᠡᠯᠡᠬᠦ ᠬᠠᠶᠢᠯᠤᠰᠢ ᠶᠢᠨ ᠮᠠᠲ᠋ᠧᠷᠢᠶᠠᠯ᠂ ᠬᠠᠲᠠᠭᠤ | ᠲᠥᠯᠥᠪᠲᠦ ᠤᠰᠤᠲᠥ᠋ᠷᠥᠭᠴᠢ ᠨᠥᠭᠡᠴᠡᠯᠡᠬᠦ ᠲᠣᠨᠣᠭᠯᠠᠯ᠂ ᠴᠠᠬᠢᠯᠭᠠᠨ ᠬᠦᠴᠦᠨ ᠤ ᠲᠣᠣᠷ ᠠᠴᠠ ᠰᠠᠯᠤᠩᠭᠢ ᠪᠠᠷ ᠤᠰᠤᠲᠥ᠋ᠷᠥᠭᠴᠢ ᠦᠢᠯᠡᠳᠬᠦ ᠵᠡᠷᠭᠡ ᠦᠷ᠎ᠡ | ᠪᠦᠲᠦᠭᠡᠯ ᠢ ᠠᠵᠤ ᠦᠢᠯᠡᠰᠵᠢᠭᠦᠯᠬᠦ ᠠᠬᠢᠴᠠ ᠪᠠᠨ ᠲᠦᠷᠭᠡᠳᠬᠡᠵᠦ᠂ ᠲᠣᠣᠷᠯᠢᠭ ᠬᠡᠯᠪᠡᠷᠢ ᠶᠢᠨ ᠮᠡᠷᠭᠡᠵᠢᠯ᠂ ᠴᠠᠬᠢᠯᠭᠠᠨ ᠦᠭᠡᠢ ᠪᠠᠷ ᠬᠥᠳᠡᠯᠭᠡᠬᠦ ᠮᠡᠷᠭᠡᠵᠢᠯ᠂ ᠣᠶᠤᠨᠴᠢ | ᠪᠢᠴᠢᠯ ᠴᠠᠬᠢᠯᠭᠠᠨ ᠬᠦᠴᠦᠨ ᠤ ᠲᠣᠣᠷ ᠤᠨ ᠮᠡᠷᠭᠡᠵᠢᠯ ᠵᠡᠷᠭᠡ ᠶᠢ ᠳᠠᠬᠢᠨ ᠡᠭᠦᠰᠴᠦ ᠪᠣᠯᠬᠤ ᠡᠨᠧᠷᠭᠢ ᠪᠠᠷ ᠤᠰᠤᠲᠥ᠋ᠷᠥᠭᠴᠢ ᠦᠢᠯᠡᠳᠬᠦ ᠬᠦᠷᠢᠶ᠎ᠡ ᠴᠠᠷᠠᠭᠠᠨ ᠳᠠᠬᠢ | ᠬᠡᠷᠡᠭᠯᠡᠭᠡᠨ ᠢ ᠬᠠᠶᠢᠨ ᠰᠦᠪᠡᠭᠴᠢᠯᠡᠵᠦ᠂ ᠴᠠᠬᠢᠯᠭᠠᠨ ᠬᠦᠴᠦᠨ ᠤ ᠲᠣᠣᠷ ᠲᠤ ᠨᠡᠶᠢᠯᠡᠭᠦᠯᠬᠦ ᠬᠡᠯᠪᠡᠷᠢ ᠪᠠᠷ ᠤᠰᠤᠲᠥ᠋ᠷᠥᠭᠴᠢ ᠦᠢᠯᠡᠳᠬᠦ ᠠᠴᠠ ᠴᠠᠬᠢᠯᠭᠠᠨ ᠬᠦᠴᠦᠨ ᠤ | ᠲᠣᠣᠷ ᠠᠴᠠ ᠰᠠᠯᠤᠩᠭᠢ ᠬᠡᠯᠪᠡᠷᠢ ᠪᠠᠷ ᠤᠰᠤᠲᠥ᠋ᠷᠥᠭᠴᠢ ᠦᠢᠯᠡᠳᠬᠦ ᠲᠡᠶᠢᠰᠢ ᠬᠥᠭᠵᠢᠭᠦᠯᠬᠦ ᠶᠢ ᠠᠬᠢᠭᠤᠯᠤᠨ᠎ᠠ᠃ ᠰᠢᠨ᠎ᠡ ᠶᠢ ᠡᠭᠦᠳᠬᠦ ᠲᠠᠪᠴᠠᠩ ᠤᠨ | ᠠᠴᠢᠶᠠᠯᠠᠪᠤᠷᠢ ᠶᠢ ᠪᠠᠶᠢᠭᠤᠯᠵᠤ᠂ ᠪᠣᠬᠢᠷᠲᠤᠯ ᠦᠭᠡᠢ ᠤᠰᠤᠲᠥ᠋ᠷᠥᠭᠴᠢᠲᠤ ᠲᠣᠨᠤᠭ ᠲᠥᠬᠦᠭᠡᠷᠦᠮᠵᠢ ᠶᠢᠨ ᠮᠡᠷᠭᠡᠵᠢᠯ ᠢ ᠰᠤᠳᠤᠯᠤᠨ ᠨᠡᠭᠡᠭᠡᠬᠦ᠂ ᠰᠢᠰᠲ᠋ᠧᠮᠵᠢᠨ | ᠬᠤᠷᠠᠭᠤᠯᠬᠤ᠂ ᠪᠠᠷᠢᠮᠵᠢᠶ᠎ᠠ ᠲᠣᠭᠲᠠᠭᠠᠬᠤ ᠵᠡᠷᠭᠡ ᠠᠵᠢᠯ ᠢ ᠥᠷᠨᠢᠭᠦᠯᠦᠨ᠎ᠡ᠃ ᠤᠰᠤᠲᠥ᠋ᠷᠥᠭᠴᠢᠲᠤ ᠡᠨᠧᠷᠭᠢ ᠶᠢᠨ ᠲᠣᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ | ᠭᠡᠷᠡᠴᠢᠯᠡᠬᠦ ᠲᠠᠪᠴᠠᠩ ᠤᠨ ᠪᠠᠶᠢᠭᠤᠯᠤᠯᠲᠠ ᠶᠢ ᠳᠡᠮᠵᠢᠵᠦ᠂ ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠠᠪᠴᠠᠩ ᠢ ᠰᠦᠪᠡᠭᠴᠢᠯᠡᠨ ᠪᠠᠶᠢᠭᠤᠯᠤᠨ᠎ᠠ᠃ | ︵ᠳᠥᠷᠪᠡ︶ ᠲᠤᠰᠬᠠᠢ ᠮᠡᠷᠭᠡᠵᠢᠯ ᠤᠨ ᠴᠢᠳᠠᠪᠤᠷᠢᠲᠠᠨ ᠬᠥᠮᠥᠵᠢᠭᠦᠯᠬᠦ ᠠᠵᠢᠯ ᠢ ᠴᠢᠩᠭᠠᠳᠬᠠᠨ᠎ᠠ᠃ ︽ᠬᠤᠶᠠᠷ ᠢ ᠡᠯᠰᠡᠵᠦ ᠬᠤᠶᠠᠷ ᠢ ᠲᠠᠲᠠᠬᠤ︾᠂ ︽ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾᠂ ︽ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠳᠤ ᠦᠢᠯᠡᠴᠢᠯᠡᠬᠦ︾ | ᠵᠡᠷᠭᠡ ᠲᠥᠷᠥ ᠶᠢᠨ ᠪᠣᠳᠣᠯᠭ᠎ᠠ ᠶᠢ ᠭᠦᠢᠴᠡᠳ ᠠᠰᠢᠭᠯᠠᠨ᠂ ︽ᠳᠡᠭᠡᠳᠦ ᠨᠠᠷᠢᠯᠢᠭ ᠣᠬᠢ ᠬᠤᠮᠰᠠ︾ ᠴᠢᠳᠠᠪᠤᠷᠢᠲᠠᠨ ᠤ ᠪᠦᠯᠬᠦᠮ ᠨᠡᠶᠢᠲᠡ ᠲᠠᠢ ᠢᠳᠡᠪᠬᠢᠲᠡᠢ ᠪᠠᠷ | ᠵᠣᠯᠭᠠᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠤᠰᠤᠲᠥ᠋ᠷᠥᠭᠴᠢᠲᠤ ᠡᠨᠧᠷᠭᠢ ᠶᠢᠨ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠨ᠎ᠠ | ᠃ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠪᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠰᠤᠲᠥ᠋ᠷᠥᠭᠴᠢᠲᠤ ᠡᠨᠧᠷᠭᠢ ᠲᠠᠢ | ᠬᠠᠮᠢᠶᠠᠳᠠᠬᠤ ᠲᠤᠰᠬᠠᠢ ᠮᠡᠷᠭᠡᠵᠢᠯ ᠤᠨ ᠬᠢᠴᠢᠶᠡᠯ ᠰᠢᠨᠵᠢᠯᠡᠭᠡᠨ ᠤ ᠰᠠᠯᠠᠭ᠎ᠠ ᠶᠢ ᠪᠠᠶᠢᠭᠤᠯᠵᠤ᠂ ᠰᠣᠷᠣᠭᠴᠢ ᠡᠯᠰᠡᠬᠦ ᠬᠡᠪᠴᠢᠶ᠎ᠡ ᠪᠠᠨ ᠵᠣᠬᠢᠬᠤ ᠬᠡᠮᠵᠢᠶ᠎ᠡ ᠪᠠᠷ | ᠥᠷᠭᠡᠳᠬᠡᠬᠦ ᠶᠢ ᠨᠢ ᠠᠬᠢᠭᠤᠯᠤᠨ᠂ ᠠᠵᠤ ᠦᠢᠯᠡᠰ ᠲᠤ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠲᠦᠷᠭᠡᠳᠬᠡᠵᠦ ᠬᠥᠮᠥᠵᠢᠭᠦᠯᠦᠨ ᠪᠤᠶᠢᠵᠢᠭᠤᠯᠤᠨ᠎ᠠ᠃ | ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠬᠠᠮ ᠬᠡᠯᠪᠡᠷᠢ ᠶᠢᠨ ᠲᠤᠰᠬᠠᠢ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢᠲᠠᠨ ᠢ ᠲᠦᠷᠭᠡᠳᠬᠡᠨ ᠬᠥᠮᠥᠵᠢᠭᠦᠯᠵᠦ᠂ ᠴᠢᠳᠠᠪᠤᠷᠢᠲᠠᠨ ᠤ ᠨᠡᠶᠢᠯᠡᠮᠡᠯ ᠬᠦᠴᠦᠨ ᠢ ᠪᠣᠶ ᠪᠣᠯᠭᠠᠨ᠎ᠠ᠃ | ᠬᠤᠶᠠᠷ᠂ ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠲᠦᠷᠭᠡᠳᠬᠡᠨ ᠠᠬᠢᠭᠤᠯᠤᠨ᠎ᠠ | ︵ᠨᠢᠭᠡ︶ ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠰᠠᠯᠬᠢᠨ ᠪᠠ ᠭᠡᠷᠡᠯᠴᠢ ᠴᠡᠨᠡᠭ ᠤᠨ ᠡᠬᠢ ᠪᠠᠶᠠᠯᠢᠭ | ᠂ ᠭᠠᠵᠠᠷ ᠰᠢᠷᠣᠢ ᠶᠢᠨ ᠡᠬᠢ ᠪᠠᠶᠠᠯᠢᠭ᠂ ᠤᠰᠤᠨ ᠤ ᠡᠬᠢ ᠪᠠᠶᠠᠯᠢᠭ᠂ ᠴᠠᠬᠢᠯᠭᠠᠨ ᠬᠦᠴᠦᠨ ᠤ ᠲᠣᠣᠷ ᠲᠤ ᠵᠠᠯᠭᠠᠨ ᠣᠷᠣᠭᠤᠯᠬᠤ ᠵᠡᠷᠭᠡ ᠨᠥᠬᠦᠴᠡᠯ ᠢ ᠶᠡᠷᠦᠩᠬᠡᠶᠢᠯᠡᠨ | ᠪᠣᠳᠣᠯᠬᠢᠯᠠᠵᠤ᠂ ᠪᠣᠬᠢᠷᠲᠤᠯ ᠦᠭᠡᠢ ᠤᠰᠤᠲᠥ᠋ᠷᠥᠭᠴᠢ ᠶᠢᠨ ᠲᠥᠷᠥᠯ ᠵᠦᠢᠯ ᠢ ᠵᠦᠢ ᠵᠣᠬᠢᠰᠲᠠᠢ ᠪᠠᠶᠢᠷᠢᠰᠢᠭᠤᠯᠤᠨ᠎ᠠ᠃ ᠤᠰᠤᠲᠥ᠋ᠷᠥᠭᠴᠢ ᠦᠢᠯᠡᠳᠬᠦ᠂ ᠨᠥᠭᠡᠴᠡᠯᠡᠵᠦ | ᠵᠥᠭᠡᠭᠡᠪᠦᠷᠢᠯᠡᠬᠦ᠂ ᠰᠢᠩᠭᠡᠬᠡᠨ ᠪᠠᠭᠲᠠᠭᠠᠬᠤ ᠵᠡᠷᠭᠡ ᠭᠤᠭᠴᠤᠭ᠎ᠠ ᠶᠢ ᠨᠢᠭᠡᠳᠦᠯᠲᠡᠢ ᠲᠥᠯᠥᠪᠯᠡᠵᠦ᠂ ᠠᠵᠤ ᠦᠢᠯᠡᠳᠪᠦᠷᠢ ᠠᠵᠤ ᠦᠢᠯᠡᠰ ᠤᠨ | ᠪᠠᠶᠢᠷᠢᠰᠢᠭᠤᠯᠤᠯᠲᠠ ᠯᠤᠭ᠎ᠠ ᠨᠢᠭᠲᠠ ᠵᠣᠯᠭᠠᠭᠤᠯᠬᠤ ᠶᠢ ᠪᠡᠶᠡᠯᠡᠭᠦᠯᠦᠨ᠎ᠡ᠃ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠤᠰᠤᠲᠥ᠋ᠷᠥᠭᠴᠢ ᠦᠢᠯᠡᠳᠬᠦ | ᠲᠥᠷᠥᠯ ᠵᠦᠢᠯ ᠪᠠᠶᠢᠷᠢᠰᠢᠭᠤᠯᠬᠤ ᠶᠢ ᠨᠢ ᠲᠡᠮᠵᠢᠵᠤ᠂ ᠰᠢᠨ᠎ᠡ ᠡᠨᠧᠷᠭᠢ ᠶᠢ ᠰᠢᠩᠭᠡᠬᠡᠨ ᠪᠠᠭᠲᠠᠭᠠᠬᠤ ᠶᠢ ᠠᠬᠢᠭᠤᠯᠤᠨ᠎ᠠ᠃ ᠰᠠᠯᠬᠢᠨ ᠪᠠ ᠭᠡᠷᠡᠯᠴᠢ ᠴᠡᠨᠡᠭ ᠢᠶᠠᠷ | ᠤᠰᠤᠲᠥ᠋ᠷᠥᠭᠴᠢ ᠦᠢᠯᠡᠳᠬᠦ ᠲᠥᠷᠥᠯ ᠵᠦᠢᠯ ᠬᠢᠭᠡᠳ ᠪᠣᠬᠢᠷᠲᠤᠯ ᠦᠭᠡᠢ ᠤᠰᠤᠲᠥ᠋ᠷᠥᠭᠴᠢ ᠶᠢᠨ ᠬᠡᠷᠡᠭᠯᠡᠭᠡᠨ ᠤ ᠲᠥᠷᠥᠯ ᠵᠦᠢᠯ ᠢ ᠨᠢᠭᠡ ᠴᠣᠭᠴᠠᠵᠢᠭᠤᠯᠤᠨ ᠬᠢᠨᠠᠨ | ᠵᠥᠪᠰᠢᠶᠡᠷᠡᠬᠦ ᠪᠠ ᠪᠦᠲᠦᠭᠡᠨ ᠪᠠᠶᠢᠭᠤᠯᠵᠤ ᠬᠠᠮᠢᠶᠠᠷᠬᠤ ᠶᠢ ᠠᠬᠢᠭᠤᠯᠤᠨ᠎ᠠ᠃ ᠪᠣᠬᠢᠷᠲᠤᠯ ᠦᠭᠡᠢ ᠤᠰᠤᠲᠥ᠋ᠷᠥᠭᠴᠢ ᠶᠢᠨ ᠦᠢᠯᠡᠳᠪᠦᠷᠢᠯᠡᠯ ᠳᠤ ᠬᠡᠷᠡᠭᠯᠡᠬᠦ ᠤᠰᠤᠨ ᠤ | ᠪᠠᠲᠤᠯᠠᠭ᠎ᠠ ᠶᠢ ᠴᠢᠩᠭᠠᠷᠠᠭᠤᠯᠵᠤ᠂ ᠪᠠᠶᠢᠩᠭᠤ ᠶᠢᠨ ᠪᠤᠰᠤ ᠤᠰᠤᠨ ᠤ ᠡᠬᠢ ᠰᠤᠷᠪᠤᠯᠵᠢ ᠶᠢ ᠤᠷᠢᠳ ᠢᠶᠠᠷ ᠠᠰᠢᠭᠯᠠᠵᠤ ᠤᠰᠤᠲᠥ᠋ᠷᠥᠭᠴᠢ ᠦᠢᠯᠡᠳᠬᠦ ᠶᠢ | ᠵᠣᠷᠢᠭᠵᠢᠭᠤᠯᠤᠨ᠎ᠠ᠃ | ︵ᠬᠤᠶᠠᠷ︶ ᠲᠦᠷᠦᠯ ᠵᠦᠢᠯ ᠤᠨ ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠦᠨ᠎ᠡ᠃ ᠰᠠᠯᠬᠢᠨ ᠪᠠ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ | ᠬᠢᠭᠡᠳ ᠤᠰᠤᠲᠥ᠋ᠷᠥᠭᠴᠢ ᠦᠢᠯᠡᠳᠬᠦ ᠳᠠᠭᠠᠭᠠᠴᠠ ᠶᠢ ᠥᠨᠳᠥᠷ ᠦᠷ᠎ᠡ ᠪᠦᠲᠦᠮᠵᠢᠲᠡᠶ ᠪᠠᠷ ᠵᠣᠯᠭᠠᠭᠤᠯᠬᠤ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠰᠠᠯᠬᠢᠨ | ᠬᠦᠴᠦᠨ ᠤ ᠮᠠᠰᠢᠨ ᠤ ᠬᠡᠯᠪᠡᠷᠢ ᠶᠢᠨ ᠲᠣᠬᠢᠷᠠᠯᠴᠠᠭᠤᠯᠤᠯ᠂ ᠭᠡᠷᠡᠯᠴᠢ ᠴᠡᠨᠡᠭ ᠢᠶᠠᠷ ᠤᠰᠤᠲᠥ᠋ᠷᠥᠭᠴᠢ ᠦᠢᠯᠡᠳᠬᠦ ᠰᠢᠰᠲ᠋ᠧᠮ ᠤᠨ ᠵᠢᠷᠤᠭ ᠲᠥᠯᠥᠪᠯᠡᠭᠡ ᠶᠢ | ᠰᠢᠯᠢᠳᠡᠭᠵᠢᠭᠦᠯᠦᠨ᠂ ᠪᠣᠬᠢᠷᠲᠤᠯ ᠦᠭᠡᠢ ᠤᠰᠤᠲᠥ᠋ᠷᠥᠭᠴᠢ ᠶᠢᠨ ᠬᠡᠪᠴᠢᠶᠡᠵᠢᠭᠦᠯᠦᠭᠰᠡᠨ ᠦᠢᠯᠡᠳᠪᠦᠷᠢᠯᠡᠯ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠲᠥᠷᠥᠯ | ᠵᠦᠢᠯ ᠢ ᠭᠤᠶᠤᠴᠢᠯᠠᠨ ᠮᠡᠳᠡᠭᠦᠯᠬᠦ᠂ ᠬᠢᠨᠠᠨ ᠵᠥᠪᠰᠢᠶᠡᠷᠡᠬᠦ᠂ ᠰᠢᠯᠭᠠᠨ ᠬᠤᠷᠢᠶᠠᠵᠤ ᠠᠪᠬᠤ ᠵᠡᠷᠭᠡ ᠴᠤᠪᠤᠷᠠᠯ ᠪᠠ ᠱᠠᠭᠠᠷᠳᠠᠯᠭ᠎ᠠ ᠶᠢ ᠲᠡᠭᠦᠯᠳᠡᠷᠵᠢᠭᠦᠯᠵᠦ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠪᠠ ᠪᠤᠴᠠᠭᠠᠨ ᠭᠠᠷᠭᠠᠬᠤ ᠬᠠᠮᠢᠶᠠᠷᠤᠯᠲᠠ ᠶᠢ ᠵᠢᠷᠤᠮᠵᠢᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠮᠬᠢ | ᠵᠢᠷᠤᠮ ᠲᠠᠢ ᠠᠬᠢᠭᠤᠯᠤᠨ᠎ᠠ᠃ ︽ᠬᠠᠷ᠎ᠠ ᠴᠠᠭᠠᠨ ᠨᠡᠷᠡᠰ ᠤᠨ ᠲᠠᠩᠰᠠ︾ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥᠯ ᠵᠦᠢᠯ ᠢ ᠬᠡᠷᠡᠭᠵᠢᠭᠦᠯᠦᠭᠰᠡᠨ | ᠠᠵᠤ ᠠᠬᠤᠶᠢᠯᠠᠯ ᠳᠤ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ ᠭᠤᠣᠯᠳᠠᠯᠭ᠎ᠠ ᠪᠣᠯᠬᠤ ᠠᠵᠤ ᠠᠬᠤᠶᠢᠯᠠᠯ ᠤᠨ ᠪᠣᠬᠢᠷᠲᠤᠯ ᠦᠭᠡᠢ | ᠤᠰᠤᠲᠥ᠋ᠷᠥᠭᠴᠢ ᠶᠢᠨ ᠲᠥᠷᠥᠯ ᠵᠦᠢᠯ ᠢ ᠪᠦᠲᠦᠭᠡᠨ ᠪᠠᠶᠢᠭᠤᠯᠬᠤ ᠠᠬᠢᠴᠠ ᠪᠠᠨ ᠲᠦᠷᠭᠡᠳᠬᠡᠬᠦ ᠶᠢ ᠨᠢ ᠳᠡᠮᠵᠢᠵᠦ᠂ ᠪᠣᠬᠢᠷᠲᠤᠯ ᠦᠭᠡᠢ ᠤᠰᠤᠲᠥ᠋ᠷᠥᠭᠴᠢ ᠶᠢᠨ ᠠᠵᠤ | ᠦᠢᠯᠡᠰ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ | ︵ᠭᠤᠷᠪᠠ︶ ᠤᠰᠤᠲᠥ᠋ᠷᠥᠭᠴᠢᠲᠤ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠪᠤᠵᠠᠭᠠᠶᠢᠷᠠᠭᠤᠯᠤᠨ᠎ᠠ᠃ ᠤᠰᠤᠲᠥ᠋ᠷᠥᠭᠴᠢᠲᠤ | ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠡᠯ᠎ᠡ ᠭᠤᠭᠴᠤᠭ᠎ᠠ ᠪᠠ ᠬᠡᠯᠬᠢᠶ᠎ᠡ ᠶᠢ ᠬᠦᠴᠦᠷᠬᠡᠭᠵᠢᠭᠦᠯᠦᠨ᠂ ᠬᠥᠬᠡᠬᠤᠲᠠ ᠪᠤᠭᠤᠲᠤ ᠣᠷᠳᠣᠰ | ᠲᠦᠩᠯᠢᠶᠣᠣ ᠶᠢᠨ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠤᠰᠤᠲᠥ᠋ᠷᠥᠭᠴᠢᠲᠤ ᠡᠨᠧᠷᠭᠢ ᠶᠢᠨ | ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠯᠬᠢᠶᠡᠨ ᠤ ᠳᠤᠮᠳᠠ ᠳᠡᠭᠡᠳᠦ ᠦᠵᠦᠭᠦᠷ ᠲᠡᠶᠢᠰᠢ ᠳᠠᠪᠰᠢᠬᠤ ᠶᠢ ᠨᠢ ᠠᠬᠢᠭᠤᠯᠤᠨ᠎ᠠ᠃ | ᠤᠰᠤᠲᠥ᠋ᠷᠥᠭᠴᠢᠲᠤ ᠡᠨᠧᠷᠭᠢ ᠶᠢᠨ ︽ᠦᠢᠯᠡᠳᠬᠦ ᠨᠥᠭᠡᠴᠡᠯᠡᠬᠦ ᠵᠥᠭᠡᠭᠡᠪᠦᠷᠢᠯᠡᠬᠦ ᠨᠡᠮᠡᠬᠦ︾ ᠠᠵᠤ ᠦᠢᠯᠡᠰ ᠤᠨ ᠪᠦᠯᠦᠭᠵᠢᠯ ᠢ ᠪᠣᠶ ᠪᠣᠯᠭᠠᠵᠤ᠂ ᠴᠠᠬᠢᠯᠭᠠᠨ | ᠵᠠᠳᠠᠯᠤᠯ ᠤᠨ ᠤᠰᠤ ᠪᠠᠷ ᠤᠰᠤᠲᠥ᠋ᠷᠥᠭᠴᠢ ᠦᠢᠯᠡᠳᠬᠦ ᠲᠣᠨᠤᠭ ᠲᠥᠬᠦᠭᠡᠷᠦᠮᠵᠢ᠂ ᠰᠢᠩᠭᠡᠨ ᠤᠰᠤᠲᠥ᠋ᠷᠥᠭᠴᠢ ᠶᠢ ᠨᠥᠭᠡᠴᠡᠯᠡᠵᠦ ᠵᠥᠭᠡᠭᠡᠪᠦᠷᠢᠯᠡᠬᠦ ᠲᠣᠨᠤᠭ | ᠲᠥᠬᠦᠭᠡᠷᠦᠮᠵᠢ᠂ ᠤᠰᠤᠲᠥ᠋ᠷᠥᠭᠴᠢ ᠳᠠᠮᠵᠢᠭᠤᠯᠬᠤ ᠬᠤᠭᠤᠯᠠᠢ ᠭᠤᠤᠷᠰᠤ᠂ ᠤᠰᠤᠲᠥ᠋ᠷᠥᠭᠴᠢ ᠨᠡᠮᠡᠬᠦ ᠲᠣᠨᠤᠭ ᠲᠥᠬᠦᠭᠡᠷᠦᠮᠵᠢ ᠪᠠ ᠤᠰᠤᠲᠥ᠋ᠷᠥᠭᠴᠢ ᠰᠢᠲᠠᠮᠠᠬᠠᠢ | ᠬᠡᠢ ᠶᠢᠨ ᠲᠦᠷᠪᠢᠨ ᠵᠡᠷᠭᠡ ᠶᠢ ᠰᠤᠳᠤᠯᠤᠨ ᠨᠡᠭᠡᠭᠡᠵᠦ ᠬᠡᠷᠡᠭᠯᠡᠬᠦ ᠠᠵᠢᠯ ᠢ ᠥᠷᠨᠢᠭᠦᠯᠦᠨ᠎ᠡ᠃ ᠤᠰᠤᠲᠥ᠋ᠷᠥᠭᠴᠢᠲᠤ ᠲᠦᠯᠡᠰᠢᠨ ᠴᠠᠬᠢᠯᠭᠠᠨ ᠵᠠᠢ ᠵᠢᠴᠢ ᠭᠤᠣᠯ ᠰᠡᠯᠪᠢᠭ | ᠲᠤᠨᠤᠭ᠂ ᠤᠰᠤᠲᠥ᠋ᠷᠥᠭᠴᠢᠲᠤ ᠲᠦᠯᠡᠰᠢᠨ ᠴᠠᠬᠢᠯᠭᠠᠨ ᠵᠠᠢ ᠶᠢᠨ ᠮᠠᠰᠢᠨ ᠲᠡᠷᠭᠡ ᠶᠢ ᠪᠦᠬᠦ᠋ᠢᠯᠡ ᠴᠣᠭᠴᠠ ᠪᠠᠷ ᠨᠢ ᠠᠵᠤ ᠦᠢᠯᠡᠰᠵᠢᠭᠦᠯᠬᠦ ᠶᠢ ᠠᠬᠢᠭᠤᠯᠵᠤ᠂ ᠡᠯ᠎ᠡ | ᠵᠦᠢᠯ ᠤᠨ ᠤᠰᠤᠲᠥ᠋ᠷᠥᠭᠴᠢᠲᠤ ᠲᠦᠯᠡᠰᠢᠨ ᠴᠠᠬᠢᠯᠭᠠᠨ ᠵᠠᠢ ᠶᠢᠨ ᠮᠠᠰᠢᠨ ᠲᠡᠷᠭᠡᠨ ᠤ ᠬᠡᠯᠪᠡᠷᠢ ᠬᠢᠴᠡ ᠶᠢ ᠰᠤᠳᠤᠯᠤᠨ ᠨᠡᠭᠡᠭᠡᠵᠦ ᠬᠡᠷᠡᠭᠯᠡᠬᠦ ᠠᠵᠢᠯ ᠢ ᠥᠷᠨᠢᠭᠦᠯᠦᠨ᠎ᠡ᠃ | ᠠᠵᠤ ᠦᠢᠯᠡᠰ ᠤᠨ ᠬᠡᠯᠬᠢᠶᠡᠨ ᠤ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠭᠠᠵᠠᠷ ᠣᠷᠣᠨ ᠪᠠ ᠲᠣᠯᠣᠭᠠᠶᠢᠯᠠᠭᠴᠢ ᠠᠵᠤ ᠠᠬᠤᠶᠢᠯᠠᠯ ᠢᠶᠠᠷ ᠬᠠᠷᠠᠯᠲᠠ | ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠡᠷᠴᠢᠮ ᠢᠶᠠᠨ ᠴᠢᠩᠭᠠᠷᠠᠭᠤᠯᠤᠨ᠂ ᠤᠰᠤᠲᠥ᠋ᠷᠥᠭᠴᠢᠲᠤ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ | ᠠᠵᠤ ᠦᠢᠯᠡᠰ ᠢ ᠬᠡᠪᠴᠢᠶᠡᠵᠢᠭᠦᠯᠦᠨ ᠬᠥᠭᠵᠢᠭᠦᠯᠬᠦ ᠪᠠᠨ ᠲᠦᠷᠭᠡᠳᠬᠡᠨ᠎ᠡ᠃ | ᠭᠤᠷᠪᠠ᠂ ᠤᠰᠤᠲᠥ᠋ᠷᠥᠭᠴᠢᠲᠤ ᠡᠨᠧᠷᠭᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ | ︵ᠨᠢᠭᠡ︶ ᠤᠰᠤᠲᠥ᠋ᠷᠥᠭᠴᠢ ᠬᠡᠢ ᠶᠢ ᠥᠨᠳᠥᠷ ᠪᠦᠲᠦᠮᠵᠢᠲᠡᠶ ᠪᠠᠷ ᠨᠥᠭᠡᠴᠡᠯᠡᠵᠦ ᠵᠥᠭᠡᠭᠡᠪᠦᠷᠢᠯᠡᠬᠦ ᠶᠢ ᠶᠡᠭᠡ ᠪᠠᠷ ᠠᠬᠢᠭᠤᠯᠤᠨ᠎ᠠ᠃ ᠪᠣᠬᠢᠷᠲᠤᠯ ᠦᠭᠡᠢ | ᠤᠰᠤᠲᠥ᠋ᠷᠥᠭᠴᠢ ᠶᠢᠨ ᠰᠠᠭᠤᠷᠢ ᠪᠡᠯᠡᠳᠬᠡᠮᠵᠢ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠪᠠᠶᠢᠷᠢᠰᠢᠭᠤᠯᠵᠤ᠂ ᠤᠰᠤᠲᠥ᠋ᠷᠥᠭᠴᠢ ᠨᠡᠮᠡᠬᠦ ᠥᠷᠲᠡᠭᠡᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠲᠣᠰᠣ ᠨᠡᠮᠡᠬᠦ᠂ ᠬᠡᠢ ᠨᠡᠮᠡᠬᠦ᠂ ᠴᠠᠬᠢᠯᠭᠠᠨ ᠴᠡᠨᠡᠭᠯᠡᠬᠦ ᠥᠷᠲᠡᠭᠡ ᠳᠤ ᠤᠰᠤᠲᠥ᠋ᠷᠥᠭᠴᠢ ᠨᠡᠮᠡᠬᠦ ᠥᠷᠲᠡᠭᠡ ᠲᠣᠬᠢᠷᠠᠭᠤᠯᠤᠨ | ᠪᠠᠶᠢᠭᠤᠯᠬᠤ ᠶᠢ ᠵᠣᠷᠢᠭᠵᠢᠭᠤᠯᠤᠨ᠎ᠠ᠃ 30 ᠮᠧᠭ᠎ᠠ ᠫᠠᠰᠺᠠᠯ ᠪᠠ 50 ᠮᠧᠭ᠎ᠠ ᠫᠠᠰᠺᠠᠯ ᠠᠪᠴᠢᠭᠤᠯᠤᠭᠰᠠᠨ ᠤᠰᠤᠲᠥ᠋ᠷᠥᠭᠴᠢ ᠬᠡᠢ ᠶᠢᠨ ᠤᠷᠳᠤ ᠬᠤᠭᠤᠯᠠᠶᠢᠲᠤ | ᠴᠢᠷᠦᠭᠦᠯ ᠲᠡᠷᠭᠡ ᠶᠢᠨ ᠬᠡᠷᠡᠭᠯᠡᠭᠡᠨ ᠢ ᠲᠡᠮᠵᠢᠵᠤ᠂ 70 ᠮᠧᠭ᠎ᠠ ᠫᠠᠰᠺᠠᠯ ᠲᠡᠷᠭᠡᠨ ᠳᠤ ᠲᠠᠭᠠᠷᠠᠭᠤᠯᠬᠤ ᠤᠰᠤᠲᠥ᠋ᠷᠥᠭᠴᠢ ᠨᠥᠭᠡᠴᠡᠯᠡᠬᠦ ᠥᠨᠳᠥᠷ ᠳᠠᠷᠤᠯᠲᠠᠲᠤ | ᠯᠣᠩᠬᠤᠯᠢᠭ ᠪᠡᠶ᠎ᠡ ᠶᠢᠨ ᠬᠡᠷᠡᠭᠯᠡᠭᠡᠨ ᠢ ᠬᠠᠶᠢᠨ ᠰᠦᠪᠡᠭᠴᠢᠯᠡᠵᠦ᠂ ᠲᠡᠷᠭᠡᠨ ᠳᠤ ᠲᠠᠭᠠᠷᠠᠭᠤᠯᠬᠤ ᠤᠰᠤᠲᠥ᠋ᠷᠥᠭᠴᠢ ᠨᠥᠭᠡᠴᠡᠯᠡᠬᠦ ᠶᠡᠭᠡ ᠪᠠᠭᠲᠠᠭᠠᠮᠵᠢᠲᠤ ᠯᠣᠩᠬᠤᠯᠢᠭ | ᠪᠡᠶ᠎ᠡ ᠶᠢ ᠨᠡᠭᠡᠭᠡᠨ ᠠᠰᠢᠭᠯᠠᠬᠤ ᠪᠠ ᠬᠡᠷᠡᠭᠯᠡᠬᠦ ᠶᠢ ᠲᠡᠮᠵᠢᠨ᠎ᠡ᠃ ᠮᠧᠲ᠋ᠢᠯ ᠠᠯᠺᠣᠤᠯ ᠤᠨ ᠰᠢᠩᠭᠡᠨ ᠰᠢᠪᠲᠦᠷ ᠢᠶᠠᠷ ᠤᠰᠤᠲᠥ᠋ᠷᠥᠭᠴᠢ ᠨᠥᠭᠡᠴᠡᠯᠡᠬᠦ ᠠᠴᠢᠶᠠᠯᠠᠭᠴᠢ | ᠪᠣᠯᠭᠠᠭᠰᠠᠨ ᠬᠡᠷᠡᠭᠯᠡᠭᠡᠨ ᠢ ᠬᠠᠶᠢᠨ ᠰᠦᠪᠡᠭᠴᠢᠯᠡᠵᠦ᠂ ᠰᠢᠩᠭᠡᠨ ᠤᠰᠤᠲᠥ᠋ᠷᠥᠭᠴᠢ ᠶᠢ ᠨᠥᠭᠡᠴᠡᠯᠡᠵᠦ ᠵᠥᠭᠡᠭᠡᠪᠦᠷᠢᠯᠡᠬᠦ ᠮᠡᠷᠭᠡᠵᠢᠯ ᠤᠨ ᠬᠡᠷᠡᠭᠯᠡᠭᠡᠨ ᠢ ᠠᠬᠢᠭᠤᠯᠤᠨ᠎ᠠ᠃ | ᠬᠠᠲᠠᠭᠤ ᠲᠥᠯᠥᠪᠲᠦ ᠨᠥᠭᠡᠴᠡ ᠤᠰᠤᠲᠥ᠋ᠷᠥᠭᠴᠢ ᠶᠢ ᠤᠰᠤᠲᠥ᠋ᠷᠥᠭᠴᠢ ᠨᠡᠮᠡᠬᠦ ᠦᠷᠳᠡᠭᠡ᠂ ᠡᠨᠧᠷᠭᠢ ᠶᠢᠨ ᠬᠠᠩᠭᠠᠯᠭ᠎ᠠ᠂ ᠲᠡᠷᠭᠡ ᠬᠥᠰᠬᠡ ᠳᠤ ᠬᠡᠷᠡᠭᠯᠡᠬᠦ ᠲᠤᠷᠰᠢᠯᠲᠠ | ᠪᠠ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃ ᠠᠵᠤ ᠠᠬᠤᠶᠢᠯᠠᠯ ᠤᠨ ᠪᠣᠬᠢᠷᠲᠤᠯ ᠦᠭᠡᠢ ᠤᠰᠤᠲᠥ᠋ᠷᠥᠭᠴᠢ ᠶᠢ ︽ᠨᠥᠭᠡᠴᠡᠯᠡᠬᠦ᠂ ᠵᠥᠭᠡᠭᠡᠪᠦᠷᠢᠯᠡᠬᠦ᠂ | ᠳᠦᠭᠦᠷᠭᠡᠨ ᠰᠠᠪᠠᠯᠠᠬᠤ︾ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠪᠠ ᠳᠠᠭᠠᠭᠠᠨ ᠪᠠᠶᠢᠭᠤᠯᠬᠤ ᠶᠢ ᠵᠣᠷᠢᠭᠵᠢᠭᠤᠯᠤᠨ᠎ᠠ᠃ | | ︵ᠬᠤᠶᠠᠷ︶ ᠤᠰᠤᠲᠥ᠋ᠷᠥᠭᠴᠢ ᠬᠡᠢ ᠶᠢᠨ ᠬᠤᠭᠤᠯᠠᠢ ᠭᠤᠤᠷᠰᠤ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠤᠨ᠎ᠠ᠃ ᠤᠰᠤᠲᠥ᠋ᠷᠥᠭᠴᠢ | ᠳᠠᠮᠵᠢᠭᠤᠯᠬᠤ ᠬᠤᠭᠤᠯᠠᠢ ᠭᠤᠤᠷᠰᠤ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠳᠣᠲᠣᠭᠠᠳᠤ ᠳᠤ ᠪᠠᠨ ᠰᠢᠩᠭᠡᠬᠡᠨ ᠪᠠᠭᠲᠠᠭᠠᠬᠤ ᠪᠠ ︽ᠥᠪᠥᠷ | ᠮᠣᠩᠭᠤᠯ ᠤᠨ ᠤᠰᠤᠲᠥ᠋ᠷᠥᠭᠴᠢ ᠶᠢ ᠭᠠᠳᠠᠭᠰᠢ ᠬᠦᠷᠭᠡᠬᠦ︾ ᠨᠡᠪᠲᠡᠷᠡᠯ ᠵᠠᠮ ᠢ ᠪᠥᠬᠦ ᠲᠠᠯ᠎ᠠ ᠪᠠᠷ ᠨᠡᠪᠲᠡᠷᠡᠭᠦᠯᠦᠨ᠎ᠡ᠃ ᠳᠣᠲᠣᠷ ᠭᠠᠳᠠᠷ ᠢ ᠬᠤᠯᠪᠣᠯᠳᠤᠭᠤᠯᠤᠨ | ᠨᠡᠪᠲᠡᠷᠡᠭᠦᠯᠦᠭᠰᠡᠨ ᠬᠦᠷᠭᠡᠯᠲᠡ ᠶᠢᠨ ᠭᠤᠣᠯ ᠱᠤᠭᠤᠮ ᠢ ᠭᠤᠣᠯᠳᠠᠯᠭ᠎ᠠ ᠪᠣᠯᠭᠠᠨ ᠴᠣᠭᠴᠠᠯᠠᠵᠤ᠂ ᠠᠮᠢᠳᠤᠯᠢᠭ ᠢᠶᠠᠷ ᠨᠥᠭᠡᠴᠡᠯᠡᠵᠦ ᠰᠠᠯᠭᠠᠨ ᠠᠪᠬᠤ ᠰᠠᠯᠪᠤᠷᠢ | ᠱᠤᠭᠤᠮ ᠢ ᠪᠠᠶᠢᠭᠤᠯᠤᠨ᠂ ︽ᠨᠢᠭᠡ ᠭᠤᠣᠯ ᠱᠤᠭᠤᠮ ᠬᠤᠣᠰ ᠴᠠᠭᠠᠷᠢᠭᠯᠠᠭᠰᠠᠨ ᠲᠣᠣᠷ ᠳᠥᠷᠪᠡᠨ ᠭᠠᠷᠴᠠ︾ ᠲᠠᠢ ᠪᠣᠬᠢᠷᠲᠤᠯ ᠦᠭᠡᠢ ᠤᠰᠤᠲᠥ᠋ᠷᠥᠭᠴᠢ ᠶᠢ | ᠳᠠᠮᠵᠢᠭᠤᠯᠤᠨ ᠬᠦᠷᠭᠡᠬᠦ ᠬᠤᠭᠤᠯᠠᠢ ᠭᠤᠤᠷᠰᠤ ᠶᠢᠨ ᠪᠠᠶᠢᠷᠢᠰᠢᠭᠤᠯᠤᠯᠲᠠ ᠶᠢ ᠪᠣᠶ ᠪᠣᠯᠭᠠᠨ᠎ᠠ᠃ ᠤᠰᠤᠲᠥ᠋ᠷᠥᠭᠴᠢ ᠬᠡᠢ ᠳᠠᠮᠵᠢᠭᠤᠯᠤᠨ ᠬᠦᠷᠭᠡᠬᠦ ᠬᠤᠭᠤᠯᠠᠢ | ᠭᠤᠤᠷᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠥᠬᠦᠨ ᠢ ᠥᠪᠡᠷᠲᠡᠭᠡᠨ ᠵᠠᠰᠠᠬᠤ ᠣᠷᠣᠨ ᠤ ᠲᠥᠯᠦᠪᠵᠢᠭᠦᠯᠭᠡ ᠶᠢᠨ ᠪᠠᠶᠢᠷᠢᠰᠢᠭᠤᠯᠤᠯ ᠳᠤ | ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠡᠢ ᠳᠠᠮᠵᠢᠭᠤᠯᠬᠤ ᠬᠤᠭᠤᠯᠠᠢ | ᠭᠤᠤᠷᠰᠤ ᠶᠢᠨ ᠲᠣᠣᠷ ᠤᠨ ᠲᠥᠷᠥᠯ ᠵᠦᠢᠯ ᠢᠶᠠᠷ ᠯᠠᠪᠯᠠᠯᠲᠠ ᠪᠣᠯᠭᠠᠨ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ ᠤ ᠲᠥᠯᠦᠪᠵᠢᠭᠦᠯᠭᠡ ᠳᠤ ᠣᠷᠣᠭᠤᠯᠤᠭᠰᠠᠨ | ᠦᠭᠡᠢ ᠳᠠᠮᠵᠢᠭᠤᠯᠬᠤ ᠬᠤᠭᠤᠯᠠᠢ ᠭᠤᠤᠷᠰᠤ ᠶᠢᠨ ᠲᠥᠷᠥᠯ ᠵᠦᠢᠯ ᠢ ᠲᠥᠷᠥᠯ ᠵᠦᠢᠯ ᠪᠣᠯᠭᠠᠨ ᠲᠣᠭᠲᠠᠭᠠᠵᠤ ᠪᠣᠯᠬᠤ ᠦᠭᠡᠢ᠃ | ᠳᠥᠷᠪᠡ᠂ ᠬᠡᠷᠡᠭᠯᠡᠭᠡᠨ ᠤ ᠠᠬᠤᠢ ᠪᠠᠶᠢᠳᠠᠯ ᠤᠨ ᠲᠤᠷᠰᠢᠯᠲᠠ ᠪᠠ ᠵᠢᠱᠢᠶ᠎ᠡ ᠦᠵᠡᠭᠦᠯᠬᠦ ᠠᠵᠢᠯ ᠢ ᠲᠦᠷᠭᠡᠳᠬᠡᠨ ᠠᠬᠢᠭᠤᠯᠤᠨ᠎ᠠ | ︵ᠨᠢᠭᠡ︶ ᠪᠣᠬᠢᠷᠲᠤᠯ ᠦᠭᠡᠢ ᠤᠰᠤᠲᠥ᠋ᠷᠥᠭᠴᠢ ᠶᠢᠨ ᠣᠷᠤᠯᠠᠭᠤᠯᠤᠯᠲᠠ ᠶᠢ ᠶᠡᠭᠡ ᠪᠠᠷ ᠠᠬᠢᠭᠤᠯᠵᠤ᠂ ᠣᠷᠣᠯᠠᠭᠤᠯᠵᠤ ᠳᠡᠶᠢᠯᠬᠦ ᠪᠦᠬᠦᠨ ᠢ | ᠣᠷᠣᠯᠠᠭᠤᠯᠬᠤ ᠶᠢ ᠪᠡᠶᠡᠯᠡᠭᠦᠯᠦᠨ᠎ᠡ᠃ ︽ᠪᠣᠬᠢᠷᠲᠤᠯ ᠦᠭᠡᠢ ᠤᠰᠤᠲᠥ᠋ᠷᠥᠭᠴᠢ + ᠠᠵᠤ ᠦᠢᠯᠡᠳᠪᠦᠷᠢ︾ ᠶᠢ ᠭᠦᠨᠵᠡᠭᠡᠢ ᠠᠬᠢᠭᠤᠯᠵᠤ᠂ ᠪᠣᠬᠢᠷᠲᠤᠯ ᠦᠭᠡᠢ | ᠤᠰᠤᠲᠥ᠋ᠷᠥᠭᠴᠢ ᠶᠢ ᠬᠢᠮᠢ ᠶᠢᠨ ᠠᠵᠤ ᠦᠢᠯᠡᠳᠪᠦᠷᠢ ᠲᠠᠢ ᠡᠪᠴᠡᠯᠳᠦᠭᠦᠯᠬᠦ᠂ ᠪᠣᠬᠢᠷᠲᠤᠯ ᠦᠭᠡᠢ ᠤᠰᠤᠲᠥ᠋ᠷᠥᠭᠴᠢ ᠪᠠᠷ ᠲᠡᠮᠦᠷᠯᠢᠭ ᠬᠠᠶᠢᠯᠤᠭᠤᠯᠬᠤ᠂ ᠪᠣᠬᠢᠷᠲᠤᠯ | ᠦᠭᠡᠢ ᠤᠰᠤᠲᠥ᠋ᠷᠥᠭᠴᠢ ᠪᠠᠷ ᠪᠣᠯᠪᠠᠰᠤᠷᠠᠭᠤᠯᠵᠤ ᠬᠠᠶᠢᠯᠤᠭᠤᠯᠬᠤ ᠶᠢ ᠬᠡᠷᠡᠭᠵᠢᠭᠦᠯᠦᠨ᠂ ᠠᠵᠤ ᠦᠢᠯᠡᠳᠪᠦᠷᠢ ᠶᠢ ᠨᠡᠭᠦᠷᠡᠰᠦᠲᠥ᠋ᠷᠥᠭᠴᠢ ᠦᠭᠡᠶᠢᠳᠡᠭᠦᠯᠬᠦ ᠤᠷᠤᠭᠤ | ᠬᠥᠲᠥᠯᠥᠨ ᠳᠠᠭᠠᠭᠤᠯᠵᠤ᠂ ᠠᠵᠤ ᠦᠢᠯᠡᠳᠪᠦᠷᠢ ᠶᠢᠨ ᠬᠦᠷᠢᠶ᠎ᠡ ᠴᠠᠷᠠᠭ᠎ᠠ ᠶᠢᠨ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠬᠦ ᠳᠤ | ᠬᠦᠴᠦᠨ ᠨᠡᠮᠡᠷᠢᠯᠡᠨ᠎ᠡ᠃ ᠤᠰᠤᠲᠥ᠋ᠷᠥᠭᠴᠢᠲᠤ ᠡᠨᠧᠷᠭᠢ ᠶᠢᠨ ᠬᠠᠩᠭᠠᠯᠭ᠎ᠠ ᠶᠢᠨ ᠪᠦᠲᠦᠴᠡ ᠳᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠭᠠᠬᠤ ᠶᠢ ᠨᠢ | ᠲᠦᠷᠭᠡᠳᠬᠡᠵᠦ᠂ ᠠᠵᠤ ᠦᠢᠯᠡᠳᠪᠦᠷᠢ ᠶᠢᠨ ᠳᠠᠭᠠᠯᠳᠤᠪᠤᠷᠢ ᠤᠰᠤᠲᠥ᠋ᠷᠥᠭᠴᠢ ᠶᠢ ᠰᠢᠯᠢᠵᠦ ᠴᠡᠪᠡᠷᠰᠢᠭᠦᠯᠦᠨ ᠠᠰᠢᠭᠯᠠᠬᠤ ᠶᠢ ᠳᠡᠮᠵᠢᠵᠦ᠂ ᠠᠵᠤ ᠦᠢᠯᠡᠳᠪᠦᠷᠢ ᠶᠢᠨ | ᠳᠠᠭᠠᠯᠳᠤᠪᠤᠷᠢ ᠤᠰᠤᠲᠥ᠋ᠷᠥᠭᠴᠢ ᠶᠢ ᠣᠶᠢᠷ᠎ᠠ ᠬᠠᠪᠢ ᠳᠤ ᠪᠠᠨ ᠰᠢᠩᠭᠡᠬᠡᠨ ᠪᠠᠭᠲᠠᠭᠠᠬᠤ ᠶᠢ ᠵᠣᠷᠢᠭᠵᠢᠭᠤᠯᠤᠨ᠂ ᠤᠰᠤᠲᠥ᠋ᠷᠥᠭᠴᠢᠲᠤ ᠡᠨᠧᠷᠭᠢ ᠶᠢᠨ ᠠᠵᠤ | ᠦᠢᠯᠡᠰ ᠤᠨ ᠬᠥᠭᠵᠢᠯᠲᠡ ᠶᠢᠨ ᠡᠬᠢᠨ ᠤ ᠬᠤᠭᠤᠴᠠᠭᠠᠨ ᠳᠠᠬᠢ ᠤᠰᠤᠲᠥ᠋ᠷᠥᠭᠴᠢ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠪᠣᠬᠢᠷᠲᠤᠯ ᠦᠭᠡᠢ | ᠤᠰᠤᠲᠥ᠋ᠷᠥᠭᠴᠢ ᠪᠠᠷ ᠣᠷᠣᠯᠠᠭᠤᠯᠬᠤ ᠳᠤ ᠰᠢᠯᠵᠢᠨ ᠣᠷᠣᠬᠤ ᠳᠤ ᠪᠦᠲᠦᠮᠵᠢᠲᠡᠶ ᠲᠤᠯᠭᠠᠭᠤᠷᠢᠯᠠᠯ ᠬᠠᠩᠭᠠᠨ᠎ᠠ᠃ | ︵ᠬᠤᠶᠠᠷ︶ ᠪᠣᠬᠢᠷᠲᠤᠯ ᠦᠭᠡᠢ ᠤᠰᠤᠲᠥ᠋ᠷᠥᠭᠴᠢ ᠶᠢᠨ ᠬᠡᠷᠡᠭᠯᠡᠭᠡᠨ ᠢ ᠶᠡᠭᠡ ᠪᠠᠷ ᠠᠬᠢᠭᠤᠯᠵᠤ᠂ ᠬᠡᠷᠡᠭᠯᠡᠭᠡᠨ ᠳᠤ ᠣᠷᠣᠭᠤᠯᠵᠤ ᠪᠣᠯᠬᠤ ᠪᠥᠬᠦᠨ ᠢ | ᠬᠡᠷᠡᠭᠯᠡᠭᠡᠨ ᠳᠤ ᠣᠷᠣᠭᠤᠯᠬᠤ ᠶᠢ ᠪᠡᠶᠡᠯᠡᠭᠦᠯᠦᠨ᠎ᠡ᠃ ︽ᠪᠣᠬᠢᠷᠲᠤᠯ ᠦᠭᠡᠢ ᠤᠰᠤᠲᠥ᠋ᠷᠥᠭᠴᠢ ++ ᠵᠠᠮ ᠬᠠᠷᠢᠯᠴᠠᠭ᠎ᠠ︾ ᠶᠢ ᠭᠦᠨᠵᠡᠭᠡᠢ ᠠᠬᠢᠭᠤᠯᠵᠤ᠂ | ᠠᠭᠤᠷᠬᠠᠢ ᠶᠢᠨ ᠣᠷᠣᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠡᠵᠡᠩᠨᠡᠯᠲᠡ ᠶᠢᠨ ᠬᠦᠴᠦᠯᠡᠴᠡ ᠪᠠᠷ ᠶᠡᠭᠡ᠂ ᠠᠶᠠᠯᠠᠨ ᠶᠠᠪᠤᠬᠤ ᠵᠠᠮ | ᠱᠤᠭᠤᠮ ᠨᠢ ᠲᠣᠭᠲᠠᠮᠠᠯ ᠠᠬᠤᠢ ᠪᠠᠶᠢᠳᠠᠯ ᠪᠠ ᠬᠤᠳᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ | ᠲᠡᠷᠭᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠡᠷᠭᠡ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ᠭᠤᠣᠯᠳᠠᠯᠭ᠎ᠠ ᠲᠠᠢ ᠪᠠᠷ | ᠤᠰᠤᠲᠥ᠋ᠷᠥᠭᠴᠢᠲᠤ ᠲᠦᠯᠡᠰᠢᠨ ᠴᠠᠬᠢᠯᠭᠠᠨ ᠵᠠᠢ ᠶᠢᠨ ᠮᠠᠰᠢᠨ ᠲᠡᠷᠭᠡ ᠶᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ᠂ ᠤᠰᠤᠲᠥ᠋ᠷᠥᠭᠴᠢᠲᠤ ᠲᠦᠯᠡᠰᠢᠨ ᠴᠠᠬᠢᠯᠭᠠᠨ | ᠵᠠᠢ ᠶᠢᠨ ᠮᠠᠰᠢᠨ ᠲᠡᠷᠭᠡᠨ ᠤ ᠵᠢᠱᠢᠶ᠎ᠡ ᠦᠵᠡᠭᠦᠯᠬᠦ ᠬᠤᠳᠠ ᠶᠢᠨ ᠪᠦᠯᠦᠭᠵᠢᠯ ᠢ ᠡᠭᠦᠳᠦᠨ ᠪᠠᠶᠢᠭᠤᠯᠬᠤ ᠡᠭᠦᠷᠭᠡ ᠪᠠᠨ ᠪᠡᠶᠡᠯᠡᠭᠦᠯᠬᠦ ᠶᠢ ᠠᠬᠢᠭᠤᠯᠤᠨ᠎ᠠ᠃ | ᠤᠰᠤᠲᠥ᠋ᠷᠥᠭᠴᠢᠲᠤ ᠲᠦᠯᠡᠰᠢᠨ ᠴᠠᠬᠢᠯᠭᠠᠨ ᠵᠠᠢ ᠶᠢᠨ ᠮᠠᠰᠢᠨ ᠲᠡᠷᠭᠡ ᠬᠢᠭᠡᠳ ᠯᠢᠲ᠋ᠢ ᠴᠠᠬᠢᠯᠭᠠᠨ ᠵᠠᠢ ᠶᠢᠨ ᠴᠣᠯ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠶᠢᠨ | ᠬᠠᠷᠢᠯᠴᠠᠨ ᠨᠥᠬᠦᠪᠦᠷᠢᠯᠡᠬᠦ ᠬᠥᠭᠵᠢᠯᠲᠡ ᠶᠢᠨ ᠬᠡᠪ ᠵᠠᠭᠪᠤᠷ ᠢ ᠪᠠᠶᠢᠭᠤᠯᠵᠤ᠂ ᠴᠠᠶᠢᠶ᠋ᠢᠦ ᠲᠣᠰᠣᠨ ᠤ ᠮᠠᠰᠢᠨ ᠲᠡᠷᠭᠡ ᠪᠠᠨ ᠤᠰᠤᠲᠥ᠋ᠷᠥᠭᠴᠢᠲᠤ ᠲᠦᠯᠡᠰᠢᠨ ᠴᠠᠬᠢᠯᠭᠠᠨ | ᠵᠠᠢ ᠶᠢᠨ ᠮᠠᠰᠢᠨ ᠲᠡᠷᠭᠡ ᠪᠠᠷ ᠰᠣᠯᠢᠭᠤᠯᠬᠤ ᠶᠢ ᠬᠥᠲᠥᠯᠥᠨ ᠵᠢᠯᠣᠭᠤᠳᠴᠤ᠂ ᠤᠰᠤᠲᠥ᠋ᠷᠥᠭᠴᠢᠲᠤ ᠲᠦᠯᠡᠰᠢᠨ ᠴᠠᠬᠢᠯᠭᠠᠨ ᠵᠠᠢ ᠶᠢᠨ ᠮᠠᠰᠢᠨ ᠲᠡᠷᠭᠡᠨ ᠤ ᠠᠵᠤ | ᠦᠢᠯᠡᠰ ᠤᠨ ᠬᠥᠭᠵᠢᠯᠲᠡ ᠶᠢᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ ︽ᠪᠣᠬᠢᠷᠲᠤᠯ ᠦᠭᠡᠢ ᠤᠰᠤᠲᠥ᠋ᠷᠥᠭᠴᠢ + ᠴᠠᠬᠢᠯᠭᠠᠨ ᠬᠦᠴᠦᠨ︾᠂ ︽ | ᠪᠣᠬᠢᠷᠲᠤᠯ ᠦᠭᠡᠢ ᠤᠰᠤᠲᠥ᠋ᠷᠥᠭᠴᠢ + ᠪᠠᠷᠢᠯᠭ᠎ᠠ︾ ᠶᠢ ᠰᠦᠪᠡᠭᠴᠢᠯᠡᠵᠦ᠂ ᠴᠠᠬᠢᠯᠭᠠᠨ ᠬᠦᠴᠦᠨ ᠪᠠ ᠪᠠᠷᠢᠯᠭ᠎ᠠ ᠶᠢᠨ ᠬᠦᠷᠢᠶ᠎ᠡ ᠴᠠᠷᠠᠭ᠎ᠠ ᠳᠤ ᠪᠡᠯᠡᠳᠬᠡᠯ ᠴᠠᠬᠢᠯᠭᠠᠨ | ᠡᠭᠦᠰᠬᠡᠭᠴᠢ᠂ ᠲᠠᠷᠬᠠᠮᠠᠯ ᠮᠠᠶ᠋ᠢᠭ ᠤᠨ ᠴᠠᠬᠢᠯᠭᠠᠨ ᠭᠠᠷᠭᠠᠯᠲᠠ᠂ ᠢᠯᠴᠢ ᠴᠠᠬᠢᠯᠭᠠᠨ ᠢ ᠵᠡᠷᠭᠡ ᠪᠠᠷ ᠬᠠᠩᠭᠠᠬᠤ ᠵᠡᠷᠭᠡ ᠪᠣᠬᠢᠷᠲᠤᠯ ᠦᠭᠡᠢ ᠤᠰᠤᠲᠥ᠋ᠷᠥᠭᠴᠢ ᠶᠢᠨ | ᠬᠡᠷᠡᠭᠯᠡᠭᠡᠨ ᠤ ᠠᠬᠤᠢ ᠪᠠᠶᠢᠳᠠᠯ ᠢ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠦᠨ᠎ᠡ᠃ | ︵ᠭᠤᠷᠪᠠ︶ ᠪᠣᠬᠢᠷᠲᠤᠯ ᠦᠭᠡᠢ ᠤᠰᠤᠲᠥ᠋ᠷᠥᠭᠴᠢ ᠶᠢᠨ ᠤᠯᠠᠷᠢᠭᠤᠯᠤᠯᠲᠠ ᠶᠢ ᠶᠡᠭᠡ ᠪᠠᠷ ᠠᠬᠢᠭᠤᠯᠵᠤ᠂ ᠤᠯᠠᠷᠢᠭᠤᠯᠵᠤ ᠳᠡᠶᠢᠯᠬᠦ ᠪᠥᠬᠦᠨ ᠢ | ᠤᠯᠠᠷᠢᠭᠤᠯᠬᠤ ᠶᠢ ᠪᠡᠶᠡᠯᠡᠭᠦᠯᠦᠨ᠎ᠡ᠃ ︽ᠪᠣᠬᠢᠷᠲᠤᠯ ᠦᠭᠡᠢ ᠤᠰᠤᠲᠥ᠋ᠷᠥᠭᠴᠢ + ᠤᠯᠠᠷᠢᠭᠤᠯᠤᠯᠲᠠ︾ ᠶᠢ ᠭᠦᠨᠵᠡᠭᠡᠢ ᠠᠬᠢᠭᠤᠯᠵᠤ᠂ ᠪᠣᠬᠢᠷᠲᠤᠯ ᠦᠭᠡᠢ | ᠤᠰᠤᠲᠥ᠋ᠷᠥᠭᠴᠢ ᠪᠠᠷ ᠪᠣᠬᠢᠷᠲᠤᠯ ᠦᠭᠡᠢ ᠮᠧᠲ᠋ᠢᠯ ᠠᠯᠺᠣᠣᠯ᠂ ᠪᠣᠬᠢᠷᠲᠤᠯ ᠦᠭᠡᠢ ᠨᠡᠶᠢᠯᠡᠯᠭᠡ ᠰᠢᠪᠲᠦᠷ᠂ ᠪᠣᠬᠢᠷᠲᠤᠯ ᠦᠭᠡᠢ ᠠᠭᠠᠷ ᠤᠨ ᠠᠶᠠᠯᠠᠯ ᠤᠨ ᠨᠡᠭᠦᠷᠡᠰᠦ | ᠦᠢᠯᠡᠳᠬᠦ ᠵᠡᠷᠭᠡ ᠶᠢ ᠭᠤᠣᠯᠳᠠᠯᠭ᠎ᠠ ᠲᠠᠢ ᠬᠥᠭᠵᠢᠭᠦᠯᠵᠦ᠂ ᠪᠣᠬᠢᠷᠲᠤᠯ ᠦᠭᠡᠢ ᠤᠰᠤᠲᠥ᠋ᠷᠥᠭᠴᠢ ᠶᠢᠨ ᠠᠵᠤ ᠦᠢᠯᠡᠰ ᠤᠨ ᠬᠡᠯᠬᠢᠶ᠎ᠡ᠂ ᠪᠣᠬᠢᠷᠲᠤᠯ ᠦᠭᠡᠢ | ᠥᠷᠲᠡᠭ ᠤᠨ ᠬᠡᠯᠬᠢᠶ᠎ᠡ ᠶᠢ ᠤᠷᠲᠤᠳᠬᠠᠨ᠂ ᠪᠣᠬᠢᠷᠲᠤᠯ ᠦᠭᠡᠢ ᠤᠰᠤᠲᠥ᠋ᠷᠥᠭᠴᠢ ᠶᠢᠨ ᠦᠢᠯᠡᠳᠪᠦᠷᠢᠯᠡᠯ ᠬᠡᠷᠡᠭᠯᠡᠭᠡᠨ ᠤ ᠲᠣᠮᠣ ᠣᠷᠣᠨ ᠢ ᠴᠣᠭᠴᠠᠯᠠᠨ᠎ᠠ᠃ | ᠪᠢᠤᠮᠠᠰ ᠤᠨ ᠡᠬᠢ ᠪᠠᠶᠠᠯᠢᠭ ᠤᠨ ᠬᠠᠩᠭᠠᠯᠭ᠎ᠠ ᠳᠠᠬᠢ ᠦᠢᠯᠡᠴᠢᠯᠡᠭᠡ ᠬᠠᠮᠢᠶᠠᠷᠤᠯᠲᠠ ᠪᠠᠨ ᠴᠢᠩᠭᠠᠳᠬᠠᠵᠤ᠂ ᠪᠣᠬᠢᠷᠲᠤᠯ ᠦᠭᠡᠢ ᠤᠰᠤᠲᠥ᠋ᠷᠥᠭᠴᠢ ᠶᠢᠨ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ ᠳᠤ ᠠᠮᠤᠷ ᠲᠦᠪᠰᠢᠨ ᠲᠣᠭᠲᠠᠭᠤᠨ ᠡᠬᠢ ᠪᠠᠶᠠᠯᠢᠭ ᠤᠨ ᠪᠠᠲᠤᠯᠠᠭ᠎ᠠ ᠶᠢ ᠬᠠᠩᠭᠠᠨ᠎ᠠ᠃ | ︵ᠳᠥᠷᠪᠡ︶ ᠪᠣᠬᠢᠷᠲᠤᠯ ᠦᠭᠡᠢ ᠤᠰᠤᠲᠥ᠋ᠷᠥᠭᠴᠢ ᠶᠢᠨ ᠭᠠᠳᠠᠭᠰᠢ ᠳᠠᠮᠵᠢᠭᠤᠯᠤᠯᠲᠠ ᠶᠢ ᠶᠡᠭᠡ ᠪᠠᠷ ᠠᠬᠢᠭᠤᠯᠵᠤ᠂ ᠭᠠᠳᠠᠭᠰᠢ ᠳᠠᠮᠵᠢᠭᠤᠯᠵᠤ ᠳᠡᠶᠢᠯᠬᠦ | ᠪᠦᠬᠦᠨ ᠢ ᠳᠠᠮᠵᠢᠭᠤᠯᠬᠤ ᠶᠢ ᠪᠡᠶᠡᠯᠡᠭᠦᠯᠦᠨ᠎ᠡ᠃ ︽ᠪᠣᠬᠢᠷᠲᠤᠯ ᠦᠭᠡᠢ ᠤᠰᠤᠲᠥ᠋ᠷᠥᠭᠴᠢ + ᠭᠠᠳᠠᠭᠰᠢ ᠳᠠᠮᠵᠢᠭᠤᠯᠤᠯᠲᠠ︾ ᠶᠢ ᠭᠦᠨᠵᠡᠭᠡᠢ ᠠᠬᠢᠭᠤᠯᠵᠤ᠂ | ᠭᠤᠣᠯᠳᠠᠭᠤ ᠪᠣᠬᠢᠷᠲᠤᠯ ᠦᠭᠡᠢ ᠤᠰᠤᠲᠥ᠋ᠷᠥᠭᠴᠢ ᠶᠢᠨ ᠬᠤᠩᠭᠢᠯ ᠳᠤ ᠲᠦᠰᠢᠭᠯᠡᠨ ᠡᠷᠬᠢᠨ ᠲᠣᠭᠤᠷᠢᠨ ᠤ ᠮᠤᠵᠢ ︵ᠣᠷᠣᠨ᠂ ᠬᠤᠲᠠ︶ ᠯᠤᠭ᠎ᠠ ᠪᠣᠬᠢᠷᠲᠤᠯ ᠦᠭᠡᠢ | ᠤᠰᠤᠲᠥ᠋ᠷᠥᠭᠴᠢ ᠶᠢᠨ ᠠᠷᠠᠯᠵᠢᠶᠠᠨ ᠤ ᠬᠠᠮᠲᠤᠷᠠᠯᠴᠠᠭ᠎ᠠ ᠬᠢᠬᠦ ᠶᠢ ᠴᠢᠩᠭᠠᠳᠬᠠᠵᠤ᠂ ︽ᠪᠠᠷᠠᠭᠤᠨ ᠣᠷᠣᠨ ᠤ ᠤᠰᠤᠲᠥ᠋ᠷᠥᠭᠴᠢ ᠶᠢ ᠵᠡᠭᠦᠨᠰᠢ ᠬᠦᠷᠭᠡᠬᠦ︾ ᠵᠡᠷᠭᠡ | ᠭᠤᠣᠯᠳᠠᠯᠭ᠎ᠠ ᠪᠣᠯᠬᠤ ᠢᠨᠵᠧᠨᠧᠷᠢᠩ ᠢ ᠥᠷᠨᠢᠭᠦᠯᠵᠦ᠂ ᠭᠤᠣᠯ ᠱᠤᠭᠤᠮ ᠤᠨ ᠬᠤᠭᠤᠯᠠᠢ ᠭᠤᠤᠷᠰᠤ ᠳᠤ ᠭᠠᠳᠠᠭᠰᠢ ᠳᠠᠮᠵᠢᠭᠤᠯᠬᠤ ᠨᠡᠪᠲᠡᠷᠡᠯ ᠵᠠᠮ ᠤᠨ ᠬᠤᠯᠪᠣᠨ | ᠨᠡᠪᠲᠡᠷᠡᠭᠦᠯᠦᠭᠰᠡᠨ ᠴᠡᠭ ᠢ ᠪᠠᠶᠢᠭᠤᠯᠵᠤ᠂ ᠪᠥᠬᠦ ᠣᠷᠣᠨ ᠤ ᠤᠰᠤᠲᠥ᠋ᠷᠥᠭᠴᠢ ᠶᠢᠨ ᠢᠷᠡᠯᠲᠡ ᠶᠢ ᠴᠤᠭᠯᠠᠭᠤᠯᠤᠨ ᠣᠷᠣᠨ ᠤ ᠭᠠᠳᠠᠨᠠᠬᠢ ᠤᠰᠤᠲᠥ᠋ᠷᠥᠭᠴᠢ ᠶᠢᠨ | ᠬᠡᠷᠡᠭᠯᠡᠭᠡᠨ ᠤ ᠵᠠᠬ᠎ᠠ ᠳᠡᠯᠭᠡᠭᠦᠷ ᠲᠤ ᠳᠠᠮᠵᠢᠭᠤᠯᠤᠨ ᠬᠦᠷᠭᠡᠨ᠎ᠡ᠃ | ᠲᠠᠪᠤ᠂ ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ | ︵ᠨᠢᠭᠡ︶ ᠴᠠᠬᠢᠯᠭᠠᠨ ᠬᠦᠴᠦᠨ ᠤ ᠲᠣᠣᠷ ᠤᠨ ᠪᠠᠲᠤᠯᠠᠭ᠎ᠠ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠴᠠᠬᠢᠯᠭᠠᠨ ᠬᠦᠴᠦᠨ ᠤ ᠲᠣᠣᠷ ᠲᠤ ᠨᠡᠶᠢᠯᠡᠭᠦᠯᠬᠦ | ᠬᠡᠯᠪᠡᠷᠢ ᠶᠢᠨ ᠰᠠᠯᠬᠢᠨ ᠪᠠ ᠭᠡᠷᠡᠯᠴᠢ ᠴᠡᠨᠡᠭ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠵᠢᠯ ᠤᠨ ᠴᠠᠬᠢᠯᠭᠠᠨ ᠬᠦᠴᠦᠨ ᠤ | ᠲᠣᠣᠷ ᠲᠤ ᠣᠷᠣᠭᠤᠯᠬᠤ ᠴᠠᠬᠢᠯᠭᠠᠨ ᠤ ᠬᠡᠮᠵᠢᠶ᠎ᠡ ᠶᠢ ᠲᠥᠷᠥᠯ ᠵᠦᠢᠯ ᠤᠨ ᠵᠢᠯ ᠤᠨ ᠴᠠᠬᠢᠯᠭᠠᠨ ᠭᠠᠷᠭᠠᠬᠤ ᠶᠡᠷᠦᠩᠬᠡᠢ ᠬᠡᠮᠵᠢᠶᠡᠨ ᠤ 20% ᠠᠴᠠ ᠬᠡᠲᠦᠷᠡᠭᠦᠯᠵᠦ | ᠪᠣᠯᠬᠤ ᠦᠭᠡᠢ᠂ ᠵᠢᠯ ᠢᠶᠠᠷ ᠨᠢᠭᠡᠴᠢ ᠪᠣᠯᠭᠠᠨ ᠬᠢᠨᠠᠨ ᠬᠠᠷᠭᠤᠭᠤᠯᠵᠤ᠂ ᠵᠠᠷᠴᠢᠮ ᠳᠡᠭᠡᠷ᠎ᠡ ᠪᠠᠨ ᠵᠢᠯ ᠪᠦᠷᠢ ᠶᠢᠨ 1 ᠳ᠋ᠦ᠋ᠭᠡᠷ ᠰᠠᠷ᠎ᠠ ᠳᠤ ᠳᠡᠭᠡᠷ᠎ᠡ ᠨᠢᠭᠡ ᠵᠢᠯ ᠤᠨ | ᠴᠠᠬᠢᠯᠭᠠᠨ ᠬᠦᠴᠦᠨ ᠤ ᠲᠣᠣᠷ ᠲᠤ ᠣᠷᠣᠭᠤᠯᠤᠭᠰᠠᠨ ᠴᠠᠬᠢᠯᠭᠠᠨ ᠤ ᠬᠡᠮᠵᠢᠶ᠎ᠡ ᠶᠢ ᠬᠢᠨᠠᠨ ᠬᠠᠷᠭᠤᠭᠤᠯᠤᠨ᠎ᠠ︔ ᠢᠵᠢ ᠪᠦᠷᠢᠳᠦᠭᠦᠯᠦᠭᠰᠡᠨ ᠰᠢᠨ᠎ᠡ ᠡᠨᠧᠷᠭᠢ ᠶᠢᠨ | ᠲᠠᠯᠠᠪᠤᠷ ᠥᠷᠲᠡᠭᠡ ᠶᠢ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠠᠴᠠ ᠤᠷᠢᠳ ᠢᠶᠠᠷ ᠢᠯᠭᠠᠷᠠᠭᠤᠯᠤᠨ ᠭᠠᠷᠭᠠᠬᠤ ᠶᠢᠨ ᠬᠠᠮᠲᠤ᠂ ᠵᠣᠬᠢᠴᠠᠬᠤ ᠲᠣᠭᠲᠠᠭᠰᠠᠨ | ᠴᠠᠭ ᠲᠠᠬᠢ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠭᠥᠯᠢᠶᠡᠨ ᠠᠪᠴᠤ ᠪᠣᠯᠣᠨ᠎ᠠ︔ ᠥᠪᠡᠰᠦᠪᠡᠨ ᠭᠠᠷᠭᠠᠵᠤ ᠥᠪᠡᠰᠦᠪᠡᠨ ᠬᠡᠷᠡᠭᠯᠡᠬᠦ ᠴᠠᠬᠢᠯᠭᠠᠨ ᠠᠴᠠ | ᠰᠢᠰᠲ᠋ᠧᠮ ᠤᠨ ᠪᠡᠯᠡᠳᠬᠡᠯ ᠵᠠᠷᠤᠳᠠᠯ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠢ ᠰᠣᠯᠪᠢᠴᠠᠯ ᠤᠨ ᠨᠡᠮᠡᠭᠦᠷᠢ ᠶᠢ ᠲᠦᠷ ᠲᠠᠲᠠᠪᠤᠷᠢᠯᠠᠬᠤ ᠦᠭᠡᠢ᠃ | ︵ᠬᠤᠶᠠᠷ︶ ᠪᠣᠬᠢᠷᠲᠤᠯ ᠦᠭᠡᠢ ᠤᠰᠤᠲᠥ᠋ᠷᠥᠭᠴᠢ ᠶᠢᠨ ᠠᠵᠤ ᠦᠢᠯᠡᠰ ᠤᠨ ᠪᠠᠷᠢᠮᠵᠢᠶᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠪᠣᠬᠢᠷᠲᠤᠯ ᠦᠭᠡᠢ | ᠤᠰᠤᠲᠥ᠋ᠷᠥᠭᠴᠢᠲᠤ ᠠᠵᠤ ᠦᠢᠯᠡᠰ ᠢ ᠪᠠᠷᠢᠮᠵᠢᠶᠠᠵᠢᠭᠤᠯᠬᠤ ᠠᠵᠢᠯ ᠢᠶᠠᠨ ᠴᠢᠩᠭᠠᠳᠬᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡᠨ ᠤ ᠡᠯ᠎ᠡ | ᠲᠠᠯ᠎ᠠ ᠶᠢᠨ ᠬᠢᠨ ᠤ ᠤᠯᠤᠰ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠬᠤ ᠳᠤ ᠢᠳᠡᠪᠬᠢᠲᠡᠢ | ᠣᠷᠣᠯᠴᠠᠬᠤ ᠶᠢ ᠵᠣᠷᠢᠭᠵᠢᠭᠤᠯᠤᠨ᠂ ᠳᠠᠬᠢᠨ ᠡᠭᠦᠰᠴᠦ ᠪᠣᠯᠬᠤ ᠡᠨᠧᠷᠭᠢ ᠪᠠᠷ ᠤᠰᠤᠲᠥ᠋ᠷᠥᠭᠴᠢ ᠦᠢᠯᠡᠳᠬᠦ᠂ ᠤᠰᠤᠲᠥ᠋ᠷᠥᠭᠴᠢ ᠬᠡᠢ ᠶᠢᠨ ᠶᠠᠰᠤ ᠴᠢᠨᠠᠷ ᠢ ᠪᠠᠶᠢᠴᠠᠭᠠᠨ | ᠰᠢᠯᠭᠠᠬᠤ᠂ ᠤᠰᠤᠲᠥ᠋ᠷᠥᠭᠴᠢᠲᠤ ᠡᠨᠧᠷᠭᠢ ᠶᠢᠨ ᠬᠤᠭᠤᠯᠠᠢ ᠭᠤᠤᠷᠰᠤ᠂ ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠲᠠᠯ᠎ᠠ ᠶᠢᠨ ᠪᠠᠷᠢᠮᠵᠢᠶ᠎ᠠ ᠶᠢ ᠲᠣᠭᠲᠠᠭᠠᠬᠤ ᠳᠤ | ᠭᠤᠣᠯᠳᠠᠯᠭ᠎ᠠ ᠲᠠᠢ ᠪᠠᠷ ᠣᠷᠣᠯᠴᠠᠵᠤ᠂ ᠪᠣᠬᠢᠷᠲᠤᠯ ᠦᠭᠡᠢ ᠤᠰᠤᠲᠥ᠋ᠷᠥᠭᠴᠢᠲᠤ ᠠᠵᠤ ᠦᠢᠯᠡᠰ ᠤᠨ ᠬᠥᠭᠵᠢᠯᠲᠡ ᠳᠤ ᠲᠤᠯᠭᠠᠭᠤᠷᠢᠯᠠᠯ ᠬᠠᠩᠭᠠᠨ᠎ᠠ᠃ ᠪᠣᠬᠢᠷᠲᠤᠯ | ᠦᠭᠡᠢ ᠤᠰᠤᠲᠥ᠋ᠷᠥᠭᠴᠢᠲᠤ ᠠᠵᠤ ᠦᠢᠯᠡᠰ ᠤᠨ ᠪᠠᠷᠢᠮᠵᠢᠶ᠎ᠠ ᠶᠢ ᠬᠡᠷᠡᠭᠯᠡᠭᠡᠨ ᠳᠤ ᠣᠷᠣᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠯᠪᠠᠳᠠᠯᠭ᠎ᠠ ᠶᠢᠨ ᠴᠢᠨᠠᠷᠲᠠᠢ | ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠲᠠᠨᠢᠯᠴᠠᠭᠤᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠢᠳᠡᠪᠬᠢᠲᠡᠢ ᠬᠡᠷᠡᠭᠯᠡᠨ᠎ᠡ᠃ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠤᠰᠤᠲᠥ᠋ᠷᠥᠭᠴᠢᠲᠤ | ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠲᠣᠰ ᠮᠡᠳᠡᠭᠳᠡᠯ ᠢ ᠬᠡᠷᠡᠭᠵᠢᠭᠦᠯᠦᠭᠰᠡᠨ | ᠪᠠᠶᠢᠳᠠᠯ ᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠠᠵᠢᠯ ᠢᠶᠠᠨ ᠰᠠᠶᠢᠲᠤᠷ ᠬᠢᠵᠦ᠂ ᠢᠯᠡᠷᠡᠭᠦᠯᠦᠭᠰᠡᠨ | ᠠᠰᠠᠭᠤᠳᠠᠯ ᠢ ᠴᠠᠭ ᠲᠤᠬᠠᠢ ᠳᠤ ᠨᠢ ᠰᠤᠳᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ | 2024 ᠣᠨ ᠤ 5 ᠳ᠋ᠤᠭᠠᠷ ᠰᠠᠷ᠎ᠠ ᠶᠢᠨ 30 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 6 ᠳ᠋ᠤᠭᠠᠷ ᠰᠠᠷ᠎ᠠ ᠶᠢᠨ 3 ᠤ ᠡᠳᠦᠷ ᠳᠠᠷᠤᠮᠠᠯᠯᠠᠨ ᠲᠠᠷᠬᠠᠭᠠᠪᠠ | |