12 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠣᠨ ᠤᠯᠤᠰ ᠤᠨ ᠴᠠᠭᠢᠯᠭᠠᠨ ᠲᠣᠣᠷ ᠤᠨ | ᠬᠢᠵᠠᠭᠠᠷᠲᠤ ᠺᠤᠮᠫᠠᠨᠢ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠪᠠ᠃ ᠲᠤᠰ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠤᠯᠤᠰ ᠤᠨ ᠴᠠᠭᠢᠯᠭᠠᠨ ᠲᠣᠣᠷ ᠤᠨ ᠬᠢᠵᠠᠭᠠᠷᠲᠤ ᠺᠤᠮᠫᠠᠨᠢ ᠶᠢᠨ | ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᡁᠢ ᠭᠠᠩ ᠲᠠᠢ ᠠᠭᠤᠯᠵᠠᠪᠠ᠃ | | | | | | | | | | | 12 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ | ᠭᠦᠭᠡᠬᠤᠲᠠ ᠳᠤ ᠤᠯᠤᠰ ᠤᠨ ᠴᠠᠭᠢᠯᠭᠠᠨ ᠲᠣᠣᠷ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ ᠵᠠᠩ ᡁᠢ ᠭᠠᠩ ᠲᠠᠢ ᠠᠭᠤᠯᠵᠠᠪᠠ᠃ | ᠲᠣᠰ ᠰᠣᠨᠢᠨ ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ | | | ᠠᠭᠤᠯᠵᠠᠯᠲᠠ ᠳᠤ᠂ ᠰᠦᠨ ᠱᠤᠤ ᠴᠧᠩ ᠵᠠᠩ ᡁᠢ ᠭᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ | ᠣᠷᠣᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠵᠢᠴᠢ ᠢᠷᠡᠬᠦ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠦᠭᠦᠮ ᠲᠠᠨᠢᠯᠴᠠᠭᠤᠯᠪᠠ᠃ ᠲᠡᠷᠡ᠂ | ᠥᠪᠥᠷ ᠮᠣᠩᠭᠤᠯ ᠤᠨ ᠬᠥᠭᠵᠢᠯᠲᠡ ᠶᠢᠨ ᠰᠡᠳᠬᠢᠴᠡ ᠮᠠᠰᠢ ᠲᠣᠳᠣᠷᠬᠠᠢ᠂ ᠳᠠᠷᠤᠢ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ᠂ ᠬᠤᠶᠠᠷ ᠶᠡᠭᠡ | ᠶᠠᠪᠤᠳᠠᠯ ᠢ ᠦᠷᠭᠦᠯᠵᠢᠯᠡᠨ ᠬᠦᠴᠦᠯᠡᠨ ᠰᠠᠶᠢᠲᠤᠷ ᠬᠢᠨ᠎ᠡ᠃ ᠪᠣᠳᠠᠲᠠᠢ ᠪᠠᠷ ᠬᠡᠯᠡᠪᠡᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ᠂ ᠢᠷᠡᠬᠦ ᠵᠢᠯ ᠤᠨ | ᠭᠤᠣᠯᠳᠠᠯᠭ᠎ᠠ ᠪᠣᠯ ︽ᠲᠠᠪᠤᠨ ᠶᠡᠭᠡ ᠡᠭᠦᠷᠭᠡ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ | ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠠᠪᠤᠳᠠᠯ ᠪᠣᠯᠣᠨ᠎ᠠ᠃ ᠥᠪᠥᠷ ᠮᠣᠩᠭᠤᠯ ᠤᠨ ᠠᠵᠤ ᠠᠬᠤᠢ ᠶᠢᠨ ᠨᠡᠮᠡᠭᠳᠡᠯ ᠭᠤᠣᠯᠳᠠᠭᠤ | ᠪᠡᠯᠡ ᠣᠷᠣᠭᠤᠯᠤᠯᠲᠠ ᠳᠤ ᠲᠦᠰᠢᠭᠯᠡᠨ᠎ᠡ᠂ ᠳᠠᠷᠠᠭ᠎ᠠ ᠵᠢᠯ ᠪᠢᠳᠡ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠶᠢ ᠬᠡᠷᠡᠭᠵᠢᠭᠦᠯᠵᠦ᠂ | ᠰᠢᠨ᠎ᠡ ᠡᠨᠧᠷᠭᠢ ᠶᠢᠨ ᠬᠦᠷᠢᠶᠡᠨ ᠤ ᠲᠥᠷᠥᠯ ᠵᠦᠢᠯ ᠢ ᠲᠣᠪᠣᠶᠢᠮ᠎ᠠ ᠰᠠᠶᠢᠲᠤᠷ ᠠᠳᠬᠤᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠤᠨ᠎ᠠ᠃ ᠤᠯᠤᠰ ᠤᠨ ᠴᠠᠭᠢᠯᠭᠠᠨ ᠲᠣᠣᠷ ᠤᠨ ᠺᠤᠮᠫᠠᠨᠢ ᠵᠢᠨ᠋ ᠬᠢᠨ ᠥᠪᠥᠷ | ᠮᠣᠩᠭᠤᠯ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠢᠵᠦ ᠲᠡᠶᠢᠯᠭᠦ ᠠᠵᠢᠯ ᠢᠶᠠᠨ ᠱᠠᠯᠠᠪᠳᠠᠨ ᠬᠢᠬᠦ ᠶᠢ ᠬᠦᠰᠡᠵᠦ ᠪᠠᠶᠢᠨ᠎ᠠ᠃ ᠵᠥᠪᠯᠡᠨ | ᠲᠣᠭᠲᠠᠭᠰᠠᠨ ᠬᠠᠮᠲᠤᠷᠠᠯᠴᠠᠭᠠᠨ ᠤ ᠬᠡᠷᠡᠭ ᠶᠠᠪᠤᠳᠠᠯ ᠳᠤ᠂ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠪᠠᠨ ᠨᠡᠮᠡᠭᠳᠡᠭᠦᠯᠵᠦ᠂ ᠢᠯᠡᠭᠦᠬᠡᠨ ᠵᠣᠯᠭᠠᠭᠤᠯᠵᠤ᠂ ᠠᠵᠢᠯᠯᠠᠬᠤ ᠶᠢᠨ | ᠳᠠᠭᠠᠤ ᠬᠠᠮᠲᠤ ᠶᠢᠨ ᠲᠠᠨᠢᠯᠲᠠ ᠪᠠᠨ ᠥᠷᠭᠡᠳᠬᠡᠵᠦ᠂ ᠬᠠᠮᠲᠤ ᠪᠠᠷ ᠠᠰᠢᠭ ᠭᠦᠷᠳᠡᠭᠦ ᠬᠥᠭᠵᠢᠯᠲᠡ ᠶᠢᠨ ᠰᠢᠨ᠎ᠡ ᠣᠷᠣᠨ ᠵᠠᠢ ᠶᠢ ᠲᠠᠰᠤᠷᠠᠯᠳᠠ ᠦᠭᠡᠢ ᠥᠷᠭᠡᠳᠬᠡᠶ᠎ᠡ᠃ | ᠪᠢᠳᠡ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠶᠢ ᠪᠠᠶᠢᠭᠤᠯᠵᠤ᠂ ᠲᠠᠷᠠᠭᠠᠴᠢ ᠶᠢᠨ ᠠᠯᠬᠤᠮ ᠳᠤ ᠪᠠᠰᠠ | ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠴᠢᠭᠯᠡᠭᠦᠯᠦᠨ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠪᠠᠶᠢᠭᠤᠯᠵᠤ᠂ ᠡᠭᠦᠨ ᠢᠶᠠᠷ ᠲᠦᠰᠢᠭ ᠪᠣᠯᠭᠠᠨ ᠥᠨᠳᠥᠷ | ᠪᠦᠲᠦᠮᠵᠢᠲᠡᠶ ᠳᠥᠭᠦᠮ ᠳᠥᠲᠡ ᠦᠢᠯᠡᠴᠢᠯᠡᠭᠡ ᠬᠠᠩᠭᠠᠵᠤ᠂ ᠡᠯ᠎ᠡ ᠲᠥᠷᠥᠯ ᠤᠨ ᠠᠵᠤ ᠠᠬᠤᠶᠢᠯᠠᠯ ᠤᠨ ᠥᠪᠥᠷ ᠮᠣᠩᠭᠤᠯ ᠳᠤ ᠪᠡᠯᠡ ᠣᠷᠣᠭᠤᠯᠤᠨ ᠬᠥᠭᠵᠢᠬᠦ ᠳᠤ | ᠨᠠᠩ ᠰᠠᠶᠢᠨ ᠬᠦᠴᠦᠨ ᠨᠡᠮᠡᠷᠢᠯᠡᠬᠦ ᠪᠣᠯᠣᠨ᠎ᠠ ᠭᠡᠵᠦ ᠬᠡᠯᠡᠪᠡ᠃ | ᠵᠠᠩ ᡁᠢ ᠭᠠᠩ ᠥᠪᠥᠷ ᠮᠣᠩᠭᠤᠯ ᠤᠨ ᠤᠷᠳᠤ ᠬᠤᠭᠤᠴᠠᠭᠠᠨ ᠤ ᠲᠤᠷᠰᠢ ᠤᠯᠤᠰ ᠤᠨ ᠴᠠᠭᠢᠯᠭᠠᠨ ᠲᠣᠣᠷ ᠤᠨ ᠺᠤᠮᠫᠠᠨᠢ ᠳᠤ ᠦᠵᠡᠭᠦᠯᠦᠭᠰᠡᠨ ᠬᠠᠯᠠᠮᠵᠢᠯᠠᠯ | ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠣᠯᠣᠭᠰᠠᠨ ᠠᠮᠵᠢᠯᠲᠠ ᠳᠤ | ᠪᠠᠶᠠᠷ ᠬᠦᠷᠭᠡᠪᠡ᠃ ᠲᠡᠷᠡ᠂ ᠥᠪᠥᠷ ᠮᠣᠩᠭᠤᠯ ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠪᠠ ᠰᠢᠨ᠎ᠡ ᠡᠨᠧᠷᠭᠢ ᠶᠢᠨ ᠬᠥᠭᠵᠢᠯᠲᠡ ᠶᠢᠨ ᠲᠠᠯ᠎ᠠ ᠪᠠᠷ ᠢᠯᠡᠳᠲᠡ | ᠦᠷ᠎ᠡ ᠪᠦᠲᠦᠮᠵᠢ ᠣᠯᠪᠠ᠃ ᠤᠯᠤᠰ ᠤᠨ ᠴᠠᠭᠢᠯᠭᠠᠨ ᠲᠣᠣᠷ ᠤᠨ ᠺᠤᠮᠫᠠᠨᠢ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ | ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ᠂ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠶᠢᠨ ᠬᠡᠷᠡᠭᠴᠡᠭᠡ ᠲᠠᠢ ᠢᠳᠡᠪᠬᠢᠲᠡᠢ | ᠵᠣᠯᠭᠠᠭᠤᠯᠵᠤ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠦᠭᠦ ᠬᠦᠴᠦᠨ ᠢᠶᠠᠷ ᠰᠢᠯᠢᠳᠡᠭ ᠦᠢᠯᠡᠴᠢᠯᠡᠭᠡ ᠬᠠᠩᠭᠠᠵᠤ᠂ ᠥᠪᠥᠷ | ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠳᠤ ᠪᠦᠭᠦ ᠬᠦᠴᠦᠨ ᠢᠶᠠᠷ ᠢᠶᠠᠨ ᠲᠤᠰᠠᠯᠠᠨ᠎ᠠ ᠭᠡᠵᠦ | ᠬᠡᠯᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠰᠢᠨ᠂ ᠤᠯᠤᠰ ᠤᠨ ᠴᠠᠭᠢᠯᠭᠠᠨ ᠲᠣᠣᠷ ᠤᠨ ᠬᠢᠵᠠᠭᠠᠷᠲᠤ | ᠺᠤᠮᠫᠠᠨᠢ ᠶᠢᠨ ᠶᠡᠷᠦᠩᠬᠡᠢ ᠳᠠᠭᠠᠭᠠᠮᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠫᠠᠩ ᠰᠢᠶᠣᠣ ᠭᠠᠩ ᠠᠵᠢᠯᠯᠠᠭ᠎ᠠ ᠳᠤ ᠣᠷᠣᠯᠴᠠᠵᠠᠢ᠃ | |