︽ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ︾ ᠢ 2022 ᠣᠨ ᠤ 12 ᠰᠠᠷ᠎ᠠ ᠶᠢᠨ 22 ᠤᠨ ᠡᠳᠦᠷ ᠤᠯᠤᠰ ᠤᠨ ᠪᠡᠶ᠎ᠡ ᠶᠢᠨ ᠲᠠᠮᠢᠷ ᠤᠨ | ᠶᠡᠷᠦᠩᠬᠡᠢ ᠲᠣᠪᠴᠢᠶ᠎ᠠ ᠶᠢᠨ ᠬᠤᠶᠠᠳᠤᠭᠠᠷ ᠤᠳᠠᠭ᠎ᠠ ᠶᠢᠨ ᠲᠣᠪᠴᠢᠶ᠎ᠠ ᠶᠢᠨ ᠶᠠᠪᠤᠳᠠᠯ ᠤᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠣᠲᠣ ᠨᠡᠶᠢᠲᠡᠯᠡᠪᠡ᠂ | 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠪᠡᠶ᠎ᠡ ᠶᠢᠨ ᠲᠠᠮᠢᠷ ᠤᠨ ᠵᠢᠭᠤᠷᠠᠯᠳᠤᠭᠠᠨ ᠢ ᠴᠠᠭ ᠲᠤᠬᠠᠢ ᠳᠤᠨᠢ᠂ ᠲᠥᠪ ᠭᠤᠣᠯᠴᠢ ᠪᠠᠷ ᠰᠢᠢᠳᠪᠦᠷᠢᠯᠡᠵᠦ᠂ ᠲᠤᠬᠠᠢ ᠶᠢᠨ ᠬᠥᠮᠥᠨ ᠤ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠵᠡᠷᠭᠡ | ᠬᠤᠯᠪᠣᠭᠳᠠᠯ ᠪᠦᠬᠦᠢ ᠬᠠᠤᠯᠢ ᠴᠠᠭᠠᠵᠠ ᠶᠢ ᠦᠨᠳᠦᠰᠦᠯᠡᠨ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ︵ᠳᠣᠷᠣᠭᠰᠢ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠵᠦᠪᠯᠡᠯ ᠭᠡᠵᠦ ᠲᠣᠪᠴᠢᠯᠠᠨ᠎ᠠ︶ ᠤᠨ ᠪᠠᠶᠢᠭ᠎ᠠ ᠭᠠᠵᠠᠷ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠭᠡᠵᠢᠩ ᠬᠤᠲᠠ | ᠪᠠᠶᠢᠵᠤ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ︵ᠳᠣᠷᠣᠭᠰᠢ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠭᠡᠵᠦ ᠲᠣᠪᠴᠢᠯᠠᠨ᠎ᠠ︶ ᠠᠴᠠ | ᠵᠤᠬᠢᠶᠠᠨ ᠪᠠᠶᠢᠭᠤᠯᠤᠨ᠎ᠡ᠃ | ᠭᠤᠷᠪᠠᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠣᠣᠷ᠎ᠠ ᠵᠢᠭᠰᠠᠭᠠᠭᠰᠠᠨ ᠬᠡᠷᠡᠭ ᠢ ᠬᠦᠯᠢᠶᠡᠨ ᠠᠪᠤᠨ᠎ᠡ᠄ | ︵ᠨᠢᠭᠡ︶ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠲᠠᠮᠢᠷᠴᠢᠳ ᠤᠨ ᠬᠠᠮᠢᠶᠠᠷᠤᠯᠲᠠ ᠶᠢᠨ ᠨᠢᠭᠡᠴᠢ᠂ ᠪᠡᠶ᠎ᠡ ᠶᠢᠨ ᠲᠠᠮᠢᠷ ᠤᠨ | ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠭᠴᠢ ᠶᠢᠨ ᠬᠥᠭᠡᠷᠦᠭᠦᠯᠬᠦ ᠡᠮ ᠤᠨ ᠬᠠᠮᠢᠶᠠᠷᠤᠯᠲᠠ ᠪᠤᠶᠤ ᠪᠤᠰᠤᠳ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ | ᠭᠠᠷᠭᠠᠭᠰᠠᠨ ᠤᠷᠤᠯᠳᠤᠭᠠᠨ ᠳᠤ ᠣᠷᠤᠯᠴᠠᠬᠤ ᠬᠢᠷᠢ ᠬᠡᠮ ᠢ ᠨᠢ ᠬᠠᠰᠤᠬᠤ᠂ ᠤᠷᠤᠯᠳᠤᠭᠠᠨ ᠤ ᠬᠢᠷᠢ ᠪᠦᠲᠦᠮᠵᠢ ᠶᠢ ᠨᠢ ᠬᠠᠰᠤᠬᠤ᠂ ᠤᠷᠤᠯᠳᠤᠭᠠᠨ ᠢ ᠴᠠᠭᠠᠵᠠᠯᠠᠬᠤ | ᠵᠡᠷᠭᠡ ᠰᠢᠢᠳᠪᠦᠷᠢᠯᠡᠬᠦ ᠲᠣᠭᠲᠠᠭᠠᠯ ᠢ ᠵᠥᠪᠰᠢᠶᠡᠷᠡᠬᠦ ᠦᠭᠡᠢ ᠠᠴᠠ ᠪᠣᠯᠵᠤ ᠡᠭᠦᠰᠦᠭᠰᠡᠨ ᠵᠢᠭᠤᠷᠠᠯᠳᠤᠭᠠᠨ︔ | ︵ᠬᠤᠶᠠᠷ︶ ᠲᠠᠮᠢᠷᠴᠢᠨ ᠢ ᠳᠠᠩᠰᠠᠯᠠᠭᠤᠯᠬᠤ᠂ ᠰᠣᠯᠢᠯᠴᠠᠬᠤ ᠠᠴᠠ ᠪᠣᠯᠵᠤ ᠡᠭᠦᠰᠦᠭᠰᠡᠨ ᠵᠢᠭᠤᠷᠠᠯᠳᠤᠭᠠᠨ︔ | ︵ᠭᠤᠷᠪᠠ︶ ᠤᠷᠤᠯᠳᠤᠭᠠᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠳᠤᠮᠳᠠ ᠭᠠᠷᠤᠭᠰᠠᠨ ᠪᠤᠰᠤᠳ ᠵᠢᠭᠤᠷᠠᠯᠳᠤᠭᠠᠨ᠃ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠥᠨᠳᠡᠯᠡᠨ ᠠᠴᠠ ᠲᠠᠰᠤᠯᠬᠤ ᠬᠠᠤᠯᠢ︾ ᠳᠤ ᠲᠣᠭᠲᠠᠭᠠᠭᠰᠠᠨ ᠬᠥᠨᠳᠡᠯᠡᠨ ᠠᠴᠠ ᠲᠠᠰᠤᠯᠵᠤ ᠪᠣᠯᠬᠤ ᠵᠢᠭᠤᠷᠠᠯᠳᠤᠭᠠᠨ ᠪᠠ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠬᠠᠤᠯᠢ︾ ᠳᠤ | ᠲᠣᠭᠲᠠᠭᠠᠭᠰᠠᠨ ᠬᠥᠳᠡᠯᠮᠦᠷᠢ ᠶᠢᠨ ᠮᠠᠷᠭᠤᠯᠳᠤᠭᠠᠨ ᠨᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠬᠡᠪᠴᠢᠶᠡᠨ ᠳᠤ ᠪᠠᠭᠲᠠᠬᠤ ᠦᠭᠡᠢ᠃ | ᠳᠥᠷᠪᠡᠳᠦᠭᠡᠷ ᠵᠦᠢᠯ ᠲᠤᠬᠠᠢ ᠶᠢᠨ ᠬᠥᠮᠥᠨ ᠬᠠᠮᠲᠤ ᠪᠠᠷ ᠵᠠᠭᠤᠷᠠᠯᠳᠤᠭᠠᠨ ᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠤ ᠲᠤᠰᠢᠶᠠᠵᠤ | ᠬᠥᠨᠳᠡᠯᠡᠨ ᠠᠴᠠ ᠲᠠᠰᠤᠯᠤᠭᠤᠯᠤᠭᠰᠠᠨ ᠪᠠᠶᠢᠪᠠᠯ᠂ ᠲᠤᠰ ᠳᠦᠷᠢᠮ ᠤᠨ ᠶᠣᠰᠣᠭᠠᠷ ᠬᠥᠨᠳᠡᠯᠡᠨ ᠠᠴᠠ ᠲᠠᠰᠤᠯᠬᠤ ᠶᠢ ᠵᠦᠪᠰᠢᠶᠡᠷᠡᠯ᠎ᠡ ᠭᠡᠵᠦ ᠦᠵᠡᠨ᠎ᠡ᠃ ᠲᠤᠬᠠᠢ ᠶᠢᠨ | ᠬᠥᠮᠥᠨ ᠨᠢ ᠲᠤᠰ ᠳᠦᠷᠢᠮ ᠤᠨ ᠶᠣᠰᠣᠭᠠᠷ ᠬᠥᠨᠳᠡᠯᠡᠨ ᠠᠴᠠ ᠲᠠᠰᠤᠯᠤᠭᠤᠯᠬᠤ ᠪᠠᠷ ᠪᠣᠯᠵᠣᠨ ᠲᠣᠭᠲᠠᠭᠰᠠᠨ ᠪᠣᠯᠪᠠᠴᠤ ᠬᠥᠨᠳᠡᠯᠡᠨ ᠠᠴᠠ ᠲᠠᠰᠤᠯᠬᠤ | ᠪᠠᠶᠢᠭᠤᠯᠤᠮᠵᠢ ᠶᠢ ᠪᠣᠯᠵᠣᠨ ᠲᠣᠭᠲᠠᠭᠰᠠᠨ ᠦᠭᠡᠢ᠂ ᠡᠰᠡᠬᠦᠯ᠎ᠡ ᠲᠤᠬᠠᠢ ᠶᠢᠨ ᠬᠥᠮᠥᠨ ᠤ ᠪᠣᠯᠵᠣᠨ ᠲᠣᠭᠲᠠᠭᠰᠠᠨ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠶᠢᠨ | ᠨᠡᠷᠡᠶᠢᠳᠦᠯ ᠨᠢ ᠬᠡᠳᠦ᠋ᠢᠪᠡᠷ ᠣᠨᠣᠪᠴᠢ ᠦᠭᠡᠢ ᠪᠣᠯᠪᠠᠴᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠮᠥᠨ ᠭᠡᠵᠦ ᠲᠣᠭᠲᠠᠭᠠᠵᠤ ᠴᠢᠳᠠᠪᠠᠯ᠂ | ᠵᠢᠭᠤᠷᠠᠯᠳᠤᠭᠠᠨ ᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠤ ᠲᠤᠰᠢᠶᠠᠵᠤ ᠬᠥᠨᠳᠡᠯᠡᠨ ᠠᠴᠠ ᠲᠠᠰᠤᠯᠤᠭᠤᠯᠬᠤ ᠶᠢ ᠵᠥᠪᠰᠢᠶᠡᠷᠡᠭᠰᠡᠨ ᠢᠶᠠᠷ | ᠦᠵᠡᠨ᠎ᠡ᠃ | ᠲᠠᠪᠤᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠵᠦᠪᠯᠡᠯ ᠤᠨ ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠳᠡᠪᠲᠡᠷ︾ ︵ᠳᠣᠷᠣᠭᠰᠢ ︽ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠳᠡᠪᠲᠡᠷ︾ | ᠭᠡᠵᠦ ᠲᠣᠪᠴᠢᠯᠠᠨ᠎ᠠ︶ ᠢ ᠭᠠᠷᠭᠠᠬᠤ ᠶᠢᠨ ᠬᠠᠮᠳᠦ ᠵᠠᠷᠯᠠᠬᠤ ᠬᠡᠷᠡᠭᠳᠡᠢ᠃ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠢ ︽ᠬᠥᠨᠳᠡᠯᠡᠨ ᠠᠴᠠ | ᠲᠠᠰᠤᠯᠤᠭᠴᠢ ᠶᠢᠨ ᠨᠡᠷᠡᠰ ᠤᠨ ᠳᠡᠪᠲᠡᠷ︾ ᠲᠤ ︽ᠬᠥᠭᠡᠷᠦᠭᠦᠯᠬᠦ ᠡᠮ ᠢ ᠡᠰᠡᠷᠭᠦᠴᠡᠬᠦ ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠳᠡᠪᠲᠡᠷ︾ ᠵᠡᠷᠭᠡ ᠲᠤᠰᠬᠠᠢ | ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠲᠡᠪᠳᠡᠷ ᠢ ᠲᠤᠬᠢᠷᠠᠭᠤᠯᠵᠦ ᠪᠤᠯᠤᠨ᠎ᠡ᠃ | ᠵᠢᠷᠭᠤᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠬᠥᠨᠳᠡᠯᠡᠨ ᠠᠴᠠ ᠲᠠᠰᠤᠯᠤᠭᠴᠢ ᠨᠢ ᠲᠥᠪ ᠭᠤᠣᠯᠴᠢ ᠪᠠᠶᠢᠬᠤ | ᠬᠡᠷᠡᠭᠲᠡᠢ ᠪᠦᠭᠡᠳ ᠲᠤᠤᠷᠡᠬᠢ ᠨᠥᠬᠦᠴᠡᠯ ᠤᠳ ᠤᠨ ᠨᠢᠭᠡ ᠳᠤᠨᠢ ᠨᠡᠶᠢᠴᠡᠭᠰᠡᠨ ᠪᠠᠶᠢᠬᠤ ᠬᠡᠷᠡᠭᠲᠡᠢ᠄ | ︵ᠨᠢᠭᠡ︶ ᠬᠠᠤᠯᠢᠴᠢ ᠶᠢᠨ ᠠᠵᠢᠯ ᠡᠷᠬᠢᠯᠡᠭᠡᠳ ᠪᠦᠬᠦᠯᠢ ᠨᠠᠢᠮᠠᠨ ᠵᠢᠯ ᠪᠣᠯᠤᠭᠰᠠᠨ︔ | ︵ᠬᠤᠶᠠᠷ︶ ᠬᠠᠤᠯᠢ ᠶᠢᠨ ᠲᠤᠰᠢᠶᠠᠯᠲᠠᠨ ᠤ ᠲᠤᠰᠢᠶᠠᠯ ᠢ ᠪᠦᠬᠦᠯᠢ ᠨᠠᠢᠮᠠᠨ ᠵᠢᠯ ᠬᠠᠷᠢᠭᠤᠴᠠᠵᠤ ᠥᠩᠭᠡᠷᠡᠭᠰᠡᠨ︔ | ︵ᠭᠤᠷᠪᠠ︶ ᠤᠯᠤᠰ ᠤᠨ ᠨᠢᠭᠡᠳᠦᠯᠲᠡᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠪᠠᠷ ᠳᠠᠮᠵᠢᠭᠠᠳ ᠬᠠᠤᠯᠢ ᠴᠠᠭᠠᠵᠠ ᠶᠢᠨ | ᠠᠵᠢᠯ ᠮᠡᠷᠭᠡᠵᠢᠯ ᠤᠨ ᠬᠢᠷᠢ ᠬᠡᠮ ᠣᠯᠵᠤ᠂ ᠬᠥᠨᠳᠡᠯᠡᠨ ᠠᠴᠠ ᠲᠠᠰᠤᠯᠬᠤ ᠠᠵᠢᠯ ᠢ ᠪᠦᠬᠦᠯᠢ ᠨᠠᠢᠮᠠᠨ ᠵᠢᠯ ᠬᠢᠭᠰᠡᠨ | ︵ᠲᠦᠷᠪᠡ︶ ᠬᠠᠤᠯᠢ ᠶᠢᠨ ᠤᠬᠠᠭᠠᠨ᠂ ᠪᠡᠶ᠎ᠡ ᠶᠢᠨ ᠲᠠᠮᠢᠷ ᠤᠨ ᠤᠬᠠᠭᠠᠨ ᠤ ᠰᠤᠳᠤᠯᠤᠯ ᠪᠤᠶᠤ ᠵᠢᠭᠠᠨ ᠰᠤᠷᠭᠠᠬᠤ ᠠᠵᠢᠯ ᠬᠢᠵᠦ ᠪᠠᠶᠢᠭ᠎ᠠ ᠪᠥᠭᠡᠳ ᠳᠡᠭᠡᠳᠦ | ᠵᠡᠷᠭᠡ ᠶᠢᠨ ᠮᠡᠷᠭᠡᠵᠢᠯ ᠤᠨ ᠴᠣᠯᠠ ᠲᠠᠢ ᠪᠠᠶᠢᠬᠤ︔ | ︵ᠲᠠᠪᠤ︶ ᠬᠠᠤᠯᠢ ᠴᠠᠭᠠᠵᠠ ᠶᠢᠨ ᠮᠡᠳᠡᠯᠭᠡ ᠲᠠᠢ ᠪᠥᠭᠡᠳ ᠪᠡᠶ᠎ᠡ ᠶᠢᠨ ᠲᠠᠮᠢᠷ ᠤᠨ ᠪᠣᠳᠠᠲᠤ ᠠᠵᠢᠯ ᠬᠢᠭᠡᠳ ᠪᠦᠬᠦᠯᠢ ᠨᠠᠢᠮᠠᠨ ᠵᠢᠯ ᠪᠣᠯᠤᠭᠰᠠᠨ᠃ | ᠨᠠᠢᠮᠠᠳᠤᠭᠠᠷ ᠵᠦᠢᠯ ᠲᠤᠰ ᠳᠦᠷᠢᠮ ᠳᠤ ᠲᠣᠭᠲᠠᠭᠠᠭᠰᠠᠨ ᠬᠤᠭᠤᠴᠠᠭ᠎ᠠ ᠪᠤᠶᠤ ᠲᠤᠰ ᠳᠦᠷᠢᠮ ᠢ ᠦᠨᠳᠦᠰᠦᠯᠡᠨ ᠲᠣᠭᠲᠠᠭᠠᠭᠰᠠᠨ ᠬᠤᠭᠤᠴᠠᠭ᠎ᠠ ᠶᠢ | ᠬᠤᠭᠤᠴᠠᠭ᠎ᠠ ᠡᠬᠢᠯᠡᠭᠰᠡᠨ ᠤ ᠲᠠᠷᠠᠭ᠎ᠠ ᠡᠳᠦᠷ ᠠᠴᠠ ᠡᠬᠢᠯᠡᠵᠦ ᠪᠤᠳᠤᠬᠤ ᠬᠡᠷᠡᠭᠲᠡᠢ᠃ ᠬᠤᠭᠤᠴᠠᠭ᠎ᠠ ᠡᠬᠢᠯᠡᠭᠰᠡᠨ ᠡᠳᠦᠷ ᠢ ᠬᠤᠭᠤᠴᠠᠭᠠᠨ ᠳᠤ ᠣᠷᠣᠭᠤᠯᠵᠤ ᠪᠤᠳᠦᠬᠤ | ᠦᠭᠡᠢ᠃ ᠬᠡᠷᠪᠡ ᠬᠤᠭᠤᠴᠠᠭ᠎ᠠ ᠡᠬᠢᠯᠡᠭᠰᠡᠨ ᠤ ᠲᠠᠷᠠᠭ᠎ᠠ ᠡᠳᠦᠷ ᠨᠢ ᠬᠦᠷᠭᠡᠭᠰᠡᠨ ᠭᠠᠵᠠᠷ ᠤᠨ ᠤᠯᠠᠨ ᠨᠡᠶᠢᠲᠡ ᠶᠢᠨ ᠠᠮᠠᠷᠠᠯᠲᠠ ᠶᠢᠨ ᠡᠳᠦᠷ ᠪᠤᠶᠤ ᠠᠵᠢᠯ ᠤᠨ ᠡᠳᠦᠷ | ᠪᠤᠰᠤ ᠡᠳᠦᠷ ᠪᠠᠶᠢᠪᠠᠯ᠂ ᠲᠡᠭᠦᠨ ᠤ ᠳᠠᠷᠠᠭᠠᠬᠢ ᠨᠢᠭᠡᠳᠦᠭᠡᠷ ᠠᠵᠢᠯ ᠤᠨ ᠡᠳᠦᠷ ᠠᠴᠠ ᠡᠬᠢᠯᠡᠵᠦ ᠪᠤᠳᠤᠨ᠎ᠠ᠃ ᠬᠤᠭᠤᠴᠠᠭ᠎ᠠ ᠳᠦᠭᠦᠷᠦᠭᠰᠡᠨ ᠡᠳᠦᠷ ᠨᠢ ᠤᠯᠠᠨ | ᠨᠡᠶᠢᠲᠡ ᠶᠢᠨ ᠠᠮᠠᠷᠠᠯᠲᠠ ᠶᠢᠨ ᠡᠳᠦᠷ ᠪᠤᠶᠤ ᠠᠵᠢᠯ ᠤᠨ ᠡᠳᠦᠷ ᠪᠢᠰᠢ ᠪᠠᠶᠢᠪᠠᠯ᠂ ᠲᠡᠭᠦᠨ ᠤ ᠳᠠᠷᠠᠭᠠᠬᠢ ᠨᠢᠭᠡᠳᠦᠭᠡᠷ ᠠᠵᠢᠯ ᠤᠨ ᠡᠳᠦᠷ ᠢᠶᠠᠷ ᠬᠤᠭᠤᠴᠠᠭ᠎ᠠ | ᠳᠦᠭᠦᠷᠦᠭᠰᠡᠨ ᠡᠳᠦᠷ ᠪᠣᠯᠭᠠᠨ᠎ᠠ᠃ ᠬᠤᠭᠤᠴᠠᠭ᠎ᠠ ᠳᠤᠨᠢ ᠵᠡᠮ ᠤᠨ ᠭᠤᠳᠦᠰ ᠲᠠᠬᠢ ᠴᠠᠭ ᠢ ᠪᠠᠭᠲᠠᠭᠠᠬᠤ ᠦᠭᠡᠢ᠂ ᠬᠥᠨᠳᠡᠯᠡᠨ ᠠᠴᠠ ᠲᠠᠰᠤᠯᠤᠭᠰᠠᠨ ᠪᠢᠴᠢᠭ ᠬᠠᠷ᠎ᠠ᠂ | ᠮᠡᠳᠡᠭᠳᠡᠯ᠂ ᠮᠠᠲ᠋ᠧᠷᠢᠶᠠᠯ ᠢ ᠬᠤᠭᠤᠴᠠᠭ᠎ᠠ ᠳᠦᠭᠦᠷᠬᠦ ᠠᠴᠠ ᠡᠮᠦᠨ᠎ᠡ ᠰᠢᠤᠳᠠᠨ ᠳᠤ ᠲᠤᠰᠢᠶᠠᠭᠰᠠᠨ᠂ ᠲᠤᠰᠢᠶᠠᠨ ᠶᠠᠪᠤᠭᠤᠯᠤᠭᠰᠠᠨ ᠪᠠᠶᠢᠪᠠᠯ ᠬᠤᠭᠤᠴᠠᠭ᠎ᠠ | ᠬᠡᠲᠦᠷᠡᠭᠰᠡᠨ ᠢᠶᠠᠷ ᠪᠤᠳᠦᠬᠤ ᠦᠭᠡᠢ᠃ ᠲᠤᠬᠠᠢ ᠶᠢᠨ ᠬᠥᠮᠥᠨ ᠡᠰᠡᠷᠭᠦᠴᠡᠰᠢ ᠦᠭᠡᠢ ᠬᠦᠴᠦᠨ ᠪᠤᠶᠤ ᠪᠤᠰᠤᠳ ᠵᠦᠢ ᠶᠣᠰᠣᠨ ᠤ ᠰᠢᠯᠲᠠᠭᠠᠨ ᠠᠴᠠ ᠪᠣᠯᠵᠤ | ᠬᠤᠭᠤᠴᠠᠭ᠎ᠠ ᠶᠢ ᠰᠠᠭᠠᠲᠠᠭᠠᠭᠰᠠᠨ ᠪᠠᠶᠢᠪᠠᠯ᠂ ᠬᠠᠷᠰᠢ ᠰᠠᠭᠠᠳ ᠠᠷᠢᠯᠤᠭᠰᠠᠨ ᠤ ᠳᠠᠷᠠᠭᠠᠬᠢ ᠲᠠᠪᠤᠨ ᠡᠳᠦᠷ ᠤᠨ ᠳᠣᠲᠣᠷ᠎ᠠ ᠬᠤᠶᠢᠰᠢᠯᠠᠭᠤᠯᠬᠤ ᠪᠠᠷ ᠭᠤᠶᠤᠴᠢᠯᠠᠵᠤ | ᠪᠣᠯᠣᠨ᠎ᠠ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠡᠷᠬᠢᠯᠡᠭᠴᠢ ︵ᠳᠣᠷᠣᠭᠰᠢ ᠡᠷᠬᠢᠯᠡᠭᠴᠢ ᠭᠡᠵᠦ ᠲᠣᠪᠴᠢᠯᠠᠨ᠎ᠠ︶ ᠪᠤᠶᠤ ᠬᠥᠨᠳᠡᠯᠡᠨ ᠠᠴᠠ | ᠲᠠᠰᠤᠯᠬᠤ ᠲᠢᠩᠬᠢᠮ ᠠᠴᠠ ᠡᠭᠦᠨ ᠤ ᠲᠤᠬᠠᠢ ᠲᠣᠭᠲᠠᠭᠠᠯ ᠭᠠᠷᠭᠠᠨ᠎ᠠ᠃ | ᠶᠢᠰᠦᠳᠦᠭᠡᠷ ᠵᠦᠢᠯ ᠬᠥᠨᠳᠡᠯᠡᠨ ᠠᠴᠠ ᠲᠠᠰᠤᠯᠬᠤ ᠪᠢᠴᠢᠭ ᠮᠠᠲ᠋ᠧᠷᠢᠶᠠᠯ ᠢ ᠨᠢᠭᠤᠷᠳᠠᠨ ᠬᠦᠷᠭᠡᠬᠦ᠂ ᠰᠢᠤᠳᠠᠨ ᠢᠶᠠᠷ ᠢᠯᠡᠭᠡᠬᠦ᠂ ᠹᠠᠺᠰ᠂ ᠡᠯᠧᠺᠳ᠋ᠷᠤᠨ ᠰᠢᠤᠳᠠᠨ ᠤ | ᠵᠦᠢᠯ ᠵᠡᠷᠭᠡ ᠬᠡᠯᠪᠡᠷᠢ ᠪᠠᠷ ᠪᠤᠶᠤ ᠲᠤᠬᠠᠢ ᠶᠢᠨ ᠬᠥᠮᠥᠨ ᠤ ᠪᠣᠯᠵᠣᠨ ᠲᠣᠭᠲᠠᠭᠰᠠᠨ ᠬᠡᠯᠪᠡᠷᠢ ᠪᠠᠷ ᠲᠤᠬᠠᠢ ᠶᠢᠨ ᠬᠥᠮᠥᠨ ᠪᠤᠶᠤ ᠲᠡᠭᠦᠨ ᠤ ᠬᠥᠨᠳᠡᠯᠡᠨ ᠠᠴᠠ | ᠲᠠᠰᠤᠯᠬᠤ ᠣᠷᠣᠯᠠᠭᠴᠢ ᠳᠤ ᠬᠦᠷᠭᠡᠵᠦ ᠪᠣᠯᠣᠨ᠎ᠠ᠃ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠪᠤᠶᠤ ᠬᠥᠨᠳᠡᠯᠡᠨ ᠠᠴᠠ ᠲᠠᠰᠤᠯᠬᠤ ᠲᠢᠩᠬᠢᠮ ᠨᠢ | ᠬᠡᠷᠡᠭ ᠤᠨ ᠪᠣᠳᠠᠲᠠᠢ ᠪᠠᠶᠢᠳᠠᠯ ᠢ ᠦᠨᠳᠦᠰᠦᠯᠡᠨ ᠵᠣᠬᠢᠰᠲᠠᠢ ᠬᠦᠷᠭᠡᠬᠦ ᠠᠷᠭ᠎ᠠ ᠮᠠᠶ᠋ᠢᠭ ᠢ ᠬᠡᠷᠡᠭᠯᠡᠬᠦ ᠪᠠᠷ ᠲᠣᠭᠲᠠᠭᠠᠬᠤ ᠡᠷᠬᠡ ᠲᠠᠢ᠃ ᠲᠤᠬᠠᠢ ᠶᠢᠨ ᠬᠥᠮᠥᠨ ᠪᠤᠶᠤ | ᠲᠡᠭᠦᠨ ᠤ ᠣᠷᠣᠯᠠᠭᠴᠢ ᠳᠤ ᠬᠥᠨᠳᠡᠯᠡᠨ ᠠᠴᠠ ᠲᠠᠰᠤᠯᠤᠭᠰᠠᠨ ᠪᠢᠴᠢᠭ ᠮᠠᠲ᠋ᠧᠷᠢᠶᠠᠯ ᠢ ᠶᠠᠪᠤᠭᠤᠯᠬᠤ ᠳᠠᠭᠠᠨ ᠨᠢᠭᠤᠷᠳᠠᠨ ᠬᠦᠷᠭᠡᠭᠰᠡᠨ ᠪᠠᠶᠢᠪᠠᠯ᠂ ᠭᠥᠯᠢᠶᠡᠨ | ᠠᠪᠤᠭᠴᠢ ᠳᠤ ᠨᠢᠭᠤᠷ ᠳᠡᠭᠡᠷ᠎ᠡ ᠨᠢ ᠬᠦᠷᠭᠡᠵᠦ ᠥᠭᠭᠦᠭᠰᠡᠨ ᠢ ᠨᠢᠭᠡᠨᠲᠡ ᠬᠦᠷᠭᠡᠭᠰᠡᠨ ᠢᠶᠠᠷ ᠪᠤᠳᠦᠨ᠎ᠡ︔ ᠰᠢᠤᠳᠠᠨ ᠢᠶᠠᠷ ᠬᠦᠷᠭᠡᠭᠰᠡᠨ ᠪᠠᠶᠢᠪᠠᠯ᠂ ᠬᠦᠷᠭᠡᠯᠲᠡ | ᠬᠦᠯᠢᠶᠡᠭᠴᠢ ᠶᠢᠨ ᠪᠡᠶ᠎ᠡ ᠶᠢᠨ ᠦᠨᠡᠮᠯᠡᠯ ᠳᠤ ᠬᠠᠶ᠋ᠢᠭ᠂ ᠡᠷᠦᠭᠡ ᠠᠮᠠ ᠶᠢᠨ ᠲᠠᠩᠰᠠ ᠶᠢᠨ ᠬᠠᠶ᠋ᠢᠭ᠂ ᠣᠷᠣᠰᠢᠨ ᠰᠠᠭᠤᠵᠤ ᠪᠠᠶᠢᠭ᠎ᠠ ᠬᠠᠶ᠋ᠢᠭ᠂ ᠡᠵᠡᠩᠨᠡᠯᠲᠡ ᠶᠢᠨ | ᠬᠠᠶ᠋ᠢᠭ᠂ ᠳᠠᠩᠰᠠᠯᠠᠭᠤᠯᠤᠭᠰᠠᠨ ᠬᠠᠶ᠋ᠢᠭ᠂ ᠲᠤᠬᠠᠢ ᠶᠢᠨ ᠬᠥᠮᠥᠨ ᠤ ᠪᠣᠯᠵᠣᠨ ᠲᠣᠭᠲᠠᠭᠰᠠᠨ ᠬᠦᠷᠭᠡᠯᠲᠡ ᠶᠢᠨ ᠬᠠᠶ᠋ᠢᠭ ᠪᠤᠶᠤ ᠬᠠᠷᠢᠯᠴᠠᠬᠤ ᠬᠠᠶ᠋ᠢᠭ ᠤᠨ ᠨᠢᠭᠡ ᠶᠢ | ᠲᠣᠳᠣᠷᠬᠠᠢ ᠲᠡᠮᠳᠡᠭᠯᠡᠭᠰᠡᠨ ᠪᠠᠶᠢᠪᠠᠯ᠂ ᠨᠢᠭᠡᠨᠲᠡ ᠬᠦᠷᠭᠡᠭᠰᠡᠨ ᠢᠶᠠᠷ ᠪᠤᠳᠤᠨ᠎ᠠ︔ ᠹᠠᠺᠰ᠂ ᠡᠯᠧᠺᠳ᠋ᠷᠣᠨ ᠰᠢᠤᠳᠠᠨ ᠤ ᠵᠦᠢᠯ ᠵᠡᠷᠭᠡ ᠬᠡᠯᠪᠡᠷᠢ ᠪᠠᠷ ᠬᠦᠷᠭᠡᠭᠰᠡᠨ ᠪᠠᠶᠢᠪᠠᠯ᠂ | ᠡᠯᠧᠺᠳ᠋ᠷᠣᠨ ᠳᠠᠮᠵᠢᠭᠤᠯᠭ᠎ᠠ ᠶᠢᠨ ᠲᠡᠮᠳᠡᠭᠯᠡᠯ ᠨᠢ ᠨᠢᠭᠡᠨᠲᠡ ᠢᠯᠡᠭᠡᠵᠦ ᠳᠠᠭᠤᠰᠤᠭᠰᠠᠨ ᠢ ᠢᠯᠡᠷᠡᠭᠦᠯᠵᠦ ᠴᠢᠳᠠᠪᠠᠯ᠂ ᠳᠠᠷᠤᠢ ᠨᠢᠭᠡᠨᠲᠡ ᠬᠦᠷᠭᠡᠭᠰᠡᠨ ᠢᠶᠠᠷ ᠪᠤᠳᠤᠨ᠎ᠠ᠃ | ᠲᠤᠰ ᠵᠦᠢᠯ ᠤᠨ ᠬᠤᠶᠠᠳᠤᠭᠠᠷ ᠪᠠᠳᠠᠭ ᠲᠤ ᠲᠣᠭᠲᠠᠭᠠᠭᠰᠠᠨ ᠠᠷᠭ᠎ᠠ ᠮᠠᠶ᠋ᠢᠭ ᠢᠶᠠᠷ ᠬᠦᠷᠭᠡᠬᠦ ᠶᠢᠨ ᠠᠷᠭ᠎ᠠ ᠦᠭᠡᠢ ᠪᠠᠶᠢᠪᠠᠯ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠵᠦᠪᠯᠡᠯ ᠳᠤᠮᠳᠠᠳᠤ ᠤᠯᠤᠰ ᠤᠨ ᠰᠢᠤᠳᠠᠨ ᠤ ᠣᠨᠴᠠ ᠲᠦᠷᠭᠡᠨ ᠬᠦᠷᠭᠡᠯᠲᠡ᠂ ᠠᠯᠪᠠᠨ ᠭᠡᠷᠡᠴᠢᠯᠡᠭᠡ ᠪᠠᠷ ᠬᠦᠷᠭᠡᠬᠦ᠂ ᠨᠠᠶᠢᠳᠠᠨ ᠬᠦᠷᠭᠡᠬᠦ ᠪᠠ ᠦᠯᠡᠳᠡᠭᠡᠨ | ᠲᠠᠯᠪᠢᠵᠤ ᠬᠦᠷᠭᠡᠬᠦ ᠵᠡᠷᠭᠡ ᠬᠦᠷᠭᠡᠯᠲᠡ ᠶᠢᠨ ᠲᠡᠮᠳᠡᠭᠯᠡᠯ ᠢ ᠬᠠᠩᠭᠠᠵᠤ ᠳᠡᠶᠢᠯᠬᠦ ᠠᠷᠭ᠎ᠠ ᠮᠠᠶ᠋ᠢᠭ ᠢᠶᠠᠷ ᠬᠦᠷᠭᠡᠯᠲᠡ ᠬᠦᠯᠢᠶᠡᠭᠴᠢ ᠶᠢᠨ ᠬᠠᠮᠤᠭ ᠰᠡᠭᠦᠯᠴᠢ ᠶᠢᠨ ᠨᠢᠭᠡ | ᠬᠥᠮᠥᠨ ᠤ ᠮᠡᠳᠡᠵᠦ ᠪᠠᠶᠢᠭ᠎ᠠ ᠪᠡᠶ᠎ᠡ ᠶᠢᠨ ᠦᠨᠡᠮᠯᠡᠯ ᠤᠨ ᠬᠠᠶ᠋ᠢᠭ᠂ ᠡᠷᠦᠭᠡ ᠠᠮᠠ ᠶᠢᠨ ᠲᠠᠩᠰᠠ ᠶᠢᠨ ᠬᠠᠶ᠋ᠢᠭ᠂ ᠣᠷᠣᠰᠢᠨ ᠰᠠᠭᠤᠵᠤ ᠪᠠᠶᠢᠭ᠎ᠠ ᠬᠠᠶ᠋ᠢᠭ᠂ | ᠡᠵᠡᠩᠨᠡᠯᠲᠡ ᠶᠢᠨ ᠬᠠᠶ᠋ᠢᠭ᠂ ᠳᠠᠩᠰᠠᠯᠠᠭᠤᠯᠤᠭᠰᠠᠨ ᠬᠠᠶ᠋ᠢᠭ᠂ ᠲᠤᠬᠠᠢ ᠶᠢᠨ ᠬᠥᠮᠥᠨ ᠤ ᠪᠣᠯᠵᠣᠨ ᠲᠣᠭᠲᠠᠭᠰᠠᠨ ᠬᠦᠷᠭᠡᠯᠲᠡ ᠶᠢᠨ ᠬᠠᠶ᠋ᠢᠭ ᠪᠤᠶᠤ ᠬᠠᠷᠢᠯᠴᠠᠬᠤ | ᠬᠠᠶ᠋ᠢᠭ ᠤᠨ ᠨᠢᠭᠡ ᠶᠢ ᠲᠣᠳᠣᠷᠬᠠᠢ ᠲᠡᠮᠳᠡᠭᠯᠡᠭᠰᠡᠨ ᠪᠠᠶᠢᠪᠠᠯ᠂ ᠳᠠᠷᠤᠢ ᠬᠦᠴᠦᠨ ᠲᠠᠢ ᠬᠦᠷᠭᠡᠭᠰᠡᠨ ᠢᠶᠠᠷ ᠪᠤᠳᠤᠨ᠎ᠠ᠃ | ᠠᠷᠪᠠᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠵᠢᠭᠤᠷᠠᠯᠳᠤᠭᠠᠨ ᠢ ᠬᠦᠯᠢᠶᠡᠨ ᠠᠪᠤᠭᠰᠠᠨ ᠪᠤᠶᠤ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠵᠦᠪᠯᠡᠯ᠂ ᠬᠥᠨᠳᠡᠯᠡᠨ ᠠᠴᠠ ᠲᠠᠰᠤᠯᠬᠤ ᠲᠢᠩᠬᠢᠮ ᠤᠨ ᠲᠣᠭᠲᠠᠭᠠᠯ᠂ ᠲᠤᠰ ᠳᠦᠷᠢᠮ᠂ ᠬᠥᠨᠳᠡᠯᠡᠨ ᠠᠴᠠ ᠲᠠᠰᠤᠯᠤᠭᠤᠯᠬᠤ | ᠬᠡᠯᠡᠯᠴᠡᠭᠡᠷ ᠢ ᠵᠥᠷᠢᠴᠡᠭᠰᠡᠨ ᠵᠡᠷᠭᠡ ᠪᠠᠶᠢᠳᠠᠯ ᠲᠠᠢ ᠪᠠᠶᠢᠬᠤ ᠶᠢ ᠲᠤᠬᠠᠢ ᠶᠢᠨ ᠬᠥᠮᠥᠨ ᠮᠡᠳᠡᠬᠦ ᠪᠤᠶᠤ ᠮᠡᠳᠡᠬᠦ ᠶᠣᠰᠣᠲᠠᠢ ᠪᠠᠶᠢᠲᠠᠯ᠎ᠠ ᠬᠥᠨᠳᠡᠯᠡᠨ ᠠᠴᠠ ᠲᠠᠰᠤᠯᠬᠤ | ᠠᠵᠢᠯᠯᠠᠭ᠎ᠠ ᠳᠤ ᠮᠥᠨ ᠣᠷᠣᠯᠴᠠᠭᠰᠠᠨ ᠪᠤᠶᠤ ᠦᠷᠭᠦᠯᠵᠢᠯᠡᠨ ᠣᠷᠣᠯᠴᠠᠭᠰᠠᠨ ᠪᠥᠭᠡᠳ ᠴᠠᠭ ᠲᠤᠬᠠᠢ ᠳᠤᠨᠢ ᠪᠢᠴᠢᠭ ᠢᠶᠠᠷ ᠣᠨᠳᠣᠣ ᠰᠠᠨᠠᠯ ᠳᠤᠷᠠᠳᠤᠭᠰᠠᠨ ᠦᠭᠡᠢ | ᠪᠠᠶᠢᠪᠠᠯ᠂ ᠲᠡᠭᠦᠨ ᠤ ᠣᠨᠳᠣᠣ ᠰᠠᠨᠠᠯ ᠢᠶᠠᠨ ᠬᠠᠶᠠᠬᠤ ᠡᠷᠬᠡ ᠪᠠᠨ ᠬᠠᠶᠠᠭᠰᠠᠨ ᠢᠶᠠᠷ ᠦᠵᠡᠨ᠎ᠡ᠃ | |