ᠬᠤᠶᠠᠳᠤᠭᠠᠷ ᠪᠦᠯᠦᠭ ᠬᠡᠷᠡᠭ ᠭᠥᠯᠢᠶᠡᠨ ᠠᠪᠬᠤ ᠦᠨᠳᠦᠰᠦ ᠪᠠᠷᠢᠮᠲᠠ ᠪᠠ ᠬᠠᠮᠢᠶᠠᠷᠬᠤ ᠡᠷᠬᠡ | ᠠᠷᠪᠠᠨ ᠨᠢᠭᠡᠳᠦᠭᠡᠷ ᠵᠦᠢᠯ ᠲᠤᠬᠠᠢ ᠶᠢᠨ ᠬᠥᠮᠥᠨ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠢᠶᠠᠨ ᠦᠨᠳᠦᠰᠦᠯᠡᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠵᠦᠪᠯᠡᠯ ᠳᠤ ᠬᠥᠨᠳᠡᠯᠡᠨ ᠠᠴᠠ ᠲᠠᠰᠤᠯᠬᠤ ᠶᠢ ᠭᠤᠶᠤᠴᠢᠯᠠᠵᠦ ᠪᠤᠯᠤᠨ᠎ᠡ᠃ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠲᠤ ᠭᠡᠷ᠎ᠡ ᠳᠤ ᠲᠣᠭᠲᠠᠭᠠᠭᠰᠠᠨ | ᠬᠥᠨᠳᠡᠯᠡᠨ ᠠᠴᠠ ᠲᠠᠰᠤᠯᠤᠭᠤᠯᠬᠤ ᠵᠦᠢᠯ ᠵᠤᠷᠪᠤᠰ ᠪᠠ ᠵᠢᠭᠤᠷᠠᠯᠳᠤᠭᠠᠨ ᠡᠭᠦᠰᠬᠦ ᠠᠴᠠ ᠡᠮᠦᠨ᠎ᠡ ᠪᠤᠶᠤ ᠡᠭᠦᠰᠦᠭᠰᠡᠨ ᠤ ᠲᠡᠷᠠᠭ᠎ᠠ ᠬᠡᠯᠡᠯᠴᠡᠨ ᠲᠣᠬᠢᠷᠠᠭᠰᠠᠨ | ᠬᠥᠨᠳᠡᠯᠡᠨ ᠠᠴᠠ ᠲᠠᠰᠤᠯᠤᠭᠤᠯᠬᠤ ᠰᠠᠨᠠᠭ᠎ᠠ ᠪᠠᠨ ᠢᠯᠡᠳᠬᠡᠭᠰᠡᠨ ᠬᠡᠯᠡᠯᠴᠡᠭᠡᠷ ᠪᠠᠭᠲᠠᠨ᠎ᠠ᠃ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠲᠤ ᠪᠢᠴᠢᠭ ᠤᠨ | ᠬᠡᠯᠪᠡᠷᠢ ᠶᠢ ᠠᠪᠬᠤ ᠬᠡᠷᠡᠭᠲᠡᠢ᠃ ᠪᠢᠴᠢᠭ ᠤᠨ ᠬᠡᠯᠪᠡᠷᠢ ᠳᠤ ᠭᠡᠷ᠎ᠡ ᠶᠢᠨ ᠪᠢᠴᠢᠭ᠂ ᠵᠠᠬᠢᠳᠠᠯ ᠴᠢᠮᠡᠭᠡ᠂ ᠡᠯᠧᠺᠳ᠋ᠷᠤᠨ ᠳᠠᠮᠵᠢᠭᠤᠯᠭ᠎ᠠ᠂ ᠹᠠᠺᠰ᠂ ᠡᠯᠧᠺᠳ᠋ᠷᠤᠨ | ᠳ᠋ᠠᠶᠢᠲ᠋ᠠ ᠶᠢᠨ ᠰᠣᠯᠢᠯᠴᠠᠭ᠎ᠠ ᠪᠠ ᠢᠮᠧᠯ ᠵᠡᠷᠭᠡ ᠲᠡᠮᠳᠡᠭᠯᠡᠭᠰᠡᠨ ᠠᠭᠤᠯᠭ᠎ᠠ ᠪᠠᠨ ᠢᠯᠡᠳᠬᠡᠵᠦ ᠪᠣᠯᠬᠤ ᠬᠡᠯᠪᠡᠷᠢ ᠪᠠᠭᠲᠠᠨ᠎ᠠ᠃ ᠬᠥᠨᠳᠡᠯᠡᠨ ᠠᠴᠠ ᠲᠠᠰᠤᠯᠤᠭᠤᠯᠬᠤ | ᠭᠤᠶᠤᠴᠢᠯᠠᠯ ᠤᠨ ᠪᠢᠴᠢᠭ ᠪᠠ ᠬᠥᠨᠳᠡᠯᠡᠨ ᠠᠴᠠ ᠲᠠᠰᠤᠯᠤᠭᠤᠯᠬᠤ ᠬᠠᠷᠢᠭᠤ ᠮᠠᠷᠭᠤᠬᠤ ᠪᠢᠴᠢᠭ ᠢ ᠰᠣᠯᠢᠯᠴᠠᠬᠤ ᠦᠶ᠎ᠡ ᠳᠤ ᠨᠢᠭᠡ ᠲᠠᠯ᠎ᠠ ᠶᠢᠨ ᠲᠤᠬᠠᠢ ᠶᠢᠨ | ᠬᠥᠮᠥᠨ ᠨᠢ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠲᠠᠢ ᠭᠡᠵᠦ ᠪᠠᠶᠢᠲᠠᠯ᠎ᠠ ᠨᠦᠭᠦᠭᠡ ᠲᠠᠯ᠎ᠠ ᠶᠢᠨ ᠲᠤᠬᠠᠢ ᠶᠢᠨ ᠬᠥᠮᠥᠨ ᠨᠢ ᠦᠭᠡᠶᠢᠰᠬᠡᠬᠦ ᠪᠠᠨ | ᠢᠯᠡᠷᠬᠡᠶᠢᠯᠡᠭᠰᠡᠨ ᠦᠭᠡᠢ ᠪᠠᠶᠢᠪᠠᠯ᠂ ᠬᠥᠨᠳᠡᠯᠡᠨ ᠠᠴᠠ ᠲᠠᠰᠤᠯᠤᠭᠤᠯᠬᠤ ᠪᠢᠴᠢᠭ ᠤᠨ ᠬᠡᠯᠡᠯᠴᠡᠭᠡᠷ ᠪᠠᠶᠢᠬᠤ ᠪᠠᠷ ᠦᠵᠡᠨ᠎ᠡ᠃ ᠭᠡᠷ᠎ᠡ ᠳᠠᠬᠢ ᠬᠥᠨᠳᠡᠯᠡᠨ ᠠᠴᠠ | ᠲᠠᠰᠤᠯᠤᠭᠤᠯᠬᠤ ᠵᠦᠢᠯ ᠵᠤᠷᠪᠤᠰ ᠨᠢ ᠭᠡᠷ᠎ᠡ ᠳᠤ ᠬᠠᠷᠢᠶᠠᠯᠠᠭᠳᠠᠬᠤ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠪᠣᠯᠣᠨ ᠭᠡᠷ᠎ᠡ ᠶᠢᠨ ᠪᠤᠰᠤᠳ ᠵᠦᠢᠯ ᠵᠤᠷᠪᠤᠰ ᠤᠳ | ᠬᠤᠭᠤᠷᠣᠨᠳᠤ ᠪᠠᠨ ᠰᠠᠯᠵᠤ ᠲᠤᠰᠠᠭᠠᠷ ᠤᠷᠤᠰᠢᠨ᠎ᠡ︔ ᠭᠡᠷ᠎ᠡ ᠶᠢ ᠬᠤᠪᠢᠷᠠᠭᠤᠯᠬᠤ᠂ ᠴᠤᠴᠠᠯᠬᠤ᠂ ᠳᠠᠭᠤᠰᠬᠠᠬᠤ᠂ ᠰᠢᠯᠵᠢᠭᠦᠯᠦᠨ ᠥᠭᠬᠦ᠂ ᠬᠦᠴᠦᠨ ᠢᠶᠠᠨ ᠠᠯᠳᠠᠬᠤ᠂ | ᠬᠦᠴᠦᠨ ᠲᠠᠢ ᠪᠣᠯᠣᠭᠠᠳᠤᠢ᠂ ᠬᠦᠴᠦᠨ ᠦᠭᠡᠢ ᠪᠣᠯᠭᠠᠭᠳᠠᠬᠤ ᠵᠢᠴᠢ ᠪᠠᠶᠢᠭᠤᠯᠤᠭᠳᠠᠬᠤ ᠡᠰᠡᠬᠦ ᠨᠢ ᠴᠥᠮ ᠬᠥᠨᠳᠡᠯᠡᠨ ᠠᠴᠠ ᠲᠠᠰᠤᠯᠤᠭᠤᠯᠬᠤ ᠵᠦᠢᠯ ᠵᠤᠷᠪᠤᠰ ᠪᠤᠶᠤ | ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠤᠨ ᠬᠦᠴᠦᠨ ᠢ ᠨᠥᠯᠥᠭᠡᠯᠡᠬᠦ ᠦᠭᠡᠢ᠃ | ᠠᠷᠪᠠᠨ ᠬᠤᠶᠠᠳᠤᠭᠠᠷ ᠵᠦᠢᠯ ᠲᠤᠬᠠᠢ ᠶᠢᠨ ᠬᠥᠮᠥᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠳᠦᠷᠢᠮ ᠬᠢᠭᠡᠳ ᠪᠡᠶ᠎ᠡ ᠶᠢᠨ ᠲᠠᠮᠢᠷ ᠤᠨ | ᠤᠷᠤᠯᠳᠤᠭᠠᠨ ᠤ ᠳᠦᠷᠢᠮ ᠢ ᠦᠨᠳᠦᠰᠦᠯᠡᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠶᠢ ᠭᠤᠶᠤᠴᠢᠯᠠᠵᠦ ᠪᠤᠯᠤᠨ᠎ᠡ᠃ ᠪᠡᠶ᠎ᠡ ᠶᠢᠨ ᠲᠠᠮᠢᠷ ᠤᠨ ᠵᠣᠬᠢᠶᠠᠨ | ᠪᠠᠶᠢᠭᠤᠯᠤᠯᠲᠠ ᠶᠢᠨ ᠲᠦᠷᠢᠮ ᠠᠴᠠ ᠡᠷᠬᠡ ᠣᠯᠭᠤᠵᠤ ᠲᠣᠭᠲᠠᠭᠠᠭᠰᠠᠨ ᠬᠠᠮᠢᠶᠠᠷᠤᠯᠲᠠ ᠶᠢᠨ ᠲᠦᠷᠢᠮ ᠳᠠᠬᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ | ᠵᠦᠢᠯ ᠵᠤᠷᠪᠤᠰ ᠢ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠲᠦᠷᠢᠮ ᠳᠠᠬᠢ ᠪᠡᠶ᠎ᠡ ᠶᠢᠨ ᠲᠠᠮᠢᠷ ᠤᠨ ᠬᠦᠨᠳᠡᠯᠡᠨ ᠠᠴᠠ ᠲᠠᠰᠤᠯᠬᠤ ᠵᠤᠷᠪᠤᠰ ᠭᠡᠵᠦ | ᠦᠵᠡᠨ᠎ᠡ᠃ ᠪᠡᠶ᠎ᠡ ᠶᠢᠨ ᠲᠠᠮᠢᠷ ᠤᠨ ᠤᠷᠤᠯᠳᠤᠭᠠᠨ ᠤ ᠨᠡᠷ᠎ᠡ ᠮᠡᠳᠡᠭᠦᠯᠬᠦ ᠬᠦᠰᠦᠨᠦᠭᠲᠦ᠂ ᠤᠷᠤᠯᠳᠤᠭᠠᠨ ᠳᠤ ᠣᠷᠤᠯᠴᠠᠬᠤ ᠬᠡᠯᠡᠯᠴᠡᠭᠡᠷ ᠪᠤᠶᠤ ᠤᠷᠤᠯᠳᠤᠭᠠᠨ ᠤ | ᠳᠦᠷᠢᠮ ᠳᠠᠬᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠢᠯ ᠵᠤᠷᠪᠤᠰ ᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠳᠦᠷᠢᠮ ᠳᠠᠬᠢ ᠪᠡᠶ᠎ᠡ ᠶᠢᠨ ᠲᠠᠮᠢᠷ ᠤᠨ | ᠪᠡᠶ᠎ᠡ ᠶᠢᠨ ᠲᠠᠮᠢᠷ ᠤᠨ ᠬᠦᠨᠳᠡᠯᠡᠨ ᠠᠴᠠ ᠲᠠᠰᠤᠯᠬᠤ ᠵᠤᠷᠪᠤᠰ ᠭᠡᠵᠦ ᠦᠵᠡᠨ᠎ᠡ᠃ | ᠠᠷᠪᠠᠨ ᠭᠤᠷᠪᠠᠳᠤᠭᠠᠷ ᠵᠦᠢᠯ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠲᠠᠮᠢᠷᠴᠢᠳ ᠤᠨ ᠬᠠᠮᠢᠶᠠᠷᠤᠯᠲᠠ ᠶᠢᠨ ᠨᠢᠭᠡᠴᠢ᠂ ᠪᠡᠶ᠎ᠡ ᠶᠢᠨ | ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠵᠣᠬᠢᠶᠠᠨ ᠪᠠᠶᠢᠭᠤᠯᠤᠭᠴᠢ ᠶᠢᠨ ᠰᠢᠢᠳᠪᠦᠷᠢᠯᠡᠭᠰᠡᠨ ᠲᠣᠭᠲᠠᠭᠠᠯ ᠪᠤᠶᠤ ᠳᠣᠲᠣᠭᠠᠳᠤ ᠶᠢᠨ ᠵᠠᠭᠤᠷᠠᠯᠳᠤᠭᠠᠨ ᠢ | ᠰᠢᠢᠳᠪᠦᠷᠢᠯᠡᠬᠦ ᠪᠠᠶᠢᠭᠤᠯᠤᠮᠵᠢ ᠶᠢᠨ ᠰᠢᠢᠳᠪᠦᠷᠢᠯᠡᠭᠰᠡᠨ ᠦᠷ᠎ᠡ ᠳ᠋ᠦᠩ ᠢ ᠵᠥᠪᠰᠢᠶᠡᠷᠡᠬᠦ ᠦᠭᠡᠢ ᠪᠠᠶᠢᠪᠠᠯ᠂ ᠲᠤᠬᠠᠢ ᠶᠢᠨ ᠬᠥᠮᠥᠨ ᠨᠢ ᠰᠢᠢᠳᠪᠦᠷᠢᠯᠡᠭᠰᠡᠨ ᠲᠣᠭᠲᠠᠭᠠᠯ | ᠪᠤᠶᠤ ᠵᠠᠭᠤᠷᠠᠯᠳᠤᠭᠠᠨ ᠢ ᠰᠢᠢᠳᠪᠦᠷᠢᠯᠡᠭᠰᠡᠨ ᠦᠷ᠎ᠡ ᠳ᠋ᠦᠩ ᠢ ᠣᠯᠣᠭᠰᠠᠨ ᠡᠳᠦᠷ ᠠᠴᠠ ᠡᠬᠢᠯᠡᠨ ᠬᠤᠷᠢᠨ ᠨᠢᠭᠡᠨ ᠡᠳᠦᠷ ᠤᠨ ᠳᠣᠲᠣᠷ᠎ᠠ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠵᠤ ᠪᠣᠯᠣᠨ᠎ᠠ᠃ | ᠠᠷᠪᠠᠨ ᠳᠥᠷᠪᠡᠳᠦᠭᠡᠷ ᠵᠦᠢᠯ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠳᠤ ᠳᠣᠲᠣᠭᠠᠳᠤ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠪᠠᠶᠢᠭᠤᠯᠤᠮᠵᠢ | ᠪᠠᠶᠢᠬᠤ ᠦᠭᠡᠢ ᠪᠤᠶᠤ ᠳᠣᠲᠣᠭᠠᠳᠤ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠪᠠᠶᠢᠭᠤᠯᠤᠮᠵᠢ ᠴᠠᠭ ᠲᠤᠬᠠᠢ ᠳᠤᠨᠢ ᠰᠢᠢᠳᠪᠦᠷᠢᠯᠡᠭᠰᠡᠨ ᠦᠭᠡᠢ ᠪᠣᠯ ᠲᠤᠬᠠᠢ ᠶᠢᠨ | ᠬᠥᠮᠥᠨ ᠨᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠵᠤ | ᠪᠣᠯᠣᠨ᠎ᠠ᠃ ᠲᠤᠬᠠᠢ ᠶᠢᠨ ᠬᠥᠮᠥᠨ ᠠᠴᠠ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠶᠢᠨ ᠵᠢᠭᠤᠷᠠᠯᠳᠤᠭᠠᠨ ᠢ ᠰᠢᠢᠳᠪᠦᠷᠢᠯᠡᠬᠦ | ᠪᠠᠶᠢᠭᠤᠯᠤᠮᠵᠢ ᠨᠢ ᠵᠢᠭᠤᠷᠠᠯᠳᠤᠭᠠᠨ ᠢ ᠴᠠᠭ ᠲᠤᠬᠠᠢ ᠳᠤᠨᠢ ᠰᠢᠢᠳᠪᠦᠷᠢᠯᠡᠭᠰᠡᠨ ᠦᠭᠡᠢ ᠭᠡᠳᠡᠭ ᠢᠶᠠᠷ ᠰᠢᠯᠲᠠᠭᠠᠨ ᠪᠣᠯᠭᠠᠵᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠤᠭᠤᠯᠬᠤ ᠪᠠᠷ ᠭᠤᠶᠤᠴᠢᠯᠠᠵᠤ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠬᠢᠨᠠᠨ ᠪᠠᠶᠢᠴᠠᠭᠠᠭᠰᠠᠨ ᠤ ᠳᠠᠷᠠᠭ᠎ᠠ ᠪᠠᠶᠢᠳᠠᠯ ᠨᠢ ᠦᠨᠡᠨ | ᠪᠣᠳᠠᠲᠠᠢ ᠪᠥᠭᠡᠳ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠬᠤ ᠨᠥᠬᠦᠴᠡᠯ ᠳᠤ ᠨᠡᠶᠢᠴᠡᠭᠰᠡᠨ ᠪᠤᠯ ᠬᠦᠯᠢᠶᠡᠨ ᠠᠪᠴᠦ ᠪᠤᠯᠤᠨ᠎ᠡ᠃ | ᠠᠷᠪᠠᠨ ᠲᠠᠪᠤᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠢ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠤᠨ ᠣᠷᠣᠰᠢᠬᠤ | ᠪᠠ ᠬᠦᠴᠦᠨ ᠲᠠᠢ ᠪᠠᠶᠢᠬᠤ ᠵᠢᠴᠢ ᠬᠥᠨᠳᠡᠯᠡᠨ ᠠᠴᠠ ᠲᠠᠰᠤᠯᠬᠤ ᠬᠡᠷᠡᠭ ᠤᠨ ᠬᠠᠷᠢᠶᠠᠯᠠᠯ ᠤᠨ ᠡᠷᠬᠡ ᠶᠢᠨ ᠲᠤᠬᠠᠢ ᠲᠣᠭᠲᠠᠭᠠᠯ ᠭᠠᠷᠭᠠᠬᠤ ᠡᠷᠬᠡ ᠲᠠᠢ᠂ | ᠬᠥᠨᠳᠡᠯᠡᠨ ᠠᠴᠠ ᠲᠠᠰᠤᠯᠬᠤ ᠲᠢᠩᠬᠢᠮ ᠳᠤ ᠡᠷᠬᠡ ᠣᠯᠭᠤᠵᠤ ᠬᠠᠷᠢᠶᠠᠯᠠᠯ ᠤᠨ ᠡᠷᠬᠡ ᠶᠢᠨ ᠲᠣᠭᠲᠠᠭᠠᠯ ᠭᠠᠷᠭᠠᠭᠤᠯᠵᠤ ᠴᠤ ᠪᠣᠯᠣᠨ᠎ᠠ᠃ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠵᠦᠪᠯᠡᠯ ᠦᠡᠭᠭᠡᠨ ᠲᠠᠯ᠎ᠠ ᠶᠢᠨ ᠭᠡᠷᠡᠴᠢ ᠪᠠᠷᠢᠮᠲᠠ ᠶᠢ ᠦᠨᠳᠦᠰᠦᠯᠡᠨ ᠬᠦᠴᠦᠨ ᠲᠠᠢ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ | ᠣᠷᠣᠰᠢᠵᠤ ᠪᠠᠶᠢᠨ᠎ᠠ ᠭᠡᠵᠦ ᠦᠵᠡᠪᠡᠯ᠂ ᠦᠡᠭᠭᠡᠨ ᠲᠠᠯ᠎ᠠ ᠶᠢᠨ ᠭᠡᠷᠡᠴᠢ ᠪᠠᠷᠢᠮᠲᠠ ᠶᠢ ᠦᠨᠳᠦᠰᠦᠯᠡᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ | ᠬᠠᠷᠢᠶᠠᠯᠠᠬᠤ ᠡᠷᠬᠡ ᠲᠠᠢ ᠲᠣᠭᠲᠠᠭᠠᠯ ᠭᠠᠷᠭᠠᠵᠤ᠂ ᠬᠥᠨᠳᠡᠯᠡᠨ ᠠᠴᠠ ᠲᠠᠰᠤᠯᠬᠤ ᠵᠢᠷᠤᠮ ᠢ ᠦᠷᠭᠦᠯᠵᠢᠯᠡᠨ ᠶᠠᠪᠤᠭᠳᠠᠭᠤᠯᠤᠨ᠎ᠠ᠃ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠵᠦᠪᠯᠡᠯ ᠤᠨ ᠦᠡᠭᠭᠡᠨ ᠲᠠᠯ᠎ᠠ ᠶᠢᠨ ᠭᠡᠷᠡᠴᠢ ᠪᠠᠷᠢᠮᠲᠠ ᠶᠢ ᠦᠨᠳᠦᠰᠦᠯᠡᠨ ᠭᠠᠷᠭᠠᠭᠰᠠᠨ ᠬᠠᠷᠢᠶᠠᠯᠠᠯ ᠤᠨ ᠡᠷᠬᠡ ᠶᠢᠨ ᠲᠣᠭᠲᠠᠭᠠᠯ ᠨᠢ | ᠲᠡᠭᠦᠨ ᠤ ᠬᠥᠨᠳᠡᠯᠡᠨ ᠠᠴᠠ ᠲᠠᠰᠤᠯᠬᠤ ᠲᠢᠩᠬᠢᠮ ᠤᠨ ᠰᠢᠭᠦᠬᠦ ᠶᠠᠪᠤᠴᠠ ᠳᠤ ᠣᠯᠵᠤ ᠮᠡᠳᠡᠭᠰᠡᠨ ᠦᠡᠭᠭᠡᠨ ᠲᠠᠯ᠎ᠠ ᠶᠢᠨ ᠭᠡᠷᠡᠴᠢ ᠪᠠᠷᠢᠮᠲᠠ ᠲᠠᠢ ᠨᠢᠭᠡᠳᠦᠯ ᠦᠭᠡᠢ | ᠪᠣᠳᠠᠲᠤ ᠬᠡᠷᠡᠭ ᠪᠤᠶᠤ ᠭᠡᠷᠡᠴᠢ ᠪᠠᠷᠢᠮᠲᠠ ᠶᠢ ᠦᠨᠳᠦᠰᠦᠯᠡᠨ ᠬᠠᠷᠢᠶᠠᠯᠠᠯ ᠤᠨ ᠡᠷᠬᠡ ᠶᠢᠨ ᠲᠣᠭᠲᠠᠭᠠᠯ ᠢ ᠲᠠᠬᠢᠵᠤ ᠭᠠᠷᠭᠠᠬᠤ ᠶᠢ ᠬᠠᠷᠰᠢᠯᠠᠬᠤ ᠦᠭᠡᠢ᠃ | ᠬᠥᠨᠳᠡᠯᠡᠨ ᠠᠴᠠ ᠲᠠᠰᠤᠯᠬᠤ ᠲᠢᠩᠬᠢᠮ ᠨᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠣᠯᠭᠤᠭᠰᠠᠨ ᠡᠷᠬᠡ ᠶᠢ ᠦᠨᠳᠦᠰᠦᠯᠡᠨ ᠬᠠᠷᠢᠶᠠᠯᠠᠯ ᠤᠨ | ᠡᠷᠬᠡ ᠶᠢᠨ ᠲᠣᠭᠲᠠᠭᠠᠯ ᠭᠠᠷᠭᠠᠬᠤ ᠳᠠᠭᠠᠨ ᠬᠥᠨᠳᠡᠯᠡᠨ ᠠᠴᠠ ᠲᠠᠰᠤᠯᠬᠤ ᠵᠢᠷᠤᠮ ᠤᠨ ᠶᠠᠪᠤᠭᠳᠠᠬᠤ ᠶᠠᠪᠤᠴᠠ ᠳᠤ ᠠᠰ ᠲᠤᠨᠢ ᠭᠠᠷᠭᠠᠵᠤ ᠪᠣᠯᠣᠨ᠎ᠠ᠂ | ᠲᠣᠭᠲᠠᠭᠠᠯᠲᠠ ᠶᠢᠨ ᠪᠢᠴᠢᠭ ᠲᠤ ᠬᠠᠮᠲᠤ ᠳᠤᠨᠢ ᠭᠠᠷᠭᠠᠭᠰᠠᠨ ᠴᠤ ᠪᠣᠯᠣᠨ᠎ᠠ᠃ ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠪᠤᠶᠤ | ᠬᠥᠨᠳᠡᠯᠡᠨ ᠠᠴᠠ ᠲᠠᠰᠤᠯᠬᠤ ᠬᠡᠷᠡᠭ ᠤᠨ ᠬᠠᠷᠢᠶᠠᠯᠠᠯ ᠤᠨ ᠡᠷᠬᠡ ᠳᠤ ᠣᠨᠳᠣᠣ ᠰᠠᠨᠠᠯ ᠲᠠᠢ ᠪᠠᠶᠢᠪᠠᠯ᠂ ᠬᠠᠷᠢᠭᠤ ᠮᠠᠷᠭᠤᠬᠤ ᠬᠤᠭᠤᠴᠠᠭ᠎ᠠ ᠳᠦᠭᠦᠷᠬᠦ ᠠᠴᠠ ᠡᠮᠦᠨ᠎ᠡ | ᠪᠢᠴᠢᠭ ᠤᠨ ᠬᠡᠯᠪᠡᠷᠢ ᠪᠠᠷ ᠳᠤᠷᠠᠳᠬᠤ ᠬᠡᠷᠡᠭᠲᠡᠢ᠃ | ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠪᠤᠶᠤ ᠬᠥᠨᠳᠡᠯᠡᠨ ᠠᠴᠠ ᠲᠠᠰᠤᠯᠬᠤ ᠬᠡᠷᠡᠭ ᠤᠨ ᠬᠠᠷᠢᠶᠠᠯᠠᠯ ᠤᠨ ᠡᠷᠬᠡ ᠳᠤ ᠣᠨᠳᠣᠣ ᠰᠠᠨᠠᠯ ᠳᠤᠷᠠᠳᠬᠤ ᠨᠢ | ᠬᠥᠨᠳᠡᠯᠡᠨ ᠠᠴᠠ ᠲᠠᠰᠤᠯᠬᠤ ᠵᠢᠷᠤᠮ ᠤᠨ ᠶᠠᠪᠤᠭᠳᠠᠬᠤ ᠶᠢ ᠨᠥᠯᠥᠭᠡᠯᠡᠬᠦ ᠦᠭᠡᠢ᠃ ᠬᠠᠷᠢᠶᠠᠯᠠᠯ ᠤᠨ ᠡᠷᠬᠡ ᠶᠢᠨ ᠲᠤᠬᠠᠢ ᠣᠨᠳᠣᠣ ᠰᠠᠨᠠᠯ ᠳᠤ ᠬᠥᠨᠳᠡᠯᠡᠨ ᠠᠴᠠ | ᠲᠠᠰᠤᠯᠬᠤ ᠬᠡᠷᠡᠭ ᠤᠨ ᠪᠡᠶᠡᠴᠢ ᠴᠣᠭᠴᠠ ᠶᠢᠨ ᠬᠢᠷᠢ ᠬᠡᠮ ᠲᠠᠢ ᠤᠨᠳᠤᠤ ᠰᠠᠨᠠᠯ ᠲᠠᠢ ᠪᠠᠶᠢᠬᠤ ᠶᠢ ᠪᠠᠭᠳᠠᠭᠠᠨ᠎ᠠ᠃ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ | ᠵᠦᠪᠯᠡᠯ ᠪᠤᠶᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠠᠴᠠ ᠡᠷᠬᠡ ᠣᠯᠭᠤᠭᠰᠠᠨ ᠬᠥᠨᠳᠡᠯᠡᠨ ᠠᠴᠠ ᠲᠠᠰᠤᠯᠬᠤ ᠲᠢᠩᠬᠢᠮ ᠨᠢ ᠬᠠᠮᠢᠶᠠᠷᠬᠤ ᠡᠷᠬᠡ | ᠦᠭᠡᠢ ᠲᠣᠭᠲᠠᠭᠠᠯ ᠭᠠᠷᠭᠠᠭᠰᠠᠨ ᠪᠠᠶᠢᠪᠠᠯ ᠬᠡᠷᠡᠭ ᠢ ᠬᠦᠴᠦᠨ ᠦᠭᠡᠢ ᠪᠣᠯᠭᠠᠬᠤ ᠬᠡᠷᠡᠭᠲᠡᠢ᠃ ᠬᠡᠷᠡᠭ ᠢ ᠬᠦᠴᠦᠨ ᠦᠭᠡᠢ ᠪᠣᠯᠭᠠᠬᠤ ᠲᠣᠭᠲᠠᠭᠠᠯ ᠢ ᠬᠥᠨᠳᠡᠯᠡᠨ ᠠᠴᠠ | ᠲᠠᠰᠤᠯᠬᠤ ᠲᠢᠩᠬᠢᠮ ᠪᠦᠷᠢᠯᠳᠦᠬᠦ ᠠᠴᠠ ᠡᠮᠦᠨ᠎ᠡ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠠᠴᠠ ᠭᠠᠷᠭᠠᠵᠤ᠂ ᠬᠥᠨᠳᠡᠯᠡᠨ ᠠᠴᠠ ᠲᠠᠰᠤᠯᠬᠤ | ᠲᠢᠩᠬᠢᠮ ᠪᠦᠷᠢᠯᠳᠦᠭᠰᠡᠨ ᠤ ᠳᠠᠷᠠᠭ᠎ᠠ ᠬᠥᠨᠳᠡᠯᠡᠨ ᠠᠴᠠ ᠲᠠᠰᠤᠯᠬᠤ ᠲᠢᠩᠬᠢᠮ ᠠᠴᠠ ᠭᠠᠷᠭᠠᠬᠤ ᠶᠢᠨ ᠬᠠᠮᠲᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ | ᠵᠦᠪᠯᠡᠯ ᠤᠨ ᠲᠠᠮᠠᠭ᠎ᠠ ᠶᠢ ᠳᠠᠷᠤᠬᠤ ᠬᠡᠷᠡᠭᠲᠡᠢ᠃ |