ᠭᠤᠷᠪᠠᠳᠤᠭᠠᠷ ᠪᠦᠯᠦᠭ ᠭᠤᠶᠤᠴᠢᠯᠠᠬᠤ ᠪᠠ ᠭᠥᠯᠢᠶᠡᠨ ᠠᠪᠴᠤ ᠰᠢᠢᠳᠪᠦᠷᠢᠯᠡᠬᠦ | ᠠᠷᠪᠠᠨ ᠵᠢᠷᠭᠤᠳᠤᠭᠠᠷ ᠵᠦᠢᠯ ᠭᠤᠶᠤᠴᠢᠯᠠᠭᠴᠢ ᠲᠤᠰ ᠳᠦᠷᠢᠮ ᠢ ᠦᠨᠳᠦᠰᠦᠯᠡᠨ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠬᠤ ᠳᠠᠭᠠᠨ᠄ | ︵ᠨᠢᠭᠡ︶ ᠭᠤᠶᠤᠴᠢᠯᠠᠭᠴᠢ ᠪᠤᠶᠤ ᠲᠡᠭᠦᠨ ᠤ ᠨᠠᠶᠢᠳᠠᠭᠰᠠᠨ ᠣᠷᠣᠯᠠᠭᠴᠢ ᠠᠴᠠ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠤ | ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ ᠪᠢᠴᠢᠭ ᠢᠶᠠᠨ ᠲᠤᠰᠢᠶᠠᠨ᠎ᠠ᠃ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ ᠪᠢᠴᠢᠭ ᠲᠤ ᠲᠤᠤᠷᠡᠬᠢ | ᠵᠦᠢᠯ ᠢ ᠲᠡᠮᠳᠡᠭᠯᠡᠨ ᠲᠤᠳᠤᠷᠬᠠᠶᠢᠯᠠᠬᠤ ᠬᠡᠷᠡᠭᠳᠡᠢ᠃ | 1.ᠲᠤᠬᠠᠢ ᠶᠢᠨ ᠬᠥᠮᠥᠨ ᠤ ᠣᠪᠣᠭ ᠨᠡᠷ᠎ᠡ᠂ ᠬᠦᠢᠰᠦ᠂ ᠨᠠᠰᠤ᠂ ᠡᠷᠬᠢᠯᠡᠭᠰᠡᠨ ᠠᠵᠢᠯ᠂ ᠠᠵᠢᠯᠯᠠᠵᠤ ᠪᠠᠶᠢᠭ᠎ᠠ ᠨᠢᠭᠡᠴᠢ ᠪᠠ ᠣᠷᠣᠨ ᠰᠠᠭᠤᠴᠠ᠂ ᠬᠠᠤᠯᠢ ᠶᠢᠨ | ᠬᠥᠮᠥᠨ ᠪᠤᠶᠤ ᠬᠠᠤᠯᠢ ᠶᠢᠨ ᠬᠥᠮᠥᠨ ᠪᠤᠰᠤ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ᠂ ᠣᠷᠣᠨ ᠰᠠᠭᠤᠴᠠ ᠪᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ | ᠪᠤᠶᠤ ᠭᠤᠣᠯ ᠬᠠᠷᠢᠭᠤᠴᠠᠯᠭᠠᠲᠠᠨ ᠤ ᠣᠪᠣᠭ ᠨᠡᠷ᠎ᠡ᠂ ᠲᠤᠰᠢᠶᠠᠯ ᠪᠠ ᠬᠠᠷᠢᠯᠴᠠᠬᠤ ᠠᠷᠭ᠎ᠠ ᠮᠠᠶ᠋ᠢᠭ︔ | 2.ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠪᠠ ᠦᠨᠳᠦᠰᠦᠯᠡᠭᠰᠡᠨ ᠪᠣᠳᠠᠲᠤ ᠶᠠᠪᠤᠳᠠᠯ᠂ ᠤᠴᠢᠷ ᠰᠢᠯᠲᠠᠭᠠᠨ︔ | 3.ᠭᠡᠷᠡᠴᠢ ᠪᠠᠷᠢᠮᠲᠠ ᠪᠠ ᠭᠡᠷᠡᠴᠢ ᠪᠠᠷᠢᠮᠲᠠ ᠶᠢᠨ ᠢᠷᠡᠯᠲᠡ᠂ ᠭᠡᠷᠡᠴᠢᠯᠡᠭᠴᠢ ᠶᠢᠨ ᠣᠪᠣᠭ ᠨᠡᠷ᠎ᠡ ᠪᠠ ᠣᠷᠣᠨ ᠰᠠᠭᠤᠴᠠ ᠵᠢᠴᠢ ᠬᠠᠷᠢᠯᠴᠠᠬᠤ ᠠᠷᠭ᠎ᠠ ᠮᠠᠶ᠋ᠢᠭ᠃ | ︵ᠬᠤᠶᠠᠷ︶ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠭᠠᠷᠭᠠᠬᠤ ᠳᠤ ᠦᠨᠳᠦᠰᠦᠯᠡᠭᠰᠡᠨ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ᠂ ᠪᠡᠶ᠎ᠡ ᠶᠢᠨ | ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠲᠦᠷᠢᠮ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠦᠷᠢᠮ ᠵᠡᠷᠭᠡ ᠪᠢᠴᠢᠭ ᠮᠠᠲ᠋ᠧᠷᠢᠶᠠᠯ ᠤᠨ ᠬᠠᠭᠤᠯᠪᠤᠷᠢ ᠳᠡᠪᠲᠡᠷ ᠢ | ᠳᠡᠪᠰᠢᠭᠦᠯᠦᠨ ᠲᠤᠰᠢᠶᠠᠬᠤ︔ | ︵ᠭᠤᠷᠪᠠ︶ ᠭᠤᠶᠤᠴᠢᠯᠠᠭᠴᠢ ᠶᠢᠨ ᠪᠡᠶ᠎ᠡ ᠶᠢᠨ ᠬᠢᠷᠢ ᠬᠡᠮ ᠢ ᠭᠡᠷᠡᠴᠢᠯᠡᠬᠦ ᠪᠢᠴᠢᠭ ᠮᠠᠲ᠋ᠧᠷᠢᠶᠠᠯ | ︵ᠲᠦᠷᠪᠡ︶ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠯᠡᠭᠰᠡᠨ ᠲᠣᠭᠲᠠᠭᠠᠯ ᠢ ᠵᠥᠪᠰᠢᠶᠡᠷᠡᠬᠦ ᠦᠭᠡᠢ ᠵᠢᠭᠤᠷᠠᠯᠳᠤᠭᠠᠨ ᠪᠤᠯ | ᠭᠤᠶᠤᠴᠢᠯᠠᠭᠴᠢ ᠨᠢ ᠪᠠᠰᠠ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠯᠡᠭᠰᠡᠨ ᠲᠣᠭᠲᠠᠭᠠᠯ ᠤᠨ ᠬᠠᠭᠤᠯᠪᠤᠷᠢ ᠳᠡᠪᠲᠡᠷ ᠢ ᠲᠤᠰᠢᠶᠠᠬᠤ ᠬᠡᠷᠡᠭᠲᠡᠢ᠃ | | ᠠᠷᠪᠠᠨ ᠳᠣᠯᠣᠳᠤᠭᠠᠷ ᠵᠦᠢᠯ ᠬᠥᠨᠳᠡᠯᠡᠨ ᠠᠴᠠ ᠲᠠᠰᠤᠯᠬᠤ ᠠᠵᠢᠯ ᠤᠨ ᠲᠠᠷᠠᠭᠠᠯᠠᠯ ᠨᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ | ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ ᠪᠢᠴᠢᠭ ᠢ ᠣᠯᠣᠭᠰᠠᠨ ᠡᠳᠦᠷ ᠠᠴᠠ ᠡᠬᠢᠯᠡᠨ᠎ᠡ᠃ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ | ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ ᠪᠢᠴᠢᠭ ᠢ ᠣᠯᠣᠭᠰᠠᠨ ᠡᠳᠦᠷ ᠠᠴᠠ ᠡᠬᠢᠯᠡᠨ ᠲᠠᠪᠤᠨ ᠡᠳᠦᠷ ᠤᠨ ᠳᠣᠲᠣᠷ᠎ᠠ ᠭᠥᠯᠢᠶᠡᠨ ᠠᠪᠴᠤ ᠰᠢᠢᠳᠪᠦᠷᠢᠯᠡᠬᠦ | ᠨᠥᠬᠦᠴᠡᠯ ᠳᠤ ᠨᠡᠶᠢᠴᠡᠨ᠎ᠡ ᠭᠡᠵᠦ ᠦᠵᠡᠪᠡᠯ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠲᠤᠬᠠᠢ ᠶᠢᠨ ᠬᠥᠮᠥᠨ ᠳᠤ ᠮᠡᠳᠡᠭᠳᠡᠬᠦ ᠬᠡᠷᠡᠭᠲᠡᠢ︔ ᠭᠥᠯᠢᠶᠡᠨ ᠠᠪᠴᠤ | ᠰᠢᠢᠳᠪᠦᠷᠢᠯᠡᠬᠦ ᠨᠥᠬᠦᠴᠡᠯ ᠳᠤ ᠨᠡᠶᠢᠴᠡᠬᠦ ᠦᠭᠡᠢ ᠭᠡᠵᠦ ᠦᠵᠡᠪᠡᠯ᠂ ᠭᠥᠯᠢᠶᠡᠨ ᠠᠪᠴᠤ ᠰᠢᠢᠳᠪᠦᠷᠢᠯᠡᠬᠦ ᠦᠭᠡᠢ ᠪᠠᠶᠢᠬᠤ ᠪᠠᠨ ᠭᠤᠶᠤᠴᠢᠯᠠᠭᠴᠢ ᠳᠤ ᠪᠢᠴᠢᠭ ᠢᠶᠠᠷ | ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠬᠥᠨᠳᠡᠯᠡᠨ ᠠᠴᠠ | ᠲᠠᠰᠤᠯᠤᠭᠤᠯᠬᠤ ᠭᠤᠶᠤᠴᠢᠯᠠᠯ ᠤᠨ ᠪᠢᠴᠢᠭ ᠢ ᠣᠯᠣᠭᠰᠠᠨ ᠤ ᠲᠡᠷᠠᠭ᠎ᠠ᠂ ᠲᠤᠰ ᠲᠦᠷᠢᠮ ᠤᠨ ᠠᠷᠪᠠᠨ ᠵᠢᠷᠭᠤᠳᠤᠭᠠᠷ ᠵᠦᠢᠯ ᠤᠨ ᠲᠣᠭᠲᠠᠭᠠᠯ ᠳᠤ ᠨᠡᠶᠢᠴᠡᠬᠦ ᠦᠭᠡᠢ | ᠭᠡᠵᠦ ᠦᠵᠡᠪᠡᠯ᠂ ᠲᠤᠬᠠᠢ ᠶᠢᠨ ᠬᠥᠮᠥᠨ ᠢ ᠬᠤᠭᠤᠴᠠᠭ᠎ᠠ ᠲᠣᠭᠲᠠᠭᠠᠨ ᠨᠥᠬᠦᠪᠦᠷᠢᠯᠡᠨ ᠵᠠᠯᠠᠷᠠᠭᠤᠯᠤᠭᠤᠯᠬᠤ ᠪᠠᠷ ᠱᠠᠭᠠᠷᠳᠠᠵᠤ ᠪᠣᠯᠣᠨ᠎ᠠ︔ ᠬᠤᠭᠤᠴᠠᠭ᠎ᠠ ᠬᠡᠲᠦᠷᠡᠲᠡᠯ᠎ᠡ | ᠨᠥᠬᠦᠪᠦᠷᠢᠯᠡᠨ ᠵᠠᠯᠠᠷᠠᠭᠤᠯᠬᠤ ᠦᠭᠡᠢ ᠪᠠᠶᠢᠪᠠᠯ᠂ ᠭᠤᠶᠤᠴᠢᠯᠠᠯ ᠢᠶᠠᠨ ᠪᠤᠴᠠᠭᠠᠭᠰᠠᠨ ᠢᠶᠠᠷ ᠦᠵᠡᠨ᠎ᠡ᠂ ᠭᠤᠶᠤᠴᠢᠯᠠᠭᠴᠢ ᠶᠢᠨ ᠬᠥᠨᠳᠡᠯᠡᠨ ᠠᠴᠠ ᠲᠠᠰᠤᠯᠤᠭᠤᠯᠬᠤ | ᠭᠤᠶᠤᠴᠢᠯᠠᠯ ᠤᠨ ᠪᠢᠴᠢᠭ ᠵᠢᠴᠢ ᠲᠡᠭᠦᠨ ᠤ ᠳᠠᠭᠠᠯᠳᠤᠭᠤᠯᠤᠯ ᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠦᠯᠡᠳᠡᠭᠡᠨ ᠬᠠᠳᠠᠭᠠᠯᠠᠬᠤ ᠦᠭᠡᠢ᠃ | ᠠᠷᠪᠠᠨ ᠨᠠᠢᠮᠠᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢ | ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠤ ᠳᠠᠷᠠᠭ᠎ᠠ᠂ ᠲᠠᠪᠤᠨ ᠡᠳᠦᠷ ᠤᠨ ᠳᠣᠲᠣᠷ᠎ᠠ ᠬᠥᠨᠳᠡᠯᠡᠨ ᠠᠴᠠ ᠲᠠᠰᠤᠯᠤᠭᠤᠯᠬᠤ ᠮᠡᠳᠡᠭᠳᠡᠯ᠂ ᠬᠥᠨᠳᠡᠯᠡᠨ ᠠᠴᠠ ᠲᠠᠰᠤᠯᠬᠤ | ᠳᠦᠷᠢᠮ᠂ ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠳᠡᠪᠲᠡᠷ ᠢ ᠬᠤᠶᠠᠷ ᠡᠲᠡᠭᠡᠳ ᠤᠨ ᠲᠤᠬᠠᠢ ᠶᠢᠨ ᠬᠥᠮᠥᠨ ᠤ ᠬᠦᠮᠦᠨ ᠪᠦᠷᠢ ᠳᠤ ᠨᠢᠭᠡ ᠬᠤᠪᠢ | ᠶᠠᠪᠤᠭᠤᠯᠬᠤ ᠬᠡᠷᠡᠭᠳᠡᠢ︔ ᠭᠤᠶᠤᠴᠢᠯᠠᠭᠴᠢ ᠶᠢᠨ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ ᠪᠢᠴᠢᠭ ᠵᠢᠴᠢ ᠲᠡᠭᠦᠨ ᠤ ᠳᠠᠭᠠᠯᠳᠤᠭᠤᠯᠤᠯ ᠢ ᠴᠤ | ᠭᠤᠶᠤᠴᠢᠯᠠᠭᠳᠠᠭᠴᠢ ᠳᠤ ᠬᠠᠮᠲᠤ ᠳᠤᠨᠢ ᠶᠠᠪᠤᠭᠤᠯᠵᠤ ᠥᠭᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠭᠤᠶᠤᠴᠢᠯᠠᠭᠳᠠᠭᠴᠢ ᠨᠢ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ ᠪᠢᠴᠢᠭ ᠤᠨ ᠬᠠᠭᠤᠯᠪᠤᠷᠢ ᠳᠡᠪᠲᠡᠷ ᠢ ᠣᠯᠣᠭᠰᠠᠨ | ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠬᠠᠷᠢᠭᠤ ᠮᠠᠷᠭᠤᠬᠤ ᠪᠢᠴᠢᠭ ᠢᠶᠠᠨ ᠲᠤᠰᠢᠶᠠᠬᠤ ᠬᠡᠷᠡᠭᠲᠡᠢ᠃ ᠭᠤᠶᠤᠴᠢᠯᠠᠭᠳᠠᠭᠴᠢ ᠦᠨᠡᠬᠡᠷ ᠵᠦᠢ | ᠶᠣᠰᠣᠨ ᠤ ᠤᠴᠢᠷ ᠰᠢᠯᠲᠠᠭᠠᠨ ᠲᠠᠢ ᠪᠠᠶᠢᠵᠤ ᠬᠤᠭᠤᠴᠠᠭ᠎ᠠ ᠶᠢ ᠤᠷᠲᠤᠳᠬᠠᠬᠤ ᠪᠠᠷ ᠭᠤᠶᠤᠴᠢᠯᠠᠭᠰᠠᠨ ᠪᠠᠶᠢᠪᠠᠯ᠂ ᠬᠥᠨᠳᠡᠯᠡᠨ ᠠᠴᠠ ᠲᠠᠰᠤᠯᠬᠤ ᠲᠢᠩᠬᠢᠮ ᠠᠴᠠ | ᠲᠣᠭᠲᠠᠭᠠᠯ ᠭᠠᠷᠭᠠᠨ᠎ᠠ︔ ᠬᠥᠨᠳᠡᠯᠡᠨ ᠠᠴᠠ ᠲᠠᠰᠤᠯᠬᠤ ᠲᠢᠩᠬᠢᠮ ᠬᠠᠷᠠᠬᠠᠨ ᠪᠦᠷᠢᠯᠳᠦᠭᠡᠳᠦᠢ ᠪᠠᠶᠢᠪᠠᠯ᠂ ᠡᠷᠬᠢᠯᠡᠭᠴᠢ ᠠᠴᠠ ᠲᠣᠭᠲᠠᠭᠠᠯ ᠭᠠᠷᠭᠠᠨ᠎ᠠ᠃ | ᠬᠥᠨᠳᠡᠯᠡᠨ ᠠᠴᠠ ᠲᠠᠰᠤᠯᠬᠤ ᠲᠢᠩᠬᠢᠮ ᠬᠤᠭᠤᠴᠠᠭ᠎ᠠ ᠬᠡᠲᠦᠷᠡᠭᠦᠯᠦᠨ ᠲᠤᠰᠢᠶᠠᠭᠰᠠᠨ ᠬᠠᠷᠢᠭᠤ ᠮᠠᠷᠭᠤᠬᠤ ᠪᠢᠴᠢᠭ ᠢ ᠭᠥᠯᠢᠶᠡᠨ ᠠᠪᠬᠤ ᠡᠰᠡᠬᠦ ᠶᠢ ᠲᠣᠭᠲᠠᠭᠠᠬᠤ | ᠡᠷᠬᠡ ᠲᠠᠢ᠃ ᠬᠠᠷᠢᠭᠤ ᠮᠠᠷᠭᠤᠬᠤ ᠪᠢᠴᠢᠭ ᠢ ᠭᠤᠶᠤᠴᠢᠯᠠᠭᠳᠠᠭᠴᠢ ᠪᠤᠶᠤ ᠲᠡᠭᠦᠨ ᠤ ᠨᠠᠶᠢᠳᠠᠭᠰᠠᠨ ᠣᠷᠣᠯᠠᠭᠴᠢ ᠲᠤᠰᠢᠶᠠᠨ᠎ᠠ᠂ ᠡᠭᠦᠨ ᠳᠤ ᠳᠣᠣᠷ᠎ᠠ ᠵᠢᠭᠰᠠᠭᠠᠭᠰᠠᠨ | ᠠᠭᠤᠯᠭ᠎ᠠ ᠵᠢᠴᠢ ᠳᠠᠭᠠᠯᠳᠤᠭᠤᠯᠤᠯ ᠢ ᠪᠠᠭᠲᠠᠭᠠᠬᠤ ᠬᠡᠷᠡᠭᠲᠡᠢ᠄ | ︵ᠨᠢᠭᠡ︶ ᠭᠤᠶᠤᠴᠢᠯᠠᠭᠳᠠᠭᠴᠢ ᠶᠢᠨ ᠣᠪᠣᠭ ᠨᠡᠷ᠎ᠡ ᠪᠤᠶᠤ ᠨᠡᠷᠡᠶᠢᠳᠦᠯ᠂ ᠣᠷᠣᠨ ᠰᠠᠭᠤᠴᠠ᠂ ᠡᠭᠦᠨ ᠳᠤ ᠰᠢᠤᠳᠠᠨ ᠳ᠋ᠤᠭᠠᠷ᠂ ᠤᠳᠠᠰᠦ᠂ ᠹᠠᠺᠰ᠂ | ᠡᠯᠧᠺᠳ᠋ᠷᠤᠨ ᠰᠢᠤᠳᠠᠨ ᠬᠠᠶᠢᠷᠴᠠᠭ ᠪᠤᠶᠤ ᠪᠤᠰᠤᠳ ᠡᠯᠧᠺᠳ᠋ᠷᠤᠨ ᠮᠡᠳᠡᠭᠡ ᠬᠤᠯᠪᠣᠭᠠᠨ ᠤ ᠠᠷᠭ᠎ᠠ ᠮᠠᠶ᠋ᠢᠭ ᠪᠠᠭᠲᠠᠨ᠎ᠠ︔ | ︵ᠬᠤᠶᠠᠷ︶ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ ᠪᠢᠴᠢᠭ ᠤᠨ ᠬᠠᠷᠢᠭᠤ ᠮᠠᠷᠭᠤᠯᠲᠠ ᠵᠢᠴᠢ ᠦᠨᠳᠦᠰᠦᠯᠡᠭᠰᠡᠨ ᠪᠣᠳᠠᠲᠤ ᠬᠡᠷᠡᠭ ᠪᠠ ᠤᠴᠢᠷ | ᠰᠢᠯᠲᠠᠭᠠᠨ︔ | ︵ᠭᠤᠷᠪᠠ︶ ᠬᠠᠷᠢᠭᠤ ᠮᠠᠷᠭᠤᠬᠤ ᠳᠤ ᠦᠨᠳᠦᠰᠦᠯᠡᠭᠰᠡᠨ ᠭᠡᠷᠡᠴᠢ ᠪᠠᠷᠢᠮᠲᠠ ᠶᠢᠨ ᠮᠠᠲ᠋ᠧᠷᠢᠶᠠᠯ ᠵᠢᠴᠢ ᠪᠤᠰᠤᠳ ᠭᠡᠷᠡᠴᠢᠯᠡᠬᠦ ᠪᠢᠴᠢᠭ ᠮᠠᠲ᠋ᠧᠷᠢᠶᠠᠯ᠃ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠬᠠᠷᠢᠭᠤ ᠮᠠᠷᠭᠤᠬᠤ ᠪᠢᠴᠢᠭ ᠢ ᠣᠯᠣᠭᠰᠠᠨ ᠤ ᠲᠡᠷᠠᠭ᠎ᠠ ᠲᠠᠪᠤᠨ ᠡᠳᠦᠷ ᠤᠨ ᠳᠣᠲᠣᠷ᠎ᠠ ᠬᠠᠷᠢᠭᠤ | ᠮᠠᠷᠭᠤᠬᠤ ᠪᠢᠴᠢᠭ ᠤᠨ ᠬᠠᠭᠤᠯᠪᠤᠷᠢ ᠳᠡᠪᠲᠡᠷ ᠢ ᠭᠤᠶᠤᠴᠢᠯᠠᠭᠴᠢ ᠳᠤ ᠶᠠᠪᠤᠭᠤᠯᠵᠤ ᠥᠭᠬᠦ ᠬᠡᠷᠡᠭᠲᠡᠢ᠃ ᠭᠤᠶᠤᠴᠢᠯᠠᠭᠳᠠᠭᠴᠢ ᠬᠠᠷᠢᠭᠤ ᠮᠠᠷᠭᠤᠬᠤ ᠪᠢᠴᠢᠭ | ᠳᠡᠪᠰᠢᠭᠦᠯᠦᠭᠰᠡᠨ ᠦᠭᠡᠢ ᠴᠦ ᠬᠥᠨᠳᠡᠯᠡᠨ ᠠᠴᠠ ᠲᠠᠰᠤᠯᠬᠤ ᠠᠵᠢᠯ ᠤᠨ ᠲᠠᠷᠠᠭᠠᠯᠠᠯ ᠤᠨ ᠶᠠᠪᠤᠭᠳᠠᠬᠤ ᠶᠢ ᠨᠥᠯᠥᠭᠡᠯᠡᠬᠦ ᠦᠭᠡᠢ᠃ | ᠬᠤᠷᠢᠳᠤᠭᠠᠷ ᠵᠦᠢᠯ ᠭᠤᠶᠤᠴᠢᠯᠠᠭᠳᠠᠭᠴᠢ ᠠᠳᠠᠯᠢ ᠨᠢᠭᠡ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ᠂ ᠪᠡᠶ᠎ᠡ ᠶᠢᠨ ᠲᠠᠮᠢᠷ ᠤᠨ ᠵᠣᠬᠢᠶᠠᠨ | ᠪᠠᠶᠢᠭᠤᠯᠤᠯᠲᠠ ᠶᠢᠨ ᠳᠦᠷᠢᠮ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠳᠦᠷᠢᠮ ᠢ ᠦᠨᠳᠦᠰᠦᠯᠡᠨ ᠭᠡᠳᠡᠷᠬᠦ ᠭᠤᠶᠤᠴᠢᠯᠠᠯ ᠭᠠᠷᠭᠠᠵᠤ ᠪᠣᠯᠣᠨ᠎ᠠ᠃ ᠬᠡᠳᠡᠷᠬᠦ | ᠭᠤᠶᠤᠴᠢᠯᠠᠯ ᠤᠨ ᠭᠤᠶᠤᠴᠢᠯᠠᠭᠳᠠᠭᠴᠢ ᠨᠢ ᠬᠥᠨᠳᠡᠯᠡᠨ ᠠᠴᠠ ᠲᠠᠰᠤᠯᠬᠤ ᠠᠵᠢᠯ ᠤᠨ ᠲᠠᠷᠠᠭᠠᠯᠠᠯ ᠤᠨ ᠭᠤᠶᠤᠴᠢᠯᠠᠭᠴᠢ ᠪᠠᠷ ᠬᠢᠵᠠᠭᠠᠷᠯᠠᠭᠳᠠᠨ᠎ᠠ᠃ | ᠭᠤᠶᠤᠴᠢᠯᠠᠭᠳᠠᠭᠴᠢ ᠬᠡᠳᠡᠷᠬᠦ ᠭᠤᠶᠤᠴᠢᠯᠠᠯ ᠭᠠᠷᠭᠠᠬᠤ ᠭᠡᠪᠡᠯ᠂ ᠬᠥᠨᠳᠡᠯᠡᠨ ᠠᠴᠠ ᠲᠠᠰᠤᠯᠤᠭᠤᠯᠬᠤ ᠮᠡᠳᠡᠭᠳᠡᠯ ᠢ ᠣᠯᠣᠭᠰᠠᠨ ᠡᠳᠦᠷ ᠠᠴᠠ ᠡᠬᠢᠯᠡᠨ ᠠᠷᠪᠠᠨ ᠲᠠᠪᠤᠨ | ᠡᠳᠦᠷ ᠤᠨ ᠳᠣᠲᠣᠷ᠎ᠠ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠤ ᠬᠡᠳᠡᠷᠬᠦ ᠭᠤᠶᠤᠴᠢᠯᠠᠯ ᠭᠠᠷᠭᠠᠬᠤ ᠭᠤᠶᠤᠴᠢᠯᠠᠯ ᠤᠨ ᠪᠢᠴᠢᠭ ᠢᠶᠠᠨ | ᠲᠤᠰᠢᠶᠠᠬᠤ ᠬᠡᠷᠡᠭᠲᠡᠢ᠃ ᠬᠤᠭᠤᠴᠠᠭ᠎ᠠ ᠬᠡᠳᠦᠷᠡᠨ ᠲᠤᠰᠢᠶᠠᠪᠠᠯ ᠭᠥᠯᠢᠶᠡᠨ ᠠᠪᠴᠤ ᠰᠢᠢᠳᠪᠦᠷᠢᠯᠡᠬᠦ ᠡᠰᠡᠬᠦ ᠶᠢ ᠬᠥᠨᠳᠡᠯᠡᠨ ᠠᠴᠠ ᠲᠠᠰᠤᠯᠬᠤ ᠲᠢᠩᠬᠢᠮ | ᠪᠦᠷᠢᠯᠳᠦᠬᠦ ᠠᠴᠠ ᠡᠮᠦᠨ᠎ᠡ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠠᠴᠠ ᠲᠣᠭᠲᠠᠭᠠᠨ᠎ᠠ᠂ ᠬᠥᠨᠳᠡᠯᠡᠨ ᠠᠴᠠ ᠲᠠᠰᠤᠯᠬᠤ ᠲᠢᠩᠬᠢᠮ | ᠪᠦᠷᠢᠯᠳᠦᠭᠰᠡᠨ ᠤ ᠳᠠᠷᠠᠭ᠎ᠠ ᠬᠥᠨᠳᠡᠯᠡᠨ ᠠᠴᠠ ᠲᠠᠰᠤᠯᠬᠤ ᠲᠢᠩᠬᠢᠮ ᠠᠴᠠ ᠲᠣᠭᠲᠠᠭᠠᠨ᠎ᠠ᠃ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠪᠤᠶᠤ | ᠬᠥᠨᠳᠡᠯᠡᠨ ᠠᠴᠠ ᠲᠠᠰᠤᠯᠬᠤ ᠲᠢᠩᠬᠢᠮ ᠭᠥᠯᠢᠶᠡᠨ ᠠᠪᠴᠤ ᠰᠢᠢᠳᠪᠦᠷᠢᠯᠡᠬᠦ ᠶᠢ ᠵᠥᠪᠰᠢᠶᠡᠷᠡᠬᠦ ᠦᠭᠡᠢ ᠪᠠᠶᠢᠪᠠᠯ᠂ ᠲᠤᠬᠠᠢ ᠶᠢᠨ ᠬᠥᠮᠥᠨ ᠨᠢ ᠬᠡᠳᠡᠷᠬᠦ ᠭᠤᠶᠤᠴᠢᠯᠠᠯ ᠳᠤ | ᠬᠤᠯᠪᠣᠭᠳᠠᠬᠤ ᠵᠦᠢᠯ ᠤᠨ ᠲᠤᠬᠠᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠺᠣᠮᠢᠰ ᠲᠤ ᠣᠨᠳᠣᠣ ᠬᠡᠷᠡᠭ ᠢᠶᠠᠷ ᠭᠤᠶᠤᠴᠢᠯᠠᠯ ᠭᠠᠷᠭᠠᠵᠤ ᠪᠣᠯᠣᠨ᠎ᠠ᠃ | ᠲᠤᠬᠠᠢ ᠶᠢᠨ ᠬᠥᠮᠥᠨ ᠨᠢ ᠣᠨᠳᠣᠣ ᠬᠡᠷᠡᠭ ᠲᠤ ᠭᠤᠶᠤᠴᠢᠯᠠᠯ ᠭᠠᠷᠭᠠᠭᠰᠠᠨ ᠴᠤ ᠲᠤᠰ ᠬᠡᠷᠡᠭ ᠢ ᠰᠢᠭᠦᠬᠦ ᠶᠢ ᠨᠥᠯᠥᠭᠡᠯᠡᠬᠦ ᠦᠭᠡᠢ᠃ ᠬᠡᠳᠡᠷᠬᠦ ᠭᠤᠶᠤᠴᠢᠯᠠᠯ ᠢ | ᠳᠤᠷᠠᠳᠬᠤ ᠪᠠ ᠭᠥᠯᠢᠶᠡᠨ ᠠᠪᠴᠤ ᠰᠢᠢᠳᠪᠦᠷᠢᠯᠡᠬᠦ ᠳᠡᠭᠡᠨ ᠲᠤᠰ ᠳᠦᠷᠢᠮ ᠤᠨ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠢᠶᠠᠷ | ᠯᠠᠪᠯᠠᠯᠲᠠ ᠪᠣᠯᠭᠠᠵᠤ ᠰᠢᠢᠳᠪᠦᠷᠢᠯᠡᠨ᠎ᠡ᠃ ᠠᠳᠠᠯᠢ ᠨᠢᠭᠡᠨ ᠬᠡᠷᠡᠭ ᠤᠨ ᠳᠣᠲᠣᠷᠠᠬᠢ ᠭᠤᠶᠤᠴᠢᠯᠠᠯ ᠪᠠ ᠬᠡᠳᠡᠷᠬᠦ ᠭᠤᠶᠤᠴᠢᠯᠠᠯ ᠢ ᠨᠡᠶᠢᠯᠡᠭᠦᠯᠦᠨ ᠰᠢᠭᠦᠬᠦ ᠬᠡᠷᠡᠭᠲᠡᠢ᠃ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠢ ᠬᠡᠳᠡᠷᠬᠦ ᠭᠤᠶᠤᠴᠢᠯᠠᠯ ᠤᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠭᠰᠡᠨ ᠤ ᠳᠠᠷᠠᠭ᠎ᠠ | ᠲᠠᠪᠤᠨ ᠡᠳᠦᠷ ᠤᠨ ᠳᠣᠲᠣᠷ᠎ᠠ ᠬᠡᠳᠡᠷᠬᠦ ᠭᠤᠶᠤᠴᠢᠯᠠᠯ ᠤᠨ ᠭᠤᠶᠤᠴᠢᠯᠠᠯ ᠤᠨ ᠪᠢᠴᠢᠭ ᠪᠠ ᠬᠤᠯᠪᠣᠭᠳᠠᠯ ᠪᠦᠬᠦᠢ ᠮᠠᠲ᠋ᠧᠷᠢᠶᠠᠯ ᠢ ᠬᠡᠳᠡᠷᠬᠦ ᠭᠤᠶᠤᠴᠢᠯᠠᠯ ᠤᠨ | ᠭᠤᠶᠤᠴᠢᠯᠠᠭᠳᠠᠭᠴᠢ ᠳᠤ ᠬᠦᠷᠭᠡᠵᠦ ᠥᠭᠬᠦ ᠬᠡᠷᠡᠭᠲᠡᠢ᠃ ᠬᠡᠳᠡᠷᠬᠦ ᠭᠤᠶᠤᠴᠢᠯᠠᠬᠤ ᠪᠠᠷ ᠭᠤᠶᠤᠴᠢᠯᠠᠭᠳᠠᠭᠴᠢ ᠨᠢ ᠲᠤᠰ ᠳᠦᠷᠢᠮ ᠤᠨ ᠠᠷᠪᠠ ᠶᠢᠰᠦᠳᠦᠭᠡᠷ ᠵᠦᠢᠯ ᠤᠨ | ᠲᠣᠭᠲᠠᠭᠠᠯ ᠶᠣᠰᠣᠭᠠᠷ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠤ ᠬᠠᠷᠢᠭᠤ ᠮᠠᠷᠭᠤᠬᠤ ᠪᠢᠴᠢᠭ ᠪᠠ ᠬᠤᠯᠪᠣᠭᠳᠠᠯ ᠪᠦᠬᠦᠢ ᠮᠠᠲ᠋ᠧᠷᠢᠶᠠᠯ ᠢᠶᠠᠨ | ᠲᠤᠰᠢᠶᠠᠬᠤ ᠬᠡᠷᠡᠭᠲᠡᠢ︔ ᠳᠡᠪᠰᠢᠭᠦᠯᠦᠭᠰᠡᠨ ᠦᠭᠡᠢ ᠴᠦ ᠬᠥᠨᠳᠡᠯᠡᠨ ᠠᠴᠠ ᠲᠠᠰᠤᠯᠬᠤ ᠠᠵᠢᠯ ᠤᠨ ᠲᠠᠷᠠᠭᠠᠯᠠᠯ ᠶᠠᠪᠤᠭᠳᠠᠬᠤ ᠶᠢ ᠨᠥᠯᠥᠭᠡᠯᠡᠬᠦ ᠦᠭᠡᠢ᠃ ᠬᠡᠳᠡᠷᠬᠦ | ᠭᠤᠶᠤᠴᠢᠯᠠᠭᠰᠠᠨ ᠪᠤᠰᠤᠳ ᠵᠦᠢᠯᠡᠰ ᠢ ᠲᠤᠰ ᠳᠦᠷᠢᠮ ᠳᠠᠬᠢ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ ᠲᠤᠬᠠᠢ ᠬᠤᠯᠪᠣᠭᠳᠠᠯ ᠪᠦᠬᠦᠢ ᠲᠣᠭᠲᠠᠭᠠᠯ ᠢᠶᠠᠷ | ᠯᠠᠪᠯᠠᠯᠲᠠ ᠪᠣᠯᠭᠠᠵᠤ ᠰᠢᠢᠳᠪᠦᠷᠢᠯᠡᠨ᠎ᠡ᠃ | ᠬᠤᠷᠢᠨ ᠨᠢᠭᠡᠳᠦᠭᠡᠷ ᠵᠦᠢᠯ ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠤᠭᠤᠯᠬᠤ ᠮᠡᠳᠡᠭᠳᠡᠯ ᠢ ᠣᠯᠣᠭᠰᠠᠨ ᠡᠳᠦᠷ ᠠᠴᠠ ᠡᠬᠢᠯᠡᠨ ᠠᠷᠪᠠᠨ ᠲᠠᠪᠤᠨ | ᠡᠳᠦᠷ ᠤᠨ ᠳᠣᠲᠣᠷ᠎ᠠ ᠬᠥᠨᠳᠡᠯᠡᠨ ᠠᠴᠠ ᠲᠠᠰᠤᠯᠤᠭᠤᠯᠬᠤ ᠪᠠᠷ ᠪᠢᠴᠢᠭ ᠤᠨ ᠬᠡᠯᠪᠡᠷᠢ ᠪᠠᠷ ᠭᠤᠶᠤᠴᠢᠯᠠᠬᠤ ᠪᠤᠶᠤ ᠬᠡᠳᠡᠷᠬᠦ ᠭᠤᠶᠤᠴᠢᠯᠠᠯ ᠢᠶᠠᠨ ᠬᠤᠪᠢᠷᠠᠭᠤᠯᠵᠤ | ᠪᠣᠯᠣᠨ᠎ᠠ᠃ ᠬᠥᠨᠳᠡᠯᠡᠨ ᠠᠴᠠ ᠲᠠᠰᠤᠯᠬᠤ ᠲᠢᠩᠬᠢᠮ ᠪᠦᠷᠢᠯᠳᠦᠬᠦ ᠠᠴᠠ ᠡᠮᠦᠨ᠎ᠡ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠭᠥᠯᠢᠶᠡᠨ ᠠᠪᠴᠤ | ᠰᠢᠢᠳᠪᠦᠷᠢᠯᠡᠨ᠎ᠡ᠂ ᠬᠥᠨᠳᠡᠯᠡᠨ ᠠᠴᠠ ᠲᠠᠰᠤᠯᠬᠤ ᠲᠢᠩᠬᠢᠮ ᠪᠦᠷᠢᠯᠳᠦᠭᠰᠡᠨ ᠤ ᠳᠠᠷᠠᠭ᠎ᠠ ᠬᠥᠨᠳᠡᠯᠡᠨ ᠠᠴᠠ ᠲᠠᠰᠤᠯᠬᠤ ᠲᠢᠩᠬᠢᠮ ᠭᠥᠯᠢᠶᠡᠨ ᠠᠪᠴᠤ ᠰᠢᠢᠳᠪᠦᠷᠢᠯᠡᠨ᠎ᠡ᠃ | ᠬᠤᠭᠤᠴᠠᠭ᠎ᠠ ᠬᠡᠳᠦᠷᠡᠭᠰᠡᠨ ᠤ ᠲᠠᠷᠠᠭ᠎ᠠ ᠳᠤᠷᠠᠳᠤᠭᠰᠠᠨ ᠪᠠᠶᠢᠪᠠᠯ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠪᠤᠶᠤ ᠬᠥᠨᠳᠡᠯᠡᠨ ᠠᠴᠠ ᠲᠠᠰᠤᠯᠬᠤ | ᠲᠢᠩᠬᠢᠮ ᠠᠴᠠ ᠭᠥᠯᠢᠶᠡᠨ ᠠᠪᠴᠤ ᠰᠢᠢᠳᠪᠦᠷᠢᠯᠡᠬᠦ ᠡᠰᠡᠬᠦ ᠪᠠᠨ ᠲᠣᠭᠲᠠᠭᠠᠨ᠎ᠠ᠃ ᠬᠥᠨᠳᠡᠯᠡᠨ ᠠᠴᠠ ᠲᠠᠰᠤᠯᠤᠭᠤᠯᠬᠤ ᠶᠢ ᠬᠤᠪᠢᠷᠠᠭᠤᠯᠬᠤ ᠭᠤᠶᠤᠴᠢᠯᠠᠯ ᠢ ᠳᠤᠷᠠᠳᠬᠤ | ᠂ ᠭᠥᠯᠢᠶᠡᠨ ᠠᠪᠴᠤ ᠰᠢᠢᠳᠪᠦᠷᠢᠯᠡᠬᠦ᠂ ᠬᠠᠷᠢᠭᠤ ᠮᠠᠷᠭᠤᠬᠤ ᠵᠡᠷᠭᠡ ᠵᠦᠢᠯᠡᠰ ᠢ ᠲᠤᠰ ᠳᠦᠷᠢᠮ ᠤᠨ ᠠᠷᠪᠠᠨ ᠵᠢᠷᠭᠤᠳᠤᠭᠠᠷ ᠵᠦᠢᠯ ᠠᠴᠠ ᠠᠷᠪᠠ ᠶᠢᠰᠦᠳᠦᠭᠡᠷ ᠵᠦᠢᠯ | ᠬᠦᠷᠲᠡᠯᠡᠬᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠰᠢᠢᠳᠪᠦᠷᠢᠯᠡᠨ᠎ᠡ᠃ | ᠬᠤᠷᠢᠨ ᠬᠤᠶᠠᠳᠤᠭᠠᠷ ᠵᠦᠢᠯ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤᠨᠢ ᠨᠡᠶᠢᠴᠡᠭᠰᠡᠨ ᠪᠠᠶᠢᠪᠠᠯ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠵᠦᠪᠯᠡᠯ ᠠᠴᠠ ᠨᠢᠭᠡ ᠲᠠᠯ᠎ᠠ ᠶᠢᠨ ᠲᠤᠬᠠᠢ ᠶᠢᠨ ᠬᠥᠮᠥᠨ ᠤ ᠭᠤᠶᠤᠴᠢᠯᠠᠯ ᠢᠶᠠᠷ ᠬᠤᠶᠠᠷ ᠪᠤᠶᠤ ᠬᠤᠶᠠᠷ ᠠᠴᠠ ᠲᠡᠭᠡᠭᠰᠢᠬᠢ ᠬᠥᠨᠳᠡᠯᠡᠨ ᠠᠴᠠ ᠲᠠᠰᠤᠯᠬᠤ | ᠬᠡᠷᠡᠭ ᠢ ᠨᠡᠶᠢᠯᠡᠭᠦᠯᠦᠭᠡᠳ ᠨᠢᠭᠡ ᠬᠡᠷᠡᠭ ᠪᠣᠯᠭᠠᠵᠤ ᠰᠢᠭᠦᠬᠦ ᠪᠠᠷ ᠲᠣᠭᠲᠠᠭᠠᠵᠤ ᠪᠣᠯᠣᠨ᠎ᠠ : | ︵ᠨᠢᠭᠡ︶ ᠡᠯ᠎ᠡ ᠬᠡᠷᠡᠭ ᠢ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢ ᠠᠳᠠᠯᠢ ᠨᠢᠭᠡᠨ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠢ | ᠦᠨᠳᠦᠰᠦᠯᠡᠨ ᠲᠤᠷᠠᠳᠤᠭᠰᠠᠨ︔ | ︵ᠬᠤᠶᠠᠷ︶ ᠡᠯ᠎ᠡ ᠬᠡᠷᠡᠭ ᠢ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢ ᠠᠳᠠᠯᠢ ᠨᠢᠭᠡᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ | ᠳᠦᠷᠢᠮ ᠪᠤᠶᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠳᠦᠷᠢᠮ ᠢ ᠦᠨᠳᠦᠰᠦᠯᠡᠨ ᠳᠤᠷᠠᠳᠤᠭᠰᠠᠨ ᠪᠥᠭᠡᠳ ᠬᠤᠯᠪᠣᠭᠳᠠᠬᠤ ᠲᠣᠭᠲᠠᠭᠠᠯ ᠨᠢ ᠠᠳᠠᠯᠢ ᠨᠢᠭᠡᠨ | ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠭᠠᠷᠭᠠᠭᠰᠠᠨ ᠬᠤᠯᠪᠣᠭᠳᠠᠬᠤ ᠲᠣᠭᠲᠠᠭᠠᠯ︔ | ︵ᠭᠤᠷᠪᠠ︶ ᠡᠯ᠎ᠡ ᠬᠡᠷᠡᠭ ᠢ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢ ᠤᠯᠠᠨ ᠬᠤᠪᠢ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠢ | ᠦᠨᠳᠦᠰᠦᠯᠡᠨ ᠳᠤᠷᠠᠳᠴᠤ᠂ ᠬᠡᠷᠡᠭ ᠲᠤ ᠬᠤᠯᠪᠣᠭᠳᠠᠭᠰᠠᠨ ᠤᠯᠠᠨ ᠬᠤᠪᠢ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠤᠨ ᠠᠭᠤᠯᠭ᠎ᠠ ᠨᠢ ᠠᠳᠠᠯᠢ ᠪᠤᠶᠤ | ᠬᠠᠷᠢᠯᠴᠠᠨ ᠵᠣᠬᠢᠴᠠᠬᠤ ᠮᠥᠷᠲᠡᠭᠡᠨ ᠡᠯ᠎ᠡ ᠬᠡᠷᠡᠭ ᠤᠨ ᠲᠤᠬᠠᠢ ᠶᠢᠨ ᠬᠥᠮᠥᠨ ᠨᠢ ᠠᠳᠠᠯᠢ ᠪᠠᠶᠢᠵᠤ᠂ ᠬᠤᠯᠪᠣᠭᠳᠠᠭᠰᠠᠨ ᠬᠠᠤᠯᠢ ᠴᠠᠭᠠᠵᠠ ᠶᠢᠨ ᠬᠠᠷᠢᠴᠠᠭ᠎ᠠ ᠶᠢᠨ ᠰᠢᠨᠵᠢ | ᠴᠢᠨᠠᠷ ᠨᠢ ᠠᠳᠠᠯᠢ ᠪᠠᠶᠢᠬᠤ︔ | ︵ᠳᠥᠷᠪᠡ︶ ᠡᠯ᠎ᠡ ᠬᠡᠷᠡᠭ ᠢ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢ ᠤᠯᠠᠨ ᠬᠤᠪᠢ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠢ | ᠦᠨᠳᠦᠰᠦᠯᠡᠨ ᠳᠤᠷᠠᠳᠴᠤ᠂ ᠬᠡᠷᠡᠭ ᠲᠤ ᠬᠤᠯᠪᠣᠭᠳᠠᠭᠰᠠᠨ ᠤᠯᠠᠨ ᠬᠤᠪᠢ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠤᠨ ᠠᠭᠤᠯᠭ᠎ᠠ ᠨᠢ ᠠᠳᠠᠯᠢ ᠪᠤᠶᠤ | ᠬᠠᠷᠢᠯᠴᠠᠨ ᠵᠣᠬᠢᠴᠠᠬᠤ ᠮᠥᠷᠲᠡᠭᠡᠨ ᠬᠤᠯᠪᠣᠭᠳᠠᠭᠰᠠᠨ ᠤᠯᠠᠨ ᠬᠤᠪᠢ ᠭᠡᠷ᠎ᠡ ᠪᠠᠷ ᠭᠤᠣᠯ ᠪᠣᠯᠭᠠᠵᠤ ᠳᠠᠭᠠᠯᠲᠠ ᠭᠡᠷ᠎ᠡ ᠶᠢᠨ ᠬᠠᠷᠢᠴᠠᠭ᠎ᠠ ᠲᠠᠢ ᠪᠠᠶᠢᠬᠤ︔ | ︵ᠲᠠᠪᠤ︶ ᠡᠯ᠎ᠡ ᠬᠡᠷᠡᠭ ᠢ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢ ᠤᠯᠠᠨ ᠬᠤᠪᠢ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠢ | ᠦᠨᠳᠦᠰᠦᠯᠡᠨ ᠳᠤᠷᠠᠳᠴᠤ᠂ ᠬᠡᠷᠡᠭ ᠲᠤ ᠬᠤᠯᠪᠣᠭᠳᠠᠭᠰᠠᠨ ᠤᠯᠠᠨ ᠬᠤᠪᠢ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠤᠨ ᠠᠭᠤᠯᠭ᠎ᠠ ᠨᠢ ᠠᠳᠠᠯᠢ ᠪᠤᠶᠤ | ᠬᠠᠷᠢᠯᠴᠠᠨ ᠵᠣᠬᠢᠴᠠᠬᠤ ᠮᠥᠷᠲᠡᠭᠡᠨ ᠬᠤᠯᠪᠣᠭᠳᠠᠭᠰᠠᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠯᠡᠭᠰᠡᠨ ᠲᠣᠭᠲᠠᠭᠠᠯ ᠨᠢ ᠠᠳᠠᠯᠢ ᠨᠢᠭᠡᠨ | ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠭᠠᠷᠭᠠᠭᠰᠠᠨ ᠠᠳᠠᠯᠢ ᠨᠢᠭᠡᠨ ᠲᠣᠭᠲᠠᠭᠠᠯ︔ | ︵ᠵᠢᠷᠭᠤᠭ᠎ᠠ︶ ᠡᠯ᠎ᠡ ᠬᠡᠷᠡᠭ ᠤᠨ ᠲᠤᠬᠠᠢ ᠶᠢᠨ ᠬᠥᠮᠥᠨ ᠴᠥᠮ ᠨᠡᠶᠢᠯᠡᠭᠦᠯᠦᠨ ᠬᠥᠨᠳᠡᠯᠡᠨ ᠠᠴᠠ ᠲᠠᠰᠤᠯᠬᠤ ᠶᠢ ᠵᠥᠪᠰᠢᠶᠡᠷᠡᠭᠰᠡᠨ᠃ ᠲᠤᠰ ᠵᠦᠢᠯ ᠤᠨ | ᠨᠢᠭᠡᠳᠦᠭᠡᠷ ᠪᠠᠳᠠᠭ ᠢ ᠦᠨᠳᠦᠰᠦᠯᠡᠨ ᠨᠡᠶᠢᠯᠡᠭᠦᠯᠦᠨ ᠬᠥᠨᠳᠡᠯᠡᠨ ᠠᠴᠠ ᠲᠠᠰᠤᠯᠬᠤ ᠦᠶ᠎ᠡ ᠳᠤ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠢ | ᠬᠤᠶᠠᠷ ᠲᠠᠯ᠎ᠠ ᠶᠢᠨ ᠲᠤᠬᠠᠢ ᠶᠢᠨ ᠬᠥᠮᠥᠨ ᠤ ᠰᠠᠨᠠᠯ᠂ ᠠᠳᠠᠯᠢ ᠪᠤᠰᠤ ᠬᠡᠷᠡᠭ ᠤᠨ ᠬᠥᠨᠳᠡᠯᠡᠨ ᠠᠴᠠ ᠲᠠᠰᠤᠯᠤᠭᠴᠢ ᠶᠢ ᠰᠣᠩᠭᠤᠨ ᠲᠣᠭᠲᠠᠭᠠᠭᠰᠠᠨ ᠪᠤᠶᠤ ᠵᠢᠭᠠᠨ | ᠲᠣᠭᠲᠠᠭᠠᠭᠰᠠᠨ ᠪᠠᠶᠢᠳᠠᠯ᠂ ᠬᠤᠯᠪᠣᠭᠳᠠᠯ ᠪᠦᠬᠦᠢ ᠬᠥᠨᠳᠡᠯᠡᠨ ᠠᠴᠠ ᠲᠠᠰᠤᠯᠬᠤ ᠬᠡᠷᠡᠭ ᠤᠨ ᠬᠤᠭᠤᠷᠣᠨᠳᠣᠬᠢ ᠬᠤᠯᠪᠣᠭᠳᠠᠬᠤ ᠴᠢᠨᠠᠷ ᠵᠡᠷᠭᠡ ᠬᠦᠴᠦᠨ ᠵᠦᠢᠯ ᠢ | ᠪᠣᠳᠣᠯᠬᠢᠯᠠᠬᠤ ᠬᠡᠷᠡᠭᠲᠡᠢ᠃ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠠᠰᠲᠠᠭᠠᠨ ᠪᠣᠯᠵᠣᠯ ᠲᠠᠢ ᠪᠢᠰᠢ ᠪᠣᠯ ᠡᠯ᠎ᠡ ᠬᠡᠷᠡᠭ ᠢ ᠬᠠᠮᠤᠭ ᠤᠨ ᠲᠦᠷᠦᠭᠦᠨ ᠳᠤ | ᠬᠥᠨᠳᠡᠯᠡᠨ ᠠᠴᠠ ᠲᠠᠰᠤᠯᠬᠤ ᠵᠢᠷᠤᠮ ᠢ ᠡᠬᠢᠯᠡᠭᠰᠡᠨ ᠬᠡᠷᠡᠭ ᠲᠤ ᠨᠡᠶᠢᠯᠡᠭᠦᠯᠦᠨ ᠣᠷᠣᠭᠤᠯᠬᠤ ᠬᠡᠷᠡᠭᠲᠡᠢ᠃ ᠬᠥᠨᠳᠡᠯᠡᠨ ᠠᠴᠠ ᠲᠠᠰᠤᠯᠬᠤ ᠬᠡᠷᠡᠭ ᠢ ᠨᠡᠶᠢᠯᠡᠭᠦᠯᠦᠭᠰᠡᠨ ᠤ | ᠲᠡᠷᠠᠭ᠎ᠠ᠂ ᠬᠥᠨᠳᠡᠯᠡᠨ ᠠᠴᠠ ᠲᠠᠰᠤᠯᠬᠤ ᠲᠢᠩᠬᠢᠮ ᠪᠦᠷᠢᠯᠳᠦᠬᠦ ᠠᠴᠠ ᠡᠮᠦᠨ᠎ᠡ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠠᠴᠠ ᠬᠥᠨᠳᠡᠯᠡᠨ ᠠᠴᠠ | ᠲᠠᠰᠤᠯᠬᠤ ᠵᠢᠷᠤᠮ ᠤᠨ ᠵᠦᠢᠯᠡᠰ ᠤᠨ ᠲᠤᠬᠠᠢ ᠲᠣᠭᠲᠠᠭᠠᠯ ᠭᠠᠷᠭᠠᠨ᠎ᠠ︔ ᠬᠥᠨᠳᠡᠯᠡᠨ ᠠᠴᠠ ᠲᠠᠰᠤᠯᠬᠤ ᠲᠢᠩᠬᠢᠮ ᠪᠦᠷᠢᠯᠳᠦᠭᠰᠡᠨ ᠤ ᠲᠡᠷᠠᠭ᠎ᠠ ᠬᠥᠨᠳᠡᠯᠡᠨ ᠠᠴᠠ | ᠲᠠᠰᠤᠯᠬᠤ ᠲᠢᠩᠬᠢᠮ ᠠᠴᠠ ᠲᠣᠭᠲᠠᠭᠠᠯ ᠭᠠᠷᠭᠠᠨ᠎ᠠ᠃ | ᠬᠤᠷᠢᠨ ᠭᠤᠷᠪᠠᠳᠤᠭᠠᠷ ᠵᠦᠢᠯ ᠬᠡᠷᠡᠭ ᠲᠤ ᠬᠤᠶᠠᠷ ᠪᠤᠶᠤ ᠬᠤᠶᠠᠷ ᠠᠴᠠ ᠳᠡᠭᠡᠭᠰᠢ ᠭᠤᠶᠤᠴᠢᠯᠠᠭᠴᠢ ᠪᠤᠶᠤ ᠭᠤᠶᠤᠴᠢᠯᠠᠭᠳᠠᠭᠴᠢ ᠪᠠᠶᠢᠪᠠᠯ᠂ ᠶᠠᠮᠠᠷᠪᠠ | ᠲᠤᠬᠠᠢ ᠶᠢᠨ ᠬᠥᠮᠥᠨ ᠴᠥᠮ ᠠᠳᠠᠯᠢᠬᠠᠨ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ᠂ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠳᠦᠷᠢᠮ᠂ | ᠪᠡᠶ᠎ᠡ ᠶᠢᠨ ᠲᠠᠮᠢᠷ ᠤᠨ ᠤᠷᠤᠯᠳᠤᠭᠠᠨ ᠤ ᠳᠦᠷᠢᠮ ᠢ ᠦᠨᠳᠦᠰᠦᠯᠡᠨ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠭᠠᠷᠭᠠᠵᠤ ᠪᠣᠯᠣᠨ᠎ᠠ᠃ ᠬᠥᠨᠳᠡᠯᠡᠨ ᠠᠴᠠ | ᠲᠠᠰᠤᠯᠬᠤ ᠲᠢᠩᠬᠢᠮ ᠪᠦᠷᠢᠯᠳᠦᠬᠦ ᠠᠴᠠ ᠡᠮᠦᠨ᠎ᠡ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠠᠴᠠ ᠭᠥᠯᠢᠶᠡᠨ ᠠᠪᠴᠤ ᠰᠢᠢᠳᠪᠦᠷᠢᠯᠡᠬᠦ ᠡᠰᠡᠬᠦ ᠶᠢ | ᠲᠣᠭᠲᠠᠭᠠᠨ᠎ᠠ᠂ ᠬᠥᠨᠳᠡᠯᠡᠨ ᠠᠴᠠ ᠲᠠᠰᠤᠯᠬᠤ ᠲᠢᠩᠬᠢᠮ ᠪᠦᠷᠢᠯᠳᠦᠭᠰᠡᠨ ᠤ ᠲᠡᠷᠠᠭ᠎ᠠ ᠬᠥᠨᠳᠡᠯᠡᠨ ᠠᠴᠠ ᠲᠠᠰᠤᠯᠬᠤ ᠲᠢᠩᠬᠢᠮ ᠲᠣᠭᠲᠠᠭᠠᠨ᠎ᠠ᠃ ᠳᠡᠭᠡᠷ᠎ᠡ ᠳᠤᠷᠠᠳᠤᠭᠰᠠᠨ | ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢ ᠳᠤᠷᠠᠳᠬᠤ᠂ ᠭᠥᠯᠢᠶᠡᠨ ᠠᠪᠴᠤ ᠰᠢᠢᠳᠪᠦᠷᠢᠯᠡᠬᠦ᠂ ᠬᠠᠷᠢᠭᠤ ᠮᠠᠷᠭᠤᠬᠤ᠂ ᠬᠤᠪᠢᠷᠠᠭᠤᠯᠬᠤ ᠵᠡᠷᠭᠡ ᠵᠦᠢᠯᠡᠰ ᠢ | ᠲᠤᠰ ᠳᠦᠷᠢᠮ ᠤᠨ ᠠᠷᠪᠠᠨ ᠵᠢᠷᠭᠤᠳᠤᠭᠠᠷ ᠵᠦᠢᠯ ᠠᠴᠠ ᠬᠤᠷᠢᠨ ᠨᠢᠭᠡᠳᠦᠭᠡᠷ ᠵᠦᠢᠯ ᠬᠦᠷᠲᠡᠯᠡᠬᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠰᠢᠢᠳᠪᠦᠷᠢᠯᠡᠨ᠎ᠡ᠃ | ᠬᠤᠷᠢᠨ ᠳᠥᠷᠪᠡᠳᠦᠭᠡᠷ ᠵᠦᠢᠯ ᠲᠤᠬᠠᠢ ᠶᠢᠨ ᠬᠥᠮᠥᠨ ᠨᠢ ᠭᠤᠶᠤᠴᠢᠯᠠᠯ ᠤᠨ ᠪᠢᠴᠢᠭ᠂ ᠬᠠᠷᠢᠭᠤ ᠮᠠᠷᠭᠤᠬᠤ ᠪᠢᠴᠢᠭ᠂ ᠬᠡᠳᠡᠷᠬᠦ ᠭᠤᠶᠤᠴᠢᠯᠠᠬᠤ | ᠭᠤᠶᠤᠴᠢᠯᠠᠯ ᠤᠨ ᠪᠢᠴᠢᠭ᠂ ᠭᠡᠷᠡᠴᠢ ᠪᠠᠷᠢᠮᠲᠠ ᠶᠢᠨ ᠮᠠᠲ᠋ᠧᠷᠢᠶᠠᠯ ᠵᠢᠴᠢ ᠪᠤᠰᠤᠳ ᠪᠢᠴᠢᠭ ᠤᠨ ᠮᠠᠲ᠋ᠧᠷᠢᠶᠠᠯ ᠢᠶᠠᠨ ᠲᠤᠰᠢᠶᠠᠬᠤ ᠳᠠᠭᠠᠨ ᠨᠢᠭᠡ ᠬᠡᠯᠪᠡᠷᠢ ᠶᠢᠨ ᠲᠠᠪᠤᠨ | ᠬᠤᠪᠢ ᠪᠠᠶᠢᠬᠤ ᠬᠡᠷᠡᠭᠲᠡᠢ᠃ ᠲᠤᠬᠠᠢ ᠶᠢᠨ ᠬᠥᠮᠥᠨ ᠨᠢ ᠬᠤᠶᠠᠷ ᠡᠲᠡᠭᠡᠳ ᠢᠶᠠᠷ ᠵᠣᠭᠰᠣᠬᠤ ᠦᠭᠡᠢ ᠪᠠᠶᠢᠪᠠᠯ᠂ ᠵᠣᠬᠢᠴᠠᠩᠭᠤᠢ ᠬᠤᠪᠢ ᠶᠢᠨ ᠲᠤᠭ᠎ᠠ ᠶᠢ ᠨᠡᠮᠡᠭᠳᠡᠭᠦᠯᠬᠦ | ᠬᠡᠷᠡᠭᠲᠡᠢ︔ ᠬᠥᠨᠳᠡᠯᠡᠨ ᠠᠴᠠ ᠲᠠᠰᠤᠯᠬᠤ ᠲᠢᠩᠬᠢᠮ ᠤᠨ ᠪᠦᠷᠢᠯᠳᠦᠭᠦᠨ ᠤ ᠲᠤᠭ᠎ᠠ ᠨᠢ ᠨᠢᠭᠡ ᠬᠥᠮᠥᠨ ᠪᠠᠶᠢᠪᠠᠯ᠂ ᠬᠤᠶᠠᠷ ᠬᠤᠪᠢ ᠬᠠᠰᠤᠵᠤ ᠪᠣᠯᠣᠨ᠎ᠠ᠃ | ᠬᠤᠷᠢᠨ ᠲᠠᠪᠤᠳᠤᠭᠠᠷ ᠵᠦᠢᠯ ᠲᠤᠬᠠᠢ ᠶᠢᠨ ᠬᠥᠮᠥᠨ ᠨᠢ ᠳᠤᠮᠳᠠᠳᠤ ᠤᠯᠤᠰ ᠤᠨ ᠪᠤᠶᠤ ᠭᠠᠳᠠᠭᠠᠳᠤ ᠤᠯᠤᠰ ᠤᠨ ᠬᠥᠨᠳᠡᠯᠡᠨ ᠠᠴᠠ ᠲᠠᠰᠤᠯᠬᠤ | ᠣᠷᠣᠯᠠᠭᠴᠢ ᠳᠤ ᠨᠠᠶᠢᠳᠠᠵᠤ ᠬᠤᠯᠪᠣᠭᠳᠠᠯ ᠪᠦᠬᠦᠢ ᠬᠥᠨᠳᠡᠯᠡᠨ ᠠᠴᠠ ᠲᠠᠰᠤᠯᠬᠤ ᠤᠴᠢᠷ ᠶᠠᠪᠤᠳᠠᠯ ᠢ ᠰᠢᠢᠳᠪᠦᠷᠢᠯᠡᠭᠦᠯᠵᠦ ᠪᠣᠯᠣᠨ᠎ᠠ᠃ ᠲᠤᠬᠠᠢ ᠶᠢᠨ ᠬᠥᠮᠥᠨ ᠪᠤᠶᠤ | ᠲᠡᠭᠦᠨ ᠤ ᠬᠥᠨᠳᠡᠯᠡᠨ ᠠᠴᠠ ᠲᠠᠰᠤᠯᠬᠤ ᠣᠷᠣᠯᠠᠭᠴᠢ ᠨᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠤ ᠪᠣᠳᠠᠲᠠᠢ ᠨᠠᠶᠢᠳᠠᠭᠰᠠᠨ ᠵᠦᠢᠯ ᠪᠠ | ᠡᠷᠬᠡ ᠶᠢᠨ ᠬᠡᠪᠴᠢᠶ᠎ᠡ ᠶᠢ ᠲᠣᠳᠣᠷᠬᠠᠢ ᠲᠡᠮᠳᠡᠭᠯᠡᠭᠰᠡᠨ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠢᠶᠠᠨ ᠲᠤᠰᠢᠶᠠᠬᠤ ᠬᠡᠷᠡᠭᠲᠡᠢ᠃ ᠲᠤᠬᠠᠢ ᠶᠢᠨ ᠬᠥᠮᠥᠨ ᠨᠢ | ᠨᠢᠭᠡ ᠠᠴᠠ ᠭᠤᠷᠪᠠᠨ ᠬᠥᠨᠳᠡᠯᠡᠨ ᠠᠴᠠ ᠲᠠᠰᠤᠯᠬᠤ ᠣᠷᠣᠯᠠᠭᠴᠢ ᠳᠤ ᠨᠠᠶᠢᠳᠠᠵᠤ ᠪᠣᠯᠣᠨ᠎ᠠ᠂ ᠭᠤᠶᠤᠴᠢᠯᠠᠭᠰᠠᠨ ᠪᠥᠭᠡᠳ ᠬᠥᠨᠳᠡᠯᠡᠨ ᠠᠴᠠ ᠲᠠᠰᠤᠯᠬᠤ ᠲᠢᠩᠬᠢᠮ ᠢᠶᠠᠷ | ᠵᠥᠪᠰᠢᠶᠡᠷᠡᠭᠦᠯᠦᠭᠰᠡᠨ ᠪᠠᠶᠢᠪᠠᠯ᠂ ᠣᠷᠣᠯᠠᠬᠤ ᠬᠥᠮᠥᠨ ᠤ ᠲᠤᠭ᠎ᠠ ᠶᠢ ᠵᠣᠬᠢᠰᠲᠠᠢ ᠪᠠᠷ ᠨᠡᠮᠡᠭᠳᠡᠭᠦᠯᠵᠦ ᠪᠣᠯᠣᠨ᠎ᠠ᠃ | ᠬᠤᠷᠢᠨ ᠵᠢᠷᠭᠤᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠬᠡᠷᠡᠭ ᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠤ ᠳᠠᠷᠠᠭ᠎ᠠ | ᠂ ᠭᠥᠯᠢᠶᠡᠨ ᠠᠪᠴᠤ ᠰᠢᠢᠳᠪᠦᠷᠢᠯᠡᠬᠦ ᠶᠣᠰᠣ ᠦᠭᠡᠢ ᠭᠡᠳᠡᠭ ᠢ ᠣᠯᠵᠤ ᠮᠠᠲᠠᠪᠠᠯ᠂ ᠬᠡᠷᠡᠭ ᠢ ᠬᠦᠴᠦᠨ ᠦᠭᠡᠢ ᠪᠣᠯᠭᠠᠬᠤ ᠬᠡᠷᠡᠭᠲᠡᠢ ᠪᠦᠭᠡᠳ ᠬᠡᠷᠡᠭ ᠢ ᠬᠦᠴᠦᠨ ᠦᠭᠡᠢ | ᠪᠣᠯᠭᠠᠬᠤ ᠪᠠᠷ ᠲᠣᠭᠲᠠᠭᠠᠭᠰᠠᠨ ᠤ ᠳᠠᠷᠠᠭ᠎ᠠ ᠲᠠᠪᠤᠨ ᠡᠳᠦᠷ ᠤᠨ ᠳᠣᠲᠣᠷ᠎ᠠ ᠲᠣᠭᠲᠠᠭᠠᠯ ᠤᠨ ᠪᠢᠴᠢᠭ ᠤᠨ ᠬᠡᠯᠪᠡᠷᠢ ᠪᠠᠷ ᠲᠤᠬᠠᠢ ᠶᠢᠨ ᠬᠥᠮᠥᠨ ᠳᠤ ᠮᠡᠳᠡᠭᠳᠡᠬᠦ ᠬᠡᠷᠡᠭᠲᠡᠢ᠃ | |