ᠲᠠᠪᠤᠳᠤᠭᠠᠷ ᠪᠦᠯᠦᠭ ᠰᠢᠭᠦᠨ ᠰᠢᠢᠳᠪᠦᠷᠢᠯᠡᠬᠦ | ᠭᠤᠴᠢᠨ ᠵᠢᠷᠭᠤᠳᠤᠭᠠᠷ ᠵᠦᠢᠯ ᠲᠤᠬᠠᠢ ᠶᠢᠨ ᠬᠥᠮᠥᠨ ᠠᠰᠲᠠᠭᠠᠨ ᠪᠣᠯᠵᠣᠯ ᠲᠠᠢ ᠪᠢᠰᠢ ᠪᠣᠯ ᠬᠥᠨᠳᠡᠯᠡᠨ ᠠᠴᠠ ᠲᠠᠰᠤᠯᠬᠤ ᠲᠢᠩᠬᠢᠮ ᠵᠣᠬᠢᠰᠲᠠᠢ ᠠᠷᠭ᠎ᠠ | ᠮᠠᠶ᠋ᠢᠭ ᠢᠶᠠᠷ ᠬᠡᠷᠡᠭ ᠢ ᠰᠢᠭᠦᠬᠦ ᠪᠠᠷ ᠲᠣᠭᠲᠠᠭᠠᠬᠤ ᠡᠷᠬᠡ ᠲᠠᠢ᠃ ᠶᠠᠮᠠᠷᠪᠠ ᠪᠠᠶᠢᠳᠠᠯ ᠤᠨ ᠳᠣᠣᠷ᠎ᠠ᠂ ᠬᠥᠨᠳᠡᠯᠡᠨ ᠠᠴᠠ ᠲᠠᠰᠤᠯᠬᠤ ᠲᠢᠩᠬᠢᠮ ᠴᠥᠮ ᠬᠤᠶᠠᠷ ᠲᠠᠯ᠎ᠠ ᠶᠢᠨ | ᠲᠤᠬᠠᠢ ᠶᠢᠨ ᠬᠥᠮᠥᠨ ᠳᠤ ᠡᠷᠬᠡ ᠲᠡᠭᠰᠢ ᠲᠥᠪ ᠭᠤᠣᠯᠴᠢ ᠪᠠᠷ ᠬᠠᠨᠳᠤᠵᠤ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠳᠤ ᠲᠣᠭᠠᠴᠢᠯᠲᠠ ᠬᠢᠬᠦ ᠪᠠ ᠮᠠᠷᠭᠤᠯᠳᠤᠬᠤ | ᠵᠦᠢ ᠵᠣᠬᠢᠰᠲᠠᠢ ᠲᠣᠬᠢᠶᠠᠯ ᠣᠯᠭᠤᠬᠤ ᠬᠡᠷᠡᠭᠲᠡᠢ᠃ ᠬᠥᠨᠳᠡᠯᠡᠨ ᠠᠴᠠ ᠲᠠᠰᠤᠯᠬᠤ ᠲᠢᠩᠬᠢᠮ ᠨᠢ ᠵᠠᠷᠴᠢᠮ ᠳᠡᠭᠡᠷ᠎ᠡ ᠪᠠᠨ ᠬᠡᠷᠡᠭ ᠢ ᠲᠢᠩᠬᠢᠮ ᠨᠡᠭᠡᠭᠡᠵᠦ ᠰᠢᠭᠦᠬᠦ ᠬᠡᠷᠡᠭᠲᠡᠢ᠂ | ᠲᠢᠩᠬᠢᠮ ᠨᠡᠭᠡᠭᠡᠬᠦ ᠠᠷᠭ᠎ᠠ ᠮᠠᠶ᠋ᠢᠭ ᠢ ᠬᠥᠨᠳᠡᠯᠡᠨ ᠠᠴᠠ ᠲᠠᠰᠤᠯᠬᠤ ᠲᠢᠩᠬᠢᠮ ᠠᠴᠠ ᠬᠡᠷᠡᠭ ᠤᠨ ᠪᠣᠳᠠᠲᠠᠢ ᠪᠠᠶᠢᠳᠠᠯ ᠢ ᠦᠨᠳᠦᠰᠦᠯᠡᠨ ᠲᠣᠭᠲᠠᠭᠠᠵᠤ ᠪᠣᠯᠣᠨ᠎ᠠ᠃ | ᠲᠤᠬᠠᠢ ᠶᠢᠨ ᠬᠥᠮᠥᠨ ᠨᠢ ᠲᠢᠩᠬᠢᠮ ᠨᠡᠭᠡᠭᠡᠬᠦ ᠦᠭᠡᠢ ᠭᠡᠵᠦ ᠪᠣᠯᠵᠣᠨ ᠲᠣᠭᠲᠠᠭᠰᠠᠨ ᠪᠤᠶᠤ ᠬᠥᠨᠳᠡᠯᠡᠨ ᠠᠴᠠ ᠲᠠᠰᠤᠯᠬᠤ ᠲᠢᠩᠬᠢᠮ ᠨᠢ ᠲᠢᠩᠬᠢᠮ ᠨᠡᠭᠡᠭᠡᠵᠦ ᠰᠢᠭᠦᠬᠦ | ᠴᠢᠬᠤᠯᠠ ᠦᠭᠡᠢ ᠭᠡᠵᠦ ᠦᠵᠡᠭᠰᠡᠨ ᠪᠥᠭᠡᠳ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠤ ᠵᠥᠪᠰᠢᠶᠡᠷᠡᠯ ᠢ ᠣᠯᠣᠭᠰᠠᠨ ᠪᠠᠶᠢᠪᠠᠯ᠂ ᠲᠤᠬᠠᠢ ᠶᠢᠨ ᠬᠥᠮᠥᠨ ᠤ | ᠲᠤᠰᠢᠶᠠᠭᠰᠠᠨ ᠪᠢᠴᠢᠭ ᠮᠠᠲ᠋ᠧᠷᠢᠶᠠᠯ ᠢ ᠦᠨᠳᠦᠰᠦᠯᠡᠨ ᠪᠢᠴᠢᠭ ᠢᠶᠠᠷ ᠰᠢᠭᠦᠵᠦ ᠪᠣᠯᠣᠨ᠎ᠠ᠃ | ᠭᠤᠴᠢᠨ ᠳᠣᠯᠣᠳᠤᠭᠠᠷ ᠵᠦᠢᠯ ᠲᠤᠬᠠᠢ ᠶᠢᠨ ᠲᠠᠯᠠᠪᠠᠢ ᠶᠢᠨ ᠲᠢᠩᠬᠢᠮ ᠨᠡᠭᠡᠭᠡᠬᠦ ᠠᠵᠢᠯ ᠢ ᠡᠩ ᠤᠨ ᠪᠠᠶᠢᠳᠠᠯ ᠳᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠵᠦᠪᠯᠡᠯ ᠤᠨ ᠪᠠᠶᠢᠭ᠎ᠠ ᠭᠠᠵᠠᠷ ᠲᠤ ᠶᠠᠪᠤᠠᠠᠳᠠᠭᠤᠯᠤᠨᠡ᠃ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠢᠶᠠᠷ ᠬᠢᠨᠠᠨ ᠪᠠᠶᠢᠴᠠᠭᠠᠯᠭᠠᠵᠤ | ᠵᠥᠪᠰᠢᠶᠡᠷᠡᠭᠦᠯᠪᠡᠯ᠂ ᠬᠥᠨᠳᠡᠯᠡᠨ ᠠᠴᠠ ᠲᠠᠰᠤᠯᠬᠤ ᠲᠢᠩᠬᠢᠮ ᠨᠢ ᠥᠪᠡᠰᠦᠪᠡᠨ ᠰᠣᠩᠭᠤᠬᠤ ᠪᠤᠶᠤ ᠲᠤᠬᠠᠢ ᠶᠢᠨ ᠬᠥᠮᠥᠨ ᠤ ᠪᠣᠯᠵᠤᠭ᠎ᠠ ᠶᠢ ᠦᠨᠳᠦᠰᠦᠯᠡᠨ᠂ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠪᠠᠶᠢᠭ᠎ᠠ ᠭᠠᠵᠠᠷ ᠠᠴᠠ ᠪᠤᠰᠤᠳ ᠭᠠᠵᠠᠷ ᠲᠤ ᠲᠢᠩᠬᠢᠮ ᠨᠡᠭᠡᠭᠡᠬᠦ ᠡᠷᠬᠡ ᠲᠠᠢ᠃ ᠲᠤᠬᠠᠢ ᠶᠢᠨ | ᠬᠥᠮᠥᠨ ᠨᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠪᠠᠶᠢᠭ᠎ᠠ ᠭᠠᠵᠠᠷ ᠠᠴᠠ ᠪᠤᠰᠤᠳ ᠭᠠᠵᠠᠷ ᠲᠤ ᠲᠤᠬᠠᠢ ᠶᠢᠨ ᠭᠠᠵᠠᠷ ᠲᠤᠨᠢ ᠲᠢᠩᠬᠢᠮ | ᠨᠡᠭᠡᠭᠡᠬᠦ ᠪᠠᠷ ᠪᠣᠯᠵᠣᠨ ᠲᠣᠭᠲᠠᠭᠰᠠᠨ ᠪᠠᠶᠢᠪᠠᠯ᠂ ᠡᠭᠦᠨ ᠠᠴᠠ ᠪᠣᠯᠤᠭᠰᠠᠨ ᠵᠠᠷᠤᠳᠠᠯ ᠢ ᠡᠭᠦᠷᠭᠡᠯᠡᠨ᠎ᠡ᠃ ᠲᠤᠬᠠᠢ ᠶᠢᠨ ᠬᠥᠮᠥᠨ ᠨᠢ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠵᠦᠪᠯᠡᠯ ᠤᠨ ᠲᠣᠭᠲᠠᠭᠠᠭᠰᠠᠨ ᠬᠤᠭᠤᠴᠠᠭᠠᠨ ᠳᠣᠲᠣᠷ᠎ᠠ ᠪᠣᠯᠵᠣᠨ ᠲᠣᠭᠲᠠᠭᠰᠠᠨ ᠪᠤᠶᠤ ᠬᠥᠨᠳᠡᠯᠡᠨ ᠠᠴᠠ ᠲᠠᠰᠤᠯᠬᠤ ᠲᠢᠩᠬᠢᠮ ᠤᠨ | ᠲᠣᠭᠲᠠᠭᠠᠭᠰᠠᠨ ᠬᠠᠷᠢᠴᠠᠯ ᠶᠣᠰᠣᠭᠠᠷ ᠳᠡᠭᠡᠷ᠎ᠡ ᠳᠤᠷᠠᠳᠤᠭᠰᠠᠨ ᠵᠠᠷᠤᠳᠠᠯ ᠢ ᠤᠷᠢᠳᠴᠢᠯᠠᠨ ᠲᠤᠰᠢᠶᠠᠬᠤ ᠬᠡᠷᠡᠭᠲᠡᠢ︔ ᠤᠷᠢᠳᠴᠢᠯᠠᠨ ᠲᠤᠰᠢᠶᠠᠭᠰᠠᠨ ᠦᠭᠡᠢ ᠪᠠᠶᠢᠪᠠᠯ᠂ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠪᠠᠶᠢᠭ᠎ᠠ ᠭᠠᠵᠠᠷ ᠲᠤ ᠮᠥᠨ ᠯᠡ ᠲᠤᠬᠠᠢ ᠶᠢᠨ ᠲᠠᠯᠠᠪᠤᠷ ᠲᠤ ᠲᠢᠩᠬᠢᠮ ᠨᠡᠭᠡᠭᠡᠵᠦ ᠰᠢᠭᠦᠨ᠎ᠡ᠃ | ᠭᠤᠴᠢᠨ ᠨᠠᠢᠮᠠᠳᠤᠭᠠᠷ ᠵᠦᠢᠯ ᠬᠥᠨᠳᠡᠯᠡᠨ ᠠᠴᠠ ᠲᠠᠰᠤᠯᠬᠤ ᠶᠢ ᠢᠯᠠ ᠪᠠᠷ ᠶᠠᠪᠤᠭᠤᠯᠬᠤ ᠦᠭᠡᠢ᠂ ᠭᠡᠪᠡᠴᠦ ᠲᠤᠰ ᠲᠦᠷᠢᠮ ᠳᠤ ᠠᠰᠲᠠᠭᠠᠨ | ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃ ᠢᠯᠡ ᠪᠠᠷ ᠰᠢᠭᠦᠬᠦ ᠦᠭᠡᠢ ᠬᠡᠷᠡᠭ ᠲᠤ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠵᠢᠴᠢ ᠲᠡᠭᠦᠨ ᠤ | ᠬᠥᠨᠳᠡᠯᠡᠨ ᠠᠴᠠ ᠲᠠᠰᠤᠯᠬᠤ ᠣᠷᠣᠯᠠᠭᠴᠢ᠂ ᠬᠥᠨᠳᠡᠯᠡᠨ ᠠᠴᠠ ᠲᠠᠰᠤᠯᠤᠭᠴᠢ᠂ ᠭᠡᠷᠡᠴᠢᠯᠡᠭᠴᠢ᠂ ᠣᠷᠴᠢᠭᠤᠯᠤᠭᠴᠢ᠂ ᠬᠥᠨᠳᠡᠯᠡᠨ ᠠᠴᠠ ᠲᠠᠰᠤᠯᠬᠤ ᠲᠢᠩᠬᠢᠮ ᠤᠨ | ᠠᠰᠠᠭᠤᠨ ᠯᠠᠪᠯᠠᠬᠤ ᠲᠤᠰᠬᠠᠢ ᠮᠡᠷᠭᠡᠵᠢᠯᠲᠡᠨ ᠪᠠ ᠰᠢᠯᠭᠠᠨ ᠲᠣᠭᠲᠠᠭᠠᠭᠴᠢ ᠵᠢᠴᠢ ᠪᠤᠰᠤᠳ ᠬᠤᠯᠪᠣᠭᠳᠠᠯ ᠪᠦᠬᠦᠢ ᠬᠥᠮᠥᠰ ᠴᠥᠮ ᠬᠡᠷᠡᠭ ᠤᠨ ᠪᠣᠳᠠᠲᠤ ᠴᠣᠭᠴᠠ ᠪᠠ | ᠠᠵᠢᠯ ᠤᠨ ᠲᠠᠷᠠᠭᠠᠯᠠᠯ ᠤᠨ ᠬᠤᠯᠪᠣᠭᠳᠠᠯ ᠪᠦᠬᠦᠢ ᠪᠠᠶᠢᠳᠠᠯ ᠢ ᠭᠠᠳᠠᠭᠰᠢ ᠵᠠᠳᠠᠷᠠᠭᠤᠯᠵᠤ ᠪᠣᠯᠬᠤ ᠦᠭᠡᠢ᠃ ᠲᠤᠬᠠᠢ ᠶᠢᠨ ᠬᠥᠮᠥᠨ ᠵᠢᠴᠢ ᠲᠡᠭᠦᠨ ᠤ ᠨᠠᠶᠢᠳᠠᠭᠰᠠᠨ | ᠣᠷᠣᠯᠠᠭᠴᠢ ᠨᠢ ᠲᠢᠩᠬᠢᠮ ᠤᠨ ᠰᠢᠭᠦᠯᠲᠡ ᠶᠢᠨ ᠲᠡᠮᠳᠡᠭᠯᠡᠯ ᠢ ᠰᠡᠭᠦᠳᠡᠷᠯᠡᠭᠦᠯᠬᠦ᠂ ᠪᠠᠭᠤᠯᠭᠠᠨ ᠠᠪᠬᠤ ᠪᠠᠷ ᠪᠢᠴᠢᠭ ᠢᠶᠠᠷ ᠭᠤᠶᠤᠴᠢᠯᠠᠭᠰᠠᠨ ᠪᠠᠶᠢᠪᠠᠯ᠂ ᠬᠥᠨᠳᠡᠯᠡᠨ ᠠᠴᠠ | ᠲᠠᠰᠤᠯᠬᠤ ᠲᠢᠩᠬᠢᠮ ᠵᠥᠪᠰᠢᠶᠡᠷᠡᠬᠦ ᠬᠡᠷᠡᠭᠲᠡᠢ᠂ ᠭᠡᠪᠡᠴᠦ ᠲᠢᠩᠬᠢᠮ ᠤᠨ ᠰᠢᠭᠦᠯᠲᠡ ᠶᠢᠨ ᠲᠡᠮᠳᠡᠭᠯᠡᠯ ᠢ ᠪᠠᠭᠤᠯᠭᠠᠨ ᠠᠪᠤᠭᠰᠠᠨ ᠲᠤᠬᠠᠢ ᠶᠢᠨ ᠬᠥᠮᠥᠨ᠂ ᠣᠷᠣᠯᠠᠭᠴᠢ ᠨᠢ | ᠠᠮᠠᠯᠠᠯᠲᠠ ᠶᠢᠨ ᠪᠢᠴᠢᠭ ᠲᠣᠭᠲᠠᠭᠠᠵᠤ᠂ ᠲᠢᠩᠬᠢᠮ ᠤᠨ ᠰᠢᠭᠦᠯᠲᠡ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠢ᠂ ᠭᠠᠳᠠᠭᠰᠢ ᠵᠠᠳᠠᠷᠠᠭᠤᠯᠵᠤ ᠪᠣᠯᠬᠤ ᠦᠭᠡᠢ᠃ | ᠭᠤᠴᠢ ᠶᠢᠰᠦᠳᠦᠭᠡᠷ ᠵᠦᠢᠯ ᠲᠤᠬᠠᠢ ᠶᠢᠨ ᠬᠥᠮᠥᠨ ᠢᠯᠡ ᠪᠣᠯᠭᠠᠬᠤ ᠪᠠᠷ ᠪᠣᠯᠵᠣᠨ ᠲᠣᠭᠲᠠᠭᠰᠠᠨ ᠪᠠᠶᠢᠪᠠᠯ᠂ ᠡᠷᠬᠢᠯᠡᠭᠴᠢ ᠪᠠᠷ ᠬᠢᠨᠠᠨ ᠪᠠᠶᠢᠴᠠᠭᠠᠯᠭᠠᠭᠠᠳ | ᠤᠯᠤᠰ ᠤᠨ ᠨᠢᠭᠤᠴᠠ᠂ ᠬᠡᠷᠡᠭ ᠤᠨ ᠭᠠᠳᠠᠨᠠᠬᠢ ᠬᠥᠮᠥᠨ ᠤ ᠬᠤᠳᠠᠯᠳᠤᠭᠠᠨ ᠤ ᠨᠢᠭᠤᠴᠠ ᠪᠠ ᠬᠤᠪᠢ ᠬᠥᠮᠥᠨ ᠤ ᠨᠢᠭᠤᠴᠠ ᠳᠤ ᠬᠤᠯᠪᠣᠭᠳᠠᠬᠤ ᠦᠭᠡᠢ ᠭᠡᠵᠦ | ᠦᠵᠡᠪᠡᠯ᠂ ᠪᠡᠶ᠎ᠡ ᠶᠢᠨ ᠲᠠᠮᠢᠷ ᠤᠨ ᠬᠥᠨᠳᠡᠯᠡᠨ ᠤ ᠲᠠᠰᠤᠯᠤᠯᠲᠠ ᠶᠢ ᠢᠯᠡ ᠪᠠᠷ ᠶᠠᠪᠤᠭᠤᠯᠵᠤ ᠪᠣᠯᠣᠨ᠎ᠠ᠃ ᠬᠥᠭᠡᠷᠦᠭᠦᠯᠬᠦ ᠡᠮ ᠢ ᠡᠰᠡᠷᠭᠦᠴᠡᠬᠦ ᠳᠤ ᠬᠤᠯᠪᠣᠭᠳᠠᠬᠤ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠶᠠᠪᠤᠴᠠ ᠳᠤ᠂ ᠲᠠᠮᠢᠷᠴᠢᠨ ᠪᠤᠶᠤ ᠪᠤᠰᠤᠳ ᠪᠠᠶᠢᠭᠠᠯᠢ ᠬᠥᠮᠥᠨ ᠤ ᠲᠤᠬᠠᠢ ᠶᠢᠨ ᠬᠥᠮᠥᠨ ᠢᠯᠡ ᠪᠠᠷ | ᠰᠢᠭᠦᠯᠭᠡᠬᠦ ᠪᠠᠷ ᠭᠤᠶᠤᠴᠢᠯᠠᠭᠰᠠᠨ ᠪᠠᠶᠢᠪᠠᠯ᠂ ᠬᠥᠨᠳᠡᠯᠡᠨ ᠠᠴᠠ ᠲᠠᠰᠤᠯᠬᠤ ᠲᠢᠩᠬᠢᠮ ᠢᠯᠡ ᠪᠠᠷ ᠰᠢᠭᠦᠬᠦ ᠬᠡᠷᠡᠭᠲᠡᠢ᠃ ᠤᠯᠤᠰ ᠤᠨ ᠨᠢᠭᠤᠴᠠ᠂ ᠬᠤᠪᠢ ᠬᠥᠮᠥᠨ ᠤ | ᠨᠢᠭᠤᠴᠠ ᠳᠤ ᠬᠤᠯᠪᠣᠭᠳᠠᠭᠰᠠᠨ ᠪᠤᠶᠤ ᠢᠯᠡ ᠪᠠᠷ ᠰᠢᠭᠦᠬᠦ ᠳᠤ ᠲᠣᠬᠢᠷᠠᠮᠵᠢ ᠦᠭᠡᠢ ᠪᠤᠰᠤᠳ ᠪᠠᠶᠢᠳᠠᠯ ᠲᠠᠢ ᠬᠡᠷᠡᠭ ᠡᠭᠦᠨ ᠳᠤ ᠪᠠᠭᠲᠠᠬᠤ ᠦᠭᠡᠢ᠃ ᠢᠯᠡ ᠪᠠᠷ | ᠰᠢᠭᠦᠬᠦ ᠬᠡᠷᠡᠭ ᠢ ᠤᠯᠠᠨ ᠨᠡᠶᠢᠲᠡ ᠪᠠᠷ ᠢᠶᠠᠨ ᠰᠤᠯᠠ ᠰᠣᠨᠣᠰᠬᠤ ᠶᠢ ᠵᠥᠪᠰᠢᠶᠡᠷᠡᠬᠦ ᠪᠤᠶᠤ ᠰᠦᠯᠵᠢᠶᠡᠨ ᠤ ᠸᠧᠳᠢᠤ᠋ ᠬᠡᠯᠪᠡᠷᠢ ᠪᠠᠷ ᠰᠢᠭᠤᠳ ᠨᠡᠪᠲᠡᠷᠡᠭᠦᠯᠬᠦ ᠵᠡᠷᠭᠡ | ᠬᠡᠯᠪᠡᠷᠢ ᠪᠠᠷ ᠭᠠᠳᠠᠭᠰᠢ ᠢᠯᠡ ᠪᠣᠯᠭᠠᠬᠤ ᠬᠡᠷᠡᠭᠲᠡᠢ᠃ | ᠳᠥᠴᠢᠳᠦᠭᠡᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠨᠢ ᠠᠩᠬᠠᠳᠠᠭᠴᠢ ᠰᠢᠭᠦᠯᠲᠡ ᠡᠬᠢᠯᠡᠬᠦ ᠠᠴᠠ ᠠᠷᠪᠠᠨ ᠡᠳᠦᠷ ᠤᠨ ᠡᠮᠦᠨ᠎ᠡ᠂ ᠰᠢᠭᠦᠯᠲᠡ ᠡᠬᠢᠯᠡᠬᠦ | ᠡᠳᠦᠷ ᠬᠤᠭᠤᠴᠠᠭ᠎ᠠ᠂ ᠭᠠᠵᠠᠷ ᠢᠶᠠᠨ ᠬᠤᠶᠠᠷ ᠡᠲᠡᠭᠡᠳ ᠤᠨ ᠲᠤᠬᠠᠢ ᠶᠢᠨ ᠬᠥᠮᠥᠨ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃ ᠲᠤᠬᠠᠢ ᠶᠢᠨ ᠬᠥᠮᠥᠨ ᠨᠢ ᠵᠦᠢ | ᠶᠣᠰᠣᠨ ᠤ ᠤᠴᠢᠷ ᠰᠢᠯᠲᠠᠭᠠᠨ ᠲᠠᠢ ᠪᠠᠶᠢᠪᠠᠯ᠂ ᠲᠢᠩᠬᠢᠮ ᠨᠡᠭᠡᠭᠡᠵᠦ ᠰᠢᠭᠦᠬᠦ ᠠᠴᠠ ᠲᠠᠪᠤᠨ ᠡᠳᠦᠷ ᠤᠨ ᠡᠮᠦᠨ᠎ᠡ ᠲᠢᠩᠬᠢᠮ ᠨᠡᠭᠡᠭᠡᠬᠦ ᠶᠢ ᠤᠷᠢᠳᠴᠢᠯᠠᠭᠤᠯᠬᠤ ᠪᠤᠶᠤ | ᠬᠤᠶᠢᠰᠢᠯᠠᠭᠤᠯᠬᠤ ᠪᠠᠷ ᠭᠤᠶᠤᠴᠢᠯᠠᠬᠤ ᠬᠡᠷᠡᠭᠲᠡᠢ ᠪᠥᠭᠡᠳ ᠬᠥᠨᠳᠡᠯᠡᠨ ᠠᠴᠠ ᠲᠠᠰᠤᠯᠬᠤ ᠲᠢᠩᠬᠢᠮ ᠠᠴᠠ ᠡᠭᠦᠨ ᠤ ᠲᠤᠬᠠᠢ ᠲᠣᠭᠲᠠᠭᠠᠯ ᠭᠠᠷᠭᠠᠬᠤ ᠬᠡᠷᠡᠭᠲᠡᠢ᠃ | ᠳᠥᠴᠢᠨ ᠨᠢᠭᠡᠳᠦᠭᠡᠷ ᠵᠦᠢᠯ ᠭᠤᠶᠤᠴᠢᠯᠠᠭᠴᠢ ᠪᠢᠴᠢᠭ ᠤᠨ ᠮᠡᠳᠡᠭᠳᠡᠯ ᠢ ᠣᠯᠣᠭᠰᠠᠨ ᠪᠠᠶᠢᠲᠠᠯ᠎ᠠ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ | ᠲᠢᠩᠬᠢᠮ ᠳᠤ ᠣᠴᠢᠭᠰᠠᠨ ᠦᠭᠡᠢ ᠪᠤᠶᠤ ᠬᠥᠨᠳᠡᠯᠡᠨ ᠠᠴᠠ ᠲᠠᠰᠤᠯᠬᠤ ᠲᠢᠩᠬᠢᠮ ᠤᠨ ᠵᠥᠪᠰᠢᠶᠡᠷᠡᠯ ᠦᠭᠡᠢ ᠪᠠᠷ ᠰᠢᠭᠦᠯᠲᠡ ᠶᠢᠨ ᠳᠤᠮᠳᠠ ᠠᠴᠠ ᠭᠠᠷᠴᠤ ᠶᠠᠪᠤᠭᠰᠠᠨ | ᠪᠠᠶᠢᠪᠠᠯ᠂ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢᠶᠠᠨ ᠪᠤᠴᠠᠭᠠᠭᠰᠠᠨ ᠢᠶᠠᠷ ᠦᠵᠡᠵᠦ ᠪᠣᠯᠣᠨ᠎ᠠ᠃ ᠭᠤᠶᠤᠴᠢᠯᠠᠭᠳᠠᠭᠴᠢ ᠬᠡᠳᠡᠷᠬᠦ ᠭᠤᠶᠤᠴᠢᠯᠠᠯ | ᠭᠠᠷᠭᠠᠭᠰᠠᠨ ᠪᠠᠶᠢᠪᠠᠯ᠂ ᠬᠥᠨᠳᠡᠯᠡᠨ ᠠᠴᠠ ᠲᠠᠰᠤᠯᠬᠤ ᠲᠢᠩᠬᠢᠮ ᠤᠨ ᠭᠤᠶᠤᠴᠢᠯᠠᠭᠳᠠᠭᠴᠢ ᠶᠢᠨ ᠬᠡᠳᠡᠷᠬᠦ ᠭᠤᠶᠤᠴᠢᠯᠠᠯ ᠢ ᠰᠠᠭᠠᠲᠠᠯ ᠲᠠᠢ ᠪᠠᠷ ᠰᠢᠭᠦᠬᠦ ᠶᠢ ᠨᠥᠯᠥᠭᠡᠯᠡᠬᠦ | ᠦᠭᠡᠢ᠃ ᠭᠤᠶᠤᠴᠢᠯᠠᠭᠳᠠᠭᠴᠢ ᠪᠢᠴᠢᠭ ᠤᠨ ᠮᠡᠳᠡᠭᠳᠡᠯ ᠢ ᠣᠯᠣᠭᠰᠠᠨ ᠪᠠᠶᠢᠲᠠᠯ᠎ᠠ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠲᠢᠩᠬᠢᠮ ᠳᠤ ᠣᠴᠢᠭᠰᠠᠨ | ᠦᠭᠡᠢ ᠪᠤᠶᠤ ᠬᠥᠨᠳᠡᠯᠡᠨ ᠠᠴᠠ ᠲᠠᠰᠤᠯᠬᠤ ᠲᠢᠩᠬᠢᠮ ᠤᠨ ᠵᠥᠪᠰᠢᠶᠡᠷᠡᠯ ᠦᠭᠡᠢ ᠪᠠᠷ ᠰᠢᠭᠦᠯᠲᠡ ᠶᠢᠨ ᠳᠤᠮᠳᠠ ᠠᠴᠠ ᠭᠠᠷᠴᠤ ᠶᠠᠪᠤᠭᠰᠠᠨ ᠪᠠᠶᠢᠪᠠᠯ᠂ ᠬᠥᠨᠳᠡᠯᠡᠨ ᠠᠴᠠ | ᠲᠠᠰᠤᠯᠬᠤ ᠲᠢᠩᠬᠢᠮ ᠰᠠᠭᠠᠲᠠᠯ ᠲᠠᠢ ᠪᠠᠷ ᠰᠢᠭᠦᠵᠦ ᠪᠣᠯᠣᠨ᠎ᠠ᠃ ᠭᠤᠶᠤᠴᠢᠯᠠᠭᠳᠠᠭᠴᠢ ᠬᠡᠳᠡᠷᠬᠦ ᠭᠤᠶᠤᠴᠢᠯᠠᠯ ᠭᠠᠷᠭᠠᠭᠰᠠᠨ ᠪᠠᠶᠢᠪᠠᠯ᠂ ᠬᠡᠳᠡᠷᠬᠦ ᠭᠤᠶᠤᠴᠢᠯᠠᠯ ᠢᠶᠠᠨ | ᠪᠤᠴᠠᠭᠠᠭᠰᠠᠨ ᠢᠶᠠᠷ ᠪᠤᠳᠤᠨ᠎ᠠ᠃ | ᠳᠥᠴᠢᠨ ᠬᠤᠶᠠᠳᠤᠭᠠᠷ ᠵᠦᠢᠯ ᠬᠥᠨᠳᠡᠯᠡᠨ ᠠᠴᠠ ᠲᠠᠰᠤᠯᠬᠤ ᠨᠠᠷᠢᠨ ᠪᠢᠴᠢᠭᠡᠴᠢ ᠲᠢᠩᠬᠢᠮ ᠤᠨ ᠰᠢᠭᠦᠯᠲᠡ ᠶᠢᠨ ᠪᠠᠶᠢᠳᠠᠯ ᠢ ᠦᠨᠳᠦᠰᠦᠯᠡᠨ ᠲᠢᠩᠬᠢᠮ ᠤᠨ | ᠰᠢᠭᠦᠯᠲᠡ ᠶᠢᠨ ᠲᠡᠮᠳᠡᠭᠯᠡᠯ ᠬᠢᠬᠦ ᠬᠡᠷᠡᠭᠲᠡᠢ᠃ ᠲᠤᠬᠠᠢ ᠶᠢᠨ ᠬᠥᠮᠥᠨ ᠪᠤᠶᠤ ᠬᠥᠨᠳᠡᠯᠡᠨ ᠠᠴᠠ ᠲᠠᠰᠤᠯᠬᠤ ᠲᠢᠩᠬᠢᠮ ᠤᠨ ᠱᠠᠭᠠᠷᠳᠠᠯᠭ᠎ᠠ ᠶᠢ ᠦᠨᠳᠦᠰᠦᠯᠡᠨ᠂ | ᠡᠶᠡᠳᠡᠭᠦᠯᠦᠭᠰᠡᠨ ᠪᠠᠶᠢᠳᠠᠯ ᠢ ᠲᠢᠩᠬᠢᠮ ᠤᠨ ᠰᠢᠭᠦᠯᠲᠡ ᠶᠢᠨ ᠲᠡᠮᠳᠡᠭᠯᠡᠯ ᠳᠤ ᠲᠡᠮᠳᠡᠭᠯᠡᠬᠦ ᠦᠭᠡᠢ ᠪᠠᠶᠢᠵᠤ ᠪᠣᠯᠣᠨ᠎ᠠ᠃ ᠲᠢᠩᠬᠢᠮ ᠤᠨ ᠰᠢᠭᠦᠯᠲᠡ ᠶᠢᠨ ᠲᠡᠮᠳᠡᠭᠯᠡᠯ ᠳᠤ | ᠬᠥᠨᠳᠡᠯᠡᠨ ᠠᠴᠠ ᠲᠠᠰᠤᠯᠤᠭᠴᠢ᠂ ᠬᠥᠨᠳᠡᠯᠡᠨ ᠠᠴᠠ ᠲᠠᠰᠤᠯᠬᠤ ᠨᠠᠷᠢᠨ ᠪᠢᠴᠢᠭᠡᠴᠢ᠂ ᠲᠤᠬᠠᠢ ᠶᠢᠨ ᠬᠥᠮᠥᠨ ᠪᠠ ᠬᠥᠨᠳᠡᠯᠡᠨ ᠠᠴᠠ ᠲᠠᠰᠤᠯᠬᠤ ᠳᠤ ᠣᠷᠣᠯᠴᠠᠭᠰᠠᠨ | ᠪᠤᠰᠤᠳ ᠬᠥᠮᠥᠨ ᠭᠠᠷ ᠤᠨ ᠦᠰᠦᠭ ᠵᠢᠷᠤᠬᠤ ᠪᠤᠶᠤ ᠲᠠᠮᠠᠭ᠎ᠠ ᠪᠠᠨ ᠳᠠᠷᠤᠨ᠎ᠠ᠃ ᠲᠤᠬᠠᠢ ᠶᠢᠨ ᠬᠥᠮᠥᠨ ᠪᠠ ᠬᠥᠨᠳᠡᠯᠡᠨ ᠠᠴᠠ ᠲᠠᠰᠤᠯᠬᠤ ᠳᠤ ᠣᠷᠣᠯᠴᠠᠭᠰᠠᠨ | ᠪᠤᠰᠤᠳ ᠬᠥᠮᠥᠨ ᠲᠢᠩᠬᠢᠮ ᠤᠨ ᠰᠢᠭᠦᠯᠲᠡ ᠶᠢᠨ ᠲᠡᠮᠳᠡᠭᠯᠡᠯ ᠳᠤ ᠥᠪᠡᠷ ᠤᠨ ᠲᠣᠭᠠᠴᠢᠯᠲᠠ ᠶᠢᠨ ᠲᠡᠮᠳᠡᠭᠯᠡᠯ ᠢ ᠣᠷᠬᠢᠭᠳᠠᠭᠤᠯᠤᠭᠰᠠᠨ ᠪᠤᠶᠤ ᠪᠤᠷᠤᠭᠤᠳᠠᠭᠤᠯᠤᠭᠰᠠᠨ | ᠵᠦᠢᠯ ᠪᠠᠶᠢᠨ᠎ᠠ ᠭᠡᠵᠦ ᠦᠵᠡᠪᠡᠯ᠂ ᠬᠥᠨᠳᠡᠯᠡᠨ ᠠᠴᠠ ᠲᠠᠰᠤᠯᠬᠤ ᠲᠢᠩᠬᠢᠮ ᠳᠤ ᠨᠥᠬᠦᠪᠦᠷᠢᠯᠡᠨ ᠵᠠᠯᠠᠷᠠᠭᠤᠯᠤᠭᠤᠯᠬᠤ ᠪᠠᠷ ᠭᠤᠶᠤᠴᠢᠯᠠᠵᠤ ᠪᠣᠯᠣᠨ᠎ᠠ᠃ ᠲᠤᠬᠠᠢ ᠶᠢᠨ | ᠬᠥᠮᠥᠨ ᠪᠤᠶᠤ ᠬᠥᠨᠳᠡᠯᠡᠨ ᠠᠴᠠ ᠲᠠᠰᠤᠯᠬᠤ ᠳᠤ ᠣᠷᠣᠯᠴᠠᠭᠰᠠᠨ ᠪᠤᠰᠤᠳ ᠬᠥᠮᠥᠨ ᠲᠢᠩᠬᠢᠮ ᠤᠨ ᠰᠢᠭᠦᠯᠲᠡ ᠶᠢᠨ ᠲᠡᠮᠳᠡᠭᠯᠡᠯ ᠳᠤ ᠭᠠᠷ ᠤᠨ ᠦᠰᠦᠭ ᠵᠢᠷᠤᠬᠤ ᠪᠤᠶᠤ | ᠲᠠᠮᠠᠭ᠎ᠠ ᠪᠠᠨ ᠳᠠᠷᠤᠬᠤ ᠶᠢ ᠲᠡᠪᠴᠢᠪᠡᠯ᠂ ᠲᠢᠩᠬᠢᠮ ᠤᠨ ᠰᠢᠭᠦᠯᠲᠡ ᠶᠢᠨ ᠲᠡᠮᠳᠡᠭᠯᠡᠯ ᠳᠤ ᠬᠤᠯᠪᠣᠭᠳᠠᠯ ᠪᠦᠬᠦᠢ ᠪᠠᠶᠢᠳᠠᠯ ᠢ ᠪᠢᠴᠢᠵᠦ ᠣᠷᠣᠭᠤᠯᠬᠤ ᠬᠡᠷᠡᠭᠲᠡᠢ ᠪᠥᠭᠡᠳ | ᠬᠥᠨᠳᠡᠯᠡᠨ ᠠᠴᠠ ᠲᠠᠰᠤᠯᠤᠭᠴᠢ᠂ ᠬᠥᠨᠳᠡᠯᠡᠨ ᠠᠴᠠ ᠲᠠᠰᠤᠯᠬᠤ ᠨᠠᠷᠢᠨ ᠪᠢᠴᠢᠭᠡᠴᠢ ᠭᠠᠷ ᠤᠨ ᠦᠰᠦᠭ ᠵᠢᠷᠤᠬᠤ ᠬᠡᠷᠡᠭᠲᠡᠢ᠃ ᠬᠥᠨᠳᠡᠯᠡᠨ ᠠᠴᠠ ᠲᠠᠰᠤᠯᠬᠤ | ᠲᠢᠩᠬᠢᠮ ᠨᠢ ᠵᠡᠷᠭᠡᠴᠡᠭᠡ ᠲᠡᠭᠤ ᠰᠢᠩᠭᠡᠭᠡᠯᠲᠡ ᠳᠦᠷᠰᠦ ᠰᠢᠩᠭᠡᠭᠡᠯᠲᠡ ᠶᠢᠨ ᠠᠷᠭ᠎ᠠ ᠮᠠᠶ᠋ᠢᠭ ᠢᠶᠠᠷ ᠲᠢᠩᠬᠢᠮ ᠤᠨ ᠰᠢᠭᠦᠯᠲᠡ ᠶᠢ ᠲᠡᠮᠳᠡᠭᠯᠡᠬᠦ ᠪᠠᠷ ᠲᠣᠭᠲᠠᠭᠠᠵᠤ ᠪᠣᠯᠬᠤ | ᠪᠥᠭᠡᠳ ᠲᠢᠩᠬᠢᠮ ᠤᠨ ᠰᠢᠭᠦᠯᠲᠡ ᠠᠴᠠ ᠡᠮᠦᠨ᠎ᠡ ᠲᠤᠬᠠᠢ ᠶᠢᠨ ᠬᠥᠮᠥᠨ ᠳᠤ ᠮᠡᠳᠡᠭᠳᠡᠨ᠎ᠡ᠃ | ᠳᠥᠴᠢᠨ ᠭᠤᠷᠪᠠᠳᠤᠭᠠᠷ ᠵᠦᠢᠯ ᠲᠤᠬᠠᠢ ᠶᠢᠨ ᠬᠥᠮᠥᠨ ᠥᠪᠡᠷ ᠤᠨ ᠵᠣᠷᠢᠯᠲᠠ ᠳᠠᠭᠠᠨ ᠭᠡᠷᠡᠴᠢ ᠳᠤᠷᠠᠳᠬᠤ ᠬᠠᠷᠢᠭᠤᠴᠠᠯᠭ᠎ᠠ ᠡᠭᠦᠷᠭᠡᠯᠡᠨ᠎ᠡ᠃ ᠪᠡᠶ᠎ᠡ ᠶᠢᠨ | ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠲᠠᠮᠢᠷᠴᠢᠳ ᠤᠨ ᠬᠠᠮᠢᠶᠠᠷᠤᠯᠲᠠ ᠶᠢᠨ ᠨᠢᠭᠡᠴᠢ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ | ᠵᠣᠬᠢᠶᠠᠨ ᠪᠠᠶᠢᠭᠤᠯᠤᠭᠴᠢ ᠶᠢᠨ ᠰᠢᠢᠳᠪᠦᠷᠢᠯᠡᠭᠰᠡᠨ ᠲᠣᠭᠲᠠᠭᠠᠯ ᠢ ᠵᠥᠪᠰᠢᠶᠡᠷᠡᠬᠦ ᠦᠭᠡᠢ ᠠᠴᠠ ᠪᠣᠯᠵᠤ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠭᠰᠠᠨ | ᠬᠡᠷᠡᠭ ᠲᠤ ᠲᠤᠬᠠᠢ ᠶᠢᠨ ᠬᠥᠮᠥᠨ ᠨᠢ ᠭᠡᠷᠡᠴᠢ ᠳᠤᠷᠠᠳᠬᠤ ᠠᠴᠠ ᠭᠠᠳᠠᠨ᠎ᠠ᠂ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠲᠠᠮᠢᠷᠴᠢᠳ ᠤᠨ | ᠬᠠᠮᠢᠶᠠᠷᠤᠯᠲᠠ ᠶᠢᠨ ᠨᠢᠭᠡᠴᠢ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠵᠣᠬᠢᠶᠠᠨ ᠪᠠᠶᠢᠭᠤᠯᠤᠭᠴᠢ ᠴᠤ ᠲᠡᠭᠦᠨ ᠤ ᠰᠢᠢᠳᠪᠦᠷᠢᠯᠡᠭᠰᠡᠨ | ᠲᠣᠭᠲᠠᠭᠠᠯ ᠤᠨ ᠦᠨᠳᠦᠰᠦ ᠪᠠᠷᠢᠮᠲᠠ ᠳᠤ ᠭᠡᠷᠡᠴᠢ ᠳᠤᠷᠠᠳᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠬᠥᠨᠳᠡᠯᠡᠨ ᠠᠴᠠ ᠲᠠᠰᠤᠯᠬᠤ ᠲᠢᠩᠬᠢᠮ ᠨᠢ ᠲᠤᠬᠠᠢ ᠶᠢᠨ | ᠬᠥᠮᠥᠨ ᠤ ᠭᠡᠷᠡᠴᠢ ᠪᠠᠷᠢᠮᠲᠠ ᠲᠤᠰᠢᠶᠠᠬᠤ ᠬᠤᠭᠤᠴᠠᠭ᠎ᠠ ᠶᠢ ᠲᠣᠭᠲᠠᠭᠠᠵᠤ ᠪᠣᠯᠣᠨ᠎ᠠ᠃ ᠲᠤᠬᠠᠢ ᠶᠢᠨ ᠬᠥᠮᠥᠨ ᠨᠢ ᠲᠣᠭᠲᠠᠭᠰᠠᠨ ᠬᠤᠭᠤᠴᠠᠭᠠᠨ ᠤ ᠳᠣᠲᠣᠷ᠎ᠠ ᠭᠡᠷᠡᠴᠢ | ᠪᠠᠷᠢᠮᠲᠠ ᠪᠠᠨ ᠲᠤᠰᠢᠶᠠᠬᠤ ᠬᠡᠷᠡᠭᠲᠡᠢ᠃ ᠬᠤᠭᠤᠴᠠᠭ᠎ᠠ ᠬᠡᠳᠦᠷᠡᠭᠡᠳ ᠲᠤᠰᠢᠶᠠᠪᠠᠯ ᠬᠥᠨᠳᠡᠯᠡᠨ ᠠᠴᠠ ᠲᠠᠰᠤᠯᠬᠤ ᠲᠢᠩᠬᠢᠮ ᠭᠥᠯᠢᠶᠡᠨ ᠠᠪᠬᠤ ᠦᠭᠡᠢ ᠪᠠᠶᠢᠵᠤ ᠪᠣᠯᠣᠨ᠎ᠠ | ᠃ ᠲᠤᠬᠠᠢ ᠶᠢᠨ ᠬᠥᠮᠥᠨ ᠭᠡᠷᠡᠴᠢ ᠪᠠᠷᠢᠮᠲᠠ ᠳᠤᠷᠠᠳᠬᠤ ᠬᠤᠭᠤᠴᠠᠭᠠᠨ ᠤ ᠳᠣᠲᠣᠷ᠎ᠠ ᠭᠡᠷᠡᠴᠢ ᠪᠠᠷᠢᠮᠲᠠ ᠶᠢᠨ ᠮᠠᠲ᠋ᠧᠷᠢᠶᠠᠯ ᠢᠶᠠᠨ ᠲᠤᠰᠢᠶᠠᠬᠤ ᠳᠤ ᠦᠨᠡᠬᠡᠷ ᠬᠦᠴᠢᠷᠲᠡᠢ | ᠪᠠᠶᠢᠪᠠᠯ᠂ ᠬᠤᠭᠤᠴᠠᠭ᠎ᠠ ᠳᠦᠭᠦᠷᠬᠦ ᠠᠴᠠ ᠡᠮᠦᠨ᠎ᠡ ᠭᠡᠷᠡᠴᠢ ᠪᠠᠷᠢᠮᠲᠠ ᠳᠤᠷᠠᠳᠬᠤ ᠬᠤᠭᠤᠴᠠᠭ᠎ᠠ ᠶᠢ ᠤᠷᠲᠤᠳᠬᠠᠬᠤ ᠪᠠᠷ ᠭᠤᠶᠤᠴᠢᠯᠠᠵᠤ ᠪᠣᠯᠣᠨ᠎ᠠ᠃ ᠤᠷᠲᠤᠳᠬᠠᠬᠤ | ᠡᠰᠡᠬᠦ ᠶᠢ ᠬᠥᠨᠳᠡᠯᠡᠨ ᠠᠴᠠ ᠲᠠᠰᠤᠯᠬᠤ ᠲᠢᠩᠬᠢᠮ ᠲᠣᠭᠲᠠᠭᠠᠨ᠎ᠠ᠃ ᠲᠤᠬᠠᠢ ᠶᠢᠨ ᠬᠥᠮᠥᠨ ᠨᠢ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠭᠡᠷᠡᠴᠢ ᠪᠠᠷᠢᠮᠲᠠ ᠪᠠᠨ | ᠲᠤᠰᠢᠶᠠᠵᠤ ᠴᠢᠳᠠᠭᠰᠠᠨ ᠦᠭᠡᠢ᠂ ᠡᠰᠡᠬᠦᠯ᠎ᠡ ᠭᠡᠷᠡᠴᠢ ᠪᠠᠷᠢᠮᠲᠠ ᠲᠤᠰᠢᠶᠠᠭᠰᠠᠨ ᠪᠣᠯᠪᠠᠴᠤ ᠵᠣᠷᠢᠯᠲᠠ ᠪᠠᠨ ᠭᠡᠷᠡᠴᠢᠯᠡᠵᠦ ᠴᠢᠳᠠᠭᠰᠠᠨ ᠦᠭᠡᠢ ᠪᠠᠶᠢᠪᠠᠯ᠂ ᠭᠡᠷᠡᠴᠢ | ᠳᠤᠷᠠᠳᠬᠤ ᠬᠠᠷᠢᠭᠤᠴᠠᠯᠭ᠎ᠠ ᠲᠠᠢ ᠲᠤᠬᠠᠢ ᠶᠢᠨ ᠬᠥᠮᠥᠨ ᠡᠭᠦᠨ ᠠᠴᠠ ᠪᠣᠯᠤᠭᠰᠠᠨ ᠦᠷ᠎ᠡ ᠤᠷᠰᠢᠭ ᠢ ᠡᠭᠦᠷᠭᠡᠯᠡᠨ᠎ᠡ᠃ | ᠳᠥᠴᠢᠨ ᠳᠥᠷᠪᠡᠳᠦᠭᠡᠷ ᠵᠦᠢᠯ ᠲᠢᠩᠬᠢᠮ ᠨᠡᠭᠡᠭᠡᠵᠦ ᠰᠢᠭᠦᠬᠦ ᠬᠡᠷᠡᠭ ᠤᠨ ᠲᠢᠩᠬᠢᠮ ᠤᠨ ᠰᠢᠭᠦᠯᠲᠡ ᠠᠴᠠ ᠡᠮᠦᠨ᠎ᠡ ᠨᠢᠭᠡᠨᠲᠡ ᠰᠣᠯᠢᠯᠴᠠᠭᠰᠠᠨ ᠭᠡᠷᠡᠴᠢ | ᠪᠠᠷᠢᠮᠲᠠ ᠶᠢ ᠲᠢᠩᠬᠢᠮ ᠤᠨ ᠰᠢᠭᠦᠯᠲᠡ ᠶᠢᠨ ᠪᠠᠶᠢᠴᠠᠭᠠᠯᠲᠠ ᠳᠤ ᠭᠠᠷᠭᠠᠨ ᠦᠵᠡᠭᠦᠯᠵᠦ᠂ ᠲᠤᠬᠠᠢ ᠶᠢᠨ ᠬᠥᠮᠥᠨ ᠢᠶᠠᠷ ᠬᠠᠷᠢᠯᠴᠠᠨ ᠲᠤᠯᠭᠠᠨ ᠭᠡᠷᠡᠴᠢᠯᠡᠭᠦᠯᠬᠦ ᠬᠡᠷᠡᠭᠲᠡᠢ᠃ | ᠬᠡᠷᠡᠭ ᠤᠨ ᠭᠡᠷᠡᠴᠢ ᠪᠠᠷᠢᠮᠲᠠ ᠨᠢ ᠨᠡᠯᠢᠶᠡᠳ ᠤᠯᠠᠨ ᠪᠥᠭᠡᠳ ᠬᠥᠨᠳᠡᠯᠡᠨ ᠠᠴᠠ ᠲᠠᠰᠤᠯᠬᠤ ᠲᠢᠩᠬᠢᠮ ᠨᠢ ᠴᠢᠬᠤᠯᠠᠲᠠᠢ ᠭᠡᠵᠦ ᠦᠵᠡᠪᠡᠯ᠂ ᠲᠢᠩᠬᠢᠮ ᠤᠨ | ᠰᠢᠭᠦᠯᠲᠡ ᠠᠴᠠ ᠡᠮᠦᠨ᠎ᠡ ᠲᠦᠷᠦᠭᠦᠦ ᠬᠥᠨᠳᠡᠯᠡᠨ ᠠᠴᠠ ᠲᠠᠰᠤᠯᠤᠭᠴᠢ᠂ ᠲᠤᠰᠠᠭᠠᠷ ᠬᠥᠨᠳᠡᠯᠡᠨ ᠠᠴᠠ ᠲᠠᠰᠤᠯᠤᠭᠴᠢ ᠪᠤᠶᠤ ᠬᠥᠨᠳᠡᠯᠡᠨ ᠠᠴᠠ ᠲᠠᠰᠤᠯᠬᠤ ᠨᠠᠷᠢᠨ | ᠪᠢᠴᠢᠭᠡᠴᠢ ᠳᠤ ᠨᠠᠶᠢᠳᠠᠵᠤ ᠲᠤᠬᠠᠢ ᠶᠢᠨ ᠬᠥᠮᠥᠨ ᠢ ᠴᠤᠭᠯᠠᠭᠤᠯᠤᠨ ᠲᠢᠩᠬᠢᠮ ᠨᠡᠭᠡᠭᠡᠬᠦ ᠠᠴᠠ ᠡᠮᠦᠨ᠎ᠡ ᠲᠤᠯᠭᠠᠨ ᠭᠡᠷᠡᠴᠢᠯᠡᠭᠦᠯᠵᠦ ᠪᠣᠯᠣᠨ᠎ᠠ᠃ ᠲᠢᠩᠬᠢᠮ ᠤᠨ | ᠰᠢᠭᠦᠯᠲᠡ ᠠᠴᠠ ᠡᠮᠦᠨ᠎ᠡ ᠲᠤᠯᠭᠠᠨ ᠭᠡᠷᠡᠴᠢᠯᠡᠭᠰᠡᠨ ᠭᠡᠷᠡᠴᠢ ᠪᠠᠷᠢᠮᠲᠠ ᠶᠢ ᠬᠥᠨᠳᠡᠯᠡᠨ ᠠᠴᠠ ᠲᠠᠰᠤᠯᠬᠤ ᠲᠢᠩᠬᠢᠮ ᠲᠢᠩᠬᠢᠮ ᠤᠨ ᠰᠢᠭᠦᠯᠲᠡ ᠶᠢᠨ ᠪᠠᠶᠢᠴᠠᠭᠠᠯᠲᠠ ᠳᠤ | ᠲᠣᠳᠣᠷᠬᠠᠶᠢᠯᠠᠭᠰᠠᠨ ᠤ ᠲᠡᠷᠠᠭ᠎ᠠ᠂ ᠲᠡᠬᠢᠵᠦ ᠭᠠᠷᠭᠠᠨ ᠦᠵᠡᠭᠦᠯᠬᠦ ᠦᠭᠡᠢ ᠪᠤᠶᠤ ᠲᠤᠯᠭᠠᠨ ᠭᠡᠷᠡᠴᠢᠯᠡᠭᠦᠯᠬᠦ ᠦᠭᠡᠢ ᠪᠠᠶᠢᠵᠤ ᠪᠣᠯᠣᠨ᠎ᠠ᠃ ᠲᠤᠬᠠᠢ ᠶᠢᠨ ᠬᠥᠮᠥᠨ ᠤ | ᠲᠤᠬᠠᠢ ᠶᠢᠨ ᠲᠢᠩᠬᠢᠮ ᠳᠤ ᠪᠤᠶᠤ ᠲᠢᠩᠬᠢᠮ ᠤᠨ ᠰᠢᠭᠦᠯᠲᠡ ᠳᠠᠭᠤᠰᠤᠭᠰᠠᠨ ᠤ ᠲᠠᠷᠠᠭ᠎ᠠ ᠲᠤᠰᠢᠶᠠᠭᠰᠠᠨ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠬᠥᠨᠳᠡᠯᠡᠨ ᠠᠴᠠ | ᠲᠠᠰᠤᠯᠬᠤ ᠲᠢᠩᠬᠢᠮ ᠭᠥᠯᠢᠶᠡᠨ ᠠᠪᠬᠤ ᠪᠠᠷ ᠲᠣᠭᠲᠠᠭᠠᠭᠰᠠᠨ ᠪᠣᠯᠪᠠᠴᠤ ᠲᠠᠬᠢᠵᠤ ᠲᠢᠩᠬᠢᠮ ᠨᠡᠭᠡᠭᠡᠬᠦ ᠦᠭᠡᠢ ᠪᠠᠶᠢᠪᠠᠯ᠂ ᠲᠤᠬᠠᠢ ᠶᠢᠨ ᠬᠥᠮᠥᠨ ᠢ ᠵᠢᠭᠠᠨ | ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠲᠤᠯᠭᠠᠨ ᠭᠡᠷᠡᠴᠢᠯᠡᠭᠦᠯᠦᠭᠰᠡᠨ ᠰᠠᠨᠠᠯ ᠢᠶᠠᠨ ᠪᠢᠴᠢᠭ ᠢᠶᠠᠷ ᠲᠤᠰᠢᠶᠠᠯᠭᠠᠬᠤ ᠪᠠᠷ ᠱᠠᠭᠠᠷᠳᠠᠵᠤ ᠪᠣᠯᠣᠨ᠎ᠠ᠃ ᠪᠢᠴᠢᠭ ᠢᠶᠠᠷ | ᠰᠢᠭᠦᠭᠰᠡᠨ ᠬᠡᠷᠡᠭ ᠢ ᠪᠢᠴᠢᠭ ᠢᠶᠠᠷ ᠲᠤᠯᠭᠠᠨ ᠭᠡᠷᠡᠴᠢᠯᠡᠭᠦᠯᠬᠦ ᠬᠡᠷᠡᠭᠲᠡᠢ᠂ ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠬᠤ ᠲᠢᠩᠬᠢᠮ ᠤᠨ ᠵᠢᠭᠠᠨ | ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠲᠤᠯᠭᠠᠨ ᠭᠡᠷᠡᠴᠢᠯᠡᠭᠦᠯᠦᠭᠰᠡᠨ ᠪᠢᠴᠢᠭ ᠤᠨ ᠰᠠᠨᠠᠯ ᠢᠶᠠᠨ ᠲᠤᠰᠢᠶᠠᠬᠤ ᠬᠡᠷᠡᠭᠲᠡᠢ᠃ ᠪᠢᠴᠢᠭ ᠤᠨ ᠬᠡᠯᠪᠡᠷᠢ ᠪᠠᠷ ᠲᠤᠯᠭᠠᠨ | ᠭᠡᠷᠡᠴᠢᠯᠡᠭᠦᠯᠦᠭᠰᠡᠨ ᠪᠠᠶᠢᠪᠠᠯ᠂ ᠲᠤᠬᠠᠢ ᠶᠢᠨ ᠬᠥᠮᠥᠨ ᠨᠢ ᠭᠡᠷᠡᠴᠢ ᠪᠠᠷᠢᠮᠲᠠ ᠶᠢᠨ ᠤᠭ ᠮᠠᠲ᠋ᠧᠷᠢᠶᠠᠯ ᠢ ᠪᠠᠶᠢᠴᠠᠭᠠᠨ ᠦᠵᠡᠬᠦ᠂ ᠬᠠᠷᠭᠤᠭᠤᠯᠬᠤ ᠪᠠᠷ ᠱᠠᠭᠠᠷᠳᠠᠬᠤ | ᠡᠷᠬᠡ ᠲᠠᠢ᠃ ᠳᠥᠴᠢᠨ ᠲᠠᠪᠤᠳᠤᠭᠠᠷ ᠵᠦᠢᠯ ᠲᠤᠬᠠᠢ ᠶᠢᠨ ᠬᠥᠮᠥᠨ ᠨᠢ ᠭᠡᠷᠡᠴᠢᠯᠡᠭᠴᠢ ᠶᠢ ᠰᠢᠭᠦᠯᠲᠡ ᠳᠤ ᠣᠷᠣᠯᠴᠠᠭᠤᠯᠤᠨ ᠭᠡᠷᠡᠴᠢᠯᠡᠭᠦᠯᠬᠦ ᠪᠠᠷ ᠭᠤᠶᠤᠴᠢᠯᠠᠬᠤ ᠳᠤ | ᠬᠦᠷᠪᠡᠯ᠂ ᠪᠢᠴᠢᠭ ᠤᠨ ᠬᠡᠯᠪᠡᠷᠢ ᠪᠠᠷ ᠳᠤᠷᠠᠳᠬᠤ ᠬᠡᠷᠡᠭᠲᠡᠢ᠂ ᠬᠥᠨᠳᠡᠯᠡᠨ ᠠᠴᠠ ᠲᠠᠰᠤᠯᠬᠤ ᠲᠢᠩᠬᠢᠮ ᠠᠴᠠ ᠡᠭᠦᠨ ᠤ ᠲᠤᠬᠠᠢ ᠲᠣᠭᠲᠠᠭᠠᠯ ᠭᠠᠷᠭᠠᠬᠤ ᠬᠡᠷᠡᠭᠲᠡᠢ᠃ | ᠪᠢᠴᠢᠭ ᠤᠨ ᠭᠤᠶᠤᠴᠢᠯᠠᠯ ᠳᠤ ᠭᠡᠷᠡᠴᠢᠯᠡᠭᠴᠢ ᠶᠢᠨ ᠪᠡᠶ᠎ᠡ ᠶᠢᠨ ᠬᠢᠷᠢ ᠬᠡᠮ ᠤᠨ ᠮᠡᠳᠡᠭᠡ ᠵᠠᠩᠭᠢ᠂ ᠬᠠᠷᠢᠯᠴᠠᠬᠤ ᠠᠷᠭ᠎ᠠ ᠮᠠᠶ᠋ᠢᠭ᠂ ᠭᠡᠷᠡᠴᠢᠯᠡᠬᠦ ᠠᠭᠤᠯᠭ᠎ᠠ᠂ ᠭᠡᠷᠡᠴᠢᠯᠡᠬᠦ | ᠠᠭᠤᠯᠭ᠎ᠠ ᠬᠢᠭᠡᠳ ᠭᠡᠷᠡᠴᠢᠯᠡᠬᠦ ᠵᠦᠢᠯᠡᠰ ᠤᠨ ᠬᠤᠯᠪᠣᠭᠳᠠᠯᠲᠤ ᠴᠢᠨᠠᠷ ᠵᠢᠴᠢ ᠭᠡᠷᠡᠴᠢᠯᠡᠭᠴᠢ ᠶᠢᠨ ᠰᠢᠭᠦᠯᠲᠡ ᠳᠤ ᠣᠷᠤᠯᠴᠠᠬᠤ ᠶᠢᠨ ᠴᠢᠬᠤᠯᠠ ᠴᠢᠨᠠᠷ ᠵᠡᠷᠭᠡ | ᠠᠭᠤᠯᠭ᠎ᠠ ᠶᠢ ᠪᠠᠭᠲᠠᠭᠠᠬᠤ ᠬᠡᠷᠡᠭᠲᠡᠢ ᠪᠥᠭᠡᠳ ᠭᠡᠷᠡᠴᠢᠯᠡᠭᠴᠢ ᠶᠢᠨ ᠪᠡᠶ᠎ᠡ ᠶᠢᠨ ᠬᠢᠷᠢ ᠬᠡᠮ ᠢ ᠭᠡᠷᠡᠴᠢᠯᠡᠬᠦ ᠪᠢᠴᠢᠭ ᠮᠠᠲ᠋ᠧᠷᠢᠶᠠᠯ ᠢ ᠳᠠᠭᠠᠯᠳᠤᠭᠤᠯᠬᠤ ᠬᠡᠷᠡᠭᠲᠡᠢ᠃ | ᠬᠥᠨᠳᠡᠯᠡᠨ ᠠᠴᠠ ᠲᠠᠰᠤᠯᠬᠤ ᠲᠢᠩᠬᠢᠮ ᠨᠢ ᠭᠡᠷᠡᠴᠢᠯᠡᠭᠴᠢ ᠶᠢᠨ ᠰᠢᠭᠦᠯᠲᠡ ᠳᠤ ᠣᠷᠣᠯᠴᠠᠨ ᠭᠡᠷᠡᠴᠢᠯᠡᠬᠦ ᠶᠢ ᠵᠥᠪᠰᠢᠶᠡᠷᠡᠭᠰᠡᠨ ᠪᠠᠶᠢᠪᠠᠯ᠂ ᠲᠤᠬᠠᠢ ᠶᠢᠨ ᠬᠥᠮᠥᠨ ᠤ | ᠬᠠᠩᠭᠠᠭᠰᠠᠨ ᠬᠠᠷᠢᠯᠴᠠᠬᠤ ᠠᠷᠭ᠎ᠠ ᠮᠠᠶ᠋ᠢᠭ ᠢ ᠦᠨᠳᠦᠰᠦᠯᠡᠨ ᠭᠡᠷᠡᠴᠢᠯᠡᠭᠴᠢ ᠶᠢ ᠰᠢᠭᠦᠯᠲᠡ ᠳᠤ ᠣᠷᠣᠯᠴᠠᠭᠤᠯᠬᠤ ᠪᠠᠷ ᠮᠡᠳᠡᠭᠳᠡᠵᠦ ᠪᠣᠯᠣᠨ᠎ᠠ᠃ ᠭᠡᠷᠡᠴᠢᠯᠡᠭᠴᠢ | ᠰᠢᠭᠦᠯᠲᠡ ᠳᠤ ᠣᠷᠣᠯᠴᠠᠨ ᠭᠡᠷᠡᠴᠢᠯᠡᠬᠦ ᠦᠶ᠎ᠡ ᠳᠤ᠂ ᠬᠥᠨᠳᠡᠯᠡᠨ ᠠᠴᠠ ᠲᠠᠰᠤᠯᠬᠤ ᠲᠢᠩᠬᠢᠮ᠂ ᠲᠤᠬᠠᠢ ᠶᠢᠨ ᠬᠥᠮᠥᠨ ᠨᠢ ᠭᠡᠷᠡᠴᠢᠯᠡᠬᠦ ᠠᠭᠤᠯᠭ᠎ᠠ ᠶᠢᠨ ᠲᠤᠬᠠᠢ | ᠭᠡᠷᠡᠴᠢᠯᠡᠭᠴᠢ ᠠᠴᠠ ᠠᠰᠠᠭᠤᠯᠲᠠ ᠠᠰᠠᠭᠤᠵᠤ ᠪᠣᠯᠣᠨ᠎ᠠ᠂ ᠭᠡᠷᠡᠴᠢᠯᠡᠭᠴᠢ ᠦᠨᠡᠨ ᠮᠥᠨ ᠢᠶᠠᠷ ᠨᠢ ᠬᠠᠷᠢᠭᠤᠯᠲᠠ ᠥᠭᠬᠦ ᠬᠡᠷᠡᠭᠲᠡᠢ᠃ ᠳᠥᠴᠢᠨ ᠵᠢᠷᠭᠤᠳᠤᠭᠠᠷ ᠵᠦᠢᠯ | ᠲᠤᠬᠠᠢ ᠶᠢᠨ ᠬᠥᠮᠥᠨ ᠨᠢ ᠪᠣᠳᠠᠲᠤ ᠶᠠᠪᠤᠳᠠᠯ ᠢ ᠪᠠᠶᠢᠴᠠᠭᠠᠨ ᠲᠣᠳᠣᠯᠠᠬᠤ ᠲᠤᠰᠬᠠᠢ ᠴᠢᠨᠠᠷᠲᠠᠢ ᠠᠰᠠᠭᠤᠳᠠᠯ ᠤᠨ ᠲᠤᠬᠠᠢ ᠰᠢᠯᠭᠠᠨ ᠲᠣᠭᠲᠠᠭᠠᠯᠭᠠᠬᠤ ᠪᠠᠷ | ᠭᠤᠶᠤᠴᠢᠯᠠᠵᠤ ᠪᠣᠯᠣᠨ᠎ᠠ᠃ ᠲᠤᠬᠠᠢ ᠶᠢᠨ ᠬᠥᠮᠥᠨ ᠨᠢ ᠰᠢᠯᠭᠠᠨ ᠲᠣᠭᠲᠠᠭᠠᠯᠭᠠᠬᠤ ᠪᠠᠷ ᠭᠤᠶᠤᠴᠢᠯᠠᠪᠠᠯ᠂ ᠪᠢᠴᠢᠭ ᠤᠨ ᠭᠤᠶᠤᠴᠢᠯᠠᠯ ᠵᠢᠴᠢ ᠴᠢᠬᠤᠯᠠ ᠪᠦᠬᠦᠢ | ᠭᠡᠷᠡᠴᠢᠯᠡᠬᠦ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠃ ᠰᠢᠯᠭᠠᠨ ᠲᠣᠭᠲᠠᠭᠠᠯᠭᠠᠬᠤ ᠪᠠᠷ ᠭᠤᠶᠤᠴᠢᠯᠠᠭᠰᠠᠨ ᠵᠦᠢᠯ ᠨᠢ ᠭᠡᠷᠡᠴᠢᠯᠡᠬᠦ ᠪᠠᠷ ᠪᠠᠶᠢᠭ᠎ᠠ ᠪᠣᠳᠠᠲᠤ | ᠶᠠᠪᠤᠳᠠᠯ ᠲᠠᠢ ᠬᠤᠯᠪᠣᠭ᠎ᠠ ᠦᠭᠡᠢ ᠪᠤᠶᠤ ᠭᠡᠷᠡᠴᠢᠯᠡᠬᠦ ᠪᠠᠷ ᠪᠠᠶᠢᠭ᠎ᠠ ᠪᠣᠳᠠᠲᠤ ᠶᠠᠪᠤᠳᠠᠯ ᠢ ᠭᠡᠷᠡᠴᠢᠯᠡᠬᠦ ᠳᠤ ᠤᠳᠬ᠎ᠠ ᠠᠭᠤᠯᠭ᠎ᠠ ᠦᠭᠡᠢ ᠪᠠᠶᠢᠪᠠᠯ᠂ ᠬᠥᠨᠳᠡᠯᠡᠨ ᠠᠴᠠ | ᠲᠠᠰᠤᠯᠬᠤ ᠲᠢᠩᠬᠢᠮ ᠵᠥᠪᠰᠢᠶᠡᠷᠡᠬᠦ ᠦᠭᠡᠢ ᠪᠠᠶᠢᠵᠤ ᠪᠣᠯᠣᠨ᠎ᠠ᠃ ᠲᠤᠬᠠᠢ ᠶᠢᠨ ᠬᠥᠮᠥᠨ ᠨᠢ ᠭᠤᠶᠤᠴᠢᠯᠠᠯ ᠭᠠᠷᠭᠠᠭᠰᠠᠨ ᠦᠭᠡᠢ ᠪᠣᠯᠪᠠᠴᠤ ᠬᠥᠨᠳᠡᠯᠡᠨ ᠠᠴᠠ | ᠲᠠᠰᠤᠯᠬᠤ ᠲᠢᠩᠬᠢᠮ ᠰᠢᠯᠭᠠᠨ ᠲᠣᠭᠲᠠᠭᠠᠬᠤ ᠴᠢᠬᠤᠯᠠᠲᠠᠢ ᠭᠡᠵᠦ ᠦᠵᠡᠪᠡᠯ᠂ ᠰᠢᠯᠭᠠᠨ ᠲᠣᠭᠲᠠᠭᠠᠯᠲᠠ ᠬᠢᠬᠦ ᠪᠠᠷ ᠲᠣᠭᠲᠠᠭᠠᠵᠤ ᠪᠣᠯᠣᠨ᠎ᠠ᠃ ᠲᠤᠬᠠᠢ ᠶᠢᠨ | ᠬᠥᠮᠥᠨ ᠨᠢ ᠰᠢᠯᠭᠠᠨ ᠲᠣᠭᠲᠠᠭᠠᠯᠲᠠ ᠬᠢᠯᠭᠡᠬᠦ ᠪᠠᠷ ᠭᠤᠶᠤᠴᠢᠯᠠᠪᠠᠯ᠂ ᠬᠥᠨᠳᠡᠯᠡᠨ ᠠᠴᠠ ᠲᠠᠰᠤᠯᠬᠤ ᠲᠢᠩᠬᠢᠮ ᠨᠢ ᠵᠦᠢ ᠵᠣᠬᠢᠰᠲᠠᠢ ᠬᠤᠭᠤᠴᠠᠭᠠᠨ ᠤ ᠳᠣᠲᠣᠷ᠎ᠠ | ᠲᠣᠭᠲᠠᠭᠠᠯ ᠭᠠᠷᠭᠠᠬᠤ ᠬᠡᠷᠡᠭᠲᠡᠢ᠃ ᠬᠥᠨᠳᠡᠯᠡᠨ ᠠᠴᠠ ᠲᠠᠰᠤᠯᠬᠤ ᠲᠢᠩᠬᠢᠮ ᠰᠢᠯᠭᠠᠨ ᠲᠣᠭᠲᠠᠭᠠᠯᠲᠠ ᠬᠢᠬᠦ ᠪᠠᠷ ᠲᠣᠭᠲᠠᠭᠠᠭᠰᠠᠨ ᠪᠠᠶᠢᠪᠠᠯ᠂ ᠲᠤᠬᠠᠢ ᠶᠢᠨ ᠬᠥᠮᠥᠨ ᠳᠤ | ᠮᠡᠳᠡᠭᠳᠡᠵᠦ ᠲᠣᠭᠲᠠᠭᠰᠠᠨ ᠬᠤᠭᠤᠴᠠᠭᠠᠨ ᠤ ᠳᠣᠲᠣᠷ᠎ᠠ ᠰᠢᠯᠭᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠨ ᠲᠣᠭᠲᠠᠭᠠᠯᠭᠠᠬᠤ ᠶᠢᠨ ᠬᠠᠮᠲᠤ ᠰᠢᠯᠭᠠᠨ ᠲᠣᠭᠲᠠᠭᠠᠬᠤ | ᠵᠦᠢᠯᠡᠰ ᠢ ᠮᠡᠳᠡᠭᠳᠡᠬᠦ ᠬᠡᠷᠡᠭᠲᠡᠢ᠃ ᠲᠤᠬᠠᠢ ᠶᠢᠨ ᠬᠥᠮᠥᠨ ᠨᠢ ᠰᠢᠯᠭᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠨ ᠲᠣᠭᠲᠠᠭᠠᠬᠤ ᠶᠢᠨ ᠬᠠᠮᠲᠤ ᠰᠢᠯᠭᠠᠨ | ᠲᠣᠭᠲᠠᠭᠠᠬᠤ ᠴᠢᠬᠤᠯᠠᠲᠠᠢ ᠵᠦᠢᠯ ᠢ ᠲᠣᠭᠲᠠᠭᠠᠭᠰᠠᠨ ᠤ ᠳᠠᠷᠠᠭ᠎ᠠ᠂ ᠬᠥᠨᠳᠡᠯᠡᠨ ᠠᠴᠠ ᠲᠠᠰᠤᠯᠬᠤ ᠲᠢᠩᠬᠢᠮ ᠠᠴᠠ ᠰᠢᠯᠭᠠᠨ ᠲᠣᠭᠲᠠᠭᠠᠬᠤ ᠪᠠᠶᠢᠭᠤᠯᠤᠮᠵᠢ ᠳᠤ | ᠨᠢᠭᠡᠳᠦᠯᠲᠡᠢ ᠨᠠᠶᠢᠳᠠᠨ᠎ᠠ᠃ ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠬᠤ ᠲᠢᠩᠬᠢᠮ ᠤᠨ ᠲᠣᠭᠲᠠᠭᠠᠭᠰᠠᠨ ᠬᠤᠭᠤᠴᠠᠭᠠᠨ ᠳᠣᠲᠣᠷ᠎ᠠ ᠵᠣᠬᠢᠴᠠᠩᠭᠤᠢ ᠬᠢᠷᠢ | ᠬᠡᠮ ᠪᠦᠬᠦᠢ ᠰᠢᠯᠭᠠᠨ ᠲᠣᠭᠲᠠᠭᠠᠬᠤ ᠪᠠᠶᠢᠭᠤᠯᠤᠮᠵᠢ ᠶᠢ ᠬᠠᠮᠲᠤ ᠪᠠᠷ ᠰᠣᠩᠭᠤᠨ ᠲᠣᠭᠲᠠᠭᠠᠬᠤ ᠪᠤᠶᠤ ᠰᠢᠯᠭᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠬᠤ | ᠳᠦᠷᠢᠮ ᠢ ᠬᠠᠮᠲᠤ ᠪᠠᠷ ᠲᠣᠭᠲᠠᠭᠠᠬᠤ ᠬᠡᠷᠡᠭᠲᠡᠢ᠃ ᠲᠤᠬᠠᠢ ᠶᠢᠨ ᠬᠥᠮᠥᠨ ᠨᠢ ᠰᠠᠨᠠᠯ ᠨᠢᠭᠡᠳᠦᠭᠰᠡᠨ ᠦᠭᠡᠢ ᠪᠠᠶᠢᠪᠠᠯ᠂ ᠬᠥᠨᠳᠡᠯᠡᠨ ᠠᠴᠠ ᠲᠠᠰᠤᠯᠬᠤ ᠲᠢᠩᠬᠢᠮ ᠠᠴᠠ | ᠵᠢᠭᠠᠨ ᠲᠣᠭᠲᠠᠭᠠᠨ᠎ᠠ᠃ ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠬᠤ ᠲᠢᠩᠬᠢᠮ ᠤᠨ ᠲᠣᠭᠲᠠᠭᠠᠭᠰᠠᠨ ᠬᠠᠷᠢᠴᠠᠯ ᠪᠠ ᠬᠤᠭᠤᠴᠠᠭ᠎ᠠ ᠶᠣᠰᠣᠭᠠᠷ ᠰᠢᠯᠭᠠᠨ | ᠲᠣᠭᠲᠠᠭᠠᠬᠤ ᠵᠠᠷᠤᠳᠠᠯ ᠢ ᠤᠷᠢᠳᠴᠢᠯᠠᠨ ᠲᠤᠰᠢᠶᠠᠬᠤ ᠬᠡᠷᠡᠭᠲᠡᠢ᠃ ᠬᠥᠨᠳᠡᠯᠡᠨ ᠠᠴᠠ ᠲᠠᠰᠤᠯᠬᠤ ᠲᠢᠩᠬᠢᠮ ᠴᠢᠬᠤᠯᠠᠲᠠᠢ ᠭᠡᠵᠦ ᠦᠵᠡᠭᠡᠳ ᠰᠢᠯᠭᠠᠨ ᠲᠣᠭᠲᠠᠭᠠᠯᠲᠠ | ᠬᠢᠬᠦ ᠪᠠᠷ ᠲᠣᠭᠲᠠᠭᠠᠭᠰᠠᠨ ᠢ ᠭᠠᠷᠭᠠᠪᠠᠯ᠂ ᠲᠤᠬᠠᠢ ᠶᠢᠨ ᠬᠥᠮᠥᠨ ᠨᠢ ᠵᠢᠭᠠᠨ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠰᠢᠯᠭᠠᠨ ᠲᠣᠭᠲᠠᠭᠠᠯᠲᠠ ᠶᠢᠨ ᠵᠠᠷᠤᠳᠠᠯ ᠢ | ᠤᠷᠢᠳᠴᠢᠯᠠᠨ ᠲᠤᠰᠢᠶᠠᠭᠰᠠᠨ ᠦᠭᠡᠢ ᠪᠠᠶᠢᠪᠠᠯ᠂ ᠰᠢᠯᠭᠠᠨ ᠲᠣᠭᠲᠠᠭᠠᠯᠲᠠ ᠬᠢᠬᠦ ᠦᠭᠡᠢ᠃ ᠰᠢᠯᠭᠠᠨ ᠲᠣᠭᠲᠠᠭᠠᠬᠤ ᠵᠠᠷᠤᠳᠠᠯ ᠤᠨ ᠬᠠᠮᠤᠭ ᠡᠴᠦᠰ ᠤᠨ ᠡᠭᠦᠷᠭᠡᠯᠡᠬᠦ | ᠪᠡᠶᠡᠴᠢ ᠴᠣᠭᠴᠠ ᠪᠠ ᠬᠠᠷᠢᠴᠠᠯ ᠢ ᠬᠥᠨᠳᠡᠯᠡᠨ ᠠᠴᠠ ᠲᠠᠰᠤᠯᠬᠤ ᠲᠢᠩᠬᠢᠮ ᠠᠴᠠ ᠲᠣᠭᠲᠠᠭᠠᠯᠲᠠ ᠭᠠᠷᠭᠠᠬᠤ ᠳᠠᠭᠠᠨ ᠲᠣᠭᠲᠠᠭᠠᠨ᠎ᠠ᠃ ᠳᠥᠴᠢᠨ ᠳᠣᠯᠣᠳᠤᠭᠠᠷ ᠵᠦᠢᠯ | ᠲᠤᠬᠠᠢ ᠶᠢᠨ ᠬᠥᠮᠥᠨ ᠨᠢ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠠᠵᠢᠯᠲᠠᠨ ᠤ ᠲᠤᠰᠬᠠᠢ ᠮᠡᠷᠭᠡᠵᠢᠯ ᠤᠨ ᠰᠠᠨᠠᠯ ᠢ ᠰᠣᠨᠣᠰᠬᠤ ᠪᠠᠷ ᠭᠤᠶᠤᠴᠢᠯᠠᠭᠰᠠᠨ ᠪᠠᠶᠢᠪᠠᠯ | ᠂ ᠳᠡᠪᠰᠢᠭᠦᠯᠦᠭᠰᠡᠨ ᠪᠢᠴᠢᠭ ᠤᠨ ᠭᠤᠶᠤᠴᠢᠯᠠᠯ ᠳᠠᠭᠠᠨ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠠᠵᠢᠯᠲᠠᠨ ᠤ ᠮᠡᠳᠡᠭᠡ ᠵᠠᠩᠭᠢ᠂ ᠬᠠᠷᠢᠯᠴᠠᠬᠤ ᠠᠷᠭ᠎ᠠ ᠮᠠᠶ᠋ᠢᠭ | ᠵᠢᠴᠢ ᠭᠡᠷᠡᠴᠢᠯᠡᠬᠦ ᠪᠠᠷ ᠪᠠᠶᠢᠭ᠎ᠠ ᠲᠤᠰᠬᠠᠢ ᠮᠡᠷᠭᠡᠵᠢᠯ ᠤᠨ ᠴᠢᠨᠠᠷᠲᠠᠢ ᠠᠰᠠᠭᠤᠳᠠᠯ ᠵᠡᠷᠭᠡ ᠠᠭᠤᠯᠭ᠎ᠠ ᠶᠢ ᠲᠣᠳᠣᠷᠬᠠᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠲᠤᠰᠬᠠᠢ | ᠮᠡᠷᠭᠡᠵᠢᠯ ᠤᠨ ᠠᠵᠢᠯᠲᠠᠨ ᠤ ᠪᠡᠶ᠎ᠡ ᠶᠢ ᠭᠡᠷᠡᠴᠢᠯᠡᠬᠦ ᠪᠢᠴᠢᠭ ᠮᠠᠲ᠋ᠧᠷᠢᠶᠠᠯ ᠵᠢᠴᠢ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠪᠦᠬᠦᠢ ᠭᠡᠷᠡᠴᠢᠯᠡᠬᠦ | ᠪᠢᠴᠢᠭ ᠮᠠᠲ᠋ᠧᠷᠢᠶᠠᠯ ᠢ ᠳᠠᠭᠠᠯᠳᠤᠭᠤᠯᠬᠤ ᠬᠡᠷᠡᠭᠲᠡᠢ᠃ ᠲᠤᠬᠠᠢ ᠶᠢᠨ ᠬᠥᠮᠥᠨ ᠤ ᠭᠤᠶᠤᠴᠢᠯᠠᠯ ᠢ ᠭᠥᠯᠢᠶᠡᠨ ᠠᠪᠬᠤ ᠡᠰᠡᠬᠦ ᠶᠢ ᠬᠥᠨᠳᠡᠯᠡᠨ ᠠᠴᠠ ᠲᠠᠰᠤᠯᠬᠤ ᠲᠢᠩᠬᠢᠮ | ᠲᠣᠭᠲᠠᠭᠠᠨ᠎ᠠ᠃ ᠬᠥᠨᠳᠡᠯᠡᠨ ᠠᠴᠠ ᠲᠠᠰᠤᠯᠬᠤ ᠲᠢᠩᠬᠢᠮ ᠲᠤᠰᠬᠠᠢ ᠮᠡᠷᠭᠡᠵᠢᠯ ᠤᠨ ᠰᠠᠨᠠᠯ ᠢ ᠰᠣᠨᠣᠰᠬᠤ ᠳᠠᠭᠠᠨ ᠲᠢᠩᠬᠢᠮ ᠤᠨ ᠰᠢᠭᠦᠯᠲᠡ ᠶᠢᠨ ᠪᠠᠶᠢᠴᠠᠭᠠᠯᠲᠠ ᠶᠢᠨ | ᠠᠵᠢᠯ ᠤᠨ ᠲᠠᠷᠠᠭᠠᠯᠠᠯ ᠳᠤᠮᠳᠠ ᠶᠠᠪᠤᠭᠳᠠᠭᠤᠯᠵᠤ᠂ ᠲᠤᠬᠠᠢ ᠶᠢᠨ ᠬᠥᠮᠥᠨ ᠢ ᠵᠣᠬᠢᠶᠠᠨ ᠪᠠᠶᠢᠭᠤᠯᠵᠤ ᠰᠢᠭᠦᠯᠲᠡ ᠳᠤ ᠣᠷᠣᠯᠴᠠᠭᠰᠠᠨ ᠲᠤᠰᠬᠠᠢ ᠮᠡᠷᠭᠡᠵᠢᠯ ᠤᠨ | ᠠᠵᠢᠯᠲᠠᠨ ᠠᠴᠠ ᠯᠠᠪᠯᠠᠨ ᠠᠰᠠᠭᠤᠬᠤ ᠬᠡᠷᠡᠭᠲᠡᠢ︔ ᠲᠤᠬᠠᠢ ᠶᠢᠨ ᠬᠥᠮᠥᠨ ᠤ ᠲᠤᠰ ᠲᠤᠰ ᠤᠨ ᠭᠤᠶᠤᠴᠢᠯᠠᠭᠰᠠᠨ ᠲᠤᠰᠬᠠᠢ ᠮᠡᠷᠭᠡᠵᠢᠯ ᠤᠨ ᠠᠵᠢᠯᠲᠠᠨ ᠰᠢᠯᠭᠠᠨ | ᠲᠣᠭᠲᠠᠭᠠᠭᠰᠠᠨ ᠰᠠᠨᠠᠯ ᠪᠤᠶᠤ ᠲᠤᠰᠬᠠᠢ ᠮᠡᠷᠭᠡᠵᠢᠯ ᠤᠨ ᠴᠢᠨᠠᠷᠲᠠᠢ ᠠᠰᠠᠭᠤᠳᠠᠯ ᠤᠨ ᠲᠤᠬᠠᠢ ᠨᠢᠭᠤᠷ ᠲᠤᠯᠭᠠᠵᠤ ᠪᠣᠯᠣᠨ᠎ᠠ᠃ ᠲᠤᠬᠠᠢ ᠶᠢᠨ ᠬᠥᠮᠥᠨ ᠢᠶᠠᠷ ᠰᠠᠨᠠᠯ | ᠨᠢᠭᠡᠲᠡᠢ ᠵᠥᠪᠰᠢᠶᠡᠷᠡᠭᠦᠯᠦᠭᠡᠳ ᠪᠢᠴᠢᠭ ᠢᠶᠠᠷ ᠲᠤᠯᠭᠠᠨ ᠭᠡᠷᠡᠴᠢᠯᠡᠭᠦᠯᠦᠭᠰᠡᠨ ᠴᠦ ᠪᠣᠯᠣᠨ᠎ᠠ᠃ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠠᠵᠢᠯᠲᠠᠨ ᠰᠢᠯᠭᠠᠨ | ᠲᠣᠭᠲᠠᠭᠠᠭᠰᠠᠨ ᠰᠠᠨᠠᠯ ᠪᠤᠶᠤ ᠲᠤᠰᠬᠠᠢ ᠮᠡᠷᠭᠡᠵᠢᠯ ᠤᠨ ᠴᠢᠨᠠᠷᠲᠠᠢ ᠠᠰᠠᠭᠤᠳᠠᠯ ᠠᠴᠠ ᠭᠠᠳᠠᠨᠠᠬᠢ ᠰᠢᠭᠦᠬᠦ ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠃ | ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠠᠵᠢᠯᠲᠠᠨ ᠤ ᠰᠢᠭᠦᠯᠲᠡ ᠳᠤ ᠣᠷᠤᠯᠴᠠᠬᠤ ᠵᠠᠷᠤᠳᠠᠯ ᠢ ᠭᠤᠶᠤᠴᠢᠯᠠᠯ ᠭᠠᠷᠭᠠᠭᠰᠠᠨ ᠲᠤᠬᠠᠢ ᠶᠢᠨ ᠬᠥᠮᠥᠨ ᠥᠪᠡᠰᠦᠪᠡᠨ | ᠡᠭᠦᠷᠭᠡᠯᠡᠨ᠎ᠡ᠃ ᠳᠥᠴᠢᠨ ᠨᠠᠢᠮᠠᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠥᠨᠳᠡᠯᠡᠨ ᠠᠴᠠ ᠲᠠᠰᠤᠯᠬᠤ ᠠᠵᠢᠯ ᠤᠨ ᠲᠠᠷᠠᠭᠠᠯᠠᠯ ᠢ | ᠲᠤᠷᠭᠤᠨ ᠵᠣᠭᠰᠣᠭᠠᠵᠤ ᠪᠣᠯᠣᠨ᠎ᠠ᠄ ︵ᠨᠢᠭᠡ︶ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠬᠠᠮᠲᠤ ᠪᠠᠷ ᠭᠤᠶᠤᠴᠢᠯᠠᠭᠰᠠᠨ ᠪᠤᠶᠤ ᠨᠢᠭᠡ ᠲᠠᠯ᠎ᠠ ᠶᠢᠨ ᠲᠤᠬᠠᠢ ᠶᠢᠨ | ᠬᠥᠮᠥᠨ ᠨᠢ ᠭᠤᠶᠤᠴᠢᠯᠠᠭᠰᠠᠨ ᠪᠠᠶᠢᠲᠠᠯ᠎ᠠ ᠪᠤᠰᠤᠳ ᠲᠤᠬᠠᠢ ᠶᠢᠨ ᠬᠥᠮᠥᠨ ᠨᠢ ᠡᠰᠡ ᠡᠰᠡᠷᠭᠦᠴᠡᠭᠰᠡᠨ︔ ︵ᠬᠤᠶᠠᠷ︶ ᠲᠤᠬᠠᠢ ᠶᠢᠨ ᠬᠥᠮᠥᠨ ᠨᠢ ᠡᠰᠡᠷᠭᠦᠴᠡᠰᠢ | ᠦᠭᠡᠢ ᠬᠦᠴᠦᠨ ᠠᠴᠠ ᠪᠣᠯᠵᠤ ᠬᠥᠨᠳᠡᠯᠡᠨ ᠠᠴᠠ ᠲᠠᠰᠤᠯᠬᠤ ᠳᠤ ᠣᠷᠣᠯᠴᠠᠵᠤ ᠴᠢᠳᠠᠬᠤ ᠦᠭᠡᠢ ᠪᠣᠯᠤᠭᠰᠠᠨ︔ ︵ᠭᠤᠷᠪᠠ︶ ᠲᠤᠰ ᠬᠡᠷᠡᠭ ᠢ ᠰᠢᠭᠦᠬᠦ ᠳᠤ | ᠲᠠᠰᠤᠯᠤᠭᠠᠳᠤᠢ ᠪᠤᠰᠤᠳ ᠵᠦᠢᠯᠡᠰ ᠢᠶᠠᠷ ᠦᠨᠳᠦᠰᠦ ᠪᠠᠷᠢᠮᠲᠠ ᠪᠣᠯᠭᠠᠬᠤ ᠴᠢᠬᠤᠯᠠᠲᠠᠢ ᠪᠠᠶᠢᠬᠤ︔ ︵ᠲᠦᠷᠪᠡ︶ ᠪᠤᠰᠤᠳ ᠣᠨᠴᠠᠭᠠᠶ ᠪᠠᠶᠢᠳᠠᠯ ᠲᠠᠢ ᠪᠠᠶᠢᠵᠤ | ᠬᠥᠨᠳᠡᠯᠡᠨ ᠠᠴᠠ ᠲᠠᠰᠤᠯᠬᠤ ᠵᠢᠷᠤᠮ ᠢ ᠲᠤᠷᠭᠤᠠ ᠵᠣᠭᠰᠤᠭᠠᠬᠤ ᠴᠢᠬᠤᠯᠠᠲᠠᠢ ᠪᠠᠶᠢᠬᠤ᠃ ᠳᠥᠴᠢ ᠶᠢᠰᠦᠳᠦᠭᠡᠷ ᠵᠦᠢᠯ ᠳᠤᠷᠭᠤᠨ ᠵᠣᠭᠰᠤᠭᠠᠬᠤ ᠪᠠᠶᠢᠳᠠᠯ | ᠠᠷᠢᠯᠤᠭᠰᠠᠨ ᠤ ᠳᠠᠷᠠᠭ᠎ᠠ᠂ ᠠᠯᠢ ᠨᠢᠭᠡ ᠲᠠᠯ᠎ᠠ ᠶᠢᠨ ᠲᠤᠬᠠᠢ ᠶᠢᠨ ᠬᠥᠮᠥᠨ ᠨᠢ ᠴᠦ ᠬᠥᠨᠳᠡᠯᠡᠨ ᠠᠴᠠ ᠲᠠᠰᠤᠯᠬᠤ ᠠᠵᠢᠯ ᠤᠨ ᠲᠠᠷᠠᠭᠠᠯᠠᠯ ᠢ ᠰᠡᠷᠭᠦᠭᠡᠬᠦ ᠪᠠᠷ | ᠭᠤᠶᠤᠴᠢᠯᠠᠬᠤ ᠪᠤᠶᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ᠂ ᠬᠥᠨᠳᠡᠯᠡᠨ ᠠᠴᠠ ᠲᠠᠰᠤᠯᠬᠤ ᠲᠢᠩᠬᠢᠮ ᠨᠢ ᠰᠡᠷᠭᠦᠭᠡᠬᠦ ᠴᠢᠬᠤᠯᠠᠲᠠᠢ ᠭᠡᠵᠦ | ᠦᠵᠡᠪᠡᠯ᠂ ᠬᠥᠨᠳᠡᠯᠡᠨ ᠠᠴᠠ ᠲᠠᠰᠤᠯᠬᠤ ᠠᠵᠢᠯ ᠤᠨ ᠲᠠᠷᠠᠭᠠᠯᠠᠯ ᠢ ᠰᠡᠷᠭᠦᠭᠡᠵᠦ ᠪᠣᠯᠣᠨ᠎ᠠ᠃ ᠬᠥᠨᠳᠡᠯᠡᠨ ᠠᠴᠠ ᠲᠠᠰᠤᠯᠬᠤ ᠠᠵᠢᠯ ᠤᠨ ᠲᠠᠷᠠᠭᠠᠯᠠᠯ ᠢ ᠵᠣᠭᠰᠤᠭᠠᠬᠤ ᠪᠠ | ᠰᠡᠷᠭᠦᠭᠡᠬᠦ ᠶᠢ ᠬᠥᠨᠳᠡᠯᠡᠨ ᠠᠴᠠ ᠲᠠᠰᠤᠯᠬᠤ ᠲᠢᠩᠬᠢᠮ ᠲᠣᠭᠲᠠᠭᠠᠨ᠎ᠠ︔ ᠬᠥᠨᠳᠡᠯᠡᠨ ᠠᠴᠠ ᠲᠠᠰᠤᠯᠬᠤ ᠲᠢᠩᠬᠢᠮ ᠬᠠᠷᠠᠬᠠᠨ ᠪᠦᠷᠢᠯᠳᠦᠭᠡᠳᠦᠢ ᠪᠠᠶᠢᠪᠠᠯ᠂ | ᠡᠷᠬᠢᠯᠡᠭᠴᠢ ᠠᠴᠠ ᠲᠣᠭᠲᠠᠭᠠᠨ᠎ᠠ᠃ ᠲᠠᠪᠢᠳᠤᠭᠠᠷ ᠵᠦᠢᠯ ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠤᠭᠤᠯᠬᠤ ᠪᠦᠬᠦ ᠭᠤᠶᠤᠴᠢᠯᠠᠯ ᠪᠤᠶᠤ ᠬᠥᠨᠳᠡᠯᠡᠨ ᠠᠴᠠ | ᠲᠠᠰᠤᠯᠤᠭᠤᠯᠬᠤ ᠪᠦᠬᠦ ᠬᠡᠳᠡᠷᠬᠦ ᠭᠤᠶᠤᠴᠢᠯᠠᠯ ᠢᠶᠠᠨ ᠪᠤᠴᠠᠭᠠᠨ ᠠᠪᠴᠤ ᠪᠣᠯᠣᠨ᠎ᠠ᠃ ᠭᠤᠶᠤᠴᠢᠯᠠᠭᠴᠢ ᠬᠥᠨᠳᠡᠯᠡᠨ ᠠᠴᠠ ᠲᠠᠰᠤᠯᠤᠭᠤᠯᠬᠤ ᠪᠦᠬᠦ ᠭᠤᠶᠤᠴᠢᠯᠠᠯ ᠢᠶᠠᠨ | ᠪᠤᠴᠠᠭᠠᠭᠰᠠᠨ ᠴᠤ ᠬᠥᠨᠳᠡᠯᠡᠨ ᠠᠴᠠ ᠲᠠᠰᠤᠯᠬᠤ ᠲᠢᠩᠬᠢᠮ ᠤᠨ ᠭᠤᠶᠤᠴᠢᠯᠠᠭᠳᠠᠭᠴᠢ ᠶᠢᠨ ᠬᠥᠨᠳᠡᠯᠡᠨ ᠠᠴᠠ ᠲᠠᠰᠤᠯᠤᠭᠤᠯᠬᠤ ᠭᠡᠲᠡᠷᠭᠦ ᠭᠤᠶᠤᠴᠢᠯᠠᠯ ᠢ ᠰᠢᠭᠦᠬᠦ ᠪᠠ | ᠲᠠᠰᠤᠯᠤᠨ ᠲᠣᠭᠲᠠᠭᠠᠬᠤ ᠶᠢ ᠨᠥᠯᠥᠭᠡᠯᠡᠬᠦ ᠦᠭᠡᠢ᠃ ᠭᠤᠶᠤᠴᠢᠯᠠᠭᠳᠠᠭᠴᠢ ᠨᠢ ᠬᠥᠨᠳᠡᠯᠡᠨ ᠠᠴᠠ ᠲᠠᠰᠤᠯᠤᠭᠤᠯᠬᠤ ᠪᠦᠬᠦ ᠬᠡᠳᠡᠷᠬᠦ ᠭᠤᠶᠤᠴᠢᠯᠠᠯ ᠢᠶᠠᠨ ᠪᠤᠴᠠᠭᠠᠭᠰᠠᠨ | ᠪᠠᠶᠢᠪᠠᠯ᠂ ᠬᠥᠨᠳᠡᠯᠡᠨ ᠠᠴᠠ ᠲᠠᠰᠤᠯᠬᠤ ᠲᠢᠩᠬᠢᠮ ᠤᠨ ᠭᠤᠶᠤᠴᠢᠯᠠᠭᠴᠢ ᠶᠢᠨ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢ ᠰᠢᠭᠦᠬᠦ ᠪᠠ ᠲᠠᠰᠤᠯᠤᠨ | ᠲᠣᠭᠲᠠᠭᠠᠬᠤ ᠶᠢ ᠨᠥᠯᠥᠭᠡᠯᠡᠬᠦ ᠦᠭᠡᠢ᠃ ᠲᠤᠬᠠᠢ ᠶᠢᠨ ᠬᠥᠮᠥᠨ ᠤ ᠲᠤᠰ ᠪᠡᠶ᠎ᠡ ᠶᠢᠨ ᠰᠢᠯᠲᠠᠭᠠᠨ ᠠᠴᠠ ᠪᠣᠯᠵᠤ ᠬᠥᠨᠳᠡᠯᠡᠨ ᠠᠴᠠ ᠲᠠᠰᠤᠯᠬᠤ ᠠᠵᠢᠯ ᠤᠨ ᠲᠠᠷᠠᠭᠠᠯᠠᠯ ᠢ | ᠶᠠᠪᠤᠭᠳᠠᠭᠤᠯᠵᠤ ᠴᠢᠳᠠᠬᠤ ᠦᠭᠡᠢ ᠪᠣᠯᠭᠠᠭᠰᠠᠨ ᠪᠠᠶᠢᠪᠠᠯ᠂ ᠲᠡᠭᠦᠨ ᠤ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢᠶᠠᠨ ᠪᠤᠴᠠᠭᠠᠭᠰᠠᠨ ᠪᠤᠶᠤ ᠬᠡᠳᠡᠷᠬᠦ | ᠭᠤᠶᠤᠴᠢᠯᠠᠯ ᠢᠶᠠᠨ ᠪᠤᠴᠠᠭᠠᠭᠰᠠᠨ ᠢᠶᠠᠷ ᠦᠵᠡᠵᠦ ᠪᠤᠯᠤᠨ᠎ᠡ᠃ ᠲᠤᠬᠠᠢ ᠶᠢᠨ ᠬᠥᠮᠥᠨ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢᠶᠠᠨ ᠪᠤᠴᠠᠭᠠᠭᠰᠠᠨ ᠪᠠᠶᠢᠪᠠᠯ᠂ | ᠬᠥᠨᠳᠡᠯᠡᠨ ᠠᠴᠠ ᠲᠠᠰᠤᠯᠬᠤ ᠲᠢᠩᠬᠢᠮ ᠪᠦᠷᠢᠯᠳᠦᠬᠦ ᠠᠴᠠ ᠡᠮᠦᠨ᠎ᠡ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠠᠴᠠ ᠲᠣᠭᠲᠠᠭᠠᠵᠤ᠂ | ᠬᠥᠨᠳᠡᠯᠡᠨ ᠠᠴᠠ ᠲᠠᠰᠤᠯᠬᠤ ᠲᠢᠩᠬᠢᠮ ᠪᠦᠷᠢᠯᠳᠦᠭᠰᠡᠨ ᠤ ᠳᠠᠷᠠᠭ᠎ᠠ ᠬᠥᠨᠳᠡᠯᠡᠨ ᠠᠴᠠ ᠲᠠᠰᠤᠯᠬᠤ ᠲᠢᠩᠬᠢᠮ ᠲᠣᠭᠲᠠᠭᠠᠨ᠎ᠠ᠃ ᠬᠥᠨᠳᠡᠯᠡᠨ ᠠᠴᠠ ᠲᠠᠰᠤᠯᠤᠭᠤᠯᠬᠤ | ᠭᠤᠶᠤᠴᠢᠯᠠᠯ ᠪᠠ ᠭᠡᠳᠡᠷᠬᠦ ᠭᠤᠶᠤᠴᠢᠯᠠᠯ ᠢᠶᠠᠨ ᠪᠦᠬᠦᠠ ᠢ ᠪᠤᠴᠠᠭᠠᠭᠰᠠᠨ ᠪᠠᠶᠢᠪᠠᠯ᠂ ᠬᠡᠷᠡᠭ ᠢ ᠬᠦᠴᠦᠨ ᠦᠭᠡᠢ ᠪᠣᠯᠭᠠᠵᠤ ᠪᠣᠯᠣᠨ᠎ᠠ᠃ ᠬᠥᠨᠳᠡᠯᠡᠨ ᠠᠴᠠ ᠲᠠᠰᠤᠯᠬᠤ | ᠲᠢᠩᠬᠢᠮ ᠪᠦᠷᠢᠯᠳᠦᠬᠦ ᠠᠴᠠ ᠡᠮᠦᠨ᠎ᠡ ᠬᠡᠷᠡᠭ ᠢ ᠬᠦᠴᠦᠨ ᠦᠭᠡᠢ ᠪᠣᠯᠭᠠᠭᠰᠠᠨ ᠪᠠᠶᠢᠪᠠᠯ᠂ ᠡᠷᠬᠢᠯᠡᠭᠴᠢ ᠠᠴᠠ ᠬᠡᠷᠡᠭ ᠢ ᠬᠦᠴᠦᠨ ᠦᠭᠡᠢ ᠪᠣᠯᠭᠠᠬᠤ ᠲᠣᠭᠲᠠᠭᠠᠯ | ᠭᠠᠷᠭᠠᠨ᠎ᠠ︔ ᠬᠥᠨᠳᠡᠯᠡᠨ ᠠᠴᠠ ᠲᠠᠰᠤᠯᠬᠤ ᠲᠢᠩᠬᠢᠮ ᠪᠦᠷᠢᠯᠳᠦᠭᠰᠡᠨ ᠤ ᠲᠡᠷᠠᠭ᠎ᠠ ᠬᠡᠷᠡᠭ ᠢ ᠬᠦᠴᠦᠨ ᠦᠭᠡᠢ ᠪᠣᠯᠭᠠᠭᠰᠠᠨ ᠪᠠᠶᠢᠪᠠᠯ᠂ ᠬᠥᠨᠳᠡᠯᠡᠨ ᠠᠴᠠ ᠲᠠᠰᠤᠯᠬᠤ | ᠲᠢᠩᠬᠢᠮ ᠠᠴᠠ ᠬᠡᠷᠡᠭ ᠢ ᠬᠦᠴᠦᠨ ᠦᠭᠡᠢ ᠪᠣᠯᠭᠠᠬᠤ ᠲᠣᠭᠲᠠᠭᠠᠯ ᠭᠠᠷᠭᠠᠨ᠎ᠠ᠃ ᠭᠠᠷᠭᠠᠭᠰᠠᠨ ᠬᠡᠷᠡᠭ ᠢ ᠬᠦᠴᠦᠨ ᠦᠭᠡᠢ ᠪᠣᠯᠭᠠᠬᠤ ᠲᠣᠭᠲᠠᠭᠠᠯ ᠳᠤ ᠴᠥᠮ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠲᠠᠮᠠᠭ᠎ᠠ ᠶᠢ ᠳᠠᠷᠤᠬᠤ ᠬᠡᠷᠡᠭᠲᠡᠢ᠃ | ᠲᠡᠪᠢᠠ ᠨᠢᠭᠡᠳᠦᠭᠡᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠨᠢ ᠬᠥᠨᠳᠡᠯᠡᠨ ᠠᠴᠠ ᠲᠠᠰᠤᠯᠬᠤ ᠠᠵᠢᠯ ᠤᠨ ᠲᠠᠷᠠᠭᠠᠯᠠᠯ ᠳᠤᠮᠳᠠ ᠬᠡᠷᠡᠭ ᠢ ᠡᠶᠡᠳᠡᠭᠦᠯᠵᠦ | ᠪᠣᠯᠣᠨ᠎ᠠ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠴᠦ ᠥᠪᠡᠰᠦᠪᠡᠨ ᠡᠶᠡᠳᠡᠵᠦ ᠪᠣᠯᠣᠨ᠎ᠠ᠃ ᠬᠥᠭᠡᠷᠦᠭᠦᠯᠬᠦ ᠡᠮ ᠢ ᠡᠰᠡᠷᠭᠦᠴᠡᠬᠦ ᠲᠠᠢ ᠬᠤᠯᠪᠣᠭᠳᠠᠯ ᠪᠦᠬᠦᠢ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠤ᠂ ᠬᠥᠨᠳᠡᠯᠡᠨ ᠠᠴᠠ ᠲᠠᠰᠤᠯᠬᠤ ᠲᠢᠩᠬᠢᠮ ᠡᠶᠡᠳᠡᠭᠦᠯᠬᠦ ᠪᠤᠶᠤ ᠲᠤᠬᠠᠢ ᠶᠢᠨ ᠬᠥᠮᠥᠨ ᠨᠢ ᠥᠪᠡᠷ ᠢᠶᠠᠨ | ᠡᠶᠡᠳᠡᠬᠦ ᠳᠤ ᠪᠠᠰᠠ ᠳᠤᠮᠳᠠᠳᠤ ᠤᠯᠤᠰ ᠤᠨ ᠬᠥᠭᠡᠷᠦᠭᠦᠯᠬᠦ ᠡᠮ ᠢ ᠡᠰᠡᠷᠭᠦᠴᠡᠬᠦ ᠲᠥᠪ ᠤᠨ ᠵᠥᠪᠰᠢᠶᠡᠷᠡᠯ ᠢ ᠣᠯᠬᠤ ᠬᠡᠷᠡᠭᠲᠡᠢ᠃ ᠬᠥᠨᠳᠡᠯᠡᠨ ᠠᠴᠠ ᠲᠠᠰᠤᠯᠬᠤ | ᠲᠢᠩᠬᠢᠮ ᠨᠢ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠤ ᠵᠥᠪᠰᠢᠶᠡᠷᠡᠯ ᠢ ᠣᠯᠣᠭᠰᠠᠨ ᠤ ᠳᠠᠷᠠᠭ᠎ᠠ ᠲᠡᠭᠦᠨ ᠤ ᠲᠣᠬᠢᠷᠠᠮᠵᠢᠲᠠᠢ ᠭᠡᠵᠦ ᠦᠵᠡᠭᠰᠡᠨ ᠠᠷᠭ᠎ᠠ | ᠮᠠᠶ᠋ᠢᠭ ᠢᠶᠠᠷ ᠡᠶᠡᠳᠡᠭᠦᠯᠵᠦ ᠪᠣᠯᠣᠨ᠎ᠠ᠃ ᠡᠶᠡᠳᠡᠭᠦᠯᠬᠦ ᠶᠠᠪᠤᠴᠠ ᠳᠤ᠂ ᠠᠯᠢ ᠨᠢᠭᠡ ᠲᠠᠯ᠎ᠠ ᠶᠢᠨ ᠲᠤᠬᠠᠢ ᠶᠢᠨ ᠬᠥᠮᠥᠨ ᠨᠢ ᠴᠦ ᠡᠶᠡᠳᠡᠭᠦᠯᠭᠡ ᠶᠢ ᠳᠠᠭᠤᠰᠬᠠᠬᠤ ᠪᠠᠷ | ᠳᠤᠷᠠᠳᠤᠭᠰᠠᠨ ᠪᠤᠶᠤ ᠬᠥᠨᠳᠡᠯᠡᠨ ᠠᠴᠠ ᠲᠠᠰᠤᠯᠬᠤ ᠲᠢᠩᠬᠢᠮ ᠨᠢ ᠨᠢᠭᠡᠨᠲᠡ ᠡᠶᠡᠳᠡᠭᠦᠯᠦᠭᠡᠳ ᠪᠦᠲᠦᠬᠦ ᠪᠣᠯᠣᠯᠴᠠᠭ᠎ᠠ ᠦᠭᠡᠢ ᠪᠣᠯᠤᠭᠰᠠᠨ ᠭᠡᠵᠦ ᠦᠵᠡᠭᠰᠡᠨ ᠦᠶ᠎ᠡ ᠳᠤ | ᠂ ᠬᠥᠨᠳᠡᠯᠡᠨ ᠠᠴᠠ ᠲᠠᠰᠤᠯᠬᠤ ᠲᠢᠩᠬᠢᠮ ᠨᠢ ᠡᠶᠡᠳᠡᠭᠦᠯᠭᠡ ᠶᠢ ᠳᠠᠭᠤᠰᠬᠠᠬᠤ ᠬᠡᠷᠡᠭᠲᠡᠢ᠃ | ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠬᠤ ᠲᠢᠩᠬᠢᠮ ᠤᠨ ᠡᠶᠡᠳᠡᠭᠦᠯᠭᠡ ᠪᠠᠷ ᠡᠶᠡᠳᠡᠭᠰᠡᠨ ᠪᠤᠶᠤ ᠥᠪᠡᠷ ᠢᠶᠠᠨ ᠡᠶᠡᠳᠡᠭᠰᠡᠨ | ᠪᠠᠶᠢᠪᠠᠯ᠂ ᠡᠶᠡᠳᠡᠬᠦ ᠬᠡᠯᠡᠯᠴᠡᠭᠡᠷ ᠲᠣᠭᠲᠠᠭᠠᠬᠤ ᠬᠡᠷᠡᠭᠲᠡᠢ᠃ ᠲᠤᠬᠠᠢ ᠶᠢᠨ ᠬᠥᠮᠥᠨ ᠡᠶᠡᠳᠡᠭᠦᠯᠬᠦ ᠪᠠᠷ ᠳᠠᠮᠵᠢᠭᠠᠳ ᠡᠶᠡᠳᠡᠬᠦ ᠬᠡᠯᠡᠯᠴᠡᠭᠡᠷ ᠲᠣᠬᠢᠷᠠᠭᠰᠠᠨ ᠪᠤᠶᠤ | ᠥᠪᠡᠰᠦᠪᠡᠨ ᠲᠣᠬᠢᠷᠠᠭᠰᠠᠨ ᠪᠠᠶᠢᠪᠠᠯ᠂ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠪᠤᠶᠤ ᠬᠡᠳᠡᠷᠬᠦ ᠭᠤᠶᠤᠴᠢᠯᠠᠯ ᠢᠶᠠᠨ ᠪᠤᠴᠠᠭᠠᠵᠤ ᠪᠣᠯᠣᠨ᠎ᠠ᠂ ᠪᠠᠰᠠ | ᠬᠥᠨᠳᠡᠯᠡᠨ ᠠᠴᠠ ᠲᠠᠰᠤᠯᠬᠤ ᠲᠢᠩᠬᠢᠮ ᠳᠤ ᠲᠤᠬᠠᠢ ᠶᠢᠨ ᠬᠥᠮᠥᠨ ᠤ ᠡᠶᠡᠳᠡᠬᠦ ᠬᠡᠯᠡᠯᠴᠡᠭᠡᠷ ᠤᠨ ᠠᠭᠤᠯᠭ᠎ᠠ ᠶᠢ ᠦᠨᠳᠦᠰᠦᠯᠡᠨ ᠲᠣᠭᠲᠠᠭᠠᠯᠲᠠ ᠶᠢᠨ ᠪᠢᠴᠢᠭ | ᠭᠠᠷᠭᠠᠭᠤᠯᠬᠤ ᠪᠤᠶᠤ ᠡᠶᠡᠳᠡᠭᠦᠯᠭᠡ ᠶᠢᠨ ᠪᠢᠴᠢᠭ ᠬᠢᠯᠭᠡᠬᠦ ᠪᠠᠷ ᠭᠤᠶᠤᠴᠢᠯᠠᠵᠤ ᠪᠣᠯᠣᠨ᠎ᠠ᠃ ᠲᠤᠬᠠᠢ ᠶᠢᠨ ᠬᠥᠮᠥᠨ ᠡᠶᠡᠳᠡᠭᠦᠯᠭᠡ ᠶᠢᠨ ᠪᠢᠴᠢᠭ ᠬᠢᠯᠭᠡᠬᠦ ᠪᠠᠷ | ᠭᠤᠶᠤᠴᠢᠯᠠᠭᠰᠠᠨ ᠪᠠᠶᠢᠪᠠᠯ᠂ ᠡᠶᠡᠳᠡᠭᠦᠯᠭᠡ ᠶᠢᠨ ᠪᠢᠴᠢᠭ ᠲᠤ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠪᠠ ᠲᠤᠬᠠᠢ ᠶᠢᠨ ᠬᠥᠮᠥᠨ ᠤ ᠪᠢᠴᠢᠭ ᠤᠨ ᠡᠶᠡᠳᠡᠬᠦ | ᠬᠡᠯᠡᠯᠴᠡᠭᠡᠷ ᠤᠨ ᠠᠭᠤᠯᠭ᠎ᠠ ᠶᠢ ᠲᠣᠳᠣᠷᠬᠠᠢ ᠪᠢᠴᠢᠵᠦ᠂ ᠬᠥᠨᠳᠡᠯᠡᠨ ᠠᠴᠠ ᠲᠠᠰᠤᠯᠤᠭᠴᠢ ᠭᠠᠷ ᠤᠨ ᠦᠰᠦᠭ ᠵᠢᠷᠤᠬᠤ ᠶᠢᠨ ᠬᠠᠮᠲᠤ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠵᠦᠪᠯᠡᠯ ᠤᠨ ᠲᠠᠮᠠᠭ᠎ᠠ ᠶᠢ ᠳᠠᠷᠤᠵᠤ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠳᠤ ᠬᠦᠷᠭᠡᠭᠰᠡᠨ ᠤ ᠲᠡᠷᠠᠭ᠎ᠠ ᠬᠠᠤᠯᠢ ᠶᠢᠨ | ᠬᠦᠴᠦᠨ ᠲᠠᠢ ᠪᠣᠯᠣᠨ᠎ᠠ᠃ ᠡᠶᠡᠳᠡᠭᠦᠯᠦᠭᠡᠳ ᠪᠦᠲᠦᠭᠰᠡᠨ ᠦᠭᠡᠢ ᠪᠠᠶᠢᠪᠡᠯ᠂ ᠬᠥᠨᠳᠡᠯᠡᠨ ᠠᠴᠠ ᠲᠠᠰᠤᠯᠬᠤ ᠲᠢᠩᠬᠢᠮ ᠨᠢ ᠬᠥᠨᠳᠡᠯᠡᠨ ᠠᠴᠠ ᠲᠠᠰᠤᠯᠬᠤ ᠠᠵᠢᠯ ᠤᠨ | ᠲᠠᠷᠠᠭᠠᠯᠠᠯ ᠢ ᠦᠷᠭᠦᠯᠵᠢᠯᠡᠨ ᠶᠠᠪᠤᠭᠳᠠᠭᠤᠯᠬᠤ ᠶᠢᠨ ᠬᠠᠮᠲᠤ ᠲᠣᠭᠲᠠᠭᠠᠯᠲᠠ ᠭᠠᠷᠭᠠᠬᠤ ᠬᠡᠷᠡᠭᠲᠡᠢ᠂ ᠶᠠᠮᠠᠷᠪᠠ ᠨᠢᠭᠡ ᠲᠠᠯ᠎ᠠ ᠶᠢᠨ ᠲᠤᠬᠠᠢ ᠶᠢᠨ ᠬᠥᠮᠥᠨ ᠨᠢ ᠴᠥᠮ | ᠲᠡᠭᠦᠨ ᠤ ᠳᠠᠷᠠᠭᠠᠬᠢ ᠬᠥᠨᠳᠡᠯᠡᠨ ᠠᠴᠠ ᠲᠠᠰᠤᠯᠬᠤ ᠠᠵᠢᠯ ᠤᠨ ᠲᠠᠷᠠᠭᠠᠯᠠᠯ᠂ ᠬᠠᠤᠯᠢ ᠴᠠᠭᠠᠵᠠ ᠶᠢᠨ ᠲᠠᠷᠠᠭᠠᠯᠠᠯ ᠵᠢᠴᠢ ᠪᠤᠰᠤᠳ ᠶᠠᠮᠠᠷᠪᠠ ᠲᠠᠷᠠᠭᠠᠯᠠᠯ ᠤᠨ ᠳᠤᠮᠳᠠ | ᠨᠦᠭᠦᠭᠡ ᠲᠠᠯ᠎ᠠ ᠶᠢᠨ ᠲᠤᠬᠠᠢ ᠶᠢᠨ ᠬᠥᠮᠥᠨ ᠪᠤᠶᠤ ᠬᠥᠨᠳᠡᠯᠡᠨ ᠠᠴᠠ ᠲᠠᠰᠤᠯᠬᠤ ᠲᠢᠩᠬᠢᠮ ᠤᠨ ᠡᠶᠡᠳᠡᠭᠦᠯᠬᠦ ᠶᠠᠪᠤᠴᠠ ᠳᠤ ᠳᠤᠷᠠᠳᠤᠭᠰᠠᠨ ᠰᠠᠨᠠᠯ᠂ ᠳᠤᠷᠠᠳᠤᠭᠰᠠᠨ | ᠦᠵᠡᠯᠲᠡ᠂ ᠭᠠᠷᠭᠠᠭᠰᠠᠨ ᠲᠣᠭᠠᠴᠢᠯᠲᠠ᠂ ᠵᠥᠪᠰᠢᠶᠡᠷᠡᠬᠦ ᠪᠤᠶᠤ ᠦᠭᠡᠶᠢᠰᠬᠡᠬᠦ ᠪᠠᠨ ᠢᠯᠡᠳᠬᠡᠭᠰᠡᠨ ᠰᠠᠨᠠᠭᠤᠯᠭ᠎ᠠ ᠪᠤᠶᠤ ᠵᠣᠷᠢᠯᠲᠠ ᠶᠢ ᠡᠰᠢ ᠲᠠᠲᠠᠵᠤ᠂ ᠲᠡᠭᠦᠨ ᠤ | ᠭᠤᠶᠤᠴᠢᠯᠠᠯ᠂ ᠬᠠᠷᠢᠭᠤ ᠮᠠᠷᠭᠤᠬᠤ ᠪᠤᠶᠤ ᠬᠡᠳᠡᠷᠬᠦ ᠭᠤᠶᠤᠴᠢᠯᠠᠬᠤ ᠶᠢᠨ ᠦᠨᠳᠦᠰᠦ ᠪᠠᠷᠢᠮᠲᠠ ᠪᠣᠯᠭᠠᠵᠤ ᠪᠣᠯᠬᠤ ᠦᠭᠡᠢ᠃ |