︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠳᠠ ᠶᠢ ᠠᠬᠢᠭᠤᠯᠬᠤ ᠲᠦᠷᠢᠮ︾ 1
ᠨᠡᠶᠢᠲᠡᠯᠡᠭᠰᠡᠨ ᠴᠠᠭ᠄
2025/1/6
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠳᠠ ᠶᠢ ᠠᠬᠢᠭᠤᠯᠬᠤ ᠲᠦᠷᠢᠮ ︵2023 ᠣᠨ ᠤ 7 ᠰᠠᠷ᠎ᠠ ᠶᠢᠨ 31 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ ᠬᠤᠷᠠᠯ ᠠᠴᠠ ᠪᠠᠲᠤᠯᠠᠪᠠ︶       ᠨᠢᠭᠡᠳᠦᠭᠡᠷ ᠪᠦᠯᠦᠭ ᠶᠡᠷᠦᠩᠬᠡᠶ ᠳᠦᠷᠢᠮ       ᠨᠢᠭᠡᠳᠦᠭᠡᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠢᠨᠠᠷ ᠰᠠᠶᠢᠲᠠᠶ ᠪᠦᠲᠦᠭᠡᠨ ᠪᠠᠶᠢᠭᠤᠯᠵᠤ᠂ ᠠᠮᠤ ᠪᠤᠳᠠᠭ᠎ᠠ ᠪᠣᠯᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠲᠣᠭᠲᠠᠭᠤᠨ ᠪᠥᠭᠡᠳ ᠠᠶᠤᠯ ᠦᠭᠡᠶ ᠬᠠᠩᠭᠠᠯᠭ᠎ᠠ ᠶᠢ ᠠᠬᠢᠭᠤᠯᠬᠤ ᠶᠢᠨ ᠲᠤᠰᠠᠳᠠ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠳᠦᠷᠢᠮ ᠢ ᠲᠣᠭᠲᠠᠭᠠᠪᠠ᠃       ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠬᠤ ᠠᠵᠢᠯ ᠵᠢᠴᠢ ᠬᠠᠮᠢᠶ᠎ᠠ ᠪᠦᠬᠦᠢ ᠠᠵᠢᠯᠯᠠᠭ᠎ᠠ ᠳᠤ ᠲᠤᠰ ᠳᠦᠷᠢᠮ ᠲᠣᠬᠢᠷᠠᠨ᠎ᠠ᠃       ᠭᠤᠷᠪᠠᠳᠤᠭᠠᠷ ᠵᠦᠢᠯ ᠤᠯᠤᠰ ᠠᠴᠠ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ ᠬᠦᠭᠵᠢᠯᠲᠡ ᠪᠠᠷ ᠤᠳᠤᠷᠢᠳᠤᠮᠵᠢ ᠪᠣᠯᠭᠠᠨ᠂ ᠲᠠᠷᠢᠶᠠᠯᠠᠩ ᠮᠠᠯ ᠠᠵᠤ ᠠᠬᠤᠶ᠂ ᠮᠠᠯᠵᠢᠬᠤ ᠲᠠᠷᠢᠶᠠᠯᠠᠬᠤ ᠣᠷᠣᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠢ ᠲᠦᠷᠭᠡᠳᠬᠡᠨ ᠪᠦᠲᠦᠭᠡᠨ ᠪᠠᠶᠢᠭᠤᠯᠵᠤ᠂ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠶ᠃       ᠳᠥᠷᠪᠡᠳᠦᠭᠡᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ᠂ ᠲᠠᠷᠢᠶᠠᠨ ᠭᠠᠵᠠᠷ ᠤᠨ ᠠᠮᠤ ᠪᠤᠳᠠᠭᠠᠨ ᠤ ᠤᠨᠠᠯᠲᠠ ᠶᠢ ᠪᠠᠲᠤᠯᠠᠬᠤ᠂ ᠰᠢᠨᠵᠢᠯᠡᠬᠦ ᠤᠬᠠᠭᠠᠨᠴᠢ ᠪᠠᠷ ᠲᠠᠷᠢᠶᠠᠨ ᠭᠠᠵᠠᠷ ᠤᠨ ᠡᠬᠢ ᠪᠠᠶᠠᠯᠢᠭ ᠢ ᠠᠰᠢᠭᠯᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠂ ᠦᠢᠯᠡᠳᠪᠦᠷᠢᠯᠡᠯ ᠤᠨ ᠠᠷᠭ᠎ᠠ ᠮᠠᠶ᠋ᠢᠭ᠂ ᠡᠬᠢ ᠪᠠᠶᠠᠯᠢᠭ ᠢ ᠠᠰᠢᠭᠯᠠᠬᠤ ᠠᠷᠭ᠎ᠠ ᠮᠠᠶ᠋ᠢᠭ᠂ ᠡᠵᠡᠩᠨᠡᠯᠲᠡ ᠶᠢᠨ ᠠᠷᠭ᠎ᠠ ᠮᠠᠶ᠋ᠢᠭ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠤᠰᠤ ᠠᠷᠪᠢᠯᠠᠬᠤ ᠲᠠᠷᠢᠶᠠᠯᠠᠩ᠂ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠡᠬᠢ ᠪᠠᠶᠠᠯᠢᠭ ᠤᠨ ᠲᠤᠭ᠎ᠠ ᠬᠡᠮᠵᠢᠶ᠎ᠡ ᠶᠢ ᠨᠡᠮᠡᠭᠳᠡᠬᠦᠯᠵᠦ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢ ᠨᠡᠮᠡᠭᠳᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠶ᠃       ᠲᠠᠪᠤᠳᠤᠭᠠᠷ ᠵᠦᠢᠯ ᠤᠯᠤᠰ ᠠᠴᠠ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ᠂ ᠲᠠᠷᠢᠬᠤ ᠳᠤ ᠲᠣᠬᠢᠷᠠᠬᠤ ᠶᠢ ᠨᠢ ᠲᠠᠷᠢᠵᠤ᠂ ᠲᠡᠵᠢᠭᠡᠬᠦ ᠳᠤ ᠲᠣᠬᠢᠷᠠᠬᠤ ᠶᠢ ᠨᠢ ᠲᠡᠵᠢᠭᠡᠵᠦ᠂ ᠲᠤᠰ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠪᠠᠶᠢᠷᠢᠰᠢᠭᠤᠯᠤᠯᠲᠠ ᠪᠠ ᠦᠢᠯᠡᠳᠪᠦᠷᠢᠯᠡᠯ ᠤᠨ ᠪᠦᠲᠦᠴᠡ ᠪᠠᠨ ᠰᠢᠯᠢᠳᠡᠭᠵᠢᠭᠦᠯᠬᠦ ᠬᠡᠷᠡᠭᠲᠡᠶ᠃       ᠵᠢᠷᠭᠤᠳᠤᠭᠠᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠢᠶᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠠᠵᠢᠯ ᠤᠨ ᠲᠣᠭᠲᠠᠴᠠ ᠶᠢ ᠬᠡᠷᠡᠭᠵᠢᠭᠦᠯᠬᠦ ᠬᠡᠷᠡᠭᠲᠡᠶ᠃       ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠵᠣᠬᠢᠴᠠᠭᠤᠯᠬᠤ ᠪᠠᠶᠢᠭᠤᠯᠤᠮᠵᠢ ᠶᠢ ᠪᠠᠶᠢᠭᠤᠯᠤᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠵᠢᠯᠣᠭᠤᠳᠤᠨ ᠠᠬᠢᠭᠤᠯᠬᠤ᠂ ᠰᠢᠮᠳᠠᠭᠤᠯᠤᠨ ᠨᠠᠶᠢᠳᠠᠪᠤᠷᠢᠵᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠬᠠᠷᠢᠭᠤᠴᠠᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠪᠠ ᠭᠤᠣᠯᠳᠠᠯᠭ᠎ᠠ ᠲᠠᠢ ᠵᠦᠢᠯᠡᠰ ᠢ ᠰᠤᠳᠤᠯᠤᠨ ᠰᠢᠢᠳᠪᠦᠷᠢᠯᠡᠨ᠎ᠡ᠃       ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠬᠤ ᠠᠵᠢᠯ ᠢ ᠬᠠᠷᠢᠭᠤᠴᠠᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠵᠢᠯᠣᠭᠤᠳᠬᠤ ᠦᠢᠯᠡᠴᠢᠯᠡᠭᠡ ᠪᠣᠯᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠥᠭᠡᠷᠡᠴᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠤᠰᠤᠨ ᠤ ᠵᠠᠰᠠᠭ ᠵᠠᠬᠢᠷᠭᠠᠨ᠂ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠶ ᠰᠢᠭᠤᠶ ᠪᠠ ᠨᠤᠲᠤᠭ ᠪᠡᠯᠴᠢᠭᠡᠷ᠂ ᠮᠥᠩᠭᠦᠨ ᠭᠦᠢᠯᠭᠡᠭᠡᠨ ᠤ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠬᠠᠮᠢᠶ᠎ᠠ ᠪᠥᠬᠦᠶ ᠠᠵᠢᠯ ᠢ ᠬᠠᠤᠯᠢ ᠶᠣᠰᠣᠭᠠᠷ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃       ᠶᠢᠰᠦᠳᠦᠭᠡᠷ ᠵᠦᠢᠯ ᠤᠯᠤᠰ ᠠᠴᠠ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠮᠠᠯᠴᠢᠨ ᠲᠠᠷᠢᠶᠠᠴᠢᠨ ᠤ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠬᠦᠨᠳᠦᠳᠬᠡᠨ᠂ ᠮᠠᠯᠴᠢᠨ ᠲᠠᠷᠢᠶᠠᠴᠢᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠮᠠᠯᠴᠢᠨ ᠲᠠᠷᠢᠶᠠᠴᠢᠨ ᠤ ᠦᠷᠭᠦᠯᠵᠢᠯᠡᠨ ᠲᠣᠭᠲᠠᠭᠤᠨ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠂ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠵᠣᠷᠢᠭᠵᠢᠭᠤᠯᠤᠨ ᠳᠡᠮᠵᠢᠵᠦ ᠪᠠᠶᠢᠭᠠᠳ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠬᠡᠷᠡᠭᠲᠡᠶ᠃       ᠬᠤᠶᠠᠳᠤᠭᠠᠷ ᠪᠦᠯᠦᠭ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ       ᠠᠷᠪᠠᠳᠤᠭᠠᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠳᠠ ᠠᠰᠢᠭᠯᠠᠯᠲᠠ ᠶᠢ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠬᠦᠭᠡᠷᠤᠮᠵᠢ ᠶᠢ ᠪᠠᠬᠢᠵᠢᠭᠦᠯᠦᠨ ᠰᠠᠶᠢᠵᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮᠵᠢ ᠶᠢ ᠪᠦᠷᠢᠨ ᠪᠣᠯᠭᠠᠨ᠂ ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠶ᠃       ᠠᠷᠪᠠᠨ ᠨᠢᠭᠡᠳᠦᠭᠡᠷ ᠵᠦᠢᠯ ᠤᠯᠤᠰ ᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ᠂ ᠭᠠᠵᠠᠷ ᠰᠢᠷᠣᠢ ᠶᠢᠨ ᠬᠡᠷᠡᠭᠯᠡᠯᠲᠡ ᠶᠢᠨ ᠬᠠᠮᠢᠶᠠᠷᠤᠯᠳᠠ ᠶᠢᠨ ᠳᠦᠷᠢᠮ ᠪᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠲᠦᠯᠦᠪᠦᠷᠢ ᠥᠭᠬᠦ ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠵᠤ᠂ ᠲᠠᠷᠢᠶᠠᠨ ᠭᠠᠵᠠᠷ ᠢ ᠣᠶᠢᠲᠤ ᠭᠠᠵᠠᠷ᠂ ᠡᠪᠡᠰᠦᠲᠦ ᠭᠠᠵᠠᠷ᠂ ᠴᠡᠴᠡᠷᠯᠢᠭ ᠵᠡᠷᠭᠡ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ᠃       ᠠᠷᠪᠠᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠡᠭᠤᠯᠦᠠ ᠡᠭᠡᠯᠵᠢᠯᠡᠨ ᠲᠡᠷᠢᠵᠦ ᠥᠨᠵᠢᠭᠦᠯᠦᠨ ᠲᠠᠷᠢᠬᠤ ᠶᠢ ᠬᠦᠳᠦᠯᠦᠠ ᠵᠢᠯᠣᠭᠤᠳᠴᠤ᠂ ᠬᠥᠷᠥᠰᠥ ᠰᠢᠷᠣᠢ ᠶᠢ ᠰᠠᠶᠢᠵᠢᠷᠠᠭᠤᠯᠤᠨ᠂ ᠲᠠᠷᠢᠶᠠᠨ ᠭᠠᠵᠠᠷ ᠤᠨ ᠬᠦᠴᠦ ᠰᠢᠮ᠎ᠡ ᠶᠢ ᠳᠡᠭᠡᠭᠰᠢᠯᠡᠭᠦᠯᠵᠦ᠂ ᠤᠰᠤ ᠵᠠᠯᠠᠬᠤ ᠪᠠᠷᠢᠯᠭ᠎ᠠ ᠶᠢᠨ ᠲᠥᠬᠦᠭᠡᠷᠦᠮᠵᠢ ᠶᠢ ᠬᠠᠮᠠᠭᠠᠯᠠᠨ᠂ ᠭᠠᠵᠠᠷ ᠰᠢᠷᠣᠢ ᠶᠢᠨ ᠡᠯᠡᠰᠦᠵᠢᠬᠦ᠂ ᠬᠤᠵᠢᠷᠰᠢᠬᠤ᠂ ᠬᠥᠷᠥᠰᠥ ᠰᠢᠷᠣᠢ ᠢᠳᠡᠭᠳᠡᠬᠦ ᠪᠠ ᠬᠥᠷᠥᠰᠥ ᠰᠢᠷᠣᠢ ᠶᠢᠨ ᠪᠣᠬᠢᠷᠲᠤᠬᠤ ᠶᠢ ᠰᠡᠷᠭᠡᠶᠢᠯᠡᠬᠦ ᠬᠡᠷᠡᠭᠲᠡᠢ᠃       ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠠᠯᠢ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠣᠰ ᠵᠠᠰᠠᠭ ᠵᠠᠬᠢᠷᠭᠠᠨ ᠤ ᠣᠷᠣᠨ ᠤ ᠪᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠵᠤ᠂ ᠣᠷᠣᠨ ᠪᠦᠰᠡ᠂ ᠲᠥᠷᠥᠯ ᠬᠡᠯᠪᠡᠷᠢ ᠬᠤᠪᠢᠶᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠵᠢᠴᠢ ᠲᠣᠭᠲᠠᠭᠰᠠᠨ ᠨᠣᠷᠮ᠎ᠠ ᠶᠢ ᠲᠣᠭᠲᠠᠭᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠲᠡᠭᠦᠯᠳᠡᠷᠵᠢᠭᠦᠯᠵᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠪᠣᠯᠤᠨ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ ᠨᠢᠭᠡᠳᠦᠯᠲᠡᠶ ᠵᠢᠷᠤᠮᠵᠢᠭᠤᠯᠤᠨ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠠᠯᠬᠤᠮ ᠠᠯᠬᠤᠮ ᠢᠶᠠᠷ ᠪᠥᠲᠥᠭᠡᠨ ᠪᠠᠶᠢᠭᠤᠯᠬᠤ ᠬᠡᠷᠡᠭᠲᠡᠶ᠃       ᠠᠷᠪᠠᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ᠂ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠬᠠᠭᠠᠯᠪᠤᠷᠢᠯᠠᠬᠤ ᠳᠠᠪᠬᠤᠷᠭ᠎ᠠ ᠶᠢᠨ ᠵᠤᠵᠠᠭᠠᠨ ᠤ ᠬᠡᠮᠵᠢᠶ᠎ᠡ ᠪᠠ ᠣᠷᠭᠠᠨᠢᠭ ᠪᠣᠳᠠᠰ ᠤᠨ ᠠᠭᠤᠯᠤᠭᠳᠠᠴᠠ ᠶᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ᠂ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠦᠢᠯᠡᠳᠪᠦᠷᠢᠯᠡᠬᠦ ᠴᠢᠳᠠᠪᠤᠷᠢ ᠶᠢ ᠬᠠᠮᠠᠭᠠᠯᠠᠨ᠂ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢ ᠪᠠᠭᠠᠰᠬᠠᠬᠤ ᠦᠭᠡᠶ ᠪᠠᠶᠢᠬᠤ᠂ ᠴᠢᠳᠠᠮᠵᠢ ᠶᠢ ᠮᠠᠭᠤᠳᠠᠭᠤᠯᠬᠤ ᠦᠭᠡᠶ ᠪᠠᠶᠢᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠭᠦᠯᠬᠦ ᠶᠢ ᠦᠨᠡᠨᠬᠦ ᠪᠠᠲᠤᠯᠠᠨ᠎ᠠ᠃       ᠠᠷᠪᠠᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠬᠤᠵᠢᠷᠯᠢᠭ ᠭᠠᠵᠠᠷ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠥᠷᠨᠢᠭᠦᠯᠵᠦ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ ᠶᠢ ᠵᠦᠶ ᠵᠣᠬᠢᠰᠲᠠᠶ ᠨᠠᠶᠢᠷᠠᠭᠤᠯᠤᠨ ᠵᠣᠬᠢᠶᠠᠵᠤ ᠂ ᠬᠤᠵᠢᠷᠯᠢᠭ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠤᠵᠢᠷᠯᠢᠭ ᠭᠠᠵᠠᠷ ᠤᠨ ᠲᠠᠷᠢᠮᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠪᠠᠨ ᠴᠢᠩᠭᠠᠳᠬᠠᠵᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ