︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠬᠠᠤᠯᠢ︾ ︵2001 ᠣᠨ ᠤ 8 | ᠰᠠᠷ᠎ᠠ ᠶᠢᠨ 31 ᠤ ᠡᠳᠦᠷ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠤᠷᠢᠨ ᠭᠤᠷᠪᠠᠳᠤᠭᠠᠷ ᠬᠤᠷᠠᠯᠳᠤᠭᠠᠨ ᠠᠴᠠ ᠪᠠᠲᠤᠯᠠᠪᠠ︶ ᠭᠠᠷᠴᠠᠭ ᠨᠢᠭᠡᠳᠦᠭᠡᠷ ᠪᠦᠯᠦᠭ ᠶᠡᠷᠦᠩᠬᠡᠢ ᠲᠦᠷᠢᠮ ᠬᠤᠶᠠᠳᠤᠭᠠᠷ ᠪᠦᠯᠦᠭ ᠡᠯᠡᠰᠦᠷᠬᠡᠭᠵᠢᠬᠦ ᠶᠢ | ᠰᠡᠷᠭᠡᠶᠢᠯᠡᠵᠦ ᠡᠯᠡᠰᠦ ᠶᠢ ᠵᠠᠰᠠᠬᠤ ᠲᠥᠯᠥᠪᠵᠢᠭᠦᠯᠭᠡ ᠭᠤᠷᠪᠠᠳᠤᠭᠠᠷ ᠪᠦᠯᠦᠭ ᠭᠠᠵᠠᠷ ᠰᠢᠷᠣᠢ ᠶᠢᠨ ᠡᠯᠡᠰᠦᠵᠢᠬᠦ ᠶᠢ ᠤᠷᠢᠳᠴᠢᠯᠠᠨ ᠰᠡᠷᠭᠡᠶᠢᠯᠡᠬᠦ ᠳᠥᠷᠪᠡᠳᠦᠭᠡᠷ | ᠪᠦᠯᠦᠭ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠲᠠᠪᠤᠳᠤᠭᠠᠷ ᠪᠦᠯᠦᠭ ᠪᠠᠲᠤᠯᠠᠬᠤ ᠠᠷᠭ᠎ᠠ ᠬᠡᠮᠵᠢᠶ᠎ᠡ ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠦᠢᠯ ᠭᠠᠵᠠᠷ ᠰᠢᠷᠣᠢ ᠶᠢᠨ ᠡᠯᠡᠰᠦᠵᠢᠬᠦ ᠶᠢ ᠤᠷᠢᠳᠴᠢᠯᠠᠨ ᠰᠡᠷᠭᠡᠶᠢᠯᠡᠵᠦ᠂ ᠡᠯᠡᠰᠦᠵᠢᠭᠰᠡᠨ ᠭᠠᠵᠠᠷ ᠰᠢᠷᠣᠢ ᠶᠢ ᠵᠠᠰᠠᠵᠤ᠂ ᠠᠮᠢ ᠠᠬᠤᠢ ᠶᠢᠨ | ᠠᠮᠤᠷ ᠲᠦᠪᠰᠢᠨ ᠢ ᠬᠠᠮᠠᠭᠠᠯᠠᠨ᠂ ᠠᠵᠤ ᠠᠬᠤᠢ ᠪᠠ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢᠨ ᠲᠥᠯᠥᠭᠡ ᠲᠤᠰ ᠬᠠᠤᠯᠢ ᠶᠢ ᠲᠣᠭᠲᠠᠭᠠᠪᠠ᠃ | ᠬᠤᠶᠠᠳᠤᠭᠠᠷ ᠵᠦᠢᠯ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷ᠎ᠠ᠂ ᠭᠠᠵᠠᠷ ᠰᠢᠷᠣᠢ ᠶᠢᠨ ᠡᠯᠡᠰᠦᠵᠢᠬᠦ ᠶᠢ ᠤᠷᠢᠳᠴᠢᠯᠠᠨ | ᠰᠡᠷᠭᠡᠶᠢᠯᠡᠬᠦ᠂ ᠡᠯᠡᠰᠦᠵᠢᠭᠰᠡᠨ ᠭᠠᠵᠠᠷ ᠰᠢᠷᠣᠢ ᠶᠢ ᠵᠠᠰᠠᠬᠤ ᠪᠠ ᠨᠡᠭᠡᠭᠡᠨ ᠠᠰᠢᠭᠯᠠᠬᠤ ᠠᠵᠢᠯᠯᠠᠭ᠎ᠠ ᠬᠢᠬᠦ ᠳᠤ ᠡᠷᠬᠡᠪᠰᠢ ᠲᠤᠰ ᠬᠠᠤᠯᠢ ᠶᠢ ᠵᠢᠷᠤᠮᠯᠠᠬᠤ ᠬᠡᠷᠡᠭᠲᠡᠢ᠃ | ᠭᠠᠵᠠᠷ ᠰᠢᠷᠣᠢ ᠶᠢᠨ ᠡᠯᠡᠰᠦᠵᠢᠬᠦ ᠭᠡᠳᠡᠭ ᠪᠣᠯ ᠠᠭᠤᠷ ᠠᠮᠢᠰᠬᠤᠯ ᠤᠨ ᠬᠤᠪᠢᠷᠠᠯᠲᠠ ᠪᠠ ᠬᠥᠮᠦᠨ ᠲᠥᠷᠥᠯᠬᠢᠲᠡᠨ ᠤ ᠠᠵᠢᠯᠯᠠᠭ᠎ᠠ ᠠᠴᠠ ᠪᠣᠯᠤᠭᠰᠠᠨ ᠪᠠᠶᠢᠭᠠᠯᠢ ᠶᠢᠨ | ᠡᠯᠡᠰᠦ ᠮᠠᠩᠬ᠎ᠠ ᠶᠢᠨ ᠲᠡᠯᠡᠭᠳᠡᠬᠦ ᠪᠠ ᠡᠯᠡᠰᠦᠷᠬᠡᠭ ᠬᠥᠷᠥᠰᠥᠨ ᠳᠡᠭᠡᠷᠡᠬᠢ ᠤᠷᠭᠤᠮᠠᠯ ᠤᠨ ᠬᠤᠴᠢᠯᠭ᠎ᠠ ᠡᠪᠳᠡᠭᠳᠡᠬᠦ᠂ ᠮᠠᠩᠬᠠᠵᠢᠬᠤ ᠶᠠᠪᠤᠴᠠ ᠶᠢ ᠵᠢᠭᠠᠵᠤ ᠪᠠᠶᠢᠨ᠎ᠠ᠃ | ᠲᠤᠰ ᠬᠠᠤᠯᠢ ᠳᠤ ᠬᠡᠯᠡᠵᠦ ᠪᠠᠶᠢᠭ᠎ᠠ ᠭᠠᠵᠠᠷ ᠰᠢᠷᠣᠢ ᠶᠢᠨ ᠡᠯᠡᠰᠦᠵᠢᠬᠦ ᠭᠡᠳᠡᠭ ᠪᠣᠯ ᠭᠤᠣᠯᠳᠠᠭᠤ ᠬᠥᠮᠦᠨ ᠲᠥᠷᠥᠯᠬᠢᠲᠡᠨ ᠤ ᠵᠦᠢ ᠵᠤᠬᠢᠰ ᠤᠢᠭᠡᠢ ᠠᠵᠢᠯᠯᠠᠭ᠎ᠠ ᠠᠴᠠ | ᠪᠣᠯᠤᠭᠰᠠᠨ ᠪᠠᠶᠢᠭᠠᠯᠢ ᠶᠢᠨ ᠡᠯᠡᠰᠦ ᠮᠠᠩᠬ᠎ᠠ ᠶᠢᠨ ᠲᠡᠯᠡᠭᠳᠡᠯ ᠪᠠ ᠡᠯᠡᠰᠦᠷᠬᠡᠭ ᠬᠥᠷᠥᠰᠥᠨ ᠳᠡᠭᠡᠷᠡᠬᠢ ᠤᠷᠭᠤᠮᠠᠯ ᠤᠨ ᠬᠤᠴᠢᠯᠭ᠎ᠠ ᠵᠢᠴᠢ ᠪᠦᠷᠬᠦᠴᠡ ᠨᠢ ᠡᠪᠳᠡᠭᠳᠡᠵᠦ᠂ | ᠨᠡᠭᠦᠳᠡᠯ ᠡᠯᠡᠰᠦ ᠪᠤᠢ ᠪᠣᠯᠬᠤ ᠵᠢᠴᠢ ᠮᠠᠩᠬᠠᠵᠢᠬᠤ ᠶᠠᠪᠤᠴᠠ ᠶᠢ ᠵᠢᠭᠠᠵᠤ ᠪᠠᠶᠢᠨ᠎ᠠ᠃ ᠲᠤᠰ ᠬᠠᠤᠯᠢ ᠳᠤ ᠬᠡᠯᠡᠵᠦ ᠪᠠᠶᠢᠭ᠎ᠠ ᠡᠯᠡᠰᠦᠵᠢᠭᠰᠡᠨ ᠭᠠᠵᠠᠷ ᠰᠢᠷᠣᠢ ᠭᠡᠳᠡᠭ ᠲᠤ | ᠨᠢᠭᠡᠨᠲᠡ ᠡᠯᠡᠰᠦᠵᠢᠭᠰᠡᠨ ᠭᠠᠵᠠᠷ ᠰᠢᠷᠣᠢ ᠪᠠ ᠢᠯᠡᠳᠲᠡ ᠡᠯᠡᠰᠦᠵᠢᠬᠦ ᠬᠠᠨᠳᠤᠰᠢ ᠲᠠᠢ ᠪᠣᠯᠤᠭᠰᠠᠨ ᠭᠠᠵᠠᠷ ᠰᠢᠷᠣᠢ ᠪᠠᠭᠲᠠᠨ᠎ᠠ᠃ ᠪᠣᠳᠠᠲᠠᠢ ᠬᠡᠪᠴᠢᠶ᠎ᠡ ᠶᠢ ᠲᠦᠷᠦ ᠶᠢᠨ | ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ᠪᠦᠬᠦ ᠤᠯᠤᠰ ᠤᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠥᠯᠥᠪᠵᠢᠭᠦᠯᠭᠡ ᠪᠠᠷ ᠲᠣᠭᠲᠠᠭᠠᠨ᠎ᠠ᠃ | ᠭᠤᠷᠪᠠᠳᠤᠭᠠᠷ ᠵᠦᠢᠯ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯ ᠳᠤ ᠳᠤᠤᠷᠠᠬᠢ ᠵᠠᠷᠴᠢᠮ ᠢ ᠵᠢᠷᠤᠮᠯᠠᠬᠤ ᠬᠡᠷᠡᠭᠲᠡᠶ᠄ ︵ᠨᠢᠭᠡ︶ | ᠨᠢᠭᠡᠳᠦᠯᠲᠡᠶ ᠲᠥᠯᠥᠪᠵᠢᠭᠦᠯᠦᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠠᠯᠬᠤᠮ ᠬᠤᠪᠢᠶᠠᠨ ᠶᠠᠪᠤᠭᠳᠠᠭᠤᠯᠵᠤ᠂ ᠣᠷᠣᠨ ᠪᠦᠰᠡ ᠶᠢᠨ | ᠰᠡᠷᠭᠡᠶᠢᠯᠡᠨ ᠵᠠᠰᠠᠬᠤ ᠬᠢᠭᠡᠳ ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠶ︔ ︵ᠬᠤᠶᠠᠷ︶ ᠰᠡᠷᠭᠡᠶᠢᠯᠡᠬᠦ ᠪᠠᠷ | ᠭᠤᠣᠯ ᠪᠣᠯᠭᠠᠵᠤ᠂ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠤᠨ᠂ ᠶᠡᠷᠦᠩᠬᠡᠶᠢᠯᠡᠨ ᠵᠠᠰᠠᠬᠤ ᠬᠡᠷᠡᠭᠲᠡᠶ︔ ︵ᠭᠤᠷᠪᠠ︶ ᠤᠷᠭᠤᠮᠠᠯ ᠤᠨ ᠬᠤᠴᠢᠯᠭ᠎ᠠ ᠶᠢ ᠬᠠᠮᠠᠭᠠᠯᠠᠨ | ᠰᠡᠷᠭᠦᠭᠡᠬᠦ ᠬᠢᠭᠡᠳ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠶᠢ ᠤᠶᠠᠯᠳᠤᠭᠤᠯᠬᠤ︔ ︵ᠳᠥᠷᠪᠡ︶ ᠠᠮᠢ ᠠᠬᠤᠶ ᠶᠢᠨ ᠵᠢᠮ᠎ᠡ ᠶᠣᠰᠣ ᠶᠢ | ᠵᠢᠷᠤᠮᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠳᠤ ᠲᠦᠰᠢᠭᠯᠡᠨ᠎ᠡ︔ ︵ᠲᠠᠪᠤ︶ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠬᠢᠭᠡᠳ | ᠲᠠᠷᠢᠶᠠᠴᠢᠨ ᠮᠠᠯᠴᠢᠳ ᠢ ᠬᠠᠪᠰᠤᠷᠤᠨ ᠶᠠᠳᠠᠭᠤ ᠠᠴᠠ ᠨᠢ ᠠᠩᠭᠢᠵᠢᠷᠠᠭᠤᠯᠤᠨ ᠪᠠᠶᠠᠵᠢᠭᠤᠯᠬᠤ ᠶᠢ ᠬᠠᠷᠢᠯᠴᠠᠨ ᠤᠶᠠᠯᠳᠤᠭᠤᠯᠬᠤ ᠬᠡᠷᠡᠭᠲᠡᠶ︔ ︵ᠵᠢᠷᠭᠤᠭ᠎ᠠ︶ | ᠤᠯᠤᠰ ᠠᠴᠠ ᠳᠡᠮᠵᠢᠬᠦ ᠪᠠ ᠣᠷᠣᠨ ᠨᠤᠲᠤᠭ ᠤᠨ ᠥᠪᠡᠷ ᠤᠨ ᠬᠦᠴᠦ ᠪᠠᠷ ᠢᠶᠠᠨ ᠳᠡᠭᠵᠢᠷᠡᠬᠦ ᠶᠢ ᠤᠶᠠᠯᠳᠤᠭᠤᠯᠵᠤ᠂ ᠵᠠᠰᠠᠭ ᠤᠨ ᠣᠷᠳᠣᠨ ᠠᠴᠠ ᠵᠣᠬᠢᠶᠠᠨ | ᠪᠠᠶᠢᠭᠤᠯᠬᠤ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠣᠷᠣᠯᠴᠠᠬᠤ ᠶᠢ ᠤᠶᠠᠯᠳᠤᠭᠤᠯᠵᠤ᠂ ᠨᠢᠭᠡᠴᠢ᠂ ᠬᠤᠪᠢ ᠬᠥᠮᠦᠨ ᠤ ᠳᠠᠭᠠᠭᠠᠴᠢᠯᠠᠨ ᠠᠪᠴᠤ ᠰᠡᠷᠭᠡᠶᠢᠯᠡᠨ | ᠵᠠᠰᠠᠬᠤ ᠶᠢ ᠵᠣᠷᠢᠭᠵᠢᠭᠤᠯᠤᠨ᠎ᠠ︔ ︵ᠳᠣᠯᠤᠭ᠎ᠠ︶ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠭᠴᠢᠳ ᠤᠨ ᠬᠠᠤᠯᠢ ᠶᠣᠰᠣᠨ ᠤ ᠡᠷᠬᠡ ᠠᠰᠢᠭ ᠢ | ᠪᠠᠲᠤᠯᠠᠬᠤ ᠬᠡᠷᠡᠭᠲᠡᠶ᠃ | ᠳᠥᠷᠪᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠡᠯᠡᠰᠦᠵᠢᠭᠰᠡᠨ ᠭᠠᠵᠠᠷ ᠰᠢᠷᠣᠢ ᠶᠢᠨ ᠣᠷᠣᠰᠢᠵᠤ ᠪᠠᠶᠢᠭ᠎ᠠ ᠭᠠᠵᠠᠷ ᠣᠷᠣᠨ ᠤ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡᠨ ᠳᠡᠭᠡᠨ ᠣᠷᠣᠭᠤᠯᠵᠤ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ | ᠠᠵᠢᠯ ᠤᠨ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠡᠯᠡᠰᠦᠵᠢᠭᠰᠡᠨ ᠭᠠᠵᠠᠷ ᠰᠢᠷᠣᠢ ᠶᠢᠨ ᠣᠷᠣᠰᠢᠵᠤ ᠪᠠᠶᠢᠭ᠎ᠠ ᠭᠠᠵᠠᠷ ᠣᠷᠣᠨ ᠤ ᠣᠷᠣᠨ ᠨᠤᠲᠤᠭ ᠤᠨ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠭᠠᠵᠠᠷ ᠰᠢᠷᠣᠢ ᠶᠢᠨ ᠡᠯᠡᠰᠦᠵᠢᠬᠦ ᠶᠢ ᠤᠷᠢᠳᠴᠢᠯᠠᠨ ᠰᠡᠷᠭᠡᠶᠢᠯᠡᠵᠦ᠂ | ᠡᠯᠡᠰᠦᠵᠢᠭᠰᠡᠨ ᠭᠠᠵᠠᠷ ᠰᠢᠷᠣᠢ ᠶᠢ ᠵᠠᠰᠠᠵᠤ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠠᠮᠢ ᠠᠬᠤᠢ ᠶᠢᠨ ᠶᠠᠰᠤ ᠴᠢᠨᠠᠷ ᠢ ᠬᠠᠮᠠᠭᠠᠯᠠᠨ ᠰᠠᠶᠢᠵᠢᠷᠠᠭᠤᠯᠬᠤ ᠬᠡᠷᠡᠭᠲᠡᠢ᠃ | ᠤᠯᠤᠰ ᠠᠴᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠪᠠᠶᠢᠭ᠎ᠠ ᠭᠠᠵᠠᠷ ᠣᠷᠣᠨ ᠳᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠤᠳᠤᠷᠢᠳᠤᠯᠭ᠎ᠠ ᠶᠢᠨ | ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠲᠤᠰᠢᠶᠠᠯ ᠤᠨ ᠬᠤᠭᠤᠴᠠᠭᠠᠨ ᠤ ᠬᠠᠷᠠᠯᠲᠠᠲᠤ ᠬᠠᠷᠢᠭᠤᠴᠠᠯᠭ᠎ᠠ ᠶᠢ ᠬᠢᠨᠠᠨ ᠰᠢᠯᠭᠠᠵᠤ ᠱᠠᠩᠨᠠᠵᠤ ᠲᠣᠷᠭᠠᠬᠤ | ᠳᠦᠷᠢᠮ ᠢ ᠪᠠᠶᠢᠭᠤᠯᠤᠨ᠎ᠠ᠃ ᠡᠯᠡᠰᠦᠵᠢᠭᠰᠡᠨ ᠭᠠᠵᠠᠷ ᠰᠢᠷᠣᠢ ᠶᠢᠨ ᠣᠷᠣᠰᠢᠵᠤ ᠪᠠᠶᠢᠭ᠎ᠠ ᠭᠠᠵᠠᠷ ᠣᠷᠣᠨ ᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠳᠤ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠠᠵᠢᠯ ᠤᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ | ᠲᠠᠪᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠤᠳᠤᠷᠢᠳᠤᠯᠭ᠎ᠠ ᠶᠢᠨ ᠳᠣᠣᠷ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠤᠢ ᠰᠢᠭᠤᠢ ᠶᠢᠨ | ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠪᠦᠬᠦ ᠤᠯᠤᠰ ᠤᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠬᠠᠷᠢᠭᠤᠴᠠᠨ | ᠵᠣᠬᠢᠶᠠᠨ ᠪᠠᠶᠢᠭᠤᠯᠵᠤ᠂ ᠵᠣᠬᠢᠴᠠᠭᠤᠯᠵᠤ᠂ ᠵᠢᠯᠣᠭᠤᠳᠤᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠤᠢ ᠰᠢᠭᠤᠢ᠂ ᠲᠠᠷᠢᠶᠠᠯᠠᠩ᠂ ᠤᠰᠦᠠ ᠠᠰᠢᠭᠯᠠᠯᠲᠠ᠂ | ᠭᠠᠵᠠᠷ ᠰᠢᠷᠣᠢ᠂ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠣᠯᠤᠨ ᠴᠠᠭ ᠠᠭᠤᠷ ᠤᠨ ᠠᠵᠢᠯ ᠢ | ᠡᠷᠬᠢᠯᠡᠠ ᠬᠠᠮᠢᠶᠠᠷᠬᠤ ᠪᠠᠶᠢᠭᠤᠯᠤᠮᠵᠢ ᠨᠤᠭᠤᠳ ᠬᠤᠯᠪᠣᠭᠳᠠᠯ ᠪᠦᠬᠦᠢ ᠬᠠᠤᠯᠢ ᠴᠠᠭᠠᠵᠠ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠣᠯᠤᠨ ᠲᠦᠷᠦ ᠶᠢᠨ | ᠶᠠᠪᠤᠳᠠᠯ ᠤᠨ ᠬᠤᠷᠢᠶᠠᠨ ᠠᠴᠠ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠤᠰ ᠲᠤᠰ ᠤᠨ ᠬᠠᠷᠢᠭᠤᠴᠠᠯᠭ᠎ᠠ ᠪᠠᠨ | ᠡᠭᠦᠷᠭᠡᠯᠡᠵᠦ᠂ ᠨᠢᠭᠲᠠ ᠬᠠᠮᠵᠢᠯᠴᠠᠨ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠥᠪᠡᠷ ᠤᠨ ᠬᠠᠷᠢᠶᠠᠨ ᠳᠠᠬᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠤᠨ ᠤᠳᠤᠷᠢᠳᠴᠤ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ | ᠨᠢᠭᠲᠠ ᠬᠠᠮᠵᠢᠯᠴᠠᠵᠤ ᠪᠠᠶᠢᠭᠠᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠬᠠᠮᠲᠤ ᠪᠠᠷ | ᠰᠠᠶᠢᠲᠤᠷ ᠬᠢᠨ᠎ᠡ᠃ | ᠵᠢᠷᠭᠤᠳᠤᠭᠠᠷ ᠵᠦᠢᠯ ᠭᠠᠵᠠᠷ ᠰᠢᠷᠣᠢ ᠶᠢ ᠬᠡᠷᠡᠭᠯᠡᠬᠦ ᠨᠢᠭᠡᠴᠢ ᠪᠠ ᠬᠤᠪᠢ ᠬᠥᠮᠦᠨ ᠲᠤᠰ ᠭᠠᠵᠠᠷ ᠰᠢᠷᠣᠢ ᠶᠢᠨ ᠡᠯᠡᠰᠦᠵᠢᠬᠦ ᠶᠢ ᠰᠡᠷᠭᠡᠶᠢᠯᠡᠨ ᠵᠣᠭᠰᠣᠭᠠᠬᠤ | ᠡᠭᠦᠷᠭᠡ ᠲᠠᠢ᠃ ᠨᠢᠭᠡᠨᠲᠡ ᠡᠯᠡᠰᠦᠵᠢᠭᠰᠡᠨ ᠭᠠᠵᠠᠷ ᠰᠢᠷᠣᠢ ᠶᠢ ᠬᠡᠷᠡᠭᠯᠡᠭᠰᠡᠨ ᠨᠢᠭᠡᠴᠢ ᠪᠠ ᠬᠤᠪᠢ ᠬᠥᠮᠦᠨ ᠲᠤᠰ ᠡᠯᠡᠰᠦᠵᠢᠭᠰᠡᠨ ᠭᠠᠵᠠᠷ ᠰᠢᠷᠣᠢ ᠶᠢ ᠵᠠᠰᠠᠬᠤ | ᠡᠭᠦᠷᠭᠡ ᠲᠠᠢ᠃ | ᠳᠣᠯᠣᠳᠤᠭᠠᠷ ᠵᠦᠢᠯ ᠤᠯᠤᠰ ᠠᠴᠠ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠪᠠ ᠲᠧᠭᠨᠢᠭ | ᠮᠡᠷᠭᠡᠵᠢᠯ ᠢ ᠳᠡᠯᠭᠡᠷᠡᠭᠦᠯᠬᠦ ᠠᠵᠢᠯ ᠢ ᠲᠡᠮᠵᠢᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠠᠯᠠᠭ᠎ᠠ ᠮᠥᠴᠢᠷ᠂ ᠪᠠᠶᠢᠭᠤᠯᠤᠮᠵᠢ ᠶᠢᠨ ᠡᠯᠡᠰᠦᠷᠬᠡᠭᠵᠢᠬᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠠᠵᠢᠯ ᠤᠨ ᠳᠤᠮᠳᠠᠬᠢ ᠦᠢᠯᠡᠳᠦᠯ ᠢ ᠪᠠᠳᠠᠷᠠᠭᠤᠯᠤᠨ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠤᠰᠬᠠᠢ ᠮᠡᠷᠭᠡᠵᠢᠯ ᠤᠨ | ᠠᠵᠢᠯᠳᠡᠠ ᠢ ᠬᠥᠮᠦᠵᠢᠭᠦᠯᠵᠦ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠤᠯᠤᠰ ᠠᠴᠠ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠤᠯᠡᠠ ᠤᠯᠤᠰ ᠤᠨ ᠬᠠᠮᠲᠤᠷᠠᠯᠴᠠᠭ᠎ᠠ ᠥᠷᠨᠢᠭᠦᠯᠬᠦ ᠶᠢ ᠲᠡᠮᠵᠢᠨ᠎ᠡ᠃ | ᠨᠠᠢᠮᠠᠳᠤᠭᠠᠷ ᠵᠦᠢᠯ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠤᠨ ᠳᠤᠮᠳᠠ ᠢᠯᠡᠳᠲᠡ ᠠᠮᠵᠢᠯᠲᠠ ᠭᠠᠷᠭᠠᠭᠰᠠᠨ ᠨᠢᠭᠡᠴᠢ ᠪᠠ ᠬᠤᠪᠢ | ᠬᠥᠮᠦᠨ ᠢ ᠠᠷᠠᠳ ᠤᠨ ᠵᠠᠰᠠᠭ ᠤᠨ ᠣᠷᠳᠣᠨ ᠠᠴᠠ ᠬᠥᠬᠢᠭᠦᠯᠦᠨ ᠱᠠᠩᠨᠠᠨ᠎ᠠ︔ ᠠᠮᠢ ᠠᠬᠤᠢ ᠶᠢᠨ ᠶᠠᠰᠤ ᠴᠢᠨᠠᠷ ᠢ ᠬᠠᠮᠠᠭᠠᠯᠠᠨ ᠰᠠᠶᠢᠵᠢᠷᠠᠭᠤᠯᠬᠤ ᠳᠤ ᠲᠤᠪᠤᠶᠢᠮ᠎ᠠ | ᠬᠤᠪᠢ ᠨᠡᠮᠡᠷᠢ ᠦᠵᠡᠭᠦᠯᠦᠭᠰᠡᠨ ᠪᠠᠶᠢᠪᠠᠯ ᠬᠦᠨᠳᠦ ᠪᠠᠷ ᠱᠠᠩᠨᠠᠬᠤ ᠬᠡᠷᠡᠭᠲᠡᠢ᠃ | ᠶᠢᠰᠦᠳᠦᠭᠡᠷ ᠵᠦᠢᠯ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠪᠠᠶᠢᠭ᠎ᠠ ᠭᠠᠵᠠᠷ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ | ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠢ | ᠥᠷᠨᠢᠭᠦᠯᠵᠦ᠂ ᠠᠷᠠᠳ ᠢᠷᠭᠡᠳ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠦᠵᠡᠯ ᠤᠬᠠᠮᠰᠠᠷ ᠢ ᠨᠡᠮᠡᠭᠳᠡᠭᠦᠯᠵᠦ᠂ ᠠᠷᠠᠳ ᠢᠷᠭᠡᠳ ᠤᠨ | ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ |