︵2024 ᠣᠨ ᠤ 7 ᠰᠠᠷ᠎ᠠ ᠶᠢᠨ 25 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠠᠴᠠ ᠪᠠᠲᠤᠯᠠᠪᠠ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠨᠡᠶᠢᠭᠡᠮ ᠤᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠪᠠ ᠢᠲᠡᠭᠡᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ | ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠪᠠ ᠵᠢᠷᠤᠮᠵᠢᠭᠤᠯᠵᠤ᠂ ᠨᠡᠶᠢᠭᠡᠮ ᠤᠨ ᠢᠲᠡᠭᠡᠮᠵᠢ ᠶᠢᠨ ᠭᠤᠣᠯ ᠴᠣᠭᠴᠠ ᠶᠢᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ | ᠦᠵᠡᠯᠲᠡ ᠶᠢ ᠪᠠᠳᠠᠷᠠᠭᠤᠯᠬᠤ ᠶᠢᠨ ᠲᠥᠯᠥᠭᠡ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ | ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠥᠷᠨᠢᠭᠦᠯᠵᠦ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ | ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ᠂ ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ᠂ ᠢᠲᠡᠭᠡᠮᠵᠢ ᠶᠢᠨ ᠦᠢᠯᠡᠴᠢᠯᠡᠭᠡᠨ ᠤ | ᠠᠵᠢᠯ ᠲᠥᠷᠥᠯ ᠢ ᠵᠢᠷᠤᠮᠵᠢᠭᠤᠯᠬᠤ ᠪᠠ ᠬᠥᠭᠵᠢᠭᠦᠯᠬᠦ ᠵᠡᠷᠭᠡ ᠠᠵᠢᠯᠯᠠᠭ᠎ᠠ ᠳᠤ ᠲᠣᠰ ᠳᠦᠷᠢᠮ ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠲᠤᠰ ᠳᠦᠷᠢᠮ ᠳᠤ ᠬᠡᠯᠡᠵᠦ ᠪᠠᠶᠢᠭ᠎ᠠ ᠨᠡᠶᠢᠭᠡᠮ ᠤᠨ ᠢᠲᠡᠭᠡᠮᠵᠢ ᠭᠡᠳᠡᠭ ᠨᠢ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ | ᠴᠢᠳᠠᠪᠤᠷᠢ ᠲᠠᠢ ᠪᠠᠶᠢᠭᠠᠯᠢ ᠬᠥᠮᠥᠨ᠂ ᠬᠠᠤᠯᠢ ᠶᠢᠨ ᠬᠥᠮᠥᠨ ᠪᠠ ᠬᠠᠤᠯᠢ ᠶᠢᠨ ᠬᠥᠮᠥᠨ ᠪᠤᠰᠤ ᠵᠣᠬᠢᠶᠠᠨ ᠪᠠᠶᠢᠭᠤᠯᠤᠯᠲᠠ ᠵᠡᠷᠭᠡ ᠢᠲᠡᠭᠡᠮᠵᠢ ᠶᠢᠨ ᠭᠤᠣᠯ | ᠴᠣᠭᠴᠠ ᠶᠢᠨ ᠬᠠᠤᠯᠢ ᠳᠤ ᠲᠣᠭᠲᠠᠭᠠᠭᠰᠠᠨ ᠡᠭᠦᠷᠭᠡ ᠶᠢ ᠵᠢᠷᠤᠮᠯᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠤᠶᠤ ᠪᠣᠯᠵᠣᠨ | ᠲᠣᠭᠲᠠᠭᠰᠠᠨ ᠡᠭᠦᠷᠭᠡ ᠪᠠᠨ ᠭᠦᠢᠴᠡᠳᠬᠡᠬᠦ ᠪᠠᠶᠢᠳᠠᠯ ᠢ ᠵᠢᠭᠠᠵᠤ ᠪᠤᠢ᠃ ᠲᠣᠰ ᠳᠦᠷᠢᠮ ᠳᠤ ᠬᠡᠯᠡᠵᠦ ᠪᠠᠶᠢᠭ᠎ᠠ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ | ᠭᠡᠳᠡᠭ ᠨᠢ ᠢᠲᠡᠭᠡᠮᠵᠢ ᠶᠢᠨ ᠭᠤᠣᠯ ᠴᠣᠭᠴᠠ ᠶᠢᠨ ᠨᠡᠶᠢᠭᠡᠮ ᠤᠨ ᠢᠲᠡᠭᠡᠮᠵᠢ ᠶᠢᠨ ᠪᠠᠶᠢᠳᠠᠯ ᠢ ᠢᠯᠭᠠᠨ ᠲᠠᠨᠢᠬᠤ᠂ ᠵᠠᠳᠠᠯᠬᠤ᠂ ᠮᠠᠭᠠᠳᠯᠠᠬᠤ ᠳᠤ ᠬᠡᠷᠡᠭᠯᠡᠵᠦ ᠪᠤᠯᠬᠤ | ᠪᠤᠰᠤᠳᠴᠢ ᠲᠤᠭ᠎ᠠ ᠪᠠᠷᠢᠮᠲᠠ ᠪᠠ ᠮᠠᠲ᠋ᠧᠷᠢᠶᠠᠯ ᠢ ᠵᠢᠭᠠᠵᠤ ᠪᠤᠶ᠂ ᠡᠭᠦᠨ ᠳᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠪᠠ ᠣᠯᠠᠨ ᠨᠡᠶᠢᠲᠡ ᠶᠢᠨ ᠪᠤᠰᠤ | ᠢᠲᠡᠭᠡᠮᠵᠢ ᠶᠢᠨ ᠮᠡᠳᠡᠭᠡ ᠵᠠᠩᠭᠢ ᠪᠠᠭᠲᠠᠨ᠎ᠠ᠃ ᠲᠣᠰ ᠳᠦᠷᠢᠮ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠭᠡᠳᠡᠭ ᠨᠢ ᠲᠥᠷᠥ ᠶᠢᠨ | ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠬᠢ ᠲᠠᠢ | ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠠᠪᠤᠴᠠ ᠳᠤ ᠪᠤᠶ | ᠪᠣᠯᠤᠭᠰᠠᠨ ᠪᠤᠶᠤ ᠣᠯᠣᠭᠰᠠᠨ ᠢᠲᠡᠭᠡᠮᠵᠢ ᠶᠢᠨ ᠭᠤᠣᠯ ᠴᠣᠭᠴᠠ ᠶᠢᠨ ᠨᠡᠶᠢᠭᠡᠮ ᠤᠨ ᠢᠲᠡᠭᠡᠮᠵᠢ ᠶᠢᠨ ᠪᠠᠶᠢᠳᠠᠯ ᠢ ᠢᠯᠭᠠᠨ ᠲᠠᠨᠢᠬᠤ᠂ ᠵᠠᠳᠠᠯᠬᠤ᠂ ᠮᠠᠭᠠᠳᠯᠠᠵᠤ | ᠪᠤᠯᠬᠤ ᠪᠤᠰᠤᠳᠴᠢ ᠲᠤᠭ᠎ᠠ ᠪᠠᠷᠢᠮᠲᠠ ᠪᠠ ᠮᠠᠲ᠋ᠧᠷᠢᠶᠠᠯ ᠢ ᠵᠢᠭᠠᠵᠤ ᠪᠤᠶ᠃ ᠲᠣᠰ ᠳᠦᠷᠢᠮ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ | ᠮᠡᠳᠡᠭᠡ ᠵᠠᠩᠭᠢ ᠭᠡᠳᠡᠭ ᠨᠢ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠨᠡᠶᠢᠭᠡᠮᠯᠢᠭ ᠵᠢᠴᠢ ᠪᠤᠰᠤᠳ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠵᠣᠬᠢᠶᠠᠨ ᠪᠠᠶᠢᠭᠤᠯᠤᠯᠲᠠ᠂ ᠪᠠᠶᠢᠭᠠᠯᠢ ᠬᠥᠮᠥᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ | ᠪᠤᠶ ᠪᠣᠯᠤᠭᠰᠠᠨ ᠪᠤᠶᠤ ᠣᠯᠣᠭᠰᠠᠨ ᠢᠲᠡᠭᠡᠮᠵᠢ ᠶᠢᠨ ᠮᠡᠳᠡᠭᠡ ᠵᠠᠩᠭᠢ ᠵᠢᠴᠢ ᠢᠯᠡᠷᠬᠡᠶᠢᠯᠡᠬᠦ᠂ ᠥᠪᠡᠰᠦᠪᠡᠨ ᠮᠡᠳᠡᠭᠦᠯᠬᠦ᠂ ᠠᠮᠠᠯᠠᠬᠤ ᠵᠡᠷᠭᠡ ᠭᠡᠯᠪᠡᠷᠢ ᠪᠠᠷ ᠬᠠᠩᠭᠠᠭᠰᠠᠨ | ᠲᠣᠰ ᠪᠡᠶ᠎ᠡ ᠶᠢᠨ ᠮᠡᠳᠡᠭᠡ ᠵᠠᠩᠭᠢ ᠶᠢ ᠵᠢᠭᠠᠵᠤ ᠪᠤᠶ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠨᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ | ᠭᠤᠣᠯ ᠰᠢᠵᠢᠮ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠠ ᠲᠡᠭᠦᠨ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠤᠯᠢ ᠶᠣᠰᠣᠭᠠᠷ ᠬᠡᠷᠡᠭᠵᠢᠭᠦᠯᠬᠦ᠂ ᠵᠠᠰᠠᠭ ᠤᠨ ᠣᠷᠳᠣᠨ ᠠᠴᠠ ᠠᠬᠢᠭᠤᠯᠬᠤ᠂ ᠨᠡᠶᠢᠭᠡᠮ ᠠᠴᠠ | ᠬᠠᠮᠲᠤᠪᠠᠷ ᠪᠠᠶᠢᠭᠤᠯᠬᠤ᠂ ᠡᠷᠬᠡ ᠠᠰᠢᠭ ᠢ ᠬᠠᠮᠠᠭᠠᠯᠠᠬᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠱᠠᠩᠨᠠᠵᠤ ᠲᠣᠷᠭᠠᠬᠤ ᠶᠢ ᠤᠶᠠᠯᠳᠤᠭᠤᠯᠬᠤ ᠵᠠᠷᠴᠢᠮ ᠢ | ᠵᠢᠷᠤᠮᠯᠠᠬᠤ ᠬᠡᠷᠡᠭᠲᠡᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ | ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠵᠤ᠂ ᠲᠡᠭᠦᠨ ᠢ ᠤᠯᠤᠰ ᠠᠷᠠᠳ ᠤᠨ ᠠᠵᠤ | ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠵᠠᠰᠠᠭ ᠤᠨ ᠣᠷᠳᠣᠨ ᠤ ᠬᠠᠷᠢᠭᠤᠴᠠᠯᠭ᠎ᠠ ᠶᠢᠨ ᠬᠠᠷᠠᠯᠲᠠ ᠶᠢᠨ ᠬᠢᠨᠠᠨ ᠰᠢᠯᠭᠠᠬᠤ | ᠲᠣᠭᠲᠠᠯᠴᠠᠭ᠎ᠠ ᠳᠤ ᠣᠷᠣᠭᠤᠯᠵᠤ᠂ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠠᠵᠢᠯ ᠤᠨ ᠬᠦᠴᠦᠨ ᠢ ᠪᠠᠲᠤᠯᠠᠵᠤ᠂ ᠬᠡᠷᠡᠭᠰᠡᠬᠦ ᠵᠠᠷᠤᠳᠠᠯ ᠢ | ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠣᠷᠣᠨ | ᠪᠦᠰᠡ ᠠᠯᠤᠰᠯᠠᠭᠰᠠᠨ ᠢᠲᠡᠭᠡᠮᠵᠢ ᠶᠢᠨ ᠬᠠᠮᠲᠤᠷᠠᠯᠴᠠᠭ᠎ᠠ ᠶᠢᠨ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠰᠠᠯᠠᠭ᠎ᠠ ᠮᠥᠴᠢᠷ ᠨᠡᠶᠢᠭᠡᠮ ᠤᠨ ᠢᠲᠡᠭᠡᠮᠵᠢ ᠶᠢᠨ ᠠᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠨᠡᠶᠢᠭᠡᠮ ᠤᠨ ᠢᠲᠡᠭᠡᠮᠵᠢ ᠶᠢᠨ | ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠵᠤ᠂ ᠬᠠᠷᠢᠶ᠎ᠠ ᠪᠦᠬᠦᠢ | ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠢᠲᠡᠭᠡᠮᠵᠢ ᠶᠢᠨ ᠮᠡᠳᠡᠭᠡ | ᠵᠠᠩᠭᠢ ᠶᠢ ᠴᠤᠭᠯᠠᠭᠤᠯᠬᠤ᠂ ᠬᠠᠮᠲᠤᠪᠠᠷ ᠬᠤᠪᠢᠶᠠᠯᠴᠠᠬᠤ᠂ ᠬᠡᠷᠡᠭᠯᠡᠬᠦ᠂ ᠦᠢᠯᠡᠴᠢᠯᠡᠬᠦ ᠵᠢᠴᠢ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠬᠠᠮᠢᠶᠠᠷᠤᠯᠲᠠ ᠶᠢᠨ ᠠᠵᠢᠯ ᠢ | ᠪᠣᠳᠠᠲᠠᠢ ᠬᠠᠷᠢᠭᠤᠴᠠᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ | ᠠᠷᠠᠳ ᠤᠨ ᠶᠠᠪᠤᠳᠠᠯ᠂ ᠬᠠᠤᠯᠢ ᠴᠠᠭᠠᠵᠠ ᠵᠠᠰᠠᠭ ᠵᠠᠬᠢᠷᠭᠠᠨ᠂ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ | ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ | ᠠᠷᠠᠳ ᠤᠨ ᠪᠠᠶᠢᠴᠠᠭᠠᠬᠤ ᠬᠤᠷᠢᠶ᠎ᠠ ᠵᠡᠷᠭᠡ ᠨᠢ ᠲᠣᠰ ᠲᠣᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠲᠣᠰ ᠠᠵᠢᠯ ᠲᠥᠷᠥᠯ᠂ ᠲᠣᠰ | ᠬᠦᠷᠢᠶ᠎ᠡ ᠴᠠᠷᠠᠭᠠᠨ ᠳᠠᠬᠢ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ᠳᠣᠯᠣᠳᠤᠭᠠᠷ ᠵᠦᠢᠯ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠨᠤᠭᠤᠳ ᠬᠠᠮᠢᠶ᠎ᠠ ᠪᠦᠬᠦᠢ ᠬᠢᠴᠢᠶᠡᠯ ᠳᠤ ᠪᠠᠨ ᠲᠦᠰᠢᠭᠯᠡᠨ ᠢᠲᠡᠭᠡᠮᠵᠢ ᠶᠢᠨ | ᠬᠥᠮᠦᠵᠢᠯ ᠢ ᠥᠷᠨᠢᠭᠦᠯᠬᠦ ᠬᠡᠷᠡᠭᠲᠡᠢ᠃ ᠳᠡᠭᠡᠳᠦ ᠰᠤᠷᠭᠠᠭᠤᠯᠢ ᠨᠤᠭᠤᠳ ᠨᠡᠶᠢᠭᠡᠮ ᠤᠨ ᠢᠲᠡᠭᠡᠮᠵᠢ ᠶᠢᠨ ᠬᠠᠮᠢᠶ᠎ᠠ ᠪᠦᠬᠦᠢ ᠬᠢᠴᠢᠶᠡᠯ ᠨᠡᠭᠡᠭᠡᠵᠦ᠂ ᠢᠲᠡᠭᠡᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠯᠤᠭ᠎ᠠ ᠶᠢᠨ ᠬᠤᠷᠰᠢᠯᠴᠠᠭ᠎ᠠ ᠪᠠᠨ ᠴᠢᠩᠭᠠᠳᠬᠠᠨ᠂ ᠢᠲᠡᠭᠡᠮᠵᠢ ᠶᠢᠨ ᠦᠢᠯᠡᠴᠢᠯᠡᠭᠡᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ | ᠬᠥᠮᠥᠵᠢᠭᠦᠯᠬᠦ ᠶᠢ ᠵᠣᠷᠢᠭᠵᠢᠭᠤᠯᠤᠨ᠎ᠠ᠃ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢ ᠨᠤᠭᠤᠳ | ᠦᠨᠡᠨᠴᠢ ᠢᠲᠡᠭᠡᠮᠵᠢ ᠶᠢᠨ ᠲᠤᠬᠠᠢ ᠤᠬᠠᠭᠤᠯᠭ᠎ᠠ ᠪᠠᠨ ᠴᠢᠩᠭᠠᠳᠬᠠᠵᠤ᠂ ᠨᠡᠶᠢᠭᠡᠮ ᠤᠨ ᠢᠲᠡᠭᠡᠮᠵᠢ ᠶᠢᠨ ᠲᠤᠬᠠᠢ ᠮᠡᠳᠡᠯᠭᠡ ᠶᠢ ᠲᠦᠭᠡᠮᠡᠯᠵᠢᠭᠦᠯᠦᠨ᠂ ᠦᠨᠡᠨᠴᠢ | ᠢᠲᠡᠭᠡᠮᠵᠢᠲᠡᠢ ᠲᠡᠷᠢᠭᠦᠨ ᠤ ᠨᠡᠶᠢᠲᠡᠯᠢᠭ ᠵᠢᠱᠢᠶ᠎ᠡ ᠶᠢ ᠮᠠᠭᠲᠠᠨ ᠰᠠᠶᠢᠰᠢᠶᠠᠵᠤ᠂ ᠨᠡᠶᠢᠭᠡᠮ ᠤᠨ ᠦᠨᠡᠨᠴᠢ ᠢᠲᠡᠭᠡᠮᠵᠢ ᠲᠠᠢ ᠪᠠᠶᠢᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠤᠯᠭᠠᠬᠤ ᠬᠡᠷᠡᠭᠲᠡᠢ᠃ | ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠦᠨᠡᠨᠴᠢ ᠢᠲᠡᠭᠡᠮᠵᠢ ᠶᠢᠨ ᠰᠣᠶᠣᠯ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ | ᠂ ᠨᠡᠶᠢᠭᠡᠮ ᠨᠡᠶᠢᠲᠡ ᠶᠢᠨ ᠶᠣᠰᠣ ᠮᠣᠷᠠᠯ᠂ ᠠᠵᠢᠯ ᠮᠡᠷᠭᠡᠵᠢᠯ ᠤᠨ ᠶᠣᠰᠣ ᠮᠣᠷᠠᠯ᠂ ᠭᠡᠷ ᠪᠦᠯᠢ ᠶᠢᠨ ᠰᠠᠶᠢᠬᠠᠨ ᠰᠤᠷᠲᠠᠯ ᠪᠠ ᠬᠤᠪᠢ ᠬᠥᠮᠥᠨ ᠤ ᠶᠣᠰᠣ ᠮᠣᠷᠠᠯ ᠤᠨ | ᠬᠥᠮᠦᠵᠢᠯ ᠢ ᠥᠷᠨᠢᠭᠦᠯᠦᠨ᠂ ᠦᠨᠡᠨᠴᠢ ᠢᠲᠡᠭᠡᠮᠵᠢ ᠶᠢᠨ ᠬᠡᠪ ᠳᠠᠭᠤᠷᠢᠶᠠᠯ ᠢ ᠪᠤᠶ ᠪᠤᠯᠭᠠᠵᠤ᠂ ᠦᠨᠡᠨᠴᠢ ᠢᠲᠡᠭᠡᠮᠵᠢᠲᠡᠢ ᠪᠠᠶᠢᠬᠤ ᠤᠯᠠᠮᠵᠢᠯᠠᠯᠲᠤ ᠰᠣᠶᠣᠯ ᠪᠠ | ᠭᠡᠷ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ | ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠨᠡᠶᠢᠭᠡᠮ ᠤᠨ ᠢᠲᠡᠭᠡᠮᠵᠢ ᠶᠢᠨ | ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠳᠤᠮᠳᠠ ᠢᠯᠡᠷᠬᠡᠢ ᠠᠮᠵᠢᠯᠲᠠ ᠭᠠᠷᠭᠠᠭᠰᠠᠨ ᠨᠢᠭᠡᠴᠢ ᠪᠣᠯᠣᠨ ᠬᠤᠪᠢ ᠬᠥᠮᠥᠨ ᠢ ᠤᠯᠤᠰ ᠪᠣᠯᠣᠨ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠪᠠ ᠱᠠᠩᠨᠠᠬᠤ ᠬᠡᠷᠡᠭᠲᠡᠢ᠃ | ᠬᠤᠶᠠᠳᠤᠭᠠᠷ ᠪᠦᠯᠦᠭ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ | ᠠᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠣᠯᠠᠨ | ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠰᠠᠶᠢᠨ ᠰᠠᠶᠢᠬᠠᠨ ᠨᠡᠶᠢᠭᠡᠮ ᠤᠨ ᠢᠲᠡᠭᠡᠮᠵᠢ ᠶᠢᠨ ᠣᠷᠴᠢᠨ ᠲᠣᠭᠤᠷᠢᠨ ᠢ ᠪᠤᠶ ᠪᠣᠯᠭᠠᠨ᠎ᠠ᠃ | ᠠᠷᠪᠠᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠭᠦᠯᠵᠦ᠂ ᠬᠠᠤᠯᠢ ᠶᠣᠰᠣᠭᠠᠷ ᠡᠭᠦᠷᠭᠡ | ᠲᠤᠰᠢᠶᠠᠯ ᠢᠶᠠᠨ ᠭᠦᠢᠴᠡᠳᠬᠡᠵᠦ᠂ ᠦᠨᠡᠨᠴᠢ ᠢᠲᠡᠭᠡᠮᠵᠢᠲᠡᠢ ᠪᠠᠷ ᠵᠠᠰᠠᠭ ᠶᠠᠪᠤᠭᠤᠯᠵᠤ᠂ ᠦᠨᠡᠨᠴᠢ ᠢᠲᠡᠭᠡᠮᠵᠢᠲᠡᠢ ᠪᠠᠷ ᠬᠠᠤᠯᠢ ᠬᠡᠷᠡᠭᠵᠢᠭᠦᠯᠵᠦ᠂ ᠰᠢᠢᠳᠪᠦᠷᠢᠲᠦ | ᠪᠣᠳᠣᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠂ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢᠯᠠᠭᠰᠠᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠢᠲᠡᠭᠡᠯ ᠢᠶᠠᠨ ᠠᠯᠳᠠᠬᠤ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ ᠨᠠᠮᠬᠠᠳᠬᠠᠵᠤ᠂ ᠵᠠᠰᠠᠭ ᠤᠨ ᠣᠷᠳᠣᠨ ᠤ | ᠤᠯᠠᠨ ᠨᠡᠶᠢᠲᠡ ᠳᠠᠬᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠳᠤᠮᠳᠠ ᠥᠯᠢᠭᠡᠷ ᠳᠠᠭᠤᠷᠢᠶᠠᠯ ᠪᠤᠯᠬᠤ ᠦᠢᠯᠡᠳᠦᠯ ᠢᠶᠠᠨ ᠪᠠᠳᠠᠷᠠᠭᠤᠯᠵᠤ᠂ | ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠬᠥᠮᠦᠵᠢᠯ ᠪᠠ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠠᠯᠪᠠᠨ ᠲᠤᠰᠢᠶᠠᠯᠲᠠᠨ ᠤ ᠦᠨᠡᠨᠴᠢ | ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | ᠠᠷᠪᠠᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠰᠠᠭ ᠤᠨ | ᠣᠷᠳᠣᠨ ᠤ ᠬᠤᠳᠠᠯᠳᠤᠨ ᠠᠪᠬᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠵᠡᠷᠭᠡ ᠭᠤᠣᠯᠳᠠᠯᠭ᠎ᠠ ᠲᠠᠢ | ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠠᠵᠤ ᠠᠬᠤᠶᠢᠯᠠᠯ ᠤᠨ ᠥᠷᠢᠲᠦᠭᠳᠡᠵᠦ | ᠪᠠᠶᠢᠭ᠎ᠠ ᠲᠠᠩᠰᠠᠨ ᠵᠣᠭᠤᠰ ᠢ ᠰᠢᠢᠳᠪᠦᠷᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠳᠤ | ᠬᠠᠤᠯᠢ ᠶᠣᠰᠣᠭᠠᠷ ᠬᠢᠭᠰᠡᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠵᠢᠴᠢ ᠬᠠᠤᠯᠢ ᠶᠣᠰᠣᠭᠠᠷ ᠲᠣᠭᠲᠠᠭᠠᠭᠰᠠᠨ ᠡᠯ᠎ᠡ ᠲᠥᠷᠥᠯ ᠤᠨ ᠭᠡᠷ᠎ᠡ ᠶᠢ ᠭᠦᠢᠴᠡᠳᠬᠡᠬᠦ ᠳᠤ᠂ | ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ᠂ ᠪᠠᠶᠢᠭᠤᠯᠤᠮᠵᠢ ᠪᠤᠶᠤ ᠡᠭᠦᠷᠭᠡ | ᠴᠢᠳᠠᠪᠬᠢ ᠳᠤ ᠲᠣᠬᠢᠷᠠᠭᠤᠯᠤᠯᠲᠠ ᠬᠢᠬᠦ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠢ ᠰᠣᠯᠢᠬᠤ ᠵᠡᠷᠭᠡ ᠪᠠᠷ ᠰᠢᠯᠲᠠᠭ ᠪᠤᠯᠭᠠᠵᠤ ᠭᠡᠷ᠎ᠡ ᠠᠴᠠ ᠵᠥᠷᠢᠴᠡᠨ ᠭᠡᠷ᠎ᠡ ᠶᠢ | ᠡᠪᠳᠡᠵᠦ ᠪᠤᠯᠬᠤ ᠦᠭᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠢᠭᠦᠬᠦ ᠬᠤᠷᠢᠶᠠᠨ ᠤ | ᠬᠦᠴᠦᠨ ᠲᠠᠢ ᠪᠣᠯᠤᠭᠰᠠᠨ ᠲᠣᠭᠲᠠᠭᠠᠯᠲᠠ ᠶᠢ ᠢᠳᠡᠪᠬᠢᠲᠡᠢ ᠭᠦᠢᠴᠡᠳᠬᠡᠬᠦ ᠤᠯᠤᠰ ᠣᠷᠣᠨ ᠤ ᠠᠰᠢᠭ ᠲᠤᠰᠠ᠂ ᠤᠯᠠᠨ ᠨᠡᠶᠢᠲᠡ ᠶᠢᠨ ᠠᠰᠢᠭ ᠲᠤᠰᠠ ᠪᠤᠶᠤ | ᠬᠠᠤᠯᠢ ᠪᠠᠷ ᠲᠣᠭᠲᠠᠭᠠᠭᠰᠠᠨ ᠪᠤᠰᠤᠳ ᠤᠴᠢᠷ ᠰᠢᠯᠲᠠᠭᠠᠨ ᠠᠴᠠ ᠪᠣᠯᠵᠤ ᠵᠠᠰᠠᠭ ᠤᠨ ᠣᠷᠳᠣᠨ ᠤ ᠲᠦᠷᠦ ᠶᠢᠨ ᠪᠣᠳᠣᠯᠭ᠎ᠠ ᠶᠢᠨ ᠠᠮᠠᠯᠠᠯᠲᠠ ᠪᠤᠶᠤ ᠭᠡᠷ᠎ᠡ ᠶᠢᠨ | ᠪᠣᠯᠵᠣᠯ ᠢ ᠬᠤᠪᠢᠷᠠᠭᠤᠯᠬᠤ ᠴᠢᠬᠤᠯᠠᠲᠠᠢ ᠪᠠᠶᠢᠪᠠᠯ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠤᠨ ᠶᠣᠰᠣᠭᠠᠷ ᠬᠤᠯᠪᠣᠭᠳᠠᠯ ᠪᠦᠬᠦᠢ | ᠡᠵᠡᠩᠨᠡᠯᠲᠡ ᠶᠢᠨ ᠭᠤᠣᠯ ᠴᠣᠭᠴᠠ ᠶᠢᠨ ᠡᠳ᠋ ᠬᠥᠷᠥᠩᠭᠡ ᠶᠢᠨ ᠬᠤᠬᠢᠷᠠᠯ ᠳᠤ ᠨᠥᠬᠦᠪᠦᠷᠢ ᠥᠭᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠢ ᠲᠡᠮᠳᠡᠭᠯᠡᠬᠦ ᠲᠣᠭᠲᠠᠯᠴᠠᠭ᠎ᠠ ᠶᠢ | ᠪᠠᠶᠢᠭᠤᠯᠤᠨ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ | ᠮᠥᠴᠢᠷ ᠨᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠶᠠᠪᠤᠴᠠ ᠳᠤ ᠬᠠᠤᠯᠢ ᠲᠣᠭᠲᠠᠭᠠᠯ ᠠᠴᠠ ᠵᠥᠷᠢᠴᠡᠭᠰᠡᠨ᠂ ᠢᠲᠡᠭᠡᠯ ᠠᠯᠳᠠᠵᠤ ᠭᠡᠷ᠎ᠡ ᠵᠥᠷᠢᠴᠡᠭᠰᠡᠨ ᠵᠡᠷᠭᠡ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠢ | ᠴᠤᠭᠯᠠᠭᠤᠯᠬᠤ ᠶᠢ ᠬᠠᠷᠢᠭᠤᠴᠠᠬᠤ ᠶᠢᠨ ᠬᠠᠮᠲᠤ᠂ ᠬᠠᠤᠯᠢ ᠲᠣᠭᠲᠠᠭᠠᠯ ᠶᠣᠰᠣᠭᠠᠷ ᠨᠡᠶᠢᠭᠡᠮ ᠳᠤ ᠢᠯᠡ ᠪᠠᠷ ᠨᠡᠶᠢᠲᠡᠯᠡᠨ᠎ᠡ᠃ ᠥᠪᠡᠷᠲᠡᠭᠡᠨ ᠵᠠᠰᠠᠬᠤ ᠣᠷᠣᠨ ᠤ | ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠠᠵᠤ ᠠᠬᠤᠶᠢᠯᠠᠯ ᠯᠤᠭ᠎ᠠ ᠲᠣᠭᠲᠠᠭᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠠᠵᠤ ᠦᠢᠯᠡᠰ ᠢᠶᠠᠷ | ᠲᠡᠳᠬᠦᠬᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠵᠡᠷᠭᠡ ᠲᠠᠯ᠎ᠠ ᠳᠤ ᠬᠤᠯᠪᠣᠭᠳᠠᠭᠰᠠᠨ ᠭᠡᠷ᠎ᠡ ᠶᠢ ᠭᠦᠢᠴᠡᠳᠬᠡᠭᠰᠡᠨ ᠮᠡᠳᠡᠭᠡ ᠵᠠᠩᠭᠢ ᠶᠢ ᠴᠤᠭᠯᠠᠭᠤᠯᠤᠨ | ᠬᠠᠮᠲᠤ ᠪᠠᠷ ᠬᠤᠪᠢᠶᠠᠯᠴᠠᠵᠤ᠂ ᠬᠥᠳᠡᠯᠦᠩᠭᠦᠢ ᠪᠠᠷ ᠮᠥᠷᠳᠡᠬᠦ ᠪᠠ ᠵᠠᠳᠠᠯᠤᠨ ᠰᠢᠢᠳᠪᠦᠷᠢᠯᠡᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠠᠴᠠ ᠵᠠᠰᠠᠭ ᠤᠨ ᠶᠠᠪᠤᠳᠠᠯ ᠤᠨ ᠢᠲᠡᠭᠡᠯ ᠢᠶᠠᠨ ᠠᠯᠳᠠᠭᠰᠠᠳ ᠠᠴᠠ ᠬᠠᠷᠢᠭᠤᠴᠠᠯᠭ᠎ᠠ | ᠨᠡᠬᠡᠮᠵᠢᠯᠡᠬᠦ ᠳᠦᠷᠢᠮ ᠢ ᠲᠣᠭᠲᠠᠭᠠᠨ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠲᠠᠢ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠶᠣᠰᠣᠭᠠᠷ | ᠱᠠᠭᠠᠷᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠵᠦ᠂ ᠵᠠᠷᠯᠠᠨ ᠰᠢᠭᠦᠮᠵᠢᠯᠡᠬᠦ ᠶᠢᠨ ᠬᠠᠮᠲᠤ᠂ ᠵᠠᠰᠠᠭ ᠤᠨ ᠶᠠᠪᠤᠳᠠᠯ ᠤᠨ ᠢᠲᠡᠭᠡᠯ | ᠠᠯᠳᠠᠭᠰᠠᠨ ᠦᠢᠯᠡ ᠠᠵᠢᠯᠯᠠᠭ᠎ᠠ ᠲᠠᠢ ᠵᠠᠰᠠᠭ ᠤᠨ ᠣᠷᠳᠣᠨ ᠪᠤᠶᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠯᠭᠠᠲᠠᠨ ᠠᠴᠠ | ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠳᠣᠣᠷ᠎ᠠ ᠨᠢᠭᠡ ᠱᠠᠲᠤᠨ ᠤ ᠠᠷᠠᠳ ᠤᠨ | ᠵᠠᠰᠠᠭ ᠤᠨ ᠣᠷᠳᠣᠨ ᠳᠤ ᠲᠣᠭᠲᠠᠮᠠᠯ ᠬᠤᠭᠤᠴᠠᠭ᠎ᠠ ᠲᠠᠢ ᠪᠠᠷ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠬᠢᠨᠠᠯᠲᠠ ᠪᠠᠶᠢᠴᠠᠭᠠᠯᠲᠠ ᠬᠢᠵᠦ᠂ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢ ᠰᠢᠯᠭᠠᠨ ᠦᠨᠡᠯᠡᠵᠦ᠂ ᠬᠢᠨᠠᠨ ᠰᠢᠯᠭᠠᠭᠰᠠᠨ ᠦᠷ᠎ᠡ ᠳ᠋ᠦᠩ ᠢ ᠳᠣᠣᠷ᠎ᠠ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠴᠢᠬᠤᠯᠠ ᠦᠨᠳᠦᠰᠦᠯᠡᠯ ᠪᠤᠯᠭᠠᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠵᠦ᠂ ᠬᠠᠤᠯᠢ ᠶᠣᠰᠣᠭᠠᠷ ᠬᠢᠨᠠᠯᠲᠠ ᠶᠢ ᠬᠦᠯᠢᠶᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠡᠵᠡᠩᠨᠡᠯᠲᠡ ᠶᠢᠨ ᠭᠤᠣᠯ ᠴᠣᠭᠴᠠ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠨ᠂ ᠬᠠᠤᠯᠢ ᠴᠠᠭᠠᠵᠠ᠂ ᠬᠠᠤᠯᠢ | ᠲᠣᠭᠲᠠᠭᠠᠯ᠂ ᠠᠵᠢᠯ ᠲᠦᠷᠦᠯ ᠤᠨ ᠨᠡᠶᠢᠲᠡ ᠶᠢᠨ ᠭᠡᠷ᠎ᠡ ᠶᠢ ᠵᠢᠷᠤᠮᠯᠠᠵᠤ᠂ ᠠᠮᠠᠯᠠᠯᠲᠠ ᠪᠠᠨ ᠬᠢᠴᠢᠶᠡᠩᠭᠦ᠋ᠢᠯᠡᠨ ᠵᠢᠷᠤᠮᠯᠠᠵᠤ᠂ ᠭᠤᠣᠯᠴᠢ ᠪᠠᠷ ᠥᠷᠢᠰᠦᠯᠳᠦᠬᠦ ᠬᠡᠷᠡᠭᠲᠡᠢ᠃ | ᠡᠵᠡᠩᠨᠡᠯᠲᠡ ᠶᠢᠨ ᠭᠤᠣᠯ ᠴᠣᠭᠴᠠ ᠶᠢᠨ ᠥᠪᠡᠷ ᠢ ᠪᠠᠨ ᠬᠢᠵᠠᠭᠠᠷᠯᠠᠬᠤ᠂ ᠥᠪᠡᠷ ᠢ ᠪᠠᠨ ᠬᠠᠮᠢᠶᠠᠷᠬᠤ ᠲᠣᠭᠲᠠᠴᠠ ᠪᠠᠨ ᠲᠡᠭᠦᠯᠳᠡᠷᠵᠢᠭᠦᠯᠬᠦ ᠶᠢ ᠵᠣᠷᠢᠭᠵᠢᠭᠤᠯᠵᠤ᠂ | ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠠᠴᠠ ᠡᠮᠦᠨ᠎ᠡ ᠨᠡᠶᠢᠭᠡᠮ ᠳᠤ ᠢᠯᠡ ᠪᠠᠷ ᠠᠮᠠᠯᠠᠯᠲᠠ ᠭᠢᠯᠭᠡᠵᠦ᠂ ᠬᠠᠤᠯᠢ ᠠᠴᠠ ᠵᠥᠷᠢᠴᠡᠨ ᠢᠲᠡᠭᠡᠯ ᠢᠶᠠᠨ | ᠠᠯᠳᠠᠭᠰᠠᠨ ᠦᠢᠯᠡ ᠠᠵᠢᠯᠯᠠᠭ᠎ᠠ ᠡᠭᠦᠰᠦᠭᠰᠡᠨ ᠤ ᠳᠠᠷᠠᠭ᠎ᠠ ᠰᠠᠶᠢᠨ ᠳᠤᠷ᠎ᠠ ᠠᠴᠠ ᠪᠠᠨ ᠬᠢᠵᠠᠭᠠᠷᠯᠠᠯ ᠪᠠ ᠵᠠᠯᠬᠠᠭᠠᠨ ᠴᠡᠭᠡᠷᠯᠡᠭᠦᠯᠬᠦ ᠶᠢ ᠬᠦᠯᠢᠶᠡᠬᠦ ᠶᠢ ᠵᠣᠷᠢᠭᠵᠢᠭᠤᠯᠤᠨ᠎ᠠ | ᠃ | ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠤᠳᠠᠯᠳᠤᠭᠠᠨ ᠤ ᠶᠠᠪᠤᠳᠠᠯ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠢᠲᠡᠭᠡᠮᠵᠢ ᠪᠠᠷ ᠰᠠᠭᠤᠷᠢ ᠪᠤᠯᠭᠠᠬᠰᠠᠨ ᠰᠢᠨ᠎ᠡ ᠭᠡᠯᠪᠡᠷᠢ ᠶᠢᠨ ᠬᠢᠨᠠᠨ ᠬᠠᠮᠢᠶᠠᠷᠬᠤ ᠲᠣᠭᠲᠠᠴᠠ ᠶᠢ | ᠪᠠᠶᠢᠭᠤᠯᠤᠨ᠂ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠪᠠᠶᠢᠳᠠᠯ ᠢ ᠦᠨᠳᠦᠰᠦᠯᠡᠨ ᠢᠲᠡᠭᠡᠮᠵᠢ ᠶᠢᠨ ᠦᠨᠡᠯᠡᠯᠲᠡ ᠶᠢ ᠥᠷᠨᠢᠭᠦᠯᠵᠦ᠂ ᠱᠠᠲᠤ ᠲᠥᠷᠥᠯ | ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠂ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠲᠠᠢ ᠪᠠᠶᠢᠵᠤ ᠠᠮᠠᠯᠠᠯᠲᠠ ᠪᠠᠨ ᠪᠡᠶᠡᠯᠡᠭᠦᠯᠬᠦ ᠶᠢ ᠬᠥᠲᠥᠯᠥᠨ | ᠵᠢᠯᠤᠭᠤᠳᠴᠤ᠂ ᠢᠲᠡᠭᠡᠮᠵᠢ ᠶᠢᠨ ᠥᠪᠡᠷ ᠢ ᠪᠠᠨ ᠱᠠᠭᠠᠷᠳᠠᠬᠤ ᠶᠢ ᠴᠢᠩᠭᠠᠷᠠᠭᠤᠯᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠭᠦᠮ᠂ ᠨᠡᠶᠢᠭᠡᠮ ᠨᠡᠶᠢᠲᠡ ᠶᠢᠨ ᠬᠢᠨ ᠦᠨᠡᠨᠴᠢ | ᠢᠲᠡᠭᠡᠮᠵᠢ ᠶᠢᠨ ᠤᠬᠠᠮᠰᠠᠷ ᠢᠶᠠᠨ ᠳᠡᠭᠡᠭᠰᠢᠯᠡᠭᠦᠯᠭᠦ ᠬᠡᠷᠡᠭᠲᠡᠢ᠃ ᠨᠡᠶᠢᠭᠡᠮ ᠤᠨ ᠪᠦᠷᠢᠯᠳᠦᠭᠦᠨ ᠨᠦᠭᠦᠳ ᠬᠤᠭᠤᠷᠣᠨᠳᠤ ᠪᠠᠨ ᠦᠨᠡᠨᠴᠢ ᠪᠠᠷ ᠬᠠᠨᠳᠤᠵᠤ᠂ ᠢᠲᠡᠭᠡᠯ ᠢᠶᠠᠷ | ᠰᠠᠭᠤᠷᠢ ᠪᠤᠯᠭᠠᠵᠤ᠂ ᠠᠮᠠᠯᠠᠯᠲᠠ ᠪᠠᠨ ᠪᠠᠲᠤ ᠰᠠᠬᠢᠵᠤ᠂ ᠥᠪᠡᠷ ᠤᠨ ᠰᠠᠶᠢᠨ ᠰᠠᠶᠢᠬᠠᠨ ᠢᠲᠡᠭᠡᠮᠵᠢ ᠪᠠᠨ ᠬᠠᠮᠠᠭᠠᠯᠠᠬᠤ ᠬᠡᠷᠡᠭᠲᠡᠢ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠤᠪᠢ ᠬᠥᠮᠥᠨ ᠤ ᠢᠲᠡᠭᠡᠮᠵᠢ ᠶᠢᠨ ᠲᠡᠮᠳᠡᠭᠯᠡᠯ ᠤᠨ ᠲᠣᠭᠲᠠᠴᠠ ᠶᠢ ᠪᠠᠶᠢᠭᠤᠯᠬᠤ ᠶᠢ | ᠠᠬᠢᠭᠤᠯᠵᠤ᠂ ᠨᠡᠶᠢᠭᠡᠮ ᠤᠨ ᠪᠦᠷᠢᠯᠳᠦᠭᠦᠨ ᠢᠲᠡᠭᠡᠮᠵᠢ ᠲᠠᠢ ᠪᠠᠶᠢᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠡᠮ ᠡᠮᠨᠡᠯᠭᠡ ᠡᠷᠡᠭᠦᠯ ᠬᠠᠮᠠᠭᠠᠯᠠᠯ᠂ | ᠨᠡᠶᠢᠭᠡᠮ ᠤᠨ ᠪᠠᠲᠤᠯᠠᠭ᠎ᠠ᠂ ᠭᠦᠳᠡᠯᠮᠦᠷᠢ ᠬᠦᠴᠦᠨ ᠬᠡᠷᠡᠭᠯᠡᠬᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠤᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ | ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠨᠡᠶᠢᠭᠡᠮ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠢᠯ ᠮᠡᠷᠭᠡᠵᠢᠯ ᠤᠨ ᠢᠲᠡᠭᠡᠮᠵᠢ ᠶᠢᠨ ᠮᠡᠳᠡᠭᠦᠯᠦᠯᠲᠡ ᠶᠢ ᠳᠡᠯᠭᠡᠷᠡᠭᠦᠯᠦᠨ ᠬᠡᠷᠡᠭᠯᠡᠵᠦ᠂ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠬᠢᠭᠡᠳ ᠬᠠᠮᠲᠤ ᠶᠢᠨ ᠵᠠᠰᠠᠯᠲᠠ ᠶᠢᠨ ᠵᠣᠯᠭᠠᠯᠳᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠢᠲᠡᠭᠡᠯ ᠲᠠᠢ ᠪᠠᠶᠢᠬᠤ ᠨᠢ ᠢᠷᠠᠭᠤ ᠠᠯᠳᠠᠷ ᠲᠠᠢ | ᠂ ᠢᠲᠡᠭᠡᠯ ᠢᠶᠠᠨ ᠠᠯᠳᠠᠭᠰᠠᠨ ᠨᠢ ᠢᠴᠢᠭᠦᠷᠢᠲᠡᠢ ᠨᠡᠶᠢᠭᠡᠮ ᠤᠨ ᠠᠭᠤᠷ ᠠᠮᠢᠰᠬᠤᠯ ᠢ ᠪᠤᠶ ᠪᠤᠯᠭᠠᠵᠤ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠠᠬᠢᠭᠤᠯᠬᠤ | ᠬᠡᠷᠡᠭᠲᠡᠢ᠃ | ᠠᠷᠪᠠ ᠶᠢᠰᠦᠳᠦᠭᠡᠷ ᠵᠦᠢᠯ ᠬᠠᠤᠯᠢ ᠴᠠᠭᠠᠵᠠ ᠶᠢᠨ ᠪᠠᠶᠢᠭᠤᠯᠭ᠎ᠠ ᠲᠥᠪ ᠭᠤᠣᠯᠴᠢ ᠪᠠ ᠦᠷ᠎ᠡ ᠠᠰᠢᠭ ᠢ ᠬᠠᠷᠢᠯᠴᠠᠨ ᠨᠢᠭᠡᠳᠦᠭᠦᠯᠬᠦ ᠶᠢ ᠪᠠᠷᠢᠮᠲᠠᠯᠠᠵᠤ᠂ | ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢ ᠢᠯᠡ ᠪᠤᠯᠭᠠᠬᠤ ᠶᠢ ᠲᠦᠯᠬᠢᠨ ᠠᠬᠢᠭᠤᠯᠵᠤ᠂ ᠠᠷᠠᠳ ᠤᠨ | ᠲᠥᠯᠥᠭᠡ ᠬᠠᠤᠯᠢ ᠪᠠᠷᠢᠬᠤ ᠶᠢ ᠦᠢᠯᠡᠳᠦᠯᠭᠡᠵᠢᠭᠦᠯᠵᠦ᠂ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠲᠥᠪ ᠭᠤᠣᠯᠴᠢ ᠪᠠᠷ ᠬᠠᠤᠯᠢ | ᠪᠠᠷᠢᠬᠤ ᠶᠢ ᠴᠢᠩᠳᠠᠯᠠᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠪᠠ ᠪᠤᠷᠤᠭᠤ ᠰᠢᠢᠳᠪᠦᠷᠢᠯᠡᠭᠰᠡᠨ ᠬᠡᠷᠡᠭ ᠢ | ᠨᠡᠬᠡᠮᠵᠢᠯᠡᠬᠦ ᠳᠦᠷᠢᠮ ᠢ ᠨᠠᠶᠢᠳᠠᠪᠤᠷᠢᠵᠢᠭᠤᠯᠵᠤ᠂ ᠤᠳᠠᠭᠠᠨ ᠲᠠᠩᠨᠠᠭᠠᠳ ᠳᠠᠭᠤᠰᠬᠠᠬᠤ ᠦᠭᠡᠢ᠂ ᠤᠳᠠᠭᠠᠰᠢᠷᠠᠭᠤᠯᠤᠭᠠᠳ ᠰᠢᠢᠳᠪᠦᠷᠢᠯᠡᠬᠦ ᠦᠭᠡᠢ ᠬᠡᠷᠡᠭ ᠢ | ᠰᠡᠷᠭᠡᠶᠢᠯᠡᠨ ᠵᠠᠯᠠᠷᠠᠭᠤᠯᠵᠤ᠂ ᠬᠤᠳᠠᠯ ᠬᠠᠭᠤᠷᠮᠠᠭ ᠵᠠᠷᠭᠤᠯᠳᠤᠬᠤ ᠠᠵᠢᠯᠯᠠᠭ᠎ᠠ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠠᠵᠢᠯ ᠢ ᠴᠢᠩᠭᠠᠳᠬᠠᠵᠤ᠂ ᠠᠷᠠᠳ ᠤᠨ | ᠢᠲᠡᠭᠡᠯ ᠢ ᠣᠯᠵᠤ᠂ ᠬᠠᠤᠯᠢ ᠴᠠᠭᠠᠵᠠ ᠶᠢᠨ ᠤᠯᠠᠨ ᠨᠡᠶᠢᠲᠡ ᠳᠠᠬᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ | ᠬᠤᠷᠢᠳᠤᠭᠠᠷ ᠵᠦᠢᠯ ᠰᠢᠭᠦᠨ ᠲᠠᠰᠤᠯᠬᠤ ᠪᠠᠶᠢᠭᠤᠯᠭ᠎ᠠ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠭᠦᠢᠴᠡᠳᠬᠡᠵᠦ᠂ ᠬᠠᠤᠯᠢ | ᠴᠠᠭᠠᠵᠠ ᠶᠢᠨ ᠮᠠᠭᠠᠳᠯᠠᠯᠲᠠ ᠪᠠ ᠲᠠᠰᠤᠯᠤᠯᠲᠠ ᠶᠢᠨ ᠡᠷᠬᠡ ᠪᠠᠨ ᠵᠥᠪ ᠢᠶᠠᠷ ᠬᠡᠷᠡᠭᠵᠢᠭᠦᠯᠵᠦ᠂ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠪᠠ ᠦᠷ᠎ᠡ | ᠪᠦᠲᠦᠮᠵᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠭᠦᠢᠴᠡᠳᠬᠡᠬᠦ ᠠᠵᠢᠯᠯᠠᠭ᠎ᠠ ᠶᠢ ᠵᠢᠷᠤᠮᠵᠢᠭᠤᠯᠤᠨ᠂ ᠭᠦᠢᠴᠡᠳᠬᠡᠬᠦ ᠡᠷᠴᠢᠮ ᠢ ᠴᠢᠩᠭᠠᠷᠠᠭᠤᠯᠵᠤ᠂ | ᠢᠲᠡᠭᠡᠮᠵᠢ ᠶᠢᠨ ᠲᠠᠯ᠎ᠠ ᠪᠠᠷ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ ᠭᠡᠷ᠎ᠡ ᠠᠴᠠ ᠵᠥᠷᠢᠴᠡᠵᠦ ᠢᠲᠡᠭᠡᠯ ᠠᠯᠳᠠᠭᠰᠠᠨ ᠢ ᠵᠠᠯᠬᠠᠭᠠᠨ ᠰᠢᠢᠳᠬᠡᠵᠦ᠂ | ᠦᠨᠡᠨᠴᠢ ᠢᠲᠡᠭᠡᠮᠵᠢᠲᠡᠢ ᠪᠠᠶᠢᠬᠤ ᠶᠢ ᠬᠥᠲᠥᠯᠥᠨ ᠵᠢᠯᠤᠭᠤᠳᠴᠤ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠦᠨᠡᠨᠴᠢ ᠢᠲᠡᠭᠡᠮᠵᠢᠲᠡᠢ | ᠨᠡᠶᠢᠭᠡᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠪᠠᠶᠢᠴᠠᠭᠠᠬᠤ ᠪᠠᠶᠢᠭᠤᠯᠭ᠎ᠠ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ | ᠭᠦᠢᠴᠡᠳᠬᠡᠵᠦ᠂ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ ᠵᠠᠬᠢᠷᠭᠠᠨ ᠤ ᠬᠡᠷᠡᠭ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠪᠠᠶᠢᠴᠠᠭᠠᠬᠤ ᠠᠵᠢᠯ ᠤᠨ | ᠬᠠᠤᠯᠢ ᠴᠠᠭᠠᠵᠠ ᠶᠢᠨ ᠬᠢᠨᠠᠯᠲᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠶᠢ ᠬᠤᠣᠰ ᠴᠢᠭᠯᠡᠯ ᠢᠶᠠᠷ ᠵᠣᠯᠭᠠᠭᠤᠯᠬᠤ ᠲᠣᠭᠲᠠᠴᠠ ᠶᠢ ᠴᠢᠩᠭᠠᠳᠬᠠᠵᠤ᠂ ᠡᠷᠡᠭᠦᠦ ᠶᠢᠨ ᠬᠡᠷᠡᠭ ᠤᠨ | ᠬᠡᠷᠡᠭ ᠪᠣᠯᠭᠠᠨ ᠳᠠᠩᠰᠠᠯᠠᠬᠤ᠂ ᠲᠤᠷᠰᠢᠨ ᠪᠠᠶᠢᠴᠠᠭᠠᠬᠤ ᠠᠵᠢᠯᠯᠠᠭ᠎ᠠ ᠪᠠ ᠰᠢᠭᠦᠨ ᠲᠠᠰᠤᠯᠬᠤ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠷᠡᠭᠦᠦ ᠶᠢᠨ | ᠬᠡᠷᠡᠭ ᠤᠨ ᠠᠷᠭ᠎ᠠ ᠪᠠᠷᠢᠯ ᠢ ᠠᠰᠢᠭᠯᠠᠨ ᠢᠷᠭᠡᠨ ᠤ ᠬᠡᠷᠡᠭ᠂ ᠠᠵᠤ ᠠᠬᠤᠢ ᠶᠢᠨ ᠵᠠᠭᠤᠷᠠᠯᠳᠤᠭᠠᠨ ᠳᠤ ᠭᠠᠷ ᠲᠦᠷᠦᠭᠦ ᠶᠢ ᠰᠡᠷᠭᠡᠶᠢᠯᠡᠨ ᠵᠠᠯᠠᠷᠠᠭᠤᠯᠵᠤ᠂ ᠦᠨᠡᠨᠴᠢ | ᠢᠲᠡᠭᠡᠮᠵᠢᠲᠡᠢ ᠪᠠᠷ ᠵᠠᠷᠭᠤᠯᠳᠤᠬᠤ ᠣᠷᠴᠢᠨ ᠨᠥᠬᠦᠴᠡᠯ ᠢ ᠪᠤᠢ ᠪᠤᠯᠭᠠᠵᠤ᠂ ᠬᠠᠤᠯᠢ ᠴᠠᠭᠠᠵᠠ ᠶᠢᠨ ᠲᠥᠪ ᠭᠤᠣᠯᠴᠢ ᠪᠠ ᠬᠠᠤᠯᠢ ᠴᠠᠭᠠᠵᠠ ᠶᠢᠨ ᠡᠷᠬᠡ ᠰᠦᠷ ᠢ | ᠬᠠᠮᠠᠭᠠᠯᠠᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ ᠵᠢᠷᠤᠮᠵᠢᠭᠤᠯᠤᠨ᠎ᠠ᠃ | ᠬᠤᠷᠢᠨ ᠬᠤᠶᠠᠳᠤᠭᠠᠷ ᠵᠦᠢᠯ ᠬᠥᠨᠳᠡᠯᠡᠨ ᠠᠴᠠ ᠲᠠᠰᠤᠯᠬᠤ ᠺᠣᠮᠢᠰ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ᠂ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ᠂ | ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ᠂ ᠬᠠᠤᠯᠢ ᠴᠠᠭᠠᠵᠠ ᠶᠢᠨ ᠰᠢᠯᠭᠠᠨ ᠲᠣᠭᠲᠠᠭᠠᠯᠲᠠ ᠶᠢᠨ ᠪᠠᠶᠢᠭᠤᠯᠤᠮᠵᠢ ᠵᠡᠷᠭᠡ ᠨᠢ ᠲᠤᠰ | ᠪᠡᠶ᠎ᠡ ᠶᠢᠨ ᠢᠲᠡᠭᠡᠮᠵᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠬᠠᠤᠯᠢ ᠶᠣᠰᠣᠭᠠᠷ ᠡᠷᠬᠡ ᠲᠡᠭᠰᠢ ᠲᠥᠪ ᠭᠤᠣᠯᠴᠢ ᠪᠠᠷ ᠠᠵᠢᠯ ᠡᠷᠭᠢᠯᠡᠭᠦ ᠬᠡᠷᠡᠭᠲᠡᠢ᠃ | ᠬᠥᠨᠳᠡᠯᠡᠨ ᠠᠴᠠ ᠲᠠᠰᠤᠯᠤᠭᠴᠢ᠂ ᠬᠠᠤᠯᠢᠴᠢ᠂ ᠠᠯᠪᠠᠨ ᠭᠡᠷᠡᠴᠢᠯᠡᠭᠴᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ᠂ ᠬᠠᠤᠯᠢ | ᠴᠠᠭᠠᠵᠠ ᠶᠢᠨ ᠲᠤᠰᠠᠯᠠᠮᠵᠢ ᠦᠵᠡᠭᠦᠯᠭᠦ ᠠᠵᠢᠯᠲᠠᠨ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠲᠠᠨ ᠲᠤᠬᠠᠶᠢᠯᠠᠭᠰᠠᠨ ᠠᠵᠢᠯ ᠤᠨ ᠶᠣᠰᠣ ᠮᠣᠷᠠᠯ ᠢ | ᠬᠢᠴᠢᠶᠡᠩᠭᠦ᠋ᠢᠯᠡᠨ ᠵᠢᠷᠤᠮᠯᠠᠵᠤ᠂ ᠦᠨᠡᠨᠴᠢ ᠢᠲᠡᠭᠡᠮᠵᠢᠲᠡᠢ ᠵᠢᠷᠤᠮᠵᠢᠯᠲᠠᠢ ᠪᠠᠷ ᠠᠵᠢᠯ ᠡᠷᠭᠢᠯᠡᠭᠦ ᠬᠡᠷᠡᠭᠲᠡᠢ᠃ | ᠭᠤᠷᠪᠠᠳᠤᠭᠠᠷ ᠪᠦᠯᠦᠭ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ | ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠨᠢ ᠪᠦᠭᠦ ᠣᠷᠣᠨ ᠤ | ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠢᠭᠡᠳᠦᠯᠲᠡᠢ ᠴᠤᠭᠯᠠᠭᠤᠯᠤᠨ ᠡᠮᠬᠢᠳᠬᠡᠬᠦ ᠪᠠ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠠᠶᠢᠭᠤᠯᠤᠭᠰᠠᠨ ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠨᠢ ᠥᠪᠡᠷᠲᠡᠭᠡᠨ ᠵᠠᠰᠠᠬᠤ | ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠨ ᠴᠤᠭᠯᠠᠭᠤᠯᠬᠤ᠂ ᠬᠠᠳᠠᠭᠠᠯᠠᠬᠤ᠂ | ᠬᠠᠮᠲᠤᠪᠠᠷ ᠬᠤᠪᠢᠶᠠᠯᠴᠠᠬᠤ᠂ ᠢᠯᠡ ᠪᠤᠯᠭᠠᠬᠤ᠂ ᠬᠠᠶᠢᠨ ᠯᠠᠪᠯᠠᠬᠤ ᠪᠠ ᠬᠡᠷᠡᠭᠯᠡᠬᠦ ᠵᠡᠷᠭᠡ ᠠᠵᠢᠯᠯᠠᠭ᠎ᠠ ᠳᠤ᠂ ᠬᠠᠤᠯᠢ ᠳᠤ ᠨᠡᠶᠢᠴᠡᠬᠦ᠂ ᠵᠦᠢ ᠶᠣᠰᠣᠨ ᠤ᠂ ᠴᠢᠬᠤᠯᠠᠲᠠᠢ | ᠂ ᠪᠣᠯᠭᠤᠮᠵᠢᠲᠠᠢ ᠪᠠᠶᠢᠬᠤ ᠵᠠᠷᠴᠢᠮ ᠢ ᠵᠢᠷᠤᠮᠯᠠᠵᠤ᠂ ᠬᠠᠤᠯᠢ ᠴᠠᠭᠠᠵᠠ᠂ ᠬᠠᠤᠯᠢ ᠲᠣᠭᠲᠠᠭᠠᠯ ᠳᠠᠬᠢ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠠᠮᠤᠷ ᠲᠦᠪᠰᠢᠨ᠂ | ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠵᠡᠷᠭᠡ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ | ᠬᠤᠷᠢᠨ ᠲᠠᠪᠤᠳᠤᠭᠠᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠨᠡᠶᠢᠲᠡᠯᠡᠬᠦ᠂ ᠬᠡᠷᠡᠭᠯᠡᠬᠦ ᠵᠢᠴᠢ ᠬᠠᠮᠢᠶᠠᠷᠬᠤ ᠪᠠ | ᠦᠢᠯᠡᠴᠢᠯᠡᠬᠦ ᠠᠵᠢᠯᠯᠠᠭ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠳᠦᠷᠢᠮ︾ ᠪᠣᠯᠣᠨ ᠪᠤᠰᠤᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠬᠡᠷᠡᠭᠯᠡᠭᠳᠡᠨ᠎ᠡ᠃ | ᠬᠤᠷᠢᠨ ᠵᠢᠷᠭᠤᠳᠤᠭᠠᠷ ᠵᠦᠢᠯ ᠤᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠨᠢᠭᠡᠴᠢ ᠨᠦᠭᠦᠳ ᠤᠯᠠᠨ ᠨᠡᠶᠢᠲᠡ ᠶᠢᠨ | ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ ᠬᠠᠤᠯᠢ ᠶᠣᠰᠣᠭᠠᠷ ᠴᠤᠭᠯᠠᠭᠤᠯᠵᠤ᠂ ᠢᠲᠡᠭᠡᠮᠵᠢ ᠶᠢᠨ ᠲᠠᠩᠰᠠ ᠡᠪᠬᠡᠮᠡᠯ ᠪᠠᠶᠢᠭᠤᠯᠬᠤ ᠬᠡᠷᠡᠭᠲᠡᠢ᠃ ᠣᠯᠠᠨ ᠨᠡᠶᠢᠲᠡ ᠶᠢᠨ | ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠨᠢᠭᠡᠴᠢ ᠶᠢᠨ ᠪᠣᠯᠵᠣᠨ ᠲᠣᠭᠲᠠᠭᠰᠠᠨ ᠶᠣᠰᠣᠭᠠᠷ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ | ᠲᠠᠪᠴᠠᠩ ᠳᠤ ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠬᠠᠩᠭᠠᠬᠤ ᠶᠢ ᠵᠣᠷᠢᠭᠵᠢᠭᠤᠯᠤᠨ᠎ᠠ᠃ ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ | ᠮᠡᠳᠡᠭᠡ ᠵᠠᠩᠭᠢ ᠶᠢ ᠴᠤᠭᠯᠠᠭᠤᠯᠬᠤ ᠨᠢᠭᠡᠴᠢ ᠨᠢ ᠬᠠᠩᠭᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ᠂ | ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠲᠤ ᠬᠠᠷᠢᠭᠤᠴᠠᠬᠤ ᠬᠡᠷᠡᠭᠲᠡᠢ᠃ ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠤᠯᠭᠠᠬᠤ᠂ | ᠬᠠᠮᠲᠤᠪᠠᠷ ᠬᠤᠪᠢᠶᠠᠯᠴᠠᠬᠤ᠂ ᠬᠠᠶᠢᠨ ᠯᠠᠪᠯᠠᠬᠤ ᠶᠢ ᠬᠠᠤᠯᠢ ᠶᠣᠰᠣᠭᠠᠷ ᠢᠯᠡ ᠪᠤᠯᠭᠠᠬᠤ᠂ ᠢᠲᠡᠭᠡᠮᠵᠢ ᠶᠢᠨ ᠭᠤᠣᠯ ᠴᠣᠭᠴᠠ ᠨᠢ ᠰᠠᠨᠠᠭᠠᠴᠢᠯᠠᠭ᠎ᠠ ᠠᠴᠠ ᠪᠠᠨ ᠢᠯᠡ | ᠪᠤᠯᠭᠠᠬᠤ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠬᠠᠤᠯᠢ ᠶᠣᠰᠣᠭᠠᠷ ᠬᠠᠩᠭᠠᠬᠤ ᠪᠤᠶᠤ ᠪᠣᠯᠵᠣᠨ ᠲᠣᠭᠲᠠᠭᠰᠠᠨ ᠪᠤᠰᠤᠳ ᠠᠷᠭ᠎ᠠ ᠮᠠᠶ᠋ᠢᠭ ᠢᠶᠠᠷ | ᠶᠠᠪᠤᠭᠳᠠᠭᠤᠯᠵᠤ ᠪᠣᠯᠣᠨ᠎ᠠ᠃ | ᠬᠤᠷᠢᠨ ᠳᠣᠯᠣᠳᠤᠭᠠᠷ ᠵᠦᠢᠯ ᠢᠲᠡᠭᠡᠮᠵᠢ ᠶᠢᠨ ᠭᠤᠣᠯ ᠴᠣᠭᠴᠠ ᠨᠢ ᠢᠯᠡᠷᠬᠡᠶᠢᠯᠡᠬᠦ᠂ ᠪᠡᠶ᠎ᠡ ᠪᠠᠨ ᠳᠠᠭᠠᠭᠠᠵᠤ ᠮᠡᠳᠡᠭᠦᠯᠬᠦ᠂ ᠨᠡᠶᠢᠭᠡᠮ ᠳᠤ ᠠᠮᠠᠯᠠᠯᠲᠠ ᠬᠢᠬᠦ | ᠵᠡᠷᠭᠡ ᠭᠡᠯᠪᠡᠷᠢ ᠪᠠᠷ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ | ᠨᠡᠶᠢᠭᠡᠮᠯᠢᠭ ᠬᠤᠳᠠᠯᠳᠤᠭᠠᠨ ᠤ ᠨᠡᠶᠢᠭᠡᠮᠯᠢᠭ ᠵᠡᠷᠭᠡ ᠳᠤ ᠲᠣᠰ ᠪᠡᠶ᠎ᠡ ᠶᠢᠨ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠪᠠᠨ ᠬᠠᠩᠭᠠᠬᠤ ᠶᠢᠨ ᠬᠠᠮᠲᠤ᠂ ᠬᠠᠩᠭᠠᠭᠰᠠᠨ | ᠮᠡᠳᠡᠭᠡ ᠵᠠᠩᠭᠢ ᠶᠢᠨ ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠲᠤ ᠬᠠᠷᠢᠭᠤᠴᠠᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢᠲᠡᠭᠡᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠨᠡᠶᠢᠭᠡᠮᠯᠢᠭ ᠵᠢᠴᠢ ᠪᠤᠰᠤᠳ ᠬᠠᠤᠯᠢ ᠶᠢᠨ ᠬᠥᠮᠥᠨ ᠪᠠ ᠬᠠᠤᠯᠢ ᠶᠢᠨ ᠬᠥᠮᠥᠨ | ᠪᠤᠰᠤ ᠵᠣᠬᠢᠶᠠᠨ ᠪᠠᠶᠢᠭᠤᠯᠤᠯᠲᠠ ᠯᠤᠭ᠎ᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠢᠲᠡᠭᠡᠮᠵᠢ ᠶᠢᠨ | ᠮᠡᠳᠡᠭᠡ ᠵᠠᠩᠭᠢ ᠪᠠ ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠬᠢᠭᠡᠳ ᠮᠥᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ | ᠳ᠋ᠠᠶᠢᠲ᠋ᠠ ᠬᠥᠮᠥᠷᠭᠡ ᠵᠡᠷᠭᠡ ᠬᠠᠮᠢᠶ᠎ᠠ ᠪᠦᠬᠦᠢ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠨᠢ ᠳ᠋ᠠᠶᠢᠲ᠋ᠠ ᠶᠢ ᠬᠠᠮᠲᠤᠪᠠᠷ ᠬᠤᠪᠢᠶᠠᠯᠴᠠᠬᠤ ᠶᠢ ᠴᠢᠩᠭᠠᠳᠬᠠᠵᠤ᠂ | ᠨᠡᠶᠢᠭᠡᠮ ᠤᠨ ᠬᠡᠷᠡᠭᠯᠡᠭᠡᠨ ᠤ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ |