ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ 2
ᠨᠡᠶᠢᠲᠡᠯᠡᠭᠰᠡᠨ ᠴᠠᠭ᠄
2025/1/6
       ᠳᠥᠷᠪᠡᠳᠦᠭᠡᠷ ᠪᠦᠯᠦᠭ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ       ᠬᠤᠷᠢ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠢᠲᠡᠭᠡᠮᠵᠢ ᠲᠠᠢ ᠪᠠᠶᠢᠬᠤ ᠦᠢᠯᠡ ᠠᠵᠢᠯᠯᠠᠭ᠎ᠠ ᠶᠢ ᠰᠠᠨᠠᠭᠠᠴᠢᠯᠠᠬᠤ ᠪᠠ ᠰᠠᠶᠢᠰᠢᠶᠠᠵᠤ ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠪᠠ ᠬᠢᠵᠠᠭᠠᠷᠯᠠᠬᠤ ᠬᠡᠷᠡᠭᠲᠡᠢ᠃       ᠭᠤᠴᠢᠳᠤᠭᠠᠷ ᠵᠦᠢᠯ ᠢᠲᠡᠭᠡᠮᠵᠢ ᠲᠠᠢ ᠪᠠᠷ ᠤᠷᠮᠠᠰᠢᠭᠤᠯᠬᠤ ᠡᠲᠡᠭᠡᠳ ᠢ ᠦᠨᠡᠯᠡᠨ ᠲᠣᠭᠲᠠᠭᠠᠬᠤ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠨᠡᠯᠡᠨ ᠲᠣᠭᠲᠠᠭᠠᠬᠤ ᠠᠷᠭ᠎ᠠ ᠶᠢᠨ ᠶᠣᠰᠣᠭᠠᠷ ᠢᠲᠡᠭᠡᠮᠵᠢ ᠲᠠᠢ ᠪᠠᠷ ᠤᠷᠮᠠᠰᠢᠭᠤᠯᠬᠤ ᠡᠲᠡᠭᠡᠳ ᠢ ᠨᠤᠲᠠᠯᠠᠨ ᠲᠣᠭᠲᠠᠭᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠨ᠎ᠡ᠃       ᠭᠤᠴᠢᠨ ᠨᠢᠭᠡᠳᠦᠭᠡᠷ ᠵᠦᠢᠯ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠤᠯᠠᠨ ᠨᠡᠶᠢᠲᠡ ᠶᠢᠨ ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠪᠦᠬᠦᠢ ᠵᠣᠬᠢᠶᠠᠨ ᠪᠠᠶᠢᠭᠤᠯᠤᠯᠲᠠ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶᠡᠨ ᠳᠣᠲᠣᠷ᠎ᠠ ᠢᠲᠡᠭᠡᠮᠵᠢ ᠲᠠᠢ ᠪᠠᠷ ᠤᠷᠮᠠᠰᠢᠭᠤᠯᠤᠬᠳᠠᠬᠤ ᠡᠲᠡᠭᠡᠳ ᠲᠤ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠮᠵᠢᠶ᠎ᠡ ᠠᠪᠴᠤ ᠪᠣᠯᠣᠨ᠎ᠠ᠃       ᠭᠤᠴᠢᠨ ᠬᠤᠶᠠᠳᠤᠭᠠᠷ ᠵᠦᠢᠯ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠳᠤ ᠨᠠᠷᠢᠨ ᠬᠠᠭᠤᠳᠠᠰᠤ ᠶᠢᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠬᠠᠮᠢᠶ᠎ᠠ ᠪᠦᠬᠦᠢ ᠢᠲᠡᠭᠡᠮᠵᠢ ᠶᠢᠨ ᠭᠤᠣᠯ ᠴᠣᠭᠴᠠ ᠳᠤ ᠲᠣᠳᠣᠷᠬᠠᠢ ᠬᠠᠭᠤᠳᠠᠰᠤᠨ ᠳᠤ ᠵᠢᠭᠰᠠᠭᠠᠭᠰᠠᠨ ᠬᠤᠬᠢᠷᠠᠯ ᠢ ᠪᠠᠭᠠᠰᠬᠠᠬᠤ ᠪᠤᠶᠤ ᠡᠭᠦᠷᠭᠡ ᠶᠢ ᠨᠡᠮᠡᠭᠳᠡᠭᠦᠯᠬᠦ ᠢᠲᠡᠭᠡᠯ ᠢᠶᠠᠨ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠴᠠ ᠳᠠᠪᠠᠭᠤᠯᠤᠨ ᠬᠡᠷᠡᠭᠵᠢᠭᠦᠯᠵᠦ ᠪᠤᠯᠬᠤ ᠦᠭᠡᠢ︔ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢᠨ ᠰᠢᠨᠵᠢ ᠴᠢᠨᠠᠷ᠂ ᠦᠢᠯᠡ ᠪᠠᠶᠢᠳᠠᠯ ᠪᠠ ᠨᠡᠶᠢᠭᠡᠮ ᠤᠨ ᠨᠥᠯᠥᠭᠡ ᠶᠢ ᠦᠨᠳᠦᠰᠦᠯᠡᠨ᠂ ᠢᠲᠡᠭᠡᠯ ᠢᠶᠠᠨ ᠠᠯᠳᠠᠭᠰᠠᠨ ᠭᠤᠣᠯ ᠴᠣᠭᠴᠠ ᠳᠤ ᠬᠦᠨᠳᠦ ᠬᠥᠩᠭᠡᠨ ᠢ ᠵᠣᠬᠢᠰᠲᠠᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃       ᠭᠤᠴᠢᠨ ᠭᠤᠷᠪᠠᠳᠤᠭᠠᠷ ᠵᠦᠢᠯ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠠᠴᠠ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠶᠢ ᠨᠤᠲᠠᠯᠠᠨ ᠲᠣᠭᠲᠠᠭᠠᠬᠤ ᠳᠤ᠂ ᠬᠠᠤᠯᠢ ᠳᠤ ᠨᠡᠶᠢᠴᠡᠬᠦ᠂ ᠪᠤᠰᠤᠳᠴᠢ᠂ ᠬᠢᠨᠠᠭᠤᠷ ᠪᠣᠯᠭᠤᠮᠵᠢᠲᠠᠢ᠂ ᠬᠤᠯᠪᠣᠭᠳᠠᠭᠤᠯᠬᠤ ᠵᠠᠷᠴᠢᠮ ᠢ ᠵᠢᠷᠤᠮᠯᠠᠨ᠂ ᠳᠣᠣᠷ᠎ᠠ ᠵᠢᠭᠰᠠᠭᠠᠭᠰᠠᠨ ᠪᠢᠴᠢᠭ ᠬᠠᠷ᠎ᠠ ᠪᠠᠷ ᠦᠨᠳᠦᠰᠦᠯᠡᠯ ᠪᠤᠯᠭᠠᠬᠤ ᠬᠡᠷᠡᠭᠲᠡᠢ᠄ ︵ᠨᠢᠭᠡ︶ ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠪᠠ ᠬᠥᠨᠳᠡᠯᠡᠨ ᠠᠴᠠ ᠲᠠᠰᠤᠯᠤᠬᠰᠠᠨ ᠪᠢᠴᠢᠭ ᠬᠠᠷ᠎ᠠ︔ ︵ᠬᠤᠶᠠᠷ︶ ᠬᠦᠴᠦᠨ ᠲᠠᠢ ᠪᠣᠯᠤᠭᠰᠠᠨ ᠵᠠᠰᠠᠭ ᠵᠠᠬᠢᠷᠭᠠᠨ ᠤ ᠰᠢᠢᠳᠬᠡᠯ ᠪᠠ ᠵᠠᠰᠠᠭ ᠵᠠᠬᠢᠷᠭᠠᠨ ᠤ ᠲᠣᠭᠲᠠᠭᠠᠯᠲᠠ ᠵᠡᠷᠭᠡ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢᠨ ᠲᠣᠭᠲᠠᠭᠠᠯ ᠤᠨ ᠪᠢᠴᠢᠭ ᠬᠠᠷ᠎ᠠ︔ ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠤᠯᠤᠰ ᠠᠴᠠ ᠲᠣᠭᠲᠠᠭᠠᠭᠰᠠᠨ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠶᠢ ᠨᠤᠲᠠᠯᠠᠨ ᠲᠣᠭᠲᠠᠭᠠᠬᠤ ᠦᠨᠳᠦᠰᠦᠯᠡᠯ ᠪᠤᠯᠭᠠᠵᠤ ᠪᠤᠯᠬᠤ ᠪᠤᠰᠤᠳ ᠪᠢᠴᠢᠭ ᠬᠠᠷ᠎ᠠ᠃       ᠭᠤᠴᠢᠨ ᠳᠥᠷᠪᠡᠳᠦᠭᠡᠷ ᠵᠦᠢᠯ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢ ᠨᠢ ᠢᠲᠡᠭᠡᠯ ᠢᠶᠠᠨ ᠠᠯᠳᠠᠭᠰᠠᠨ ᠮᠡᠳᠡᠭᠡ ᠵᠠᠩᠭᠢ ᠶᠢᠨ ᠲᠡᠮᠳᠡᠭᠯᠡᠯ ᠳᠤ ᠣᠷᠣᠭᠤᠯᠤᠭᠰᠠᠨ ᠪᠠᠶᠢᠪᠠᠯ᠂ ᠢᠲᠡᠭᠡᠮᠵᠢ ᠶᠢᠨ ᠭᠤᠣᠯ ᠴᠣᠭᠴᠠ ᠶᠢᠨ ᠨᠤᠲᠠᠯᠠᠨ ᠲᠣᠭᠲᠠᠭᠠᠭᠰᠠᠨ ᠰᠢᠨᠵᠢ ᠴᠢᠨᠠᠷ᠂ ᠰᠢᠯᠲᠠᠭᠠᠨ᠂ ᠦᠨᠳᠦᠰᠦᠯᠡᠯ᠂ ᠰᠢᠯᠵᠢᠭᠦᠯᠦᠨ ᠭᠠᠷᠭᠠᠬᠤ ᠨᠥᠬᠦᠴᠡᠯ ᠪᠣᠯᠣᠨ ᠲᠡᠳᠬᠦᠬᠦ ᠠᠷᠭ᠎ᠠ ᠵᠠᠮ ᠢ ᠬᠡᠯᠡᠵᠦ ᠥᠭᠬᠦ ᠬᠡᠷᠡᠭᠲᠡᠢ᠃ ᠢᠲᠡᠭᠡᠯ ᠠᠯᠳᠠᠭᠰᠠᠨ ᠢᠲᠡᠭᠡᠮᠵᠢ ᠶᠢᠨ ᠭᠤᠣᠯ ᠴᠣᠭᠴᠠ ᠳᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠪᠠᠷ ᠲᠣᠭᠲᠠᠭᠠᠭᠰᠠᠨ ᠪᠠᠶᠢᠪᠠᠯ᠂ ᠪᠠᠰᠠ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠦᠴᠦᠨ ᠦᠭᠡᠢ ᠪᠤᠯᠭᠠᠬᠤ ᠨᠥᠬᠦᠴᠡᠯ ᠢ ᠬᠡᠯᠡᠵᠦ ᠥᠭᠬᠦ ᠬᠡᠷᠡᠭᠲᠡᠢ᠃       ᠭᠤᠴᠢᠨ ᠲᠠᠪᠤᠳᠤᠭᠠᠷ ᠵᠦᠢᠯ ᠢᠲᠡᠭᠡᠮᠵᠢ ᠶᠢᠨ ᠭᠤᠣᠯ ᠴᠣᠭᠴᠠ ᠶᠢ ᠬᠦᠨᠳᠦ ᠨᠣᠴᠢᠲᠠᠢ ᠢᠲᠡᠭᠡᠯ ᠢᠶᠠᠨ ᠠᠯᠳᠠᠭᠰᠠᠨ ᠭᠤᠣᠯ ᠴᠣᠭᠴᠠ ᠶᠢᠨ ᠨᠡᠷᠡᠰ ᠲᠤ ᠵᠢᠭᠰᠠᠭᠠᠨ ᠣᠷᠣᠭᠤᠯᠬᠤ ᠳᠤ᠂ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠤᠯᠤᠰ ᠠᠴᠠ ᠲᠣᠭᠲᠠᠭᠠᠭᠰᠠᠨ ᠦᠨᠳᠦᠰᠦᠯᠡᠯ ᠪᠣᠯᠣᠨ ᠨᠤᠲᠠᠯᠠᠨ ᠲᠣᠭᠲᠠᠭᠠᠬᠤ ᠶᠢᠨ ᠪᠠᠷᠢᠮᠵᠢᠶ᠎ᠠ ᠶᠢ ᠬᠡᠷᠡᠭᠵᠢᠭᠦᠯᠬᠦ ᠶᠢᠨ ᠬᠠᠮᠲᠤ ᠳᠣᠣᠷᠠᠬᠢ ᠮᠡᠲᠦ ᠥᠢᠯᠡ ᠠᠵᠢᠯᠯᠠᠭ᠎ᠠ ᠪᠠᠷ ᠬᠢᠵᠠᠭᠠᠷᠯᠠᠬᠤ ᠬᠡᠷᠡᠭᠲᠡᠢ᠄ ︵ᠨᠢᠭᠡ︶ ᠠᠷᠠᠳ ᠤᠯᠡᠠ ᠤ ᠪᠡᠶ᠎ᠡ ᠶᠢᠨ ᠡᠷᠡᠭᠦᠯ ᠮᠡᠡᠳᠦ ᠪᠠ ᠠᠮᠢ ᠨᠠᠰᠤᠨ ᠤ ᠠᠮᠤᠷ ᠲᠦᠪᠰᠢᠨ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠤᠭᠰᠠᠨ ᠤᠢᠢᠯᠠ ᠠᠵᠢᠯᠯᠠᠭ᠎ᠠ︔ ︵ᠬᠤᠶᠠᠷ︶ ᠵᠠᠬ᠎ᠠ ᠳᠡᠯᠭᠡᠭᠦᠷ ᠤᠨ ᠭᠤᠣᠯᠴᠢ ᠥᠷᠢᠰᠦᠯᠳᠦᠭᠡᠨ ᠤ ᠡᠮᠬᠢ ᠵᠢᠷᠤᠮ ᠪᠠ ᠨᠡᠶᠢᠭᠡᠮ ᠤᠨ ᠬᠡᠪ ᠤᠨ ᠡᠮᠬᠢ ᠵᠢᠷᠤᠮ ᠢ ᠬᠦᠨᠳᠦ ᠨᠣᠴᠢᠲᠠᠢ ᠡᠪᠳᠡᠭᠰᠡᠨ ᠦᠢᠯᠡ ᠠᠵᠢᠯᠯᠠᠭ᠎ᠠ︔ ︵ᠭᠤᠷᠪᠠ︶ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠭᠦᠢᠴᠡᠳᠬᠡᠬᠦ ᠶᠢ ᠲᠡᠪᠴᠢᠵᠦ᠂ ᠬᠠᠤᠯᠢ ᠴᠠᠭᠠᠵᠠ ᠶᠢᠨ ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠤᠯᠠᠨ ᠨᠡᠶᠢᠲᠡ ᠳᠠᠬᠢ ᠢᠲᠡᠭᠡᠭᠦᠯᠬᠦ ᠬᠦᠴᠦᠨ ᠢ ᠬᠦᠨᠳᠦ ᠨᠣᠴᠢᠲᠠᠢ ᠨᠥᠯᠥᠭᠡᠯᠡᠭᠰᠡᠨ ᠦᠢᠯᠡ ᠠᠵᠢᠯᠯᠠᠭ᠎ᠠ︔ ︵ᠳᠥᠷᠪᠡ︶ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠶᠢ ᠲᠡᠪᠴᠢᠭᠰᠡᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠰᠢᠭ ᠲᠤᠰᠠ ᠳᠤ ᠬᠤᠣᠷ ᠬᠥᠨᠥᠭᠡᠯ ᠤᠴᠠᠷᠠᠭᠤᠯᠤᠭᠰᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠥᠬᠦᠭᠡᠷᠦᠮᠵᠢ ᠶᠢ ᠡᠪᠳᠡᠭᠰᠡᠨ ᠵᠡᠷᠭᠡ ᠦᠢᠯᠡ ᠠᠵᠢᠯᠯᠠᠭ᠎ᠠ︔ ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠤᠯᠤᠰ ᠠᠴᠠ ᠲᠣᠭᠲᠠᠭᠠᠭᠰᠠᠨ ᠪᠤᠰᠤᠳ ᠬᠦᠨᠳᠦ ᠨᠣᠴᠢᠲᠠᠢ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ᠃       ᠭᠤᠴᠢᠨ ᠵᠢᠷᠭᠤᠳᠤᠭᠠᠷ ᠵᠦᠢᠯ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠠᠴᠠ ᠬᠦᠨᠳᠦ ᠨᠣᠴᠢᠲᠠᠢ ᠢᠲᠡᠭᠡᠯ ᠢᠶᠠᠨ ᠠᠯᠳᠠᠭᠰᠠᠨ ᠭᠤᠣᠯ ᠴᠣᠭᠴᠠ ᠶᠢ ᠨᠤᠲᠠᠯᠠᠨ ᠲᠣᠭᠲᠠᠭᠠᠬᠤ ᠲᠣᠭᠲᠠᠭᠠᠯ ᠭᠠᠷᠭᠠᠬᠤ ᠠᠴᠠ ᠡᠮᠦᠨ᠎ᠡ᠂ ᠢᠲᠡᠭᠡᠮᠵᠢ ᠶᠢᠨ ᠭᠤᠣᠯ ᠴᠣᠭᠴᠠ ᠶᠢᠨ ᠲᠣᠭᠲᠠᠭᠠᠭᠰᠠᠨ ᠤᠴᠢᠷ ᠰᠢᠯᠲᠠᠭᠠᠨ᠂ ᠦᠨᠳᠦᠰᠦᠯᠡᠯ ᠪᠣᠯᠣᠨ ᠬᠠᠤᠯᠢ ᠶᠣᠰᠣᠭᠠᠷ ᠡᠳ᠋ᠯᠡᠬᠦ ᠡᠷᠬᠡ ᠶᠢ ᠬᠡᠯᠡᠵᠦ ᠥᠭᠬᠦ ᠬᠡᠷᠡᠭᠲᠡᠢ᠃ ᠢᠲᠡᠭᠡᠮᠵᠢ ᠶᠢᠨ ᠭᠤᠣᠯ ᠴᠣᠭᠴᠠ ᠣᠨᠳᠣᠣ ᠰᠠᠨᠠᠯ ᠳᠤᠷᠠᠳᠤᠭᠰᠠᠨ ᠪᠠᠶᠢᠪᠠᠯ᠂ ᠬᠢᠨᠠᠨ ᠬᠠᠷᠭᠤᠭᠤᠯᠬᠤ ᠶᠢᠨ ᠬᠠᠮᠲᠤ ᠲᠣᠭᠲᠠᠭᠠᠭᠰᠠᠨ ᠴᠠᠭ ᠬᠤᠭᠤᠴᠠᠭᠠᠨ ᠳᠣᠲᠣᠷ᠎ᠠ ᠬᠠᠷᠢᠭᠤ ᠲᠤᠰᠬᠠᠬᠤ ᠬᠡᠷᠡᠭᠲᠡᠢ᠃ ᠢᠲᠡᠭᠡᠮᠵᠢ ᠶᠢᠨ ᠭᠤᠣᠯ ᠴᠣᠭᠴᠠ ᠶᠢ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠶᠢᠨ ᠨᠡᠷᠡᠰ ᠲᠤ ᠵᠢᠭᠰᠠᠭᠠᠨ ᠣᠷᠣᠭᠤᠯᠬᠤ ᠳᠤ ᠨᠤᠲᠠᠯᠠᠨ ᠲᠣᠭᠲᠠᠭᠠᠭᠰᠠᠨ ᠲᠣᠭᠲᠠᠭᠠᠯ ᠤᠨ ᠪᠢᠴᠢᠭ ᠬᠠᠷ᠎ᠠ ᠭᠠᠷᠭᠠᠵᠤ᠂ ᠤᠴᠢᠷ ᠰᠢᠯᠲᠠᠭᠠᠨ᠂ ᠦᠨᠳᠦᠰᠦᠯᠡᠯ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠰᠠᠨᠠᠭᠤᠯᠤᠮᠵᠢ᠂ ᠰᠢᠯᠵᠢᠭᠦᠯᠦᠨ ᠭᠠᠷᠭᠠᠬᠤ ᠨᠥᠬᠦᠴᠡᠯ ᠪᠠ ᠲᠠᠰ ᠳᠠᠷᠠᠭᠠᠯᠠᠯ ᠵᠢᠴᠢ ᠲᠡᠳᠬᠦᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠢᠲᠡᠭᠡᠮᠵᠢ ᠶᠢᠨ ᠭᠤᠣᠯ ᠴᠣᠭᠴᠠ ᠳᠤ ᠬᠠᠤᠯᠢ ᠶᠣᠰᠣᠭᠠᠷ ᠬᠦᠷᠭᠡᠬᠦ ᠶᠢᠨ ᠬᠠᠮᠲᠤ ᠨᠤᠲᠠᠯᠠᠨ ᠲᠣᠭᠲᠠᠭᠠᠭᠰᠠᠨ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠶᠢᠨ ᠨᠡᠷᠡᠰ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠬᠦ ᠬᠡᠷᠡᠭᠲᠡᠢ᠃ ᠨᠤᠲᠠᠯᠠᠨ ᠲᠣᠭᠲᠠᠭᠠᠬᠤ ᠪᠠᠷᠢᠮᠵᠢᠶ᠎ᠠ ᠪᠠ ᠨᠤᠲᠠᠯᠠᠨ ᠲᠣᠭᠲᠠᠭᠠᠬᠤ ᠵᠢᠷᠤᠮ ᠶᠣᠰᠣᠭᠠᠷ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠶᠢᠨ ᠨᠡᠷᠡᠰ ᠢ ᠳᠤᠷ᠎ᠠ ᠪᠠᠷ ᠢᠶᠠᠨ ᠥᠯᠥ ᠨᠤᠲᠠᠯᠠᠨ ᠲᠣᠭᠲᠠᠭᠠᠬᠤ ᠶᠢ ᠴᠠᠭᠠᠵᠠᠯᠠᠨ᠎ᠠ᠃       ᠭᠤᠴᠢᠨ ᠳᠣᠯᠣᠳᠤᠭᠠᠷ ᠵᠦᠢᠯ ᠬᠠᠤᠯᠢ ᠶᠢᠨ ᠬᠥᠮᠥᠨ᠂ ᠬᠠᠤᠯᠢ ᠶᠢᠨ ᠬᠥᠮᠥᠨ ᠪᠤᠰᠤ ᠵᠣᠬᠢᠶᠠᠨ ᠪᠠᠶᠢᠭᠤᠯᠤᠯᠲᠠ ᠵᠡᠷᠭᠡ ᠨᠢ ᠬᠦᠨᠳᠦ ᠨᠣᠴᠢᠲᠠᠢ ᠢᠲᠡᠭᠡᠯ ᠢᠶᠠᠨ ᠠᠯᠳᠠᠭᠰᠠᠨ ᠭᠤᠣᠯ ᠴᠣᠭᠴᠠ ᠪᠠᠷ ᠨᠤᠲᠠᠯᠠᠨ ᠲᠣᠭᠲᠠᠭᠠᠭᠰᠠᠨ ᠪᠠᠶᠢᠪᠠᠯ᠂ ᠤᠯᠤᠰ ᠤᠨ ᠲᠣᠭᠲᠠᠭᠠᠯ ᠶᠣᠰᠣᠭᠠᠷ ᠲᠡᠭᠦᠨ ᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠭᠤᠣᠯ ᠬᠠᠷᠢᠭᠤᠴᠠᠯᠭᠠᠲᠠᠨ᠂ ᠪᠣᠳᠠᠲᠠᠢ ᠡᠵᠡᠮᠳᠡᠭᠴᠢ ᠶᠢ ᠢᠲᠡᠭᠡᠯ ᠠᠯᠳᠠᠭᠰᠠᠨ ᠲᠡᠮᠳᠡᠭᠯᠡᠯ ᠳᠤ ᠣᠷᠣᠭᠤᠯᠬᠤ ᠬᠡᠷᠡᠭᠲᠡᠢ᠃       ᠲᠠᠪᠤᠳᠤᠭᠠᠷ ᠪᠦᠯᠦᠭ ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ       ᠭᠤᠴᠢᠨ ᠨᠠᠢᠮᠠᠳᠤᠭᠠᠷ ᠵᠦᠢᠯ ᠢᠲᠡᠭᠡᠮᠵᠢ ᠶᠢᠨ ᠭᠤᠣᠯ ᠴᠣᠭᠴᠠ ᠨᠢ ᠲᠤᠰ ᠪᠡᠶ᠎ᠡ ᠶᠢᠨ ᠢᠲᠡᠭᠡᠮᠵᠢ ᠶᠢᠨ ᠮᠡᠳᠡᠭᠡ ᠵᠠᠩᠭᠢ ᠪᠠᠨ ᠪᠠᠶᠢᠴᠠᠭᠠᠨ ᠯᠠᠪᠯᠠᠬᠤ ᠪᠠ ᠪᠠ ᠪᠠᠭᠤᠯᠭᠠᠨ ᠠᠪᠬᠤ ᠡᠷᠬᠡ ᠲᠠᠢ᠂ ᠲᠡᠭᠦᠨ ᠲᠠᠢ ᠬᠤᠯᠪᠣᠭᠳᠠᠬᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠭᠰᠠᠨ᠂ ᠴᠤᠭᠯᠠᠭᠤᠯᠤᠨ ᠡᠮᠬᠢᠳᠬᠡᠭᠰᠡᠨ᠂ ᠪᠣᠯᠪᠠᠰᠤᠷᠠᠭᠤᠯᠤᠭᠰᠠᠨ ᠪᠠ ᠬᠠᠮᠲᠤ ᠪᠠᠷ ᠬᠤᠪᠢᠶᠠᠯᠴᠠᠭᠰᠠᠨ ᠪᠠᠶᠢᠳᠠᠯ ᠵᠢᠴᠢ ᠲᠡᠭᠦᠨ ᠤ ᠢᠲᠡᠭᠡᠮᠵᠢ ᠶᠢᠨ ᠮᠡᠳᠡᠭᠦᠯᠦᠯᠲᠡ ᠳᠤ ᠲᠣᠳᠣᠷᠬᠠᠢ ᠲᠡᠮᠳᠡᠭᠯᠡᠭᠰᠡᠨ ᠮᠡᠳᠡᠭᠡ ᠵᠠᠩᠭᠢ ᠶᠢᠨ ᠢᠷᠡᠯᠲᠡ ᠪᠠ ᠬᠤᠪᠢᠷᠠᠯᠲᠠ ᠶᠢᠨ ᠤᠴᠢᠷ ᠰᠢᠯᠲᠠᠭᠠᠨ ᠢ ᠮᠡᠳᠡᠬᠦ ᠡᠷᠬᠡ ᠲᠠᠢ᠃       ᠭᠤᠴᠢ ᠶᠢᠰᠦᠳᠦᠭᠡᠷ ᠵᠦᠢᠯ ᠢᠲᠡᠭᠡᠮᠵᠢ ᠶᠢᠨ ᠭᠤᠣᠯ ᠴᠣᠭᠴᠠ ᠨᠢ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠠᠷᠯᠠᠨ ᠨᠡᠶᠢᠲᠡᠯᠡᠭᠰᠡᠨ ᠪᠤᠶᠤ ᠲᠡᠮᠳᠡᠭᠯᠡᠭᠰᠡᠨ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠣᠷᠣᠰᠢᠵᠤ ᠪᠠᠶᠢᠨ᠎ᠠ ᠭᠡᠵᠦ ᠦᠵᠡᠪᠡᠯ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠨᠤᠲᠠᠯᠠᠨ ᠲᠣᠭᠲᠠᠭᠠᠭᠰᠠᠨ ᠨᠢᠭᠡᠴᠢ ᠪᠤᠶᠤ ᠲᠡᠭᠦᠨ ᠤ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠨ ᠲᠡᠮᠳᠡᠭᠯᠡᠭᠰᠡᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠣᠨᠳᠣᠣ ᠰᠠᠨᠠᠯ ᠲᠠᠢ ᠪᠠᠶᠢᠬᠤ ᠭᠤᠶᠤᠴᠢᠯᠠᠯ ᠭᠠᠷᠭᠠᠵᠤ ᠪᠣᠯᠣᠨ᠎ᠠ᠄ ︵ᠨᠢᠭᠡ︶ ᠪᠣᠳᠠᠲᠤ ᠪᠠᠶᠢᠳᠠᠯ ᠲᠠᠢ ᠨᠡᠶᠢᠴᠡᠬᠦ ᠦᠭᠡᠢ᠂ ᠪᠤᠷᠤᠭᠤᠳᠠᠭᠰᠠᠨ ᠪᠤᠶᠤ ᠣᠷᠬᠢᠭᠳᠠᠭᠤᠯᠤᠭᠰᠠᠨ ᠪᠠᠶᠢᠳᠠᠯ ᠲᠠᠢ ᠪᠠᠶᠢᠬᠤ︔ ︵ᠬᠤᠶᠠᠷ︶ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ ᠪᠤᠶᠤ ᠪᠤᠰᠤᠳ ᠬᠠᠤᠯᠢ ᠶᠣᠰᠣᠨ ᠤ ᠡᠷᠬᠡ ᠠᠰᠢᠭ ᠲᠤ ᠨᠢ ᠬᠠᠯᠳᠠᠬᠰᠠᠨ︔ ︵ᠭᠤᠷᠪᠠ︶ ᠵᠠᠷᠯᠠᠨ ᠨᠡᠶᠢᠲᠡᠯᠡᠬᠦ ᠬᠤᠭᠤᠴᠠᠭ᠎ᠠ ᠠᠴᠠ ᠬᠡᠲᠦᠷᠡᠭᠰᠡᠨ ᠪᠠᠶᠢᠲᠠᠯ᠎ᠠ ᠮᠥᠨ ᠵᠠᠷᠯᠠᠨ ᠨᠡᠶᠢᠲᠡᠯᠡᠭᠰᠡᠨ︔ ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠨᠡᠶᠢᠲᠡᠯᠡᠵᠦ ᠪᠤᠯᠬᠤ ᠦᠭᠡᠢ ᠪᠤᠰᠤᠳ ᠮᠡᠳᠡᠭᠡ ᠵᠠᠩᠭᠢ᠃       ᠳᠥᠴᠢᠳᠦᠭᠡᠷ ᠵᠦᠢᠯ ᠢᠲᠡᠭᠡᠮᠵᠢ ᠶᠢᠨ ᠭᠤᠣᠯ ᠴᠣᠭᠴᠠ ᠨᠢ ᠢᠲᠡᠭᠡᠮᠵᠢ ᠶᠢᠨ ᠮᠡᠳᠡᠭᠡ ᠵᠠᠩᠭᠢ ᠶᠢ ᠵᠠᠰᠠᠨ ᠰᠡᠷᠭᠦᠭᠡᠬᠦ ᠡᠷᠬᠡ ᠶᠢ ᠬᠠᠤᠯᠢ ᠶᠣᠰᠣᠭᠠᠷ ᠡᠳ᠋ᠯᠡᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠠᠴᠠ ᠲᠣᠭᠲᠠᠭᠠᠭᠰᠠᠨ ᠵᠠᠰᠠᠨ ᠰᠡᠷᠭᠦᠭᠡᠵᠦ ᠪᠤᠯᠬᠤ ᠦᠭᠡᠢ ᠪᠠᠶᠢᠳᠠᠯ ᠢ ᠭᠠᠷᠭᠠᠪᠠᠯ᠂ ᠬᠤᠯᠪᠣᠭᠳᠠᠯ ᠪᠦᠬᠦᠢ ᠨᠥᠬᠦᠴᠡᠯ ᠢ ᠬᠠᠩᠭᠠᠭᠰᠠᠨ ᠢᠲᠡᠭᠡᠮᠵᠢ ᠶᠢᠨ ᠭᠤᠣᠯ ᠴᠣᠭᠴᠠ ᠨᠢ ᠴᠥᠮ ᠢᠲᠡᠭᠡᠮᠵᠢ ᠶᠢᠨ ᠮᠡᠳᠡᠭᠡ ᠵᠠᠩᠭᠢ ᠶᠢ ᠵᠠᠰᠠᠨ ᠰᠡᠷᠭᠦᠭᠡᠬᠦ ᠪᠠᠷ ᠭᠤᠶᠤᠴᠢᠯᠠᠬᠤ ᠡᠷᠬᠡ ᠲᠠᠢ᠃ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠨᠢ ᠢᠲᠡᠭᠡᠮᠵᠢ ᠶᠢ ᠰᠡᠷᠭᠦᠭᠡᠬᠦ ᠬᠠᠮᠵᠢᠯᠴᠠᠬᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠮᠵᠢ ᠶᠢ ᠰᠡᠷᠭᠦᠭᠡᠭᠰᠡᠨ ᠦᠷ᠎ᠡ ᠳ᠋ᠦᠩ ᠢ ᠴᠠᠭ ᠲᠤᠬᠠᠢ ᠳᠤ ᠨᠢ ᠵᠡᠷᠭᠡ ᠪᠠᠷ ᠰᠢᠨᠡᠳᠬᠡᠬᠦ ᠬᠡᠷᠡᠭᠲᠡᠢ᠃ ᠢᠲᠡᠭᠡᠮᠵᠢ ᠶᠢᠨ ᠰᠡᠷᠭᠦᠭᠡᠯᠲᠡ ᠶᠢ ᠪᠡᠶᠡᠯᠡᠭᠦᠯᠦᠭᠰᠡᠨ ᠤ ᠳᠠᠷᠠᠭ᠎ᠠ᠂ ᠬᠠᠮᠢᠶ᠎ᠠ ᠪᠦᠬᠦᠢ ᠨᠢᠭᠡᠴᠢ ᠨᠢ ᠢᠲᠡᠭᠡᠮᠵᠢ ᠶᠢᠨ ᠭᠤᠣᠯ ᠴᠣᠭᠴᠠ ᠶᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠪᠠᠨ ᠵᠣᠭᠰᠤᠭᠠᠬᠤ ᠬᠡᠷᠡᠭᠲᠡᠢ᠃ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠶᠠᠮᠠᠷ ᠨᠢᠭᠡᠨ ᠭᠡᠯᠪᠡᠷᠢ ᠪᠠᠷ ᠢᠲᠡᠭᠡᠮᠵᠢ ᠶᠢᠨ ᠰᠡᠷᠭᠦᠭᠡᠯᠲᠡ ᠶᠢ ᠭᠤᠶᠤᠴᠢᠯᠠᠭᠰᠠᠨ ᠭᠤᠣᠯ ᠴᠣᠭᠴᠠ ᠠᠴᠠ ᠶᠠᠮᠠᠷ ᠴᠤ ᠰᠦᠢᠳᠬᠡᠯ ᠬᠤᠷᠢᠶᠠᠵᠤ ᠪᠤᠯᠬᠤ ᠦᠭᠡᠢ᠃ ᠢᠲᠡᠭᠡᠮᠵᠢ ᠶᠢᠨ ᠮᠡᠳᠡᠭᠡ ᠵᠠᠩᠭᠢ ᠶᠢ ᠰᠡᠷᠭᠦᠭᠡᠬᠦ ᠪᠣᠳᠠᠲᠠᠢ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃       ᠳᠥᠴᠢᠨ ᠨᠢᠭᠡᠳᠦᠭᠡᠷ ᠵᠦᠢᠯ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠤᠯᠠᠨ ᠨᠡᠶᠢᠲᠡ ᠶᠢᠨ ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠬᠢ ᠪᠦᠬᠦᠢ ᠵᠣᠬᠢᠶᠠᠨ ᠪᠠᠶᠢᠭᠤᠯᠤᠯᠲᠠ ᠨᠤᠭᠤᠳ ᠳᠣᠣᠷ᠎ᠠ ᠵᠢᠭᠰᠠᠭᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢᠨ ᠠᠶᠤᠯ ᠦᠭᠡᠢ ᠶᠢᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠄ ︵ᠨᠢᠭᠡ︶ ᠢᠲᠡᠭᠡᠮᠵᠢ ᠶᠢᠨ ᠮᠡᠳᠡᠭᠡ ᠵᠠᠩᠭᠢ ᠶᠢᠨ ᠠᠶᠤᠯ ᠦᠭᠡᠢ ᠶᠢᠨ ᠬᠠᠮᠢᠶᠠᠷᠤᠯᠲᠠ ᠶᠢᠨ ᠲᠣᠭᠲᠠᠴᠠ ᠪᠣᠯᠣᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠬᠤ ᠭᠡᠷᠡᠭᠲᠡᠢ︔ ︵ᠬᠤᠶᠠᠷ︶ ᠢᠲᠡᠭᠡᠮᠵᠢ ᠶᠢᠨ ᠮᠡᠳᠡᠭᠡ ᠵᠠᠩᠭᠢ ᠶᠢ ᠬᠠᠶᠢᠨ ᠯᠠᠪᠯᠠᠬᠤ ᠳᠦᠷᠢᠮ ᠤᠨ ᠵᠢᠷᠤᠮᠵᠢᠯ ᠢ ᠪᠠᠶᠢᠭᠤᠯᠬᠤ ᠭᠡᠷᠡᠭᠲᠡᠢ︔ ︵ᠭᠤᠷᠪᠠ︶ ᠢᠲᠡᠭᠡᠮᠵᠢ ᠶᠢᠨ ᠮᠡᠳᠡᠭᠡ ᠵᠠᠩᠭᠢ ᠶᠢ ᠬᠠᠮᠢᠶᠠᠷᠬᠤ ᠨᠢᠭᠤᠴᠠ ᠶᠢ ᠬᠠᠮᠠᠭᠠᠯᠠᠬᠤ ᠶᠢ ᠬᠢᠨᠠᠨ ᠪᠠᠶᠢᠴᠠᠭᠠᠬᠤ ᠳᠦᠷᠢᠮ ᠢ ᠪᠠᠶᠢᠭᠤᠯᠬᠤ ᠭᠡᠷᠡᠭᠲᠡᠢ︔ ︵ᠳᠥᠷᠪᠡ︶ ᠠᠶᠤᠯᠭᠦᠢ ᠡᠵᠡᠮᠳᠡᠵᠦ ᠪᠤᠯᠬᠤ ᠮᠡᠷᠭᠡᠵᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠬᠤ ᠭᠡᠷᠡᠭᠳᠠᠢ︔ ︵ᠲᠠᠪᠤ︶ ᠮᠡᠳᠡᠭᠡ ᠵᠠᠩᠭᠢ ᠶᠢᠨ ᠠᠮᠤᠷ ᠲᠦᠪᠰᠢᠨ ᠤ ᠲᠤᠬᠠᠢ ᠤᠯᠤᠰ ᠤᠨ ᠬᠤᠯᠪᠣᠭᠳᠠᠯ ᠪᠦᠬᠦᠢ ᠪᠤᠰᠤᠳ ᠲᠣᠭᠲᠠᠭᠠᠯ ᠢ ᠵᠢᠷᠤᠮᠯᠠᠬᠤ ᠬᠡᠷᠡᠭᠲᠡᠢ᠃       ᠳᠥᠴᠢᠨ ᠬᠤᠶᠠᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠳᠣᠣᠷᠠᠬᠢ ᠦᠢᠯᠡ ᠠᠵᠢᠯᠯᠠᠭ᠎ᠠ ᠶᠢ ᠬᠢᠵᠦ ᠪᠤᠯᠬᠤ ᠦᠭᠡᠢ᠄ ︵ᠨᠢᠭᠡ︶ ᠢᠲᠡᠭᠡᠮᠵᠢ ᠶᠢᠨ ᠮᠡᠳᠡᠭᠡ ᠵᠠᠩᠭᠢ ᠶᠢ ᠬᠠᠤᠯᠢ ᠪᠤᠰᠤ ᠪᠠᠷ ᠬᠠᠩᠭᠠᠬᠤ᠂ ᠣᠯᠬᠤ᠂ ᠴᠤᠭᠯᠠᠭᠤᠯᠬᠤ᠂ ᠴᠤᠭᠯᠠᠭᠤᠯᠤᠨ ᠡᠮᠬᠢᠳᠬᠡᠬᠦ᠂ ᠬᠠᠶᠢᠨ ᠯᠠᠪᠯᠠᠬᠤ᠂ ᠬᠠᠳᠠᠭᠠᠯᠠᠬᠤ᠂ ᠬᠡᠷᠡᠭᠯᠡᠬᠦ᠂ ᠬᠠᠮᠲᠤᠪᠠᠷ ᠬᠤᠪᠢᠶᠠᠯᠴᠠᠬᠤ᠂ ᠢᠯᠡ ᠪᠤᠯᠭᠠᠬᠤ᠂ ᠪᠤᠯᠪᠠᠰᠤᠷᠠᠭᠤᠯᠬᠤ᠂ ᠳᠠᠮᠵᠢᠭᠤᠯᠬᠤ ᠵᠢᠴᠢ ᠬᠠᠳᠠᠭᠠᠯᠠᠬᠤ︔ ︵ᠬᠤᠶᠠᠷ︶ ᠢᠲᠡᠭᠡᠮᠵᠢ ᠶᠢᠨ ᠭᠤᠣᠯ ᠴᠣᠭᠴᠠ ᠯᠤᠭ᠎ᠠ ᠪᠣᠯᠵᠣᠨ ᠲᠣᠭᠲᠠᠭᠰᠠᠨ ᠬᠡᠪᠴᠢᠶᠡᠨ ᠠᠴᠠ ᠬᠡᠲᠦᠷᠡᠭᠦᠯᠦᠨ ᠢᠲᠡᠭᠡᠮᠵᠢ ᠶᠢᠨ ᠮᠡᠳᠡᠭᠡ ᠵᠠᠩᠭᠢ ᠶᠢ ᠭᠡᠷᠡᠭᠯᠡᠭᠦ︔ ︵ᠭᠤᠷᠪᠠ︶ ᠢᠲᠡᠭᠡᠮᠵᠢ ᠶᠢᠨ ᠮᠡᠳᠡᠭᠡ ᠵᠠᠩᠭᠢ ᠶᠢ ᠬᠤᠯᠠᠭᠠᠶᠢᠯᠠᠵᠤ᠂ ᠥᠭᠡᠷᠡᠲᠦᠭᠦᠯᠵᠦ᠂ ᠬᠤᠳᠠᠯ ᠢᠶᠠᠷ ᠵᠣᠬᠢᠶᠠᠵᠤ᠂ ᠲᠣᠭᠲᠠᠭᠠᠯ ᠠᠴᠠ ᠵᠥᠷᠢᠴᠡᠨ ᠬᠠᠰᠤᠵᠤ ᠬᠠᠶᠠᠬᠤ︔ ︵ᠳᠥᠷᠪᠡ︶ ᠡᠷᠬᠡ ᠣᠯᠭᠤᠭᠰᠠᠨ ᠦᠭᠡᠢ ᠪᠠᠷ ᠢᠯᠡ ᠪᠤᠯᠭᠠᠬᠰᠠᠨ ᠢᠲᠡᠭᠡᠮᠵᠢ ᠶᠢᠨ ᠮᠡᠳᠡᠭᠡ ᠵᠠᠩᠭᠢ ᠶᠢ ᠵᠠᠳᠠᠷᠠᠭᠤᠯᠬᠤ︔ ︵ᠲᠠᠪᠤ︶ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ ᠳᠤ ᠬᠤᠯᠪᠣᠭᠳᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢ ᠵᠠᠳᠠᠷᠠᠭᠤᠯᠬᠤ︔ ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠪᠤᠰᠤᠳ ᠦᠢᠯᠡ ᠠᠵᠢᠯᠯᠠᠭ᠎ᠠ᠃       ᠵᠢᠷᠭᠤᠳᠤᠭᠠᠷ ᠪᠦᠯᠦᠭ ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠦᠷᠦᠯ ᠢ ᠵᠢᠷᠤᠮᠵᠢᠭᠤᠯᠬᠤ ᠪᠠ ᠬᠥᠭᠵᠢᠭᠦᠯᠬᠦ       ᠳᠥᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ ᠲᠡᠮᠵᠢᠵᠤ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠪᠤᠶᠢᠵᠢᠭᠤᠯᠬᠤ ᠶᠢ ᠴᠢᠩᠭᠠᠳᠬᠠᠨ᠂ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠲᠡᠮᠵᠢᠵᠤ᠂ ᠬᠥᠲᠥᠯᠥᠨ ᠵᠢᠯᠤᠭᠤᠳᠬᠤ ᠬᠡᠷᠡᠭᠲᠡᠢ᠃       ᠳᠥᠴᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠭᠡᠮ ᠳᠤ ᠨᠡᠭᠡᠭᠡᠯᠲᠡ ᠲᠠᠢ ᠪᠤᠯᠭᠠᠬᠤ ᠶᠢ ᠡᠮᠬᠢ ᠵᠢᠷᠤᠮ ᠲᠠᠢ ᠪᠠᠷ ᠥᠷᠭᠡᠳᠬᠡᠵᠦ᠂ ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠵᠤ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠲᠣᠭᠲᠠᠭᠠᠨ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠬᠢᠭᠡᠳ ᠲᠡᠭᠦᠨ ᠤ ᠠᠵᠢᠯᠯᠠᠭᠰᠠᠳ ᠤᠨ ᠢᠲᠡᠭᠡᠮᠵᠢ ᠶᠢ ᠲᠡᠮᠳᠡᠭᠯᠡᠬᠦ ᠲᠣᠭᠲᠠᠯᠴᠠᠭ᠎ᠠ ᠶᠢ ᠪᠦᠷᠢᠨᠰᠢᠭᠦᠯᠦᠨ᠎ᠡ᠃       ᠳᠥᠴᠢᠨ ᠲᠠᠪᠤᠳᠤᠭᠠᠷ ᠵᠦᠢᠯ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠬᠢᠭᠡᠳ ᠲᠡᠭᠦᠨ ᠤ ᠠᠵᠢᠯᠯᠠᠭᠰᠠᠳ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠥᠷᠨᠢᠭᠦᠯᠬᠦ ᠳᠤ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠵᠢᠴᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠵᠢᠷᠤᠮᠵᠢᠯ ᠳᠤ ᠨᠡᠶᠢᠴᠡᠭᠰᠡᠨ ᠪᠠᠶᠢᠬᠤ ᠬᠡᠷᠡᠭᠲᠡᠢ᠂ ᠳᠣᠣᠷᠠᠬᠢ ᠥᠢᠯᠡ ᠠᠵᠢᠯᠯᠠᠭ᠎ᠠ ᠶᠢ ᠬᠢᠵᠦ ᠪᠤᠯᠬᠤ ᠦᠭᠡᠢ᠄ ︵ᠨᠢᠭᠡ︶ ᠬᠤᠳᠠᠯ ᠬᠠᠭᠤᠷᠮᠠᠭ ᠢᠶᠠᠷ ᠤᠬᠠᠭᠤᠯᠬᠤ᠂ ᠨᠤᠲᠠᠯᠠᠨ ᠲᠣᠭᠲᠠᠭᠠᠬᠤ ᠵᠡᠷᠭᠡ ᠳᠡᠰ ᠢ ᠠᠮᠠᠯᠠᠵᠤ ᠥᠭᠬᠦ ᠵᠡᠷᠭᠡ ᠠᠷᠭ᠎ᠠ ᠮᠠᠶ᠋ᠢᠭ ᠢᠶᠠᠷ ᠲᠤᠬᠠᠶᠢᠯᠠᠭᠰᠠᠨ ᠠᠵᠢᠯ ᠢ ᠳᠠᠭᠠᠭᠠᠨ ᠠᠪᠬᠤ︔ ︵ᠬᠤᠶᠠᠷ︶ ᠮᠠᠭᠤ ᠰᠠᠨᠠᠭ᠎ᠠ ᠡᠪᠦᠷᠯᠡᠨ ᠢᠲᠡᠭᠡᠮᠵᠢ ᠶᠢᠨ ᠭᠤᠣᠯ ᠴᠣᠭᠴᠠ ᠳᠤ ᠲᠡᠰ ᠲᠣᠬᠲᠠᠭᠠᠬᠤ︔ ︵ᠭᠤᠷᠪᠠ︶ ᠬᠤᠳᠠᠯ ᠬᠠᠭᠤᠷᠮᠠᠭ ᠢᠲᠡᠭᠡᠮᠵᠢ ᠶᠢᠨ ᠨᠤᠲᠠᠯᠠᠯᠲᠠ ᠶᠢᠨ ᠮᠡᠳᠡᠭᠦᠯᠦᠯᠲᠡ ᠭᠠᠷᠭᠠᠵᠤ ᠥᠭᠭᠦ︔ ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠪᠤᠰᠤᠳ ᠥᠢᠯᠡ ᠠᠵᠢᠯᠯᠠᠭ᠎ᠠ᠃       ᠳᠥᠴᠢᠨ ᠵᠢᠷᠭᠤᠳᠤᠭᠠᠷ ᠵᠦᠢᠯ ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠵᠢᠷᠤᠮᠵᠢᠯ ᠲᠣᠭᠲᠠᠭᠠᠨ᠂ ᠤᠬᠠᠭᠤᠯᠭ᠎ᠠ ᠪᠣᠯᠪᠠᠰᠤᠷᠠᠯ ᠪᠠ ᠠᠵᠢᠯ ᠲᠦᠷᠦᠯ ᠤᠨ ᠮᠡᠳᠡᠭᠡ ᠵᠠᠩᠭᠢ ᠨᠡᠶᠢᠲᠡᠯᠡᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ᠠᠵᠢᠯ ᠲᠦᠷᠦᠯ ᠤᠨ ᠦᠢᠯᠡᠴᠢᠯᠡᠭᠡᠨ ᠤ ᠴᠢᠳᠠᠪᠤᠷᠢ ᠪᠠ ᠤᠯᠠᠨ ᠨᠡᠶᠢᠲᠡ ᠳᠤ ᠢᠲᠡᠭᠡᠭᠦᠯᠬᠦ ᠬᠦᠴᠦᠨ ᠢᠶᠠᠨ ᠳᠡᠭᠡᠭᠰᠢᠯᠡᠭᠦᠯᠭᠦ ᠬᠡᠷᠡᠭᠲᠡᠢ᠃ ᠳᠣᠯᠣᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ ᠳᠥᠴᠢᠨ ᠳᠣᠯᠣᠳᠤᠭᠠᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠲᠠᠢ ᠪᠣᠯ᠂ ᠲᠡᠷᠡ ᠲᠣᠭᠲᠠᠭᠠᠯ ᠢ ᠵᠢᠷᠤᠮᠯᠠᠨ᠎ᠠ᠃       ᠳᠥᠴᠢᠨ ᠨᠠᠢᠮᠠᠳᠤᠭᠠᠷ ᠵᠦᠢᠯ ᠲᠤᠰ ᠳᠦᠷᠢᠮ ᠤᠨ ᠳᠥᠴᠢᠨ ᠲᠠᠪᠤᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠵᠦ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠬᠢᠭᠡᠳ ᠲᠡᠭᠦᠨ ᠤ ᠠᠵᠢᠯᠯᠠᠭᠰᠠᠳ ᠳᠣᠣᠷᠠᠬᠢ ᠥᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ᠂ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠬᠠᠤᠯᠢ ᠪᠤᠰᠤ ᠣᠯᠵᠠᠪᠤᠷᠢ ᠶᠢ ᠨᠢ ᠬᠤᠷᠢᠶᠠᠨ ᠠᠪᠴᠤ᠂ ᠨᠢᠭᠡᠴᠢ ᠶᠢ 2 ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠤᠪᠢ ᠬᠥᠮᠥᠨ ᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︔ ᠢᠲᠡᠭᠡᠮᠵᠢ ᠶᠢᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ︔ ᠶᠠᠯ᠎ᠠ ᠳᠤ ᠭᠦᠷᠥᠭᠰᠡᠨ ᠪᠣᠯ ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄ ︵ᠨᠢᠭᠡ︶ ᠬᠤᠳᠠᠯ ᠬᠠᠭᠤᠷᠮᠠᠭ ᠢᠶᠠᠷ ᠤᠬᠠᠭᠤᠯᠬᠤ᠂ ᠨᠤᠲᠠᠯᠠᠨ ᠲᠣᠭᠲᠠᠭᠠᠬᠤ ᠵᠡᠷᠭᠡ ᠲᠡᠰ ᠢ ᠠᠮᠠᠯᠠᠬᠤ ᠵᠡᠷᠭᠡ ᠠᠷᠭ᠎ᠠ ᠮᠠᠶ᠋ᠢᠭ ᠢᠶᠠᠷ ᠲᠤᠬᠠᠶᠢᠯᠠᠭᠰᠠᠨ ᠠᠵᠢᠯ ᠢ ᠳᠠᠭᠠᠭᠠᠨ ᠠᠪᠤᠬᠰᠠᠨ︔ ︵ᠬᠤᠶᠠᠷ︶ ᠮᠠᠭᠤ ᠰᠠᠨᠠᠭ᠎ᠠ ᠡᠪᠦᠷᠯᠡᠨ ᠢᠲᠡᠭᠡᠮᠵᠢ ᠶᠢᠨ ᠭᠤᠣᠯ ᠴᠣᠭᠴᠠ ᠳᠤ ᠲᠡᠰ ᠲᠣᠬᠲᠠᠭᠠᠬᠰᠠᠨ︔ ︵ᠭᠤᠷᠪᠠ︶ ᠬᠤᠳᠠᠯ ᠬᠠᠭᠤᠷᠮᠠᠭ ᠢᠲᠡᠭᠡᠮᠵᠢ ᠶᠢᠨ ᠨᠤᠲᠠᠯᠠᠯᠲᠠ ᠶᠢᠨ ᠮᠡᠳᠡᠭᠦᠯᠦᠯᠲᠡ ᠭᠠᠷᠭᠠᠵᠤ ᠥᠭᠭᠦᠭᠰᠡᠨ᠃       ᠳᠥᠴᠢ ᠶᠢᠰᠦᠳᠦᠭᠡᠷ ᠵᠦᠢᠯ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠤᠨ ᠳᠤᠮᠳᠠ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠠᠴᠠ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠳᠤ ᠭᠦᠷᠥᠭᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃       ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ       ᠲᠠᠪᠢᠳᠤᠭᠠᠷ ᠵᠦᠢᠯ ᠮᠡᠳᠡᠭᠡ ᠵᠠᠩᠭᠢ ᠴᠤᠭᠯᠠᠭᠤᠯᠬᠤ ᠠᠵᠤ ᠦᠢᠯᠡᠰ ᠤᠨ ᠬᠢᠨᠠᠯᠲᠠ ᠬᠠᠮᠢᠶᠠᠷᠤᠯᠲᠠ ᠶᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃       ᠲᠠᠪᠢᠨ ᠨᠢᠭᠡᠳᠦᠭᠡᠷ ᠵᠦᠢᠯ ᠲᠤᠰ ᠳᠦᠷᠢᠮ ᠢ 2024 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ