ᠰᠦᠨ ᠱᠤᠤ ᠴᠧᠩ ᠭᠦᠭᠡᠬᠤᠲᠠ ᠳᠤ ᠪᠣᠳᠣᠯᠲᠠ ᠶᠢᠨ ᠬᠦᠴᠦᠨ ᠤ ᠠᠵᠤ ᠦᠢᠯᠡᠰ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/1/6
      1 ᠳ᠋ᠦ᠋ᠭᠡᠷ ᠰᠠᠷ᠎ᠠ ᠶᠢᠨ 2᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠭᠦᠭᠡᠬᠤᠲᠠ ᠳᠤ ᠪᠣᠳᠣᠯᠲᠠ ᠶᠢᠨ ᠬᠦᠴᠦᠨ ᠤ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃
20250106-2-1.jpg
      ᠰᠦᠨ ᠱᠤᠤ ᠴᠧᠩ ᠤᠷᠢᠳ ᠬᠤᠵᠢᠳ ᠳᠤᠮᠳᠠᠳᠤ ᠤᠯᠤᠰ ᠤᠨ ᠨᠡᠭᠦᠳᠡᠯ ᠳ᠋ᠠᠶᠢᠲ᠋ᠠ ᠶᠢᠨ ᠲᠥᠪ᠂ ᠬᠤᠷᠢᠨᠭᠡᠷ ᠤᠨ ᠳ᠋ᠠᠶᠢᠲ᠋ᠠ ᠶᠢᠨ ᠲᠣᠮᠣ ᠠᠰᠠᠷ ᠲᠤ ᠬᠦᠷᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠲᠥᠷᠥᠯ ᠵᠦᠢᠯ ᠤᠨ ᠠᠵᠢᠯᠴᠢᠨ ᠬᠡᠷᠡᠭᠯᠡᠬᠦ᠂ ᠭᠠᠵᠠᠷ ᠬᠡᠷᠡᠭᠯᠡᠬᠦ᠂ ᠴᠠᠭᠢᠯᠭᠠᠨ ᠬᠡᠷᠡᠭᠯᠡᠬᠦ ᠪᠠ ᠡᠵᠡᠩᠨᠡᠯᠲᠡ ᠶᠢᠨ ᠦᠷ᠎ᠡ ᠠᠰᠢᠭ ᠵᠡᠷᠭᠡ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠵᠠᠢ᠃          ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠦᠨ ᠱᠤᠤ ᠴᠧᠩ᠂ ᠪᠣᠳᠣᠯᠲᠠ ᠶᠢᠨ ᠬᠦᠴᠦᠨ ᠤ ᠠᠵᠤ ᠦᠢᠯᠡᠰ ᠢ ᠬᠥᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠬᠦ ᠴᠢᠬᠤᠯᠠ ᠴᠢᠭᠯᠡᠯ ᠪᠣᠯᠣᠨ᠎ᠠ᠃ ᠭᠦᠭᠡᠬᠤᠲᠠ ᠶᠢᠨ ᠪᠣᠳᠣᠯᠲᠠ ᠶᠢᠨ ᠬᠦᠴᠦᠨ ᠤ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠮᠠᠰᠢ ᠰᠠᠶᠢᠨ ᠪᠠᠶᠢᠨ᠎ᠠ᠂ ᠲᠠᠷᠠᠭᠠᠴᠢ ᠶᠢᠨ ᠠᠯᠬᠤᠮ ᠳᠤ ᠨᠠᠩ ᠰᠠᠶᠢᠲᠤᠷ ᠬᠢᠵᠦ᠂ ᠭᠤᠣᠯᠳᠠᠭᠤ ᠬᠡᠯᠬᠢᠶ᠎ᠡ ᠶᠢ ᠤᠷᠲᠤᠳᠬᠠᠬᠤ᠂ ᠨᠡᠮᠡᠯᠲᠡ ᠥᠷᠲᠡᠭ ᠢ ᠨᠡᠮᠡᠭᠳᠡᠭᠦᠯᠬᠦ ᠳᠡᠭᠡᠷ᠎ᠡ ᠬᠦᠴᠦ ᠣᠷᠣᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠦᠷ᠎ᠡ ᠠᠰᠢᠭ ᠢ ᠡᠷᠬᠢᠮᠯᠡᠵᠦ᠂ ᠠᠷᠭ᠎ᠠ ᠪᠦᠭᠦᠨ ᠢ ᠰᠦᠪᠡᠭᠴᠢᠯᠡᠨ ᠮᠦ ᠪᠦᠷᠢ ᠶᠢᠨ ᠳᠤᠮᠳᠠᠴᠢ ᠦᠢᠯᠡᠳᠪᠦᠷᠢᠯᠡᠯ ᠤᠨ ᠦᠷᠲᠡᠭ᠂ ᠮᠦ ᠪᠦᠷᠢ ᠶᠢᠨ ᠳᠤᠮᠳᠠᠴᠢ ᠭᠠᠶᠢᠯᠢ ᠶᠢᠨ ᠣᠷᠣᠯᠭ᠎ᠠ ᠶᠢ ᠳᠡᠭᠡᠭᠰᠢᠯᠡᠭᠦᠯᠵᠦ᠂ ᠪᠣᠳᠣᠯᠲᠠ ᠶᠢᠨ ᠬᠦᠴᠦᠨ ᠤ ᠠᠵᠤ ᠦᠢᠯᠡᠰ ᠠᠴᠠ ᠠᠵᠤ ᠠᠬᠤᠢ ᠶᠢᠨ ᠨᠡᠮᠡᠭᠳᠡᠯ᠂ ᠡᠳ᠋ ᠤᠨ ᠵᠠᠰᠠᠭ ᠤᠨ ᠣᠷᠣᠯᠭ᠎ᠠ᠂ ᠤᠯᠠᠨ ᠲᠦᠮᠡᠨ ᠤ ᠠᠵᠢᠯ ᠣᠯᠭᠤᠯᠲᠠ ᠳᠤ ᠦᠵᠡᠭᠦᠯᠭᠦ ᠬᠤᠪᠢ ᠨᠡᠮᠡᠷᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠪᠡᠭᠡᠵᠢᠩ ᠯᠦᠭᠡ ᠶᠢᠨ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠡᠭᠡᠵᠢᠩ ᠤᠨ ᠬᠦᠴᠦᠨ ᠢ ᠠᠰᠢᠭᠯᠠᠨ ᠪᠣᠳᠣᠯᠲᠠ ᠶᠢᠨ ᠬᠦᠴᠦᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃
20250106-2-2.jpg
      ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠲᠡᠷᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ︽ᠨᠢᠭᠡ ᠭᠤᠣᠯ ᠰᠢᠵᠢᠮ︾᠎ ᠢ ᠲᠤᠭᠤᠰᠢᠯᠠᠭᠤᠯᠬᠤ᠂ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾᠎ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾᠎ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾᠎ ᠶᠢ ᠥᠷᠨᠢᠭᠦᠯᠬᠦ ᠵᠡᠷᠭᠡ ᠨᠢ ᠴᠥᠮ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠬᠤ ᠪᠣᠳᠠᠲᠠᠢ ᠰᠡᠳᠬᠢᠴᠡ ᠪᠠ ᠠᠷᠭ᠎ᠠ ᠬᠡᠮᠵᠢᠶ᠎ᠡ ᠪᠣᠯᠣᠨ᠎ᠠ᠃ ︽ᠵᠢᠷᠭᠤᠭᠠᠨ ᠠᠵᠢᠯᠯᠠᠭ᠎ᠠ︾ ᠪᠣᠯ ᠨᠢᠭᠲᠠ ᠬᠤᠯᠪᠤᠭ᠎ᠠ ᠲᠠᠢ ᠣᠷᠭᠠᠨᠢᠭ ᠪᠦᠬᠦᠯᠢ ᠴᠣᠭᠴᠠ ᠮᠥᠨ᠂ ᠡᠯ᠎ᠡ ᠠᠵᠢᠯ ᠲᠥᠷᠥᠯ᠂ ᠡᠯ᠎ᠡ ᠰᠢᠰᠲ᠋ᠧᠮ᠂ ᠡᠯ᠎ᠡ ᠨᠢᠭᠡᠴᠢ ᠪᠣᠯᠣᠨ ᠡᠯ᠎ᠡ ᠲᠥᠷᠥᠯ ᠵᠦᠢᠯ ᠨᠢ ᠴᠥᠮ ᠭᠠᠷᠳᠠᠬᠤ ᠴᠡᠭ ᠢᠶᠠᠨ ᠣᠨᠣᠪᠴᠢᠲᠠᠶ ᠡᠷᠢᠵᠦ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠨ᠂ ᠬᠠᠮᠲᠤᠷᠠᠯ ᠬᠦᠴᠦᠨ ᠢ ᠨᠢᠭᠲᠠᠷᠠᠭᠤᠯᠵᠤ᠂ ᠥᠪᠡᠷ ᠥᠪᠡᠷ ᠤᠨ ᠬᠢ ᠪᠠᠨ ᠬᠢᠵᠦ᠂ ᠠᠰ ᠠᠰ ᠲᠠᠭᠠᠨ ᠲᠤᠯᠤᠯᠳᠤᠬᠤ ᠶᠢ ᠰᠡᠷᠭᠡᠶᠢᠯᠡᠬᠦ ᠬᠡᠷᠡᠭᠲᠡᠢ᠃ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠪᠣᠯᠣᠨ ᠪᠦᠲᠦᠮᠵᠢᠲᠡᠢ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠵᠠᠬ᠎ᠠ ᠳᠡᠯᠭᠡᠭᠦᠷ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠢᠷᠤᠮᠯᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠨᠡᠩ ᠰᠠᠶᠢᠲᠤᠷ ᠲᠦᠰᠢᠭᠯᠡᠨ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠵᠠᠰᠠᠯᠲᠠ ᠪᠣᠯᠣᠨ ᠤᠯᠠᠨ ᠲᠦᠮᠡᠨ ᠳᠤ ᠦᠢᠯᠡᠴᠢᠯᠡᠬᠦ ︽ᠭᠤᠷᠪᠠᠨ ᠲᠦᠪᠰᠢᠨ︾᠎ ᠢ ᠳᠡᠭᠡᠭᠰᠢᠯᠡᠭᠦᠯᠭᠦ ᠬᠡᠷᠡᠭᠲᠡᠢ᠃ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠬᠢᠵᠦ ᠦᠢᠯᠡᠰ ᠪᠣᠰᠬᠠᠬᠤ ᠴᠤᠭ ᠵᠣᠷᠢᠭ ᠢ ᠲᠠᠰᠤᠷᠠᠯᠳᠠ ᠦᠭᠡᠢ ᠬᠥᠪᠴᠢᠯᠡᠬᠦ ᠬᠡᠷᠡᠭᠲᠡᠢ ᠭᠡᠵᠦ ᠬᠡᠯᠡᠪᠡ᠃      ᠪᠦᠦ ᠭᠠᠩ᠂ ᠢᠦᠢ ᠯᠢ ᠰᠢᠨ᠂ ᠪᠦᠦ ᠰᠢᠶᠠᠨ ᠬᠤᠸᠠ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ