1 ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠦᠯᠢ
ᠨᠡᠶᠢᠲᠡᠯᠡᠭᠰᠡᠨ ᠴᠠᠭ᠄
2025/1/7
       1995 ᠤᠨ ᠤ 8 ᠰᠠᠷ᠎ᠠ ᠶᠢᠨ 29 ᠤ ᠡᠳᠦᠷ ᠪᠦᠬᠦ ᠤᠯᠤᠰ ᠤᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠬᠤᠷᠠᠯᠳᠤᠭᠠᠨ ᠠᠴᠠ ᠪᠠᠳᠦᠯᠠᠪᠠ᠃       ᠭᠠᠷᠴᠠᠭ       ᠨᠢᠭᠡᠳᠦᠭᠡᠷ ᠪᠦᠯᠦᠭ ᠶᠡᠷᠥᠩᠬᠡᠢ ᠲᠦᠷᠢᠮ       ᠬᠤᠶᠠᠳᠤᠭᠠᠷ ᠪᠦᠯᠦᠭ ᠨᠡᠶᠢᠭᠡᠮ ᠤᠨ ᠪᠡᠶ᠎ᠡ ᠶᠢᠨ ᠲᠠᠮᠢᠷ       ᠭᠤᠷᠪᠠᠳᠤᠭᠠᠷ ᠪᠦᠯᠦᠭ ᠰᠤᠷᠭᠠᠭᠤᠯᠢ ᠶᠢᠨ ᠪᠡᠶ᠎ᠡ ᠶᠢᠨ ᠲᠠᠮᠢᠷ       ᠳᠦᠷᠪᠡᠳᠦᠭᠡᠷ ᠪᠦᠯᠦᠭ ᠤᠷᠤᠯᠳᠤᠭᠠᠨ ᠤ ᠪᠡᠶ᠎ᠡ ᠶᠢᠨ ᠲᠠᠮᠢᠷ       ᠲᠠᠪᠤᠳᠤᠭᠠᠷ ᠪᠦᠯᠦᠭ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ       ᠵᠢᠷᠭᠤᠳᠤᠭᠠᠷ ᠪᠦᠯᠦᠭ ᠪᠠᠳᠤᠯᠠᠬᠤ ᠨᠦᠭᠦᠴᠡᠯ ᠲᠤᠯᠤᠳᠤᠭᠠᠷ ᠪᠦᠯᠦᠭ ᠬᠠᠦᠯᠢ ᠶᠢᠨ ᠬᠠᠷᠢᠭᠤᠴᠠᠯᠭ᠎ᠠ       ᠨᠠᠢᠮᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ       ᠨᠢᠭᠡᠳᠦᠭᠡᠷ ᠪᠦᠯᠦᠭ       ᠨᠢᠭᠡᠳᠦᠭᠡᠷ ᠵᠤᠷᠪᠤᠰ ᠪᠡᠶ᠎ᠡ ᠶᠢᠨ ᠲᠠᠮᠢᠷ ᠤᠨ ᠦᠢᠯᠡᠰ ᠢ ᠬᠦᠭᠵᠢᠭᠦᠯᠦᠨ᠂ ᠠᠷᠠᠳ ᠲᠦᠮᠡᠨ ᠤ ᠪᠡᠶ᠎ᠡ ᠮᠠᠬᠠᠪᠤᠳ ᠢ ᠴᠢᠬᠢᠷᠠᠭᠵᠢᠭᠤᠯᠵᠦ᠂ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠬᠢᠷᠢ ᠲᠦᠪᠰᠢᠨ ᠢ ᠲᠠᠭᠡᠭᠰᠢᠯᠡᠭᠦᠯᠦᠨ᠂ ᠨᠡᠶᠢᠭᠡᠮ ᠵᠢᠷᠤᠮ ᠤᠨ ᠪᠤᠳᠠᠰ ᠤᠨ ᠪᠤᠯᠤᠨ ᠤᠶᠤᠨ ᠤ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠶᠢᠨ ᠲᠦᠯᠦᠭᠡ ᠦᠨᠳᠦᠰᠦᠨ ᠬᠠᠦᠯᠢ ᠶᠢ ᠦᠨᠳᠦᠰᠦᠯᠡᠨ ᠲᠤᠰ ᠬᠠᠦᠯᠢ ᠶᠢ ᠲᠤᠭᠳᠠᠭᠠᠪᠠ᠃       ᠬᠤᠶᠠᠳᠤᠭᠠᠷ ᠵᠤᠷᠪᠤᠰ ᠤᠯᠤᠰ ᠠᠴᠠ ᠪᠡᠶ᠎ᠡ ᠶᠢᠨ ᠲᠠᠮᠢᠷ ᠤᠨ ᠦᠢᠯᠡᠰ ᠢ ᠬᠦᠭᠵᠢᠭᠦᠯᠵᠦ᠂ ᠤᠯᠠᠨ ᠲᠦᠮᠡᠨᠴᠢ ᠴᠢᠨᠠᠷ ᠲᠠᠢ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠦᠷᠨᠢᠭᠦᠯᠦᠨ᠂ ᠪᠦᠬᠦ ᠦᠨᠳᠦᠰᠦᠳᠡᠨ ᠤ ᠪᠡᠶ᠎ᠡ ᠮᠠᠬᠠᠪᠣᠳ ᠤᠨ ᠬᠡᠪ ᠴᠢᠨᠠᠷ ᠢ ᠲᠡᠭᠡᠭᠰᠢᠯᠡᠭᠦᠯᠦᠨ᠎ᠡ᠃ ᠪᠡᠶ᠎ᠡ ᠶᠢᠨ ᠲᠠᠮᠢᠷ ᠤᠨ ᠠᠵᠢᠯ ᠳᠤ ᠪᠦᠬᠦ ᠠᠷᠠᠳ ᠤᠨ ᠪᠡᠶ᠎ᠡ ᠮᠠᠬᠠᠪᠤᠳ ᠢ ᠴᠢᠬᠢᠷᠠᠭᠵᠢᠭᠤᠯᠬᠤ ᠠᠵᠢᠯᠯᠠᠭ᠎ᠠ ᠦᠷᠨᠢᠭᠦᠯᠬᠦ ᠶᠢ ᠪᠠᠷᠢᠮᠳᠠᠯᠠᠬᠤ ᠶᠠᠪᠤᠳᠠᠯ ᠢᠶᠠᠷ ᠰᠠᠭᠤᠷᠢ ᠪᠤᠯᠭᠠᠨ᠂ ᠲᠦᠭᠡᠮᠡᠯᠵᠢᠭᠦᠯᠬᠦ ᠪᠠ ᠲᠡᠭᠡᠭᠰᠢᠯᠡᠬᠦᠯᠬᠦ ᠶᠢ ᠤᠶᠠᠯᠳᠤᠭᠤᠯᠵᠦ᠂ ᠡᠯ᠎ᠡ ᠲᠦᠷᠦᠯ ᠤᠨ ᠪᠡᠶ᠎ᠡ ᠶᠢᠨ ᠲᠠᠮᠢᠷ ᠤᠨ ᠵᠤᠬᠢᠴᠠᠩᠭᠤᠢ ᠪᠠᠷ ᠬᠦᠭᠵᠢᠬᠦ ᠶᠢ ᠠᠬᠢᠭᠤᠯᠤᠨ᠎ᠠ᠃       ᠭᠤᠷᠪᠠᠳᠣᠭᠠᠷ ᠵᠤᠷᠪᠤᠰ ᠤᠯᠤᠰ ᠠᠴᠠ ᠪᠡᠶ᠎ᠡ ᠢ ᠲᠠᠮᠢᠷ ᠢ ᠠᠵᠦ ᠠᠬᠤᠢ ᠶᠢᠨ ᠪᠦᠳᠦᠭᠡᠨ ᠪᠠᠶᠢᠭᠤᠯᠤᠯᠳᠠ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠦᠳᠦᠭᠡᠨ ᠪᠠᠶᠢᠭᠤᠯᠤᠯᠳᠠ ᠪᠠ ᠨᠡᠶᠢᠭᠡᠮ ᠤᠨ ᠬᠦᠭᠵᠢᠯᠳᠡ ᠳᠤ ᠦᠢᠯᠡᠴᠢᠯᠡᠭᠦᠯᠬᠦ ᠶᠢ ᠪᠠᠷᠢᠮᠳᠠᠯᠠᠨ᠎ᠠ᠃ ᠪᠡᠶ᠎ᠡ ᠶᠢᠨ ᠲᠠᠮᠢᠷ ᠤᠨ ᠦᠢᠯᠡᠰ ᠢ ᠤᠯᠤᠰ ᠠᠷᠠᠳ ᠤᠨ ᠠᠵᠦ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡᠨ ᠳᠤ ᠤᠷᠤᠭᠤᠯᠬᠤ ᠬᠡᠷᠡᠭᠳᠡᠢ᠃ ᠤᠯᠤᠰ ᠠᠴᠠ ᠪᠡᠶ᠎ᠡ ᠶᠢᠨ ᠲᠠᠮᠢᠷ ᠢ ᠬᠠᠮᠢᠶᠠᠷᠬᠤ ᠪᠠᠶᠢᠭᠤᠯᠤᠯ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠤᠨ᠎ᠠ᠃ ᠤᠯᠤᠰ ᠠᠴᠠ ᠠᠵᠦ ᠠᠬᠤᠶᠢᠯᠠᠯ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠳᠠ᠂ ᠨᠡᠶᠢᠭᠡᠮ ᠤᠨ ᠪᠦᠯᠬᠦᠮ ᠪᠠ ᠠᠷᠠᠳ ᠢᠷᠭᠡᠳ ᠤᠨ ᠪᠡᠶ᠎ᠡ ᠶᠢᠨ ᠲᠠᠮᠢᠷ ᠤᠨ ᠦᠢᠯᠡᠰ ᠡᠷᠬᠢᠯᠡᠬᠦ ᠪᠠ ᠲᠡᠭᠦᠨ ᠢ ᠲᠡᠮᠵᠢᠬᠦ ᠶᠢ ᠵᠤᠷᠢᠭᠵᠢᠭᠤᠯᠤᠨ᠎ᠠ᠃       ᠲᠦᠷᠪᠡᠳᠦᠭᠡᠷ ᠵᠤᠷᠪᠤᠰ ᠲᠦᠷᠦ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠠᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠪᠦᠬᠦ ᠤᠯᠤᠰ ᠤᠨ ᠪᠡᠶ᠎ᠡ ᠶᠢᠨ ᠲᠠᠮᠢᠷ ᠤᠨ ᠠᠵᠢᠯ ᠢ ᠡᠷᠬᠢᠯᠡᠨ ᠬᠠᠮᠢᠶᠠᠷᠤᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠲᠤᠰ ᠲᠤᠰ ᠤᠨ ᠢᠶᠠᠨ ᠡᠷᠬᠡ ᠲᠤᠰᠢᠶᠠᠯ ᠤᠨ ᠬᠡᠪᠴᠢᠶᠡᠨ ᠳᠤ ᠪᠡᠶ᠎ᠡ ᠶᠢᠨ ᠲᠠᠮᠢᠷ ᠤᠨ ᠠᠵᠢᠯ ᠢ ᠬᠠᠮᠢᠶᠠᠷᠤᠨ᠎ᠠ᠃ ᠰᠢᠶᠠᠨ ᠤ ᠱᠠᠳᠣᠨ ᠠᠴᠠ ᠲᠡᠭᠡᠭᠰᠢᠬᠢ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠤ ᠪᠡᠶ᠎ᠡ ᠶᠢᠨ ᠲᠡᠮᠢᠷ ᠤᠨ ᠠᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠡᠷᠭᠡ ᠤᠯᠭᠤᠭᠰᠠᠨ ᠪᠠᠶᠢᠭᠤᠯᠤᠮᠵᠢ ᠨᠤᠭᠤᠳ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠪᠡᠶ᠎ᠡ ᠶᠢᠨ ᠲᠠᠮᠢᠷ ᠤᠨ ᠠᠵᠢᠯ ᠢ ᠡᠷᠬᠢᠯᠡᠨ ᠬᠠᠮᠢᠶᠠᠷᠤᠨ᠎ᠠ᠃       ᠲᠠᠪᠤᠳᠤᠭᠠᠷ ᠵᠤᠷᠪᠤᠰ ᠤᠯᠤᠰ ᠠᠴᠠ ᠵᠠᠯᠠᠭᠤᠴᠤᠳ᠂ ᠪᠠᠭᠠᠴᠤᠳ᠂ ᠬᠡᠦᠬᠡᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠤᠨᠴᠠᠭᠠᠢ ᠪᠠᠳᠤᠯᠠᠭ᠎ᠠ ᠤᠯᠭᠤᠵᠦ᠂ ᠲᠡᠳᠡᠨ ᠤ ᠪᠡᠶ᠎ᠡ ᠮᠠᠬᠠᠪᠤᠳ ᠰᠡᠳᠬᠢᠯ ᠰᠠᠨᠠᠭᠠᠨ ᠤ ᠡᠷᠡᠭᠦᠯ ᠴᠢᠬᠢᠷᠠᠭ ᠢ ᠨᠡᠮᠡᠭᠳᠡᠭᠦᠯᠦᠨ᠎ᠡ᠃       ᠵᠢᠷᠭᠤᠳᠤᠭᠠᠷ ᠵᠤᠷᠪᠤᠰ ᠤᠯᠤᠰ ᠠᠴᠠ ᠴᠦᠭᠡᠨ ᠲᠤᠭᠠᠳᠤ ᠦᠨᠳᠦᠰᠦᠳᠡᠨ ᠤ ᠭᠠᠵᠠᠷ ᠤᠷᠤᠨ ᠤ ᠪᠡᠶ᠎ᠡ ᠶᠢᠨ ᠲᠠᠮᠢᠷ ᠤᠨ ᠦᠢᠯᠡᠰ ᠢ ᠬᠦᠭᠵᠢᠭᠦᠯᠬᠦ ᠶᠢ ᠲᠡᠳᠬᠦᠨ ᠲᠡᠮᠵᠢᠵᠦ᠂ ᠴᠦᠭᠡᠨ ᠲᠤᠭᠠᠳᠤ ᠦᠨᠳᠦᠰᠦᠳᠡᠨ ᠤ ᠪᠡᠶ᠎ᠡ ᠶᠢᠨ ᠲᠠᠮᠢᠷ ᠤᠨ ᠴᠢᠳᠠᠪᠤᠷᠢᠳᠠᠨ ᠢ ᠬᠦᠮᠦᠵᠢᠭᠦᠯᠦᠨ᠎ᠡ᠃       ᠲᠤᠯᠤᠳᠤᠭᠠᠷ ᠵᠤᠷᠪᠤᠰ ᠤᠯᠤᠰ ᠠᠴᠠ ᠪᠡᠶ᠎ᠡ ᠶᠢᠨ ᠲᠠᠮᠢᠷ ᠤᠨ ᠰᠤᠷᠭᠠᠨ ᠬᠦᠮᠦᠵᠢᠯ ᠪᠤᠯᠤᠨ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ ᠰᠤᠳᠤᠯᠭᠠᠨ ᠢ ᠬᠦᠭᠵᠢᠬᠦᠯᠵᠦ᠂ ᠲᠡᠷᠢᠬᠦᠨ ᠤ ᠪᠠ ᠬᠡᠷᠡᠭᠯᠡᠭᠡᠨᠨ ᠤ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠳᠦᠭᠡᠯ ᠢ ᠲᠡᠯᠭᠡᠷᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠲᠦᠰᠢᠭᠯᠡᠨ ᠪᠡᠶ᠎ᠡ ᠶᠢᠨ ᠲᠠᠮᠢᠷ ᠤᠨ ᠦᠢᠯᠡᠰ ᠢ ᠬᠦᠭᠵᠢᠭᠦᠯᠦᠨ᠎ᠡ᠃ ᠨᠠᠢᠮᠠᠳᠤᠭᠠᠷ ᠵᠤᠷᠪᠤᠰ ᠤᠯᠤᠰ ᠠᠴᠠ ᠪᠡᠶ᠎ᠡ ᠶᠢᠨ ᠲᠠᠮᠢᠷ ᠤᠨ ᠦᠢᠯᠡᠰ ᠲᠤ ᠬᠤᠪᠢ ᠨᠡᠮᠡᠷᠢ ᠦᠵᠡᠭᠦᠯᠦᠭᠰᠡᠨ ᠵᠤᠬᠢᠶᠠᠨ ᠪᠠᠶᠢᠭᠤᠯᠤᠯᠳᠠ ᠬᠢᠭᠡᠳ ᠬᠤᠪᠢ ᠬᠦᠮᠦᠨ ᠢ ᠱᠠᠩᠨᠠᠨ ᠬᠦᠬᠢᠭᠦᠯᠦᠨ᠎ᠡ᠃       ᠶᠢᠰᠦᠳᠦᠭᠡᠷ ᠵᠤᠷᠪᠤᠰ ᠤᠯᠤᠰ ᠠᠴᠠ ᠭᠠᠳᠠᠭᠠᠳᠤ ᠲᠠᠢ ᠪᠡᠶ᠎ᠡ ᠶᠢᠨ ᠲᠠᠮᠢᠷ ᠤᠨ ᠲᠠᠯ᠎ᠠ ᠪᠠᠷ ᠶᠠᠪᠤᠯᠴᠠᠬᠤ ᠶᠢ ᠵᠤᠷᠢᠭᠵᠢᠭᠤᠯᠤᠨ᠎ᠠ᠃ ᠭᠠᠳᠠᠭᠠᠳᠤ ᠲᠠᠢ ᠪᠡᠶ᠎ᠡ ᠶᠢᠨ ᠲᠠᠮᠢᠷ ᠤᠨ ᠲᠠᠯ᠎ᠠ ᠪᠠᠷ ᠶᠠᠪᠤᠯᠴᠠᠬᠤ ᠳᠠᠭᠠᠨ ᠪᠡᠶ᠎ᠡ ᠪᠠᠨ ᠲᠠᠭᠠᠭᠠᠵᠦ ᠡᠵᠡᠨ ᠮᠡᠳᠡᠬᠦ᠂ ᠡᠷᠭᠡ ᠲᠡᠭᠰᠢ ᠬᠠᠷᠢᠯᠴᠠᠨ ᠠᠰᠢᠭᠳᠠᠢ ᠪᠠᠶᠢᠬᠤ᠂ ᠬᠠᠷᠢᠯᠴᠠᠨ ᠬᠦᠨᠳᠦᠳᠬᠡᠬᠦ ᠵᠠᠷᠴᠢᠮ ᠢ ᠪᠠᠷᠢᠮᠳᠠᠯᠠᠵᠦ᠂ ᠤᠯᠤᠰ ᠤᠨ ᠡᠷᠬᠡ ᠮᠡᠳᠡᠯ ᠬᠢᠭᠡᠳ ᠨᠡᠷ᠎ᠡ ᠬᠦᠨᠳᠦ ᠶᠢ ᠬᠠᠮᠠᠭᠠᠯᠠᠵᠦ᠂ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠪᠠᠶᠢᠭᠤᠯᠤᠭᠰᠠᠨ ᠪᠤᠶᠤ ᠤᠷᠤᠯᠴᠠᠭᠰᠠᠨ ᠤᠯᠠᠨ ᠤᠯᠤᠰ ᠤᠨ ᠭᠡᠷ᠎ᠡ ᠶᠢ ᠵᠢᠷᠤᠮᠯᠠᠨ᠎ᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠮᠢᠷ ᠤᠨ ᠲᠤᠪᠴᠢᠶ᠎ᠠ