2 ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠦᠯᠢ
ᠨᠡᠶᠢᠲᠡᠯᠡᠭᠰᠡᠨ ᠴᠠᠭ᠄
2025/1/7
       ᠬᠤᠶᠠᠳᠤᠭᠠᠷ ᠪᠦᠯᠦᠭ ᠨᠡᠶᠢᠭᠡᠮ ᠤᠨ ᠪᠡᠶ᠎ᠡ ᠶᠢᠨ ᠲᠠᠮᠢᠷ       ᠠᠷᠪᠠᠳᠤᠭᠠᠷ ᠵᠤᠷᠪᠤᠰ ᠤᠯᠤᠰ ᠠᠴᠠ ᠠᠷᠠᠳ ᠢᠷᠭᠡᠳ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠤᠷᠤᠯᠴᠠᠵᠦ᠂ ᠪᠡᠶ᠎ᠡ ᠮᠠᠬᠠᠪᠤᠳ ᠰᠡᠳᠬᠢᠯ ᠰᠠᠨᠠᠭ᠎ᠠ ᠪᠠᠨ ᠴᠢᠬᠢᠷᠠᠭᠵᠢᠭᠤᠯᠬᠤ ᠶᠢ ᠡᠷᠬᠢᠮᠯᠡᠨ ᠰᠠᠨᠠᠭᠠᠴᠢᠯᠠᠨ᠎ᠠ᠃ ᠨᠡᠶᠢᠭᠡᠮ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠨᠢ ᠠᠵᠢᠯ ᠤᠨ ᠴᠢᠯᠦᠭᠡᠨ ᠤ᠂ ᠰᠠᠶᠢᠨ ᠲᠤᠷ᠎ᠠ ᠶᠢᠨ᠂ ᠪᠠᠭ᠎ᠠ ᠬᠡᠯᠪᠡᠷᠢ ᠶᠢᠨ ᠵᠡᠷᠭᠡ ᠤᠯᠠᠨ ᠶᠠᠩᠵᠦ ᠶᠢᠨ ᠪᠠᠶᠢᠬᠤ ᠶᠢ ᠪᠠᠷᠢᠮᠳᠠᠯᠠᠵᠦ᠂ ᠭᠠᠵᠠᠷ ᠤᠷᠤᠨ ᠤ ᠪᠠᠨ ᠪᠤᠳᠠᠳᠤ ᠪᠠᠶᠢᠳᠠᠯ ᠳᠤ ᠲᠤᠬᠢᠷᠠᠭᠤᠯᠬᠤ ᠪᠠ ᠰᠢᠨᠵᠢᠯᠡᠬᠦ ᠤᠬᠠᠭᠠᠨᠴᠢ ᠪᠤᠯᠪᠠᠰᠤᠨ ᠪᠠᠶᠢᠬᠤ ᠵᠠᠷᠴᠢᠮ ᠢ ᠵᠢᠷᠤᠮᠯᠠᠬᠤ ᠬᠡᠷᠡᠭᠳᠡᠢ᠃       ᠠᠷᠪᠠᠨ ᠨᠢᠭᠡᠳᠦᠭᠡᠷ ᠵᠤᠷᠪᠤᠰ ᠤᠯᠤᠰ ᠠᠴᠠ ᠪᠦᠬᠦ ᠠᠷᠠᠳ ᠤᠨ ᠪᠡᠶ᠎ᠡ ᠮᠠᠬᠠᠪᠤᠳ ᠢ ᠴᠢᠬᠢᠷᠠᠭᠵᠢᠭᠤᠯᠬᠤ ᠲᠦᠯᠦᠪᠯᠡᠭᠡ ᠶᠢ ᠭᠡᠷᠡᠭᠵᠢᠭᠦᠯᠦᠨ᠂ ᠪᠡᠶ᠎ᠡ ᠶᠢᠨ ᠲᠠᠮᠢᠷ ᠤᠨ ᠪᠤᠯᠪᠠᠰᠤᠷᠠᠯ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠪᠡᠶ᠎ᠡ ᠮᠠᠬᠠᠪᠤᠳ ᠤᠨ ᠰᠢᠯᠭᠠᠨ ᠪᠠᠶᠢᠴᠠᠭᠠᠯᠳᠠ ᠬᠢᠨ᠎ᠡ᠃ ᠤᠯᠤᠰ ᠠᠴᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠤᠭᠤᠳᠤᠭᠴᠢ ᠶᠢᠨ ᠮᠡᠷᠭᠡᠵᠢᠯ ᠤᠨ ᠲᠡᠰ ᠤᠨ ᠲᠦᠷᠢᠮ ᠢ ᠬᠡᠷᠡᠭᠵᠢᠭᠦᠯᠦᠨ᠎ᠡ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠤᠭᠤᠳᠤᠭᠴᠢ ᠠᠴᠠ ᠨᠡᠶᠢᠭᠡᠮ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠢᠭᠠᠨ ᠵᠢᠯᠤᠭᠤᠳᠤᠨ᠎ᠠ᠃       ᠠᠷᠪᠠᠨ ᠬᠤᠶᠠᠳᠤᠭᠠᠷ ᠵᠤᠷᠪᠤᠰ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠨᠤᠭᠤᠳ ᠠᠷᠠᠳ ᠢᠷᠭᠡᠳ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠤᠷᠤᠯᠴᠠᠬᠤ ᠳᠤᠨᠢ ᠴᠢᠬᠤᠯᠠ ᠪᠦᠬᠦᠢ ᠨᠦᠬᠦᠴᠡᠯ ᠢ ᠪᠦᠷᠢᠯᠳᠦᠭᠦᠯᠦᠨ ᠦᠭᠴᠦ᠂ ᠤᠯᠠᠨ ᠲᠦᠮᠡᠨᠴᠢ ᠴᠢᠨᠠᠷᠲᠠᠢ ᠪᠠᠶ᠎ᠡ ᠶᠢᠨ ᠲᠠᠮᠢᠷ ᠤᠨ ᠠᠵᠢᠯᠯᠠᠭ᠎ᠠ ᠦᠷᠨᠢᠭᠦᠯᠬᠦ ᠶᠢ ᠲᠡᠮᠵᠢᠨ ᠲᠡᠳᠬᠦᠬᠦ ᠬᠡᠷᠡᠭᠳᠡᠢ᠃ ᠬᠤᠳᠠ ᠳᠤ ᠰᠠᠭᠤᠭᠠᠯᠢ ᠠᠷᠠᠳ ᠤᠨ ᠵᠦᠪᠯᠡᠯ ᠵᠡᠷᠭᠡ ᠨᠡᠶᠢᠭᠡᠮ ᠤᠨ ᠤᠷᠤᠨ ᠲᠤᠭᠤᠷᠢᠭ ᠤᠨ ᠦᠨᠳᠦᠰᠦᠨ ᠱᠠᠳᠣᠨ ᠤ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠵᠦ᠂ ᠰᠠᠭᠤᠭᠠᠯᠢ ᠠᠷᠠᠳ ᠢ ᠵᠤᠬᠢᠶᠠᠨ ᠪᠠᠶᠢᠭᠤᠯᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠦᠷᠨᠢᠭᠦᠯᠬᠦ ᠬᠡᠷᠡᠭᠳᠡᠢ᠃ ᠬᠦᠳᠡᠭᠡ ᠲᠤᠰᠬᠤᠨ ᠳᠤ ᠭᠠᠴᠠᠭᠠᠨ ᠤ ᠠᠷᠠᠳ ᠤᠨ ᠵᠦᠪᠯᠡᠯ᠂ ᠦᠨᠳᠦᠰᠦᠨ ᠱᠠᠳᠣᠨ ᠤ ᠰᠣᠶᠤᠯ ᠪᠡᠶ᠎ᠡ ᠲᠠᠮᠢᠷ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠵᠦ᠂ ᠬᠦᠳᠡᠭᠡ ᠲᠤᠰᠬᠤᠨ ᠤ ᠤᠨᠴᠠᠯᠢᠭ ᠲᠤ ᠲᠤᠬᠢᠷᠠᠭᠰᠠᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠦᠷᠨᠢᠭᠦᠯᠬᠦ ᠬᠡᠷᠡᠭᠳᠡᠢ᠃       ᠠᠷᠪᠠᠨ ᠭᠤᠷᠪᠠᠳᠤᠭᠠᠷ ᠵᠤᠷᠪᠤᠰ ᠲᠦᠷᠦ ᠶᠢᠨ ᠪᠠᠶᠢᠭᠤᠯᠭ᠎ᠠ᠂ ᠠᠵᠦ ᠠᠬᠤᠶᠢᠯᠠᠯ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠳᠠ ᠨᠤᠭᠤᠳ ᠤᠯᠠᠨ ᠵᠦᠢᠯ ᠤᠨ ᠬᠡᠯᠪᠡᠷᠢ ᠶᠢᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠦᠷᠨᠢᠭᠦᠯᠵᠦ᠂ ᠤᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠬᠢᠯᠡᠨ ᠶᠠᠪᠤᠭᠤᠯᠬᠤ ᠬᠡᠷᠡᠭᠳᠡᠢ᠃       ᠠᠷᠪᠠᠨ ᠲᠦᠷᠪᠡᠳᠦᠭᠡᠷ ᠵᠤᠷᠪᠤᠰ ᠠᠵᠢᠯᠴᠢᠨ ᠤ ᠡᠪᠯᠡᠯ ᠵᠡᠷᠭᠡ ᠨᠡᠶᠢᠭᠡᠮ ᠤᠨ ᠪᠦᠯᠬᠦᠮ ᠤᠳ ᠦᠪᠡᠷ ᠤᠨ ᠤᠨᠴᠠᠯᠢᠭ ᠢᠶᠠᠨ ᠦᠨᠳᠦᠰᠦᠯᠡᠨ᠂ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠤᠬᠢᠶᠠᠨ ᠪᠠᠶᠢᠭᠤᠯᠬᠤ ᠬᠡᠷᠡᠭᠳᠡᠢ᠃       ᠠᠷᠪᠠᠨ ᠲᠠᠪᠤᠳᠤᠭᠠᠷ ᠵᠤᠷᠪᠤᠰ ᠤᠯᠤᠰ ᠠᠴᠠ ᠦᠨᠳᠦᠰᠦᠳᠡᠨ ᠤ ᠪᠠ ᠠᠷᠠᠳ ᠤᠨ ᠲᠤᠮᠳᠠᠬᠢ ᠤᠯᠠᠮᠵᠢᠯᠠᠯᠳᠦ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠵᠦᠢᠯ ᠢ ᠠᠭᠤᠳᠠᠯᠤᠨ ᠢᠯᠡᠷᠡᠭᠦᠯᠵᠦ᠂ ᠡᠮᠬᠢᠳᠬᠡᠨ ᠲᠡᠭᠡᠭᠰᠢᠯᠡᠭᠦᠯᠬᠦ ᠶᠢ ᠵᠤᠷᠢᠭᠵᠢᠭᠤᠯᠤᠨ ᠲᠡᠮᠵᠢᠨ᠎ᠡ᠃       ᠠᠷᠪᠠᠨ ᠵᠢᠷᠭᠤᠳᠤᠭᠠᠷ ᠵᠤᠷᠪᠤᠰ ᠪᠦᠬᠦ ᠨᠡᠶᠢᠭᠡᠮ ᠢᠶᠠᠷ ᠢᠶᠠᠨ ᠨᠠᠰᠤᠳᠠᠶᠢᠴᠤᠳ᠂ ᠵᠡᠮᠳᠡᠭᠴᠤᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠤᠷᠤᠯᠴᠠᠬᠤ ᠶᠢ ᠬᠠᠷᠠᠭᠠᠯᠵᠠᠨ ᠲᠡᠮᠵᠢᠬᠦ ᠬᠡᠷᠡᠭᠲᠡᠢ᠃ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠠᠷᠭ᠎ᠠ ᠬᠡᠮᠵᠢᠶ᠎ᠡ ᠠᠪᠴᠦ ᠪᠠᠶᠢᠭᠠᠳ ᠨᠠᠰᠤᠳᠠᠶᠢᠴᠣᠳ᠂ ᠵᠡᠮᠳᠡᠭᠴᠤᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠤᠷᠤᠯᠴᠠᠬᠤ ᠳᠤ ᠨᠢ ᠲᠦᠬᠦᠮ ᠦᠵᠡᠬᠦᠯᠬᠦ ᠬᠡᠷᠡᠭᠳᠡᠢ᠃ 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠮᠢᠷ ᠤᠨ ᠲᠤᠪᠴᠢᠶ᠎ᠠ