4 ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠦᠯᠢ
ᠨᠡᠶᠢᠲᠡᠯᠡᠭᠰᠡᠨ ᠴᠠᠭ᠄
2025/1/7
       ᠲᠦᠷᠪᠡᠳᠦᠭᠡᠷ ᠪᠦᠯᠦᠭ ᠤᠷᠤᠯᠳᠤᠭᠠᠨ ᠤ ᠪᠡᠶ᠎ᠡ ᠶᠢᠨ ᠲᠠᠮᠢᠷ       ᠬᠤᠷᠢᠨ ᠲᠦᠷᠪᠡᠳᠦᠭᠡᠷ ᠵᠤᠷᠪᠤᠰ ᠤᠯᠤᠰ ᠠᠴᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠦᠭᠵᠢᠯᠳᠡ ᠶᠢ ᠠᠬᠢᠭᠤᠯᠵᠦ᠂ ᠲᠠᠮᠢᠷᠴᠢᠳ ᠤᠨ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠮᠡᠷᠭᠡᠵᠢᠯ ᠤᠨ ᠬᠢᠷᠢ ᠬᠡᠮᠵᠢᠶ᠎ᠡ ᠪᠠᠨ ᠲᠡᠭᠡᠭᠰᠢᠯᠡᠭᠦᠯᠦᠨ᠂ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠰᠢᠯᠢᠳᠡᠭ ᠰᠠᠶᠢᠨ ᠪᠦᠳᠦᠮᠵᠢ ᠤᠯᠵᠦ᠂ ᠤᠯᠤᠰ ᠳᠠᠭᠠᠨ ᠢᠷᠠᠭᠤ ᠠᠯᠳᠠᠷ ᠲᠡᠮᠡᠴᠡᠨ ᠣᠯᠵᠦ ᠦᠭᠬᠦ ᠶᠢ ᠵᠤᠷᠢᠭᠵᠢᠭᠤᠯᠤᠨ᠎ᠠ᠃       ᠬᠤᠷᠢᠨ ᠲᠠᠪᠤᠳᠤᠭᠠᠷ ᠵᠤᠷᠪᠤᠰ ᠤᠯᠤᠰ ᠠᠴᠠ ᠠᠵᠢᠯ ᠤᠨ ᠴᠢᠯᠦᠭᠡᠨ ᠤ ᠪᠡᠶ᠎ᠡ ᠶᠢᠨ ᠲᠠᠮᠢᠷ ᠤᠨ ᠪᠤᠯᠪᠠᠰᠤᠷᠠᠯ ᠢ ᠦᠷᠨᠢᠭᠦᠯᠵᠦ᠂ ᠪᠡᠶ᠎ᠡ ᠶᠢᠨ ᠲᠠᠮᠢᠷ ᠤᠨ ᠰᠢᠯᠢᠳᠡᠭ ᠪᠡᠯᠡᠳᠭᠡᠯ ᠴᠢᠳᠠᠪᠤᠷᠢᠳᠠᠨ ᠢ ᠬᠦᠮᠦᠵᠢᠭᠦᠯᠬᠦ ᠶᠢ ᠵᠤᠷᠢᠭᠵᠢᠭᠤᠯᠤᠨ ᠲᠡᠮᠵᠢᠨ᠎ᠡ᠃       ᠬᠤᠷᠢᠨ ᠵᠢᠷᠭᠤᠳᠤᠭᠠᠷ ᠵᠤᠷᠪᠤᠰ ᠤᠯᠤᠰ ᠤᠨ ᠲᠤᠳᠤᠭᠠᠳᠦ ᠶᠢᠨ ᠪᠠ ᠲᠡᠯᠡᠭᠡᠢ ᠶᠢᠨ ᠪᠡᠶ᠎ᠡ ᠶᠢᠨ ᠲᠠᠮᠢᠷ ᠤᠨ ᠴᠢᠬᠤᠯᠠ ᠶᠡᠭᠡ ᠤᠷᠤᠯᠳᠤᠭᠠᠨ ᠳᠤ ᠣᠷᠤᠯᠴᠠᠬᠤ ᠲᠠᠮᠢᠷᠴᠢᠨ ᠪᠤᠯᠤᠨ ᠲᠠᠮᠢᠷ ᠤᠨ ᠠᠩᠭᠢ ᠶᠢ ᠲᠦᠪ ᠭᠤᠤᠯᠴᠢ ᠪᠠᠷ ᠰᠤᠩᠭᠤᠬᠤ᠂ ᠰᠢᠯᠢᠳᠡᠭ ᠢ ᠨᠢ ᠰᠣᠩᠭᠤᠬᠤ ᠵᠠᠷᠴᠢᠮ ᠢᠶᠠᠷ ᠰᠢᠯᠢᠨ ᠰᠤᠩᠭᠤᠵᠦ ᠵᠤᠬᠢᠶᠠᠨ ᠪᠠᠶᠢᠭᠤᠯᠬᠤ ᠬᠡᠷᠡᠭᠳᠡᠢ᠃ ᠪᠤᠳᠠᠳᠠᠢ ᠠᠷᠭ᠎ᠠ ᠶᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠠᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠭᠳᠠᠭᠠᠨ᠎ᠠ᠃       ᠬᠤᠷᠢᠨ ᠲᠤᠯᠤᠳᠤᠭᠠᠷ ᠵᠤᠷᠪᠤᠰ ᠲᠠᠮᠢᠷᠴᠢᠳ ᠢ ᠬᠦᠮᠦᠵᠢᠬᠦᠯᠬᠦ ᠳᠡᠭᠡᠨ ᠡᠷᠭᠡᠪᠰᠢ ᠬᠠᠳᠠᠭᠤ ᠴᠢᠩᠭ᠎ᠠ᠂ ᠰᠢᠨᠵᠢᠯᠡᠬᠦ ᠤᠬᠠᠭᠠᠨᠴᠢ᠂ ᠪᠤᠯᠪᠠᠰᠤᠨ ᠪᠤᠯᠪᠠᠰᠤᠷᠠᠯ ᠪᠠ ᠬᠠᠮᠢᠶᠠᠷᠤᠯᠳᠠ ᠶᠢ ᠬᠡᠷᠡᠭᠵᠢᠬᠦᠯᠵᠦ᠂ ᠲᠠᠮᠢᠷᠴᠢᠳ ᠲᠤ ᠡᠬᠡ ᠤᠷᠤᠨᠴᠢ ᠦᠵᠡᠯ᠂ ᠨᠡᠶᠢᠳᠡᠴᠢ ᠦᠵᠡᠯ ᠪᠠ ᠨᠡᠶᠢᠭᠡᠮ ᠵᠢᠷᠤᠮ ᠤᠨ ᠬᠦᠮᠦᠵᠢᠯ ᠵᠢᠴᠢ ᠶᠣᠰᠣ ᠮᠤᠷᠠᠯ ᠪᠤᠯᠤᠨ ᠰᠠᠬᠢᠯᠭ᠎ᠠ ᠪᠠᠳᠤ ᠶᠢᠨ ᠬᠦᠮᠦᠵᠢᠯ ᠬᠢᠬᠦ ᠬᠡᠷᠡᠭᠳᠡᠢ᠃       ᠬᠤᠷᠢᠨ ᠨᠠᠢᠮᠠᠳᠤᠭᠠᠷ ᠵᠤᠷᠪᠤᠰ ᠤᠯᠤᠰ ᠠᠴᠠ ᠰᠢᠯᠢᠳᠡᠭ ᠲᠠᠮᠢᠷᠴᠢᠳ ᠤᠨ ᠠᠵᠢᠯ ᠤᠯᠬᠤ ᠪᠤᠶᠤ ᠰᠤᠷᠭᠠᠭᠤᠯᠢ ᠳᠤ ᠲᠡᠪᠰᠢᠬᠦ ᠳᠤ ᠨᠢ ᠬᠠᠷᠠᠭᠠᠯᠵᠠᠯ ᠦᠵᠡᠭᠦᠯᠦᠨ᠎ᠡ᠃       ᠬᠤᠷᠢ ᠶᠢᠰᠦᠳᠦᠭᠡᠷ ᠵᠤᠷᠪᠤᠰ ᠪᠦᠬᠦ ᠤᠯᠤᠰ ᠤᠨ ᠴᠢᠨᠠᠷᠳᠠᠢ ᠳᠠᠩ ᠵᠦᠢᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠲᠤᠰ ᠵᠦᠢᠯ ᠤᠨ ᠢᠶᠠᠨ ᠲᠠᠮᠢᠷᠴᠢᠨ ᠢ ᠲᠠᠩᠰᠠᠯᠠᠵᠦ ᠬᠠᠮᠢᠶᠠᠷᠤᠨ᠎ᠠ᠃ ᠲᠠᠩᠰᠠᠯᠠᠭᠤᠯᠤᠭᠰᠠᠨ ᠲᠠᠮᠢᠷᠴᠢᠨ ᠲᠦᠷᠦ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠠᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠤᠭᠳᠠᠭᠠᠯ ᠢ ᠦᠨᠳᠦᠰᠦᠯᠡᠨ᠂ ᠬᠤᠯᠪᠤᠭᠳᠠᠯ ᠪᠦᠬᠦᠢ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠪᠠᠶ᠎ᠡ ᠶᠢᠨ ᠲᠠᠮᠢᠷ ᠤᠨ ᠠᠩᠭᠢ ᠶᠢᠨ ᠬᠤᠭᠤᠷᠤᠨᠳᠤᠬᠢ ᠲᠠᠮᠢᠷᠴᠢᠨ ᠤ ᠰᠢᠯᠵᠢᠯᠳᠡ ᠳᠤ ᠤᠷᠤᠯᠴᠠᠵᠦ ᠪᠤᠯᠤᠨ᠎ᠠ᠃ ᠭᠤᠴᠢᠳᠤᠭᠠᠷ ᠵᠤᠷᠪᠤᠰ ᠤᠯᠤᠰ ᠠᠴᠠ ᠲᠠᠮᠢᠷᠴᠢᠳ ᠤᠨ ᠮᠡᠷᠭᠡᠵᠢᠯ ᠤᠨ ᠲᠡᠰ᠂ ᠬᠢᠨᠠᠭᠴᠢᠳ ᠤᠨ ᠮᠡᠷᠭᠡᠵᠢᠯ ᠤᠨ ᠲᠡᠰ ᠪᠤᠯᠤᠨ ᠰᠤᠷᠭᠠᠭᠴᠢᠳ ᠤᠨ ᠲᠤᠰᠬᠠᠢ ᠮᠡᠷᠭᠡᠵᠢᠯ ᠤᠨ ᠲᠤᠰᠢᠶᠠᠯ ᠤᠨ ᠲᠡᠰ ᠤᠨ ᠲᠦᠷᠢᠮ ᠢ ᠬᠡᠷᠡᠭᠵᠢᠭᠦᠯᠦᠨ᠎ᠡ᠃       ᠭᠤᠴᠢᠨ ᠨᠢᠭᠡᠳᠦᠭᠡᠷ ᠵᠤᠷᠪᠤᠰ ᠤᠯᠤᠰ ᠠᠴᠠ ᠪᠡᠶ᠎ᠡ ᠶᠢᠨ ᠲᠠᠮᠢᠷ ᠤᠨ ᠤᠷᠤᠯᠳᠤᠭᠠᠨ ᠢ ᠲᠡᠰ ᠪᠠ ᠲᠦᠷᠦᠯ ᠬᠤᠪᠢᠶᠠᠵᠦ ᠬᠠᠮᠢᠶᠠᠷᠤᠨ᠎ᠠ᠃ ᠪᠦᠬᠦ ᠤᠯᠤᠰ ᠤᠨ ᠶᠡᠷᠦᠩᠬᠡᠶᠢᠯᠡᠭᠰᠡᠨ ᠴᠢᠨᠠᠷᠳᠠᠢ ᠪᠡᠶ᠎ᠡ ᠶᠢᠨ ᠲᠠᠮᠢᠷ ᠤᠨ ᠴᠤᠭᠯᠠᠭᠠᠨ ᠢ ᠲᠦᠷᠦ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠠᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠠᠮᠢᠶᠠᠷᠬᠤ ᠪᠤᠶᠤ ᠡᠰᠡᠭᠦᠯ᠎ᠡ ᠲᠦᠷᠦ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠠᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠤᠯᠪᠤᠭᠳᠠᠯ ᠪᠦᠬᠦᠢ ᠵᠤᠬᠢᠶᠠᠨ ᠪᠠᠶᠢᠭᠤᠯᠤᠯᠳᠠ ᠲᠠᠢ ᠬᠠᠮᠳᠤᠷᠠᠵᠦ ᠬᠠᠮᠢᠶᠠᠷᠤᠨ᠎ᠠ᠃ ᠪᠦᠬᠦ ᠤᠯᠤᠰ ᠤᠨ ᠲᠠᠩ ᠵᠦᠢᠯ ᠤᠨ ᠪᠡᠶ᠎ᠡ ᠤᠨ ᠲᠠᠮᠢᠷ ᠤᠨ ᠤᠷᠤᠯᠳᠤᠭᠠᠨ ᠢ ᠲᠤᠰ ᠵᠦᠢᠯ ᠤᠨ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠪᠦᠬᠦ ᠤᠯᠤᠰ ᠤᠨ ᠴᠢᠨᠠᠷᠳᠠᠢ ᠨᠡᠶᠢᠭᠡᠮᠯᠢᠭ ᠠᠴᠠ ᠬᠠᠷᠢᠭᠤᠴᠠᠵᠦ ᠬᠠᠮᠢᠶᠠᠷᠤᠨ᠎ᠠ᠃ ᠤᠷᠤᠨ ᠨᠤᠳᠤᠭ ᠤᠨ ᠶᠡᠷᠦᠩᠬᠡᠶᠢᠯᠡᠭᠰᠡᠨ ᠴᠢᠨᠠᠷᠳᠠᠢ ᠪᠡᠶ᠎ᠡ ᠶᠢᠨ ᠲᠠᠮᠢᠷ ᠤᠨ ᠴᠤᠭᠯᠠᠭᠠᠨ ᠪᠠ ᠤᠷᠤᠨ ᠨᠤᠳᠤᠭ ᠤᠨ ᠲᠠᠩ ᠵᠦᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠠᠮᠢᠶᠠᠷᠤᠯᠳᠠ ᠶᠢᠨ ᠠᠷᠭ᠎ᠠ ᠶᠢ ᠣᠷᠣᠨ ᠨᠤᠳᠤᠭ ᠤᠨ ᠠᠷᠠᠳ ᠤᠨ ᠵᠠᠰᠠᠭ ᠤᠨ ᠤᠷᠳᠣᠨ ᠠᠴᠠ ᠲᠤᠭᠳᠠᠭᠠᠨ᠎ᠠ᠃       ᠭᠤᠴᠢᠨ ᠬᠤᠶᠠᠳᠤᠭᠠᠷ ᠵᠤᠷᠪᠤᠰ ᠣᠯᠣᠰ ᠠᠴᠠ ᠪᠡᠶ᠎ᠡ ᠤᠨ ᠲᠠᠮᠢᠷ ᠤᠨ ᠤᠷᠤᠯᠳᠤᠭᠠᠨ ᠤ ᠪᠦᠬᠦ ᠤᠯᠤᠰ ᠤᠨ ᠲᠡᠮᠳᠡᠭᠯᠡᠯ ᠢ ᠬᠢᠨᠠᠨ ᠵᠦᠪᠰᠢᠶᠡᠷᠡᠬᠦ ᠲᠦᠷᠢᠮ ᠢ ᠬᠡᠷᠡᠭᠵᠢᠭᠦᠯᠦᠨ᠎ᠡ᠃ ᠪᠦᠬᠦ ᠤᠯᠤᠰ ᠤᠨ ᠲᠡᠮᠳᠡᠭᠯᠡᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠠᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠨᠤᠳᠠᠯᠠᠵᠦ ᠮᠡᠳᠡᠷᠡᠨ᠎ᠡ᠃       ᠭᠤᠴᠢᠨ ᠭᠤᠷᠪᠠᠳᠤᠭᠠᠷ ᠵᠤᠷᠪᠤᠰ ᠤᠷᠤᠯᠳᠤᠭᠠᠨ ᠤ ᠪᠡᠶ᠎ᠡ ᠶᠢᠨ ᠲᠠᠮᠢᠷ ᠤᠨ ᠠᠵᠢᠯᠯᠠᠭᠠᠨ ᠤ ᠲᠤᠮᠳᠠ ᠭᠠᠷᠤᠭᠰᠠᠨ ᠵᠢᠭᠤᠷᠠᠯᠳᠤᠭᠠᠨ ᠢ ᠪᠡᠶ᠎ᠡ ᠶᠢᠨ ᠲᠠᠮᠢᠷ ᠤᠨ ᠬᠦᠨᠳᠡᠯᠡᠨ ᠠᠴᠠ ᠲᠠᠰᠤᠯᠬᠤ ᠪᠠᠶᠢᠭᠤᠯᠤᠮᠵᠢ ᠬᠠᠷᠢᠭᠤᠴᠠᠨ ᠡᠶᠡᠳᠡᠭᠦᠯᠵᠦ ᠬᠦᠨᠳᠡᠯᠡᠨ ᠠᠴᠠ ᠲᠠᠰᠣᠯᠣᠨ᠎ᠠ᠃ ᠪᠡᠶ᠎ᠡ ᠶᠢᠨ ᠲᠠᠮᠢᠷ ᠤᠨ ᠬᠦᠨᠳᠡᠯᠡᠨ ᠠᠴᠠ ᠲᠠᠰᠤᠯᠬᠤ ᠪᠠᠶᠢᠭᠤᠯᠤᠮᠵᠢ ᠶᠢ ᠪᠠᠶᠢᠭᠤᠯᠬᠤ ᠠᠷᠭ᠎ᠠ ᠪᠠ ᠬᠦᠨᠳᠡᠯᠡᠨ ᠠᠴᠠ ᠲᠠᠰᠣᠯᠬᠤ ᠬᠦᠷᠢᠶ᠎ᠡ ᠬᠡᠪᠴᠢᠶ᠎ᠡ ᠶᠢ ᠲᠦᠷᠦ ᠶᠢᠨ ᠶᠠᠪᠤᠳᠠᠯ ᠤᠨ ᠬᠤᠷᠢᠶᠠᠨ ᠠᠴᠠ ᠠᠰ ᠲᠤᠨᠢ ᠲᠤᠭᠳᠠᠭᠠᠨ᠎ᠠ᠃       ᠭᠤᠴᠢᠨ ᠲᠦᠷᠪᠡᠳᠦᠭᠡᠷ ᠵᠤᠷᠪᠤᠰ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠭᠤᠤᠯᠴᠢ ᠪᠠᠷ ᠦᠷᠢᠰᠦᠯᠳᠦᠬᠦ ᠵᠠᠷᠴᠢᠮ ᠢ ᠬᠡᠷᠡᠭᠵᠢᠬᠦᠯᠦᠨ᠎ᠡ᠃ ᠪᠡᠶ᠎ᠡ ᠶᠢᠨ ᠲᠡᠮᠢᠷ ᠤᠨ ᠣᠷᠤᠯᠳᠤᠭᠠᠨ ᠢ ᠵᠤᠬᠢᠶᠠᠨ ᠪᠠᠶᠢᠭᠤᠯᠤᠭᠴᠢ ᠪᠠ ᠲᠠᠮᠢᠷᠴᠢᠳ᠂ ᠰᠤᠷᠭᠠᠭᠴᠢᠳ᠂ ᠬᠢᠨᠠᠭᠴᠢᠳ ᠪᠡᠶ᠎ᠡ ᠶᠢᠨ ᠲᠠᠮᠢᠷ ᠤᠨ ᠶᠤᠰᠦ ᠮᠤᠷᠠᠯ ᠢ ᠵᠢᠷᠤᠮᠯᠠᠬᠤ ᠬᠡᠷᠡᠭᠳᠡᠢ᠂ ᠬᠤᠳᠠᠯ ᠬᠡᠯᠡᠵᠦ ᠬᠠᠭᠤᠷᠮᠠᠭ ᠢᠶᠠᠷ ᠵᠤᠬᠢᠶᠠᠨ᠂ ᠠᠷᠭ᠎ᠠ ᠵᠠᠯᠢ ᠬᠡᠷᠡᠭᠯᠡᠵᠦ᠂ ᠠᠮᠢᠨ ᠳᠠᠭᠠᠨ ᠲᠠᠳᠠᠵᠦ ᠪᠤᠯᠬᠤ ᠦᠭᠡᠢ᠃ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠲᠤᠮᠳᠠ ᠴᠠᠭᠠᠵᠠ ᠲᠠᠢ ᠡᠮ ᠪᠠ ᠠᠷᠭ᠎ᠠ ᠶᠢ ᠬᠡᠷᠡᠭᠯᠡᠬᠦ ᠶᠢ ᠡᠷᠡᠰ ᠬᠤᠷᠢᠭᠯᠠᠨ᠎ᠠ᠃ ᠴᠠᠭᠠᠵᠠ ᠲᠠᠢ ᠡᠮ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠠᠴᠠ ᠴᠠᠭᠠᠵᠠ ᠲᠠᠢ ᠡᠮ ᠪᠠ ᠠᠷᠭ᠎ᠠ ᠶᠢ ᠴᠢᠩᠭ᠎ᠠ ᠪᠠᠶᠢᠴᠠᠭᠠᠬᠤ ᠬᠡᠷᠡᠭᠳᠡᠢ᠃ ᠶᠠᠮᠠᠷᠪᠠ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠠᠰᠢᠭᠯᠠᠨ ᠵᠤᠭᠤᠰ ᠢᠶᠠᠷ ᠮᠦᠷᠦ᠋ᠢᠴᠡᠬᠦ ᠠᠵᠢᠯᠯᠠᠭ᠎ᠠ ᠬᠢᠬᠦ ᠶᠢ ᠡᠷᠡᠰ ᠬᠤᠷᠢᠭᠯᠠᠨ᠎ᠠ᠃       ᠭᠤᠴᠢᠨ ᠲᠠᠪᠤᠳᠤᠭᠠᠷ ᠵᠤᠷᠪᠤᠰ ᠲᠤᠮᠳᠠᠳᠤ ᠤᠯᠤᠰ ᠤᠨ ᠬᠢᠯᠢ ᠲᠤᠳᠤᠷ᠎ᠠ ᠡᠷᠬᠢᠯᠡᠵᠦ ᠶᠠᠪᠤᠭᠤᠯᠤᠭᠰᠠᠨ ᠪᠡᠶ᠎ᠡ ᠶᠢᠨ ᠲᠠᠮᠢᠷ ᠤᠨ ᠴᠢᠬᠤᠯᠠ ᠶᠡᠭᠡ ᠤᠷᠤᠯᠳᠤᠭᠠᠨ ᠤ ᠨᠡᠷᠡᠶᠢᠳᠦᠯ᠂ ᠰᠦᠯᠳᠡ ᠲᠡᠮᠳᠡᠭ᠂ ᠲᠤᠭ ᠲᠠᠯᠪᠠᠭ᠎ᠠ ᠵᠢᠴᠢ ᠦᠯᠵᠡᠶᠢᠳᠦ ᠠᠮᠢᠳᠠᠨ ᠵᠠᠷᠭᠡ ᠶᠢᠨ ᠲᠡᠮᠳᠡᠭ ᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠠᠮᠠᠭᠠᠯᠠᠨ᠎ᠠ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠮᠢᠷ ᠤᠨ ᠲᠤᠪᠴᠢᠶ᠎ᠠ