5 ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠦᠯᠢ
ᠨᠡᠶᠢᠲᠡᠯᠡᠭᠰᠡᠨ ᠴᠠᠭ᠄
2025/1/7
        ᠲᠠᠪᠤᠳᠤᠭᠠᠷ ᠪᠦᠯᠦᠭ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ        ᠭᠤᠴᠢᠨ ᠵᠢᠷᠭᠤᠳᠤᠭᠠᠷ ᠵᠤᠷᠪᠣᠰ ᠤᠯᠤᠰ ᠠᠴᠠ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠭᠦᠮ ᠤᠳ ᠤᠨ ᠦᠪᠡᠷ ᠤᠨ ᠲᠦᠷᠢᠮ ᠤᠨ ᠢᠶᠠᠨ ᠶᠤᠰᠤᠭᠠᠷ ᠪᠠᠶ᠎ᠠ ᠶᠢᠨ ᠲᠠᠮᠢᠷ ᠤᠨ ᠠᠵᠢᠯᠯᠠᠭ᠎ᠠ ᠵᠤᠬᠢᠶᠠᠨ ᠪᠠᠶᠢᠭᠤᠯᠵᠦ᠂ ᠪᠡᠶ᠎ᠡ ᠶᠢᠨ ᠲᠠᠮᠢᠷ ᠤᠨ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠬᠤ ᠶᠢ ᠵᠤᠷᠢᠭᠵᠢᠭᠤᠯᠤᠨ ᠲᠡᠮᠵᠢᠨ᠎ᠡ᠃        ᠭᠤᠴᠢᠨ ᠲᠤᠯᠤᠳᠤᠭᠠᠷ ᠵᠤᠷᠪᠤᠰ ᠡᠯ᠎ᠡ ᠱᠠᠳᠤᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠶᠡᠷᠦᠩᠭᠡᠢ ᠡᠪᠯᠡᠯ ᠪᠤᠯ ᠲᠠᠮᠢᠷᠴᠢᠳ ᠪᠤᠯᠤᠨ ᠪᠡᠶ᠎ᠡ ᠶᠢᠨ ᠲᠠᠮᠢᠷ ᠤᠨ ᠠᠵᠢᠯᠴᠢᠳ ᠲᠠᠢ ᠬᠠᠷᠢᠯᠴᠠᠵᠦ ᠪᠦᠯᠬᠦᠮᠳᠡᠬᠦ ᠤᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠵᠤᠬᠢᠶᠠᠨ ᠪᠠᠶᠢᠭᠤᠯᠤᠯᠳᠠ ᠮᠦᠨ᠂ ᠪᠡᠶ᠎ᠡ ᠶᠢᠨ ᠲᠠᠮᠢᠷ ᠤᠨ ᠦᠢᠯᠡᠰ ᠢ ᠬᠦᠭᠵᠢᠬᠦᠯᠬᠦ ᠶᠠᠪᠤᠴᠠ ᠳᠤ ᠦᠢᠯᠡᠳᠦᠯ ᠢᠶᠠᠨ ᠪᠠᠳᠠᠷᠠᠭᠤᠯᠬᠤ ᠬᠡᠷᠡᠭᠳᠡᠢ᠃        ᠭᠤᠴᠢᠨ ᠨᠠᠢᠮᠠᠳᠤᠭᠠᠷ ᠵᠤᠷᠪᠤᠰ ᠲᠤᠮᠳᠠᠳᠤ ᠤᠯᠤᠰ ᠤᠨ ᠤᠯᠢᠮᠫᠢᠺ ᠤᠨ ᠵᠦᠪᠯᠡᠯ ᠪᠤᠯ ᠤᠯᠢᠮᠫᠢᠺ ᠤᠨ ᠬᠦᠳᠡᠯᠭᠡᠭᠡᠨ ᠢ ᠬᠦᠭᠵᠢᠬᠦᠯᠬᠦ ᠪᠠ ᠲᠦᠯᠬᠢᠨ ᠠᠬᠢᠭᠤᠯᠬᠤ ᠶᠠᠪᠤᠳᠠᠯ ᠢᠶᠠᠷ ᠭᠤᠤᠯ ᠡᠭᠦᠷᠭᠡ ᠪᠠᠨ ᠪᠤᠯᠭᠠᠭᠰᠠᠨ ᠪᠡᠶ᠎ᠡ ᠶᠢᠨ ᠲᠠᠮᠢᠷ ᠤᠨ ᠵᠤᠬᠢᠶᠠᠨ ᠪᠠᠶᠢᠭᠤᠯᠤᠯᠳᠠ ᠮᠦᠨ᠂ ᠲᠤᠮᠳᠠᠳᠤ ᠤᠯᠤᠰ ᠢ ᠲᠦᠯᠦᠭᠡᠯᠡᠨ ᠲᠡᠯᠡᠬᠡᠢ ᠶᠢᠨ ᠤᠯᠢᠮᠫᠢᠺ ᠤᠨ ᠬᠡᠷᠡᠭ ᠶᠠᠪᠤᠳᠠᠯ ᠳᠤ ᠤᠷᠤᠯᠴᠠᠨ᠎ᠠ᠃        ᠭᠤᠴᠢ ᠶᠢᠰᠦᠳᠤᠭᠡᠷ ᠵᠤᠷᠪᠤᠰ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ ᠨᠡᠶᠢᠭᠡᠮ ᠤᠨ ᠪᠦᠯᠬᠦᠮ ᠪᠤᠯ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠳ ᠤᠨ ᠡᠷᠳᠡᠮ ᠰᠢᠨᠵᠢᠯᠡᠭᠡᠨ ᠤ ᠴᠢᠨᠠᠷᠳᠠᠢ ᠤᠯᠠᠨ ᠲᠦᠮᠡᠨᠴᠢ ᠵᠤᠬᠢᠶᠠᠨ ᠪᠠᠶᠢᠭᠤᠯᠤᠯᠳᠠ ᠮᠦᠨ᠂ ᠪᠠᠶ᠎ᠡ ᠶᠢᠨ ᠲᠠᠮᠢᠷ ᠤᠨ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠦᠢᠯᠡᠰ ᠢ ᠬᠦᠭᠵᠢᠬᠦᠯᠬᠦ ᠶᠠᠪᠤᠴᠠ ᠳᠤ ᠦᠢᠯᠡᠳᠦᠯ ᠢᠶᠠᠨ ᠪᠠᠳᠠᠷᠠᠭᠤᠯᠬᠤ ᠬᠡᠷᠡᠭᠳᠡᠢ᠃        ᠲᠦᠴᠢᠳᠦᠭᠡᠷ ᠵᠤᠷᠪᠤᠰ ᠪᠦᠬᠦ ᠤᠯᠤᠰ ᠤᠨ ᠴᠢᠨᠠᠷᠳᠠᠢ ᠲᠠᠩ ᠵᠦᠢᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠪᠤᠯ ᠲᠤᠰ ᠵᠦᠢᠯ ᠤᠨ ᠢᠶᠠᠨ ᠪᠡᠶ᠎ᠡ ᠶᠢᠨ ᠲᠠᠮᠢᠷ ᠤᠨ ᠬᠦᠳᠡᠯᠭᠡᠭᠡᠨ ᠢ ᠲᠦᠭᠡᠮᠡᠯᠵᠢᠭᠦᠯᠬᠦ ᠪᠠ ᠲᠡᠭᠡᠭᠰᠢᠯᠡᠭᠦᠯᠬᠦ ᠠᠵᠢᠯ ᠢ ᠬᠠᠮᠢᠶᠠᠷᠴᠦ᠂ ᠲᠤᠮᠳᠠᠳᠤ ᠤᠯᠤᠰ ᠢ ᠲᠦᠯᠦᠭᠡᠯᠡᠨ ᠲᠡᠯᠡᠬᠡᠢ ᠶᠢᠨ ᠲᠠᠩ ᠵᠦᠢᠯ ᠤᠨ ᠪᠡᠶ᠎ᠡ ᠶᠢᠨ ᠲᠠᠮᠢᠷ ᠤᠨ ᠲᠤᠬᠢᠷᠠᠭᠰᠠᠨ ᠵᠤᠬᠢᠶᠠᠨ ᠪᠠᠶᠢᠭᠤᠯᠤᠯᠳᠠ ᠳᠤ ᠤᠷᠤᠯᠴᠠᠨ᠎ᠠ᠃ 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠮᠢᠷ ᠤᠨ ᠲᠤᠪᠴᠢᠶ᠎ᠠ