ᠵᠢᠷᠭᠤᠳᠤᠭᠠᠷ ᠪᠦᠯᠦᠭ ᠪᠠᠳᠤᠯᠠᠬᠤ ᠨᠦᠭᠦᠴᠡᠯ | ᠲᠦᠴᠢᠨ ᠨᠢᠭᠡᠳᠦᠭᠡᠷ ᠵᠤᠷᠪᠤᠰ ᠰᠢᠶᠠᠨ ᠤ ᠱᠠᠳᠣᠨ ᠠᠴᠠ ᠲᠡᠭᠡᠭᠰᠢᠬᠢ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠨᠤᠭᠤᠳ ᠪᠡᠶ᠎ᠡ ᠶᠢᠨ ᠲᠠᠮᠢᠷ ᠤᠨ | ᠦᠢᠯᠡᠰ ᠤᠨ ᠵᠠᠷᠤᠳᠠᠯ᠂ ᠪᠡᠶ᠎ᠡ ᠶᠢᠨ ᠲᠠᠮᠢᠷ ᠤᠨ ᠦᠢᠯᠡᠰ ᠤᠨ ᠦᠨᠳᠦᠰᠦᠨ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠭᠦ ᠶᠢ ᠲᠤᠰ ᠱᠠᠳᠣᠨ ᠤ ᠪᠠᠨ ᠡᠳ᠋ ᠤᠨ | ᠵᠠᠰᠠᠭ ᠤᠨ ᠲᠦᠰᠦᠪ ᠪᠠ ᠦᠨᠳᠦᠰᠦᠨ ᠪᠦᠳᠦᠭᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠶᠢᠨ ᠲᠦᠯᠦᠪᠯᠡᠭᠡ ᠳᠡᠭᠡᠨ ᠤᠷᠤᠭᠤᠯᠬᠤ ᠬᠡᠷᠡᠭᠳᠡᠢ᠂ ᠲᠡᠷᠡᠴᠢᠯᠡᠨ | ᠤᠯᠤᠰ ᠠᠷᠠᠳ ᠤᠨ ᠠᠵᠦ ᠠᠬᠤᠢ ᠶᠢᠨ ᠬᠦᠭᠵᠢᠯᠳᠡ ᠶᠢᠨ ᠲᠠᠭᠠᠦ ᠪᠡᠶ᠎ᠡ ᠶᠢᠨ ᠲᠠᠮᠢᠷ ᠤᠨ ᠦᠢᠯᠡᠰ ᠤᠨ ᠲᠠᠯ᠎ᠠ ᠪᠠᠷ ᠬᠢ ᠤᠷᠤᠭᠤᠯᠤᠯᠳᠠ ᠪᠠᠨ ᠠᠯᠬᠤᠮ ᠠᠯᠬᠤᠮ ᠢᠶᠠᠷ | ᠨᠡᠮᠡᠭᠳᠡᠭᠦᠯᠬᠦ ᠬᠡᠷᠡᠭᠳᠡᠢ᠃ | ᠲᠦᠴᠢᠨ ᠬᠤᠶᠠᠳᠤᠭᠠᠷ ᠵᠤᠷᠪᠤᠰ ᠤᠯᠤᠰ ᠠᠴᠠ ᠠᠵᠦ ᠠᠬᠤᠶᠢᠯᠠᠯ ᠠᠵᠢᠯ ᠦᠢᠯᠡᠰ ᠤᠨ ᠵᠤᠬᠢᠶᠠᠨ ᠪᠠᠶᠢᠭᠤᠯᠤᠯᠳᠠ ᠪᠠ ᠨᠡᠶᠢᠭᠡᠮ ᠤᠨ ᠪᠦᠯᠬᠦᠮ ᠤᠳ ᠤᠨ | ᠦᠪᠡᠷ ᠢᠶᠠᠨ ᠪᠡᠯᠡ ᠮᠦᠩᠭᠦ ᠬᠤᠷᠠᠮᠳᠤᠭᠤᠯᠤᠨ ᠪᠡᠶ᠎ᠡ ᠶᠢᠨ ᠲᠠᠮᠢᠷ ᠤᠨ ᠦᠢᠯᠡᠰ ᠢ ᠬᠦᠭᠵᠢᠬᠦᠯᠬᠦ ᠶᠢ ᠵᠤᠷᠢᠭᠵᠢᠭᠤᠯᠵᠦ᠂ ᠵᠤᠬᠢᠶᠠᠨ ᠪᠠᠶᠢᠭᠤᠯᠤᠯᠳᠠ ᠪᠠ ᠬᠤᠪᠢ | ᠬᠦᠮᠦᠨ ᠤ ᠪᠡᠶ᠎ᠡ ᠶᠢᠨ ᠲᠠᠮᠢᠷ ᠤᠨ ᠦᠢᠯᠡᠰ ᠲᠤ ᠡᠳ᠋ ᠮᠦᠩᠭᠦ ᠪᠡᠯᠡᠭᠯᠡᠬᠦ ᠪᠠ ᠲᠡᠮᠵᠢᠯᠭᠡ ᠦᠵᠡᠭᠦᠯᠬᠦ ᠶᠢ ᠵᠤᠷᠢᠭᠵᠢᠭᠤᠯᠤᠨ᠎ᠠ᠃ | ᠲᠦᠴᠢᠨ ᠭᠤᠷᠪᠠᠳᠤᠭᠠᠷ ᠵᠤᠷᠪᠤᠰ ᠤᠯᠤᠰ ᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠪᠡᠶ᠎ᠡ ᠶᠢᠨ ᠲᠠᠮᠢᠷ ᠤᠨ ᠪᠡᠯᠡ ᠮᠦᠩᠭᠦᠨ ᠤ ᠬᠠᠮᠢᠶᠠᠷᠤᠯᠳᠠ ᠶᠢ | ᠴᠢᠩᠭᠠᠳᠬᠠᠬᠤ ᠬᠡᠷᠡᠭᠳᠡᠢ᠂ ᠶᠠᠮᠠᠷᠪᠠ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠪᠡᠶ᠎ᠡ ᠶᠢᠨ ᠲᠠᠮᠢᠷ ᠤᠨ ᠪᠡᠯᠡ ᠮᠦᠩᠭᠦ ᠶᠢ ᠨᠡᠭᠦᠯᠭᠡᠨ ᠬᠡᠷᠡᠭᠯᠡᠬᠦ ᠪᠠ | ᠦᠯᠡᠳᠡᠭᠡᠨ ᠠᠪᠴᠦ ᠪᠤᠯᠬᠤ ᠦᠭᠡᠢ᠃ | ᠲᠦᠴᠢᠨ ᠲᠦᠷᠪᠡᠳᠦᠭᠡᠷ ᠵᠤᠷᠪᠤᠰ ᠰᠢᠶᠠᠨ ᠤ ᠱᠠᠳᠣᠨ ᠠᠴᠠ ᠲᠡᠭᠡᠭᠰᠢᠬᠢ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠤᠨ ᠤ ᠪᠡᠶ᠎ᠡ ᠶᠢᠨ ᠲᠠᠶᠢᠷ ᠤᠨ | ᠠᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠳ ᠪᠡᠶ᠎ᠡ ᠮᠠᠬᠠᠪᠤᠳ ᠴᠢᠬᠢᠷᠠᠭᠵᠢᠭᠤᠯᠬᠤ᠂ ᠤᠷᠤᠯᠳᠤᠭᠠᠨ ᠬᠢᠬᠦ ᠵᠡᠷᠭᠡ ᠪᠡᠶ᠎ᠡ ᠶᠢᠨ ᠲᠠᠮᠢᠷ ᠤᠨ ᠠᠵᠢᠯᠯᠠᠭ᠎ᠠ ᠪᠠᠷ | ᠠᠭᠤᠯᠭ᠎ᠠ ᠪᠤᠯᠭᠠᠭᠰᠠᠨ ᠡᠵᠡᠩᠨᠡᠯᠳᠡ ᠶᠢᠨ ᠠᠵᠢᠯᠯᠠᠭ᠎ᠠ ᠶᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠴᠢᠩᠭ᠎ᠠ ᠬᠠᠮᠢᠶᠠᠷᠴᠦ ᠬᠢᠨᠠᠬᠤ ᠬᠡᠷᠡᠭᠳᠡᠢ᠃ | ᠲᠦᠴᠢᠨ ᠲᠠᠪᠤᠳᠤᠭᠠᠷ ᠵᠤᠷᠪᠤᠰ ᠰᠢᠶᠠᠨ ᠤ ᠱᠠᠳᠣᠨ ᠠᠴᠠ ᠲᠡᠭᠡᠭᠰᠢᠬᠢ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠨᠤᠭᠤᠳ | ᠬᠤᠳᠠ ᠶᠢᠨ ᠤᠯᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠳᠤ ᠬᠡᠷᠡᠭᠯᠡᠬᠦ ᠭᠠᠵᠠᠷ ᠰᠢᠷᠤᠢ ᠶᠢᠨ ᠬᠡᠮᠵᠢᠶ᠎ᠡ ᠶᠢᠨ ᠲᠤᠬᠠᠢ ᠤᠯᠤᠰ ᠤᠨ ᠲᠤᠭᠳᠠᠭᠠᠯ | ᠶᠤᠰᠤᠭᠠᠷ᠂ ᠬᠤᠳᠠ ᠶᠢᠨ ᠤᠯᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠬᠤᠳᠠ ᠶᠢᠨ ᠪᠦᠳᠦᠭᠡᠨ | ᠪᠠᠶᠢᠭᠤᠯᠤᠯᠳᠠ ᠶᠢᠨ ᠲᠦᠯᠦᠪᠵᠢᠭᠦᠯᠭᠡ ᠪᠠ ᠭᠠᠵᠠᠷ ᠰᠢᠷᠣᠢ ᠠᠰᠢᠭᠯᠠᠬᠤ ᠶᠡᠷᠦᠩᠬᠡᠢ ᠲᠦᠯᠦᠪᠵᠢᠭᠦᠯᠬᠡ ᠳᠡᠭᠡᠨ ᠤᠷᠤᠭᠤᠯᠵᠦ᠂ ᠵᠤᠬᠢᠰᠳᠠᠢ ᠪᠠᠷ ᠪᠠᠶᠢᠷᠢᠯᠠᠭᠤᠯᠤᠨ | ᠨᠢᠭᠡᠳᠦᠯᠳᠡᠢ ᠲᠤᠬᠢᠷᠠᠭᠤᠯᠬᠤ ᠬᠡᠷᠡᠭᠳᠡᠢ᠃ ᠬᠤᠳᠠ ᠶᠢᠨ ᠠᠵᠦ ᠠᠬᠤᠶᠢᠯᠠᠯ᠂ ᠰᠤᠷᠭᠠᠭᠤᠯᠢ᠂ ᠵᠡᠬᠡᠯᠢ ᠭᠤᠳᠤᠮᠵᠢ ᠪᠠ ᠤᠷᠤᠨ ᠰᠠᠭᠤᠴᠠ ᠶᠢᠨ ᠲᠤᠭᠤᠷᠢᠭ ᠢ | ᠲᠦᠯᠦᠪᠵᠢᠭᠦᠯᠬᠦ ᠳᠡᠭᠡᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢ ᠪᠦᠳᠦᠭᠡᠨ ᠪᠠᠶᠢᠭᠤᠯᠤᠯᠳᠠ ᠶᠢᠨ ᠲᠦᠯᠦᠪᠵᠢᠭᠦᠯᠬᠡ ᠳᠡᠭᠡᠨ ᠤᠷᠤᠭᠤᠯᠬᠤ ᠬᠡᠷᠡᠭᠳᠡᠢ᠃ ᠰᠣᠮᠤ᠂ | ᠦᠨᠳᠦᠰᠦᠳᠡᠨ ᠤ ᠰᠣᠮᠣ᠂ ᠪᠠᠯᠭᠠᠰᠤ ᠨᠤᠭᠤᠳ ᠠᠵᠦ ᠠᠬᠤᠢ ᠶᠢᠨ ᠢᠶᠠᠨ ᠬᠦᠭᠵᠢᠯᠳᠡ ᠶᠢᠨ ᠲᠠᠭᠠᠦ ᠳᠤ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢ ᠠᠯᠬᠤᠮ | ᠠᠯᠬᠤᠮ ᠢᠶᠠᠷ ᠪᠠᠶᠢᠭᠤᠯᠵᠦ ᠲᠡᠭᠦᠯᠳᠡᠷᠵᠢᠭᠦᠯᠬᠦ ᠬᠡᠷᠡᠭᠳᠡᠢ᠃ | ᠲᠦᠴᠢᠨ ᠵᠢᠷᠭᠤᠳᠤᠭᠠᠷ ᠵᠤᠷᠪᠤᠰ ᠤᠯᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢ ᠨᠡᠶᠢᠭᠡᠮ ᠳᠤ ᠴᠢᠯᠦᠭᠡᠳᠡᠢ ᠬᠡᠷᠡᠭᠯᠡᠭᠦᠯᠵᠦ᠂ ᠤᠯᠨᠨ | ᠲᠦᠮᠡᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠦᠷᠨᠢᠭᠦᠯᠬᠦ ᠳᠤᠨᠢ ᠲᠦᠭᠦᠮ ᠦᠵᠡᠭᠦᠯᠦᠨ᠂ ᠰᠣᠷᠣᠭᠴᠢᠳ᠂ ᠨᠠᠰᠤᠳᠠᠶᠢᠴᠤᠳ᠂ ᠵᠡᠮᠳᠡᠭᠴᠤᠳ ᠲᠤ ᠬᠠᠷᠠᠭᠠᠯᠵᠠᠯ | ᠦᠵᠡᠭᠦᠯᠬᠦ ᠠᠷᠭ᠎ᠠ ᠬᠡᠮᠵᠢᠶ᠎ᠡ ᠠᠪᠴᠦ᠂ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢ ᠠᠰᠢᠭᠯᠠᠬᠤ ᠨᠤᠷᠮ᠎ᠠ ᠶᠢ ᠲᠡᠭᠡᠭᠰᠢᠯᠡᠭᠦᠯᠬᠦ ᠬᠡᠷᠡᠭᠳᠡᠢ᠃ ᠶᠠᠮᠠᠷᠪᠠ ᠵᠤᠬᠢᠶᠠᠨ | ᠪᠠᠶᠢᠭᠤᠯᠤᠯᠳᠠ ᠪᠤᠯᠤᠨ ᠬᠤᠪᠢ ᠬᠦᠮᠦᠨ ᠤᠯᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢ ᠪᠤᠯᠢᠶᠠᠨ ᠡᠵᠡᠯᠡᠬᠦ ᠪᠠ ᠡᠪᠳᠡᠵᠦ ᠪᠤᠯᠬᠤ ᠦᠭᠡᠢ᠃ | ᠤᠨᠴᠠᠭᠠᠢ ᠪᠠᠶᠢᠳᠠᠯ ᠠᠴᠠ ᠪᠤᠯᠵᠦ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢ ᠲᠦᠷ ᠴᠠᠭ ᠡᠵᠡᠯᠡᠵᠦ ᠬᠡᠷᠡᠭᠯᠡᠬᠦ ᠴᠢᠬᠤᠯᠠ ᠲᠠᠢ ᠪᠠᠶᠢᠪᠠᠯ᠂ ᠡᠷᠭᠡᠪᠰᠢ ᠪᠡᠶ᠎ᠡ ᠶᠢᠨ | ᠲᠠᠮᠢᠷ ᠤᠨ ᠠᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠠ ᠪᠦᠳᠦᠭᠡᠨ ᠪᠠᠶᠢᠭᠤᠯᠤᠯᠳᠠ ᠶᠢᠨ ᠲᠦᠯᠦᠪᠵᠢᠭᠦᠯᠭᠡ ᠶᠢᠨ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠬᠦ | ᠬᠡᠷᠡᠭᠳᠡᠢ ᠪᠦᠭᠡᠳ ᠲᠤᠭᠳᠠᠭᠰᠠᠨ ᠴᠠᠭ ᠲᠠᠭᠠᠨ ᠪᠤᠴᠠᠭᠠᠨ ᠦᠭᠬᠦ ᠬᠡᠷᠡᠭᠳᠡᠢ᠃ ᠬᠤᠳᠠ ᠶᠢᠨ ᠲᠦᠯᠦᠪᠵᠢᠬᠦᠯᠬᠡ ᠶᠢᠨ ᠶᠤᠰᠤᠭᠠᠷ ᠪᠡᠶ᠎ᠡ ᠶᠢᠨ ᠲᠠᠮᠢᠷ ᠤᠨ ᠲᠠᠯᠠᠪᠠᠢ ᠶᠢᠨ | ᠬᠡᠷᠡᠭᠯᠡᠯᠳᠡ ᠶᠢ ᠬᠤᠪᠢᠷᠠᠭᠤᠯᠬᠤ ᠳᠤ ᠬᠦᠷᠪᠡᠯ᠂ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠤᠨ ᠲᠠᠭᠠᠦ ᠤᠷᠢᠳ ᠢᠶᠠᠷ ᠭᠠᠵᠠᠷ ᠰᠤᠩᠭᠤᠵᠦ ᠰᠢᠨ᠎ᠡ ᠪᠠᠷ | ᠪᠠᠶᠢᠭᠤᠯᠵᠦ ᠦᠭᠭᠦ ᠭᠡᠷᠡᠭᠳᠡᠢ᠃ | ᠲᠦᠴᠢᠨ ᠲᠤᠯᠤᠳᠤᠭᠠᠷ ᠵᠤᠷᠪᠤᠰ ᠪᠦᠬᠦ ᠤᠯᠤᠰ ᠤᠨ ᠴᠢᠨᠠᠷᠳᠠᠢ᠂ ᠲᠡᠯᠡᠭᠡᠢ ᠶᠢᠨ ᠴᠢᠨᠠᠷᠳᠠᠢ ᠪᠡᠶ᠎ᠡ ᠶᠢᠨ ᠲᠠᠮᠢᠷ ᠤᠨ ᠣᠷᠣᠯᠳᠣᠭᠠᠨ ᠳᠤ ᠬᠡᠷᠡᠭᠰᠡᠬᠦ ᠪᠡᠶ᠎ᠡ ᠶᠢᠨ | ᠲᠠᠮᠢᠷ ᠤᠨ ᠪᠠᠭᠠᠵᠢ ᠬᠡᠷᠡᠭᠰᠡᠯ ᠪᠠ ᠡᠳ᠋ᠯᠡᠯ ᠢ ᠪᠤᠯ ᠡᠷᠭᠡᠪᠰᠢ ᠲᠦᠷᠦ ᠶᠢᠨ ᠶᠠᠪᠤᠳᠠᠯ ᠤᠨ ᠬᠤᠷᠢᠶᠠᠨ ᠤ ᠪᠡᠶ᠎ᠡ ᠶᠢᠨ ᠲᠠᠮᠢᠷ ᠤᠨ ᠠᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠤᠨ ᠵᠢᠭᠠᠨ ᠲᠤᠭᠳᠠᠭᠠᠭᠰᠠᠨ ᠪᠠᠶᠢᠭᠤᠯᠤᠮᠵᠢ ᠪᠠᠷ ᠬᠢᠨᠠᠭᠤᠯᠵᠦ ᠲᠤᠭᠳᠠᠭᠠᠯᠭᠠᠬᠤ ᠬᠡᠷᠡᠭᠳᠡᠢ᠃ | ᠲᠦᠴᠢᠨ ᠨᠠᠢᠮᠠᠳᠦᠭᠠᠷ ᠵᠤᠷᠪᠤᠰ ᠤᠯᠤᠰ ᠠᠴᠠ ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠤᠨ ᠰᠣᠷᠭᠠᠨ ᠬᠦᠮᠦᠵᠢᠯ ᠢ ᠬᠦᠭᠵᠢᠬᠦᠯᠵᠦ᠂ ᠪᠡᠶ᠎ᠡ ᠶᠢᠨ | ᠲᠠᠮᠢᠷ ᠤᠨ ᠡᠯ᠎ᠡ ᠲᠦᠷᠦᠯ ᠤᠨ ᠲᠤᠰᠬᠠᠢ ᠮᠡᠷᠭᠡᠵᠢᠯ ᠤᠨ ᠲᠡᠭᠡᠳᠦ ᠰᠤᠷᠭᠠᠭᠤᠯᠢ᠂ ᠰᠠᠯᠪᠤᠷᠢ᠂ ᠰᠠᠯᠠᠭ᠎ᠠ ᠶᠢ ᠪᠠᠶᠢᠭᠤᠯᠵᠦ᠂ ᠪᠠᠶ᠎ᠡ ᠶᠢᠨ ᠲᠠᠮᠢᠷ᠂ ᠪᠤᠯᠪᠠᠰᠤᠷᠠᠯ᠂ ᠬᠢᠴᠢᠶᠡᠯ | ᠬᠦᠮᠦᠵᠢᠯ᠂ ᠰᠢᠨᠵᠢᠯᠡᠬᠦ ᠤᠬᠠᠭᠠᠨ ᠤ ᠰᠣᠳᠣᠯᠭᠠᠨ᠂ ᠬᠠᠮᠢᠶᠠᠷᠤᠯᠳᠠ ᠵᠢᠴᠢ ᠤᠯᠠᠨ ᠲᠦᠮᠡᠨ ᠤ ᠪᠡᠶ᠎ᠡ ᠶᠢᠨ ᠲᠠᠮᠢᠷ ᠢ ᠡᠷᠬᠢᠯᠡᠬᠦ ᠵᠡᠷᠭᠡ ᠲᠠᠯ᠎ᠠ ᠶᠢᠨ ᠲᠤᠰᠬᠠᠢ | ᠮᠡᠷᠭᠡᠵᠢᠯ ᠤᠨ ᠠᠵᠢᠯᠳᠠᠨ ᠢ ᠬᠦᠮᠦᠵᠢᠭᠦᠯᠦᠨ᠎ᠡ᠃ ᠤᠯᠤᠰ ᠠᠴᠠ ᠠᠵᠦ ᠠᠬᠤᠶᠢᠯᠡᠯ ᠠᠵᠢᠯ ᠦᠢᠯᠯᠡᠰ ᠤᠨ ᠵᠤᠬᠢᠶᠠᠨ ᠪᠠᠶᠢᠭᠤᠯᠤᠯᠳᠠ᠂ ᠨᠡᠶᠢᠭᠡᠮ ᠤᠨ ᠪᠦᠯᠬᠦᠮ ᠪᠠ | ᠠᠷᠠᠳ ᠢᠷᠭᠡᠳ ᠤᠨ ᠬᠠᠦᠯᠢ ᠶᠤᠰᠤᠭᠠᠷ ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠤᠨ ᠰᠤᠷᠭᠠᠨ ᠬᠦᠮᠦᠵᠢᠯ ᠡᠷᠬᠢᠯᠡᠬᠦ ᠶᠢ ᠵᠤᠷᠢᠭᠵᠢᠭᠤᠯᠤᠨ᠎ᠠ᠃ |