ᠲᠤᠯᠤᠳᠤᠭᠠᠷ ᠪᠦᠯᠦᠭ ᠬᠠᠦᠯᠢ ᠶᠢᠨ ᠬᠠᠷᠢᠭᠤᠴᠠᠯᠭ᠋ᠠ | ᠲᠦᠴᠢ ᠶᠢᠰᠦᠳᠦᠭᠡᠷ ᠵᠤᠷᠪᠤᠰ ᠣᠷᠣᠯᠳᠣᠭᠠᠨ ᠤ ᠪᠡᠶ᠎ᠡ ᠶᠢᠨ ᠲᠠᠮᠢᠷ ᠤᠨ ᠲᠤᠮᠳᠠᠬᠢ ᠬᠤᠳᠠᠯ ᠬᠡᠯᠡᠵᠦ ᠬᠠᠭᠤᠷᠮᠠᠭ ᠢᠶᠠᠷ ᠵᠤᠬᠢᠶᠠᠬᠤ ᠵᠡᠷᠭᠡ ᠰᠠᠬᠢᠯᠭ᠎ᠠ ᠪᠠᠳᠤ | ᠪᠠ ᠪᠠᠶ᠎ᠡ ᠶᠢᠨ ᠲᠠᠮᠢᠷ ᠤᠨ ᠲᠦᠷᠢᠮ ᠲᠤᠭᠳᠠᠭᠠᠯ ᠢ ᠵᠦᠷᠢᠴᠡᠭᠰᠡᠨ ᠠᠵᠢᠯᠯᠠᠭ᠎ᠠ ᠶᠢ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠠᠴᠠ ᠲᠦᠷᠢᠮ ᠤᠨ ᠢᠶᠠᠨ ᠲᠠᠭᠠᠦ | ᠲᠤᠷᠭᠠᠵᠦ ᠰᠢᠢᠳᠭᠡᠨ᠎ᠡ︔ ᠲᠦᠷᠦ ᠶᠢᠨ ᠠᠵᠢᠯᠳᠠᠨ ᠤ ᠲᠤᠳᠤᠷᠠᠬᠢ ᠰᠢᠭᠤᠳ ᠬᠠᠷᠢᠯᠴᠠᠭ᠎ᠠ ᠲᠠᠢ ᠬᠦᠮᠦᠰ ᠲᠤᠨᠢ ᠬᠠᠦᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ | ᠦᠭᠭᠦᠨ᠎ᠡ᠃ | ᠲᠠᠪᠢᠳᠤᠭᠠᠷ ᠵᠤᠷᠪᠤᠰ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠲᠤᠮᠳᠠ ᠴᠠᠭᠠᠵᠠ ᠲᠠᠢ ᠡᠮ ᠪᠠ ᠠᠷᠭ᠎ᠠ ᠶᠢ ᠬᠡᠷᠡᠭᠯᠡᠭᠰᠡᠨ ᠪᠠᠶᠢᠪᠠᠯ᠂ ᠪᠡᠶ᠎ᠡ ᠶᠢᠨ ᠲᠠᠮᠢᠷ ᠤᠨ | ᠨᠡᠶᠢᠭᠡᠮ ᠤᠨ ᠪᠦᠯᠭᠦᠮ ᠠᠴᠠ ᠲᠦᠷᠢᠮ ᠤᠨ ᠢᠶᠠᠨ ᠲᠠᠭᠠᠦ ᠲᠤᠷᠭᠠᠵᠦ ᠰᠢᠢᠳᠭᠡᠨ᠎ᠡ︔ ᠲᠦᠷᠦ ᠶᠢᠨ ᠠᠵᠢᠯᠳᠠᠨ ᠤ ᠲᠤᠳᠤᠷᠠᠬᠢ ᠰᠢᠭᠤᠳ ᠬᠠᠷᠢᠭᠤᠴᠠᠯᠭ᠎ᠠ ᠲᠠᠢ | ᠬᠦᠮᠦᠰ ᠲᠤᠨᠢ ᠬᠠᠦᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠦᠭᠭᠦᠨ᠎ᠡ᠃ | ᠲᠠᠪᠢᠨ ᠨᠢᠭᠡᠳᠦᠭᠡᠷ ᠵᠤᠷᠪᠤᠰ ᠤᠷᠤᠯᠳᠤᠭᠠᠨ ᠤ ᠪᠡᠶ᠎ᠡ ᠶᠢᠨ ᠲᠠᠮᠢᠷ ᠢ ᠠᠰᠢᠭᠯᠠᠨ ᠵᠤᠭᠤᠰ ᠢᠶᠠᠷ ᠮᠦᠷᠦ᠋ᠢᠴᠡᠬᠦ ᠠᠵᠢᠯᠯᠠᠭ᠎ᠠ ᠬᠢᠭᠰᠡᠨ ᠪᠠᠶᠢᠪᠠᠯ᠂ ᠪᠠᠶ᠎ᠡ ᠶᠢᠨ | ᠲᠠᠮᠢᠷ ᠤᠨ ᠠᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠲᠤᠳᠤᠭᠠᠳᠦ ᠶᠢ ᠬᠠᠮᠠᠭᠠᠯᠠᠬᠤ ᠪᠠᠶᠢᠭᠤᠯᠭ᠎ᠠ ᠲᠠᠢ ᠬᠠᠮᠵᠢᠯᠴᠠᠵᠦ ᠪᠠᠶᠢᠭᠠᠳ ᠬᠠᠦᠯᠢ ᠶᠢ ᠵᠦᠷᠢᠴᠡᠭᠰᠡᠨ | ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠬᠤ ᠬᠡᠷᠡᠭᠳᠡᠢ ᠪᠦᠭᠡᠳ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠮᠤᠷ ᠢ ᠬᠠᠮᠠᠭᠠᠯᠠᠬᠤ ᠠᠵᠢᠯ ᠤᠨ | ᠬᠠᠮᠢᠶᠠᠷᠤᠯᠳᠠ ᠶᠢᠨ ᠰᠢᠢᠳᠬᠡᠭᠦ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠲᠤᠷᠭᠠᠵᠦ ᠰᠢᠳᠬᠡᠨ᠎ᠡ᠃ ᠤᠷᠤᠯᠳᠤᠭᠠᠨ ᠤ ᠪᠡᠶ᠎ᠡ ᠶᠢᠨ ᠲᠠᠮᠢᠷ ᠤᠨ | ᠠᠵᠢᠯᠠᠭ᠎ᠠ ᠲᠤᠮᠳᠠ᠂ ᠬᠡᠭᠡᠯᠢ ᠲᠦᠯᠬᠢᠵᠦ ᠬᠠᠭ᠋ᠤᠯᠢ ᠢᠳᠡᠭᠰᠡᠨ᠂ ᠬᠢᠬᠠᠵᠦ ᠮᠡᠬᠡᠯᠡᠭᠰᠡᠨ᠂ ᠵᠤᠭᠤᠰ ᠢᠶᠠᠷ ᠮᠦᠷᠦ᠋ᠢᠴᠡᠬᠦ ᠶᠠᠪᠤᠳᠠᠯ ᠢ ᠵᠤᠬᠢᠶᠠᠨ ᠪᠠᠶᠢᠭᠤᠯᠤᠭᠰᠠᠨ | ᠠᠵᠢᠯᠯᠠᠭ᠎ᠠ ᠬᠢᠵᠦ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠦᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠢᠨ ᠬᠤᠶᠠᠳᠤᠭᠠᠷ ᠵᠤᠷᠪᠤᠰ ᠤᠯᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢ ᠪᠤᠯᠢᠶᠠᠨ ᠡᠵᠡᠯᠡᠭᠰᠡᠨ ᠪᠠ ᠡᠪᠳᠡᠭᠰᠡᠨ ᠪᠠᠶᠢᠪᠠᠯ᠂ ᠪᠡᠶ᠎ᠡ ᠶᠢᠨ | ᠲᠠᠮᠢᠷ ᠤᠨ ᠠᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠬᠤ ᠶᠢᠨ ᠬᠠᠮᠳᠦ᠂ ᠠᠵᠢᠯᠯᠠᠭ᠎ᠠ | ᠬᠢᠭᠰᠡᠳ ᠨᠢ ᠬᠠᠦᠯᠢ ᠶᠤᠰᠤᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ᠃ ᠡᠮᠦᠨᠡᠬᠢ ᠪᠠᠳᠠᠭ ᠲᠤ ᠵᠢᠭᠰᠠᠭᠠᠭᠰᠠᠨ ᠠᠵᠢᠯᠯᠠᠭ᠎ᠠ ᠨᠢ ᠠᠮᠦᠷ ᠢ ᠬᠠᠮᠠᠭᠠᠯᠠᠬᠤ | ᠠᠵᠢᠯ ᠤᠨ ᠬᠠᠮᠢᠶᠠᠷᠤᠯᠳᠠ ᠶᠢ ᠵᠦᠷᠢᠴᠡᠭᠰᠡᠨ ᠪᠠᠶᠢᠪᠠᠯ᠂ ᠲᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠠᠮᠦᠷ ᠢ ᠬᠠᠮᠠᠭᠠᠯᠠᠬᠤ ᠠᠵᠢᠯ ᠤᠨ ᠬᠠᠮᠢᠶᠠᠷᠤᠯᠳᠠ ᠶᠢᠨ | ᠰᠢᠢᠳᠬᠡᠭᠦ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠲᠤᠷᠭᠠᠵᠦ ᠰᠢᠢᠳᠭᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠦᠯᠢ ᠶᠤᠰᠤᠭᠠᠷ | ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠢᠨ ᠭᠤᠷᠪᠠᠳᠤᠭᠠᠷ ᠵᠤᠷᠪᠤᠰ ᠪᠡᠶ᠎ᠡ ᠶᠢᠨ ᠲᠠᠮᠢᠷ ᠤᠨ ᠠᠵᠢᠯᠯᠠᠭ᠎ᠠ ᠲᠤᠮᠳᠠ ᠵᠤᠷᠢᠭᠤᠳᠠ ᠦ ᠰᠡᠪ ᠡᠷᠢᠨ ᠬᠡᠷᠡᠭ ᠭᠠᠷᠭᠠᠭᠠᠳ᠂ ᠤᠯᠠᠨ ᠨᠡᠶᠢᠳᠡ ᠶᠢᠨ | ᠡᠮᠬᠢ ᠵᠢᠷᠤᠮ ᠢ ᠰᠠᠮᠠᠷᠠᠭᠤᠯᠤᠭᠰᠠᠨ ᠪᠠᠶᠢᠪᠠᠯ᠂ ᠵᠢᠮᠡᠯᠡᠨ ᠰᠢᠭᠦᠮᠵᠢᠯᠡᠵᠦ᠂ ᠰᠣᠷᠭᠠᠨ ᠬᠦᠮᠦᠵᠢᠭᠦᠯᠬᠦ ᠶᠢᠨ ᠬᠠᠮᠳᠦ ᠠᠵᠢᠯᠯᠠᠭ᠎ᠠ ᠶᠢ ᠨᠢ ᠬᠤᠷᠢᠭᠯᠠᠨ ᠵᠤᠭᠰᠤᠭᠠᠨ᠎ᠠ︔ | ᠠᠮᠦᠷ ᠢ ᠬᠠᠮᠠᠭᠠᠯᠠᠬᠤ ᠠᠵᠢᠯ ᠤᠨ ᠬᠠᠮᠢᠶᠠᠷᠤᠯᠳᠠ ᠶᠢ ᠵᠦᠷᠢᠴᠡᠭᠰᠡᠨ ᠪᠠᠶᠢᠪᠠᠯ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠮᠦᠷ ᠢ ᠬᠠᠮᠠᠭᠠᠯᠠᠬᠤ ᠠᠵᠢᠯ ᠤᠨ | ᠬᠠᠮᠢᠶᠠᠷᠤᠯᠳᠠ ᠶᠢᠨ ᠰᠢᠳᠬᠡᠭᠦ ᠬᠠᠦᠯᠢ ᠶᠢᠨ ᠲᠤᠭᠳᠠᠭᠠᠯ ᠶᠤᠰᠤᠭᠠᠷ ᠲᠤᠷᠭᠠᠵᠦ ᠰᠢᠢᠳᠭᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠦᠯᠢ ᠶᠤᠰᠤᠭᠠᠷ | ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠢᠨ ᠲᠦᠷᠪᠡᠳᠦᠭᠡᠷ ᠵᠤᠷᠪᠤᠰ ᠤᠯᠤᠰ ᠤᠨ ᠡᠳ᠋ ᠤᠨ ᠵᠠᠰᠠᠭ ᠤᠨ ᠲᠦᠷᠢᠮ᠂ ᠡᠳ᠋ ᠤᠨ ᠶᠠᠪᠤᠳᠠᠯ ᠤᠨ ᠲᠦᠷᠢᠮ ᠢ ᠵᠦᠷᠢᠴᠡᠵᠦ᠂ ᠪᠡᠶ᠎ᠡ ᠶᠢᠨ ᠲᠠᠮᠢᠷ ᠤᠨ | ᠪᠡᠯᠡ ᠮᠦᠩᠭᠦ ᠶᠢ ᠨᠡᠭᠦᠯᠭᠡᠨ ᠬᠡᠷᠡᠭᠯᠡᠭᠰᠡᠨ᠂ ᠦᠯᠡᠳᠡᠭᠡᠵᠦ ᠠᠪᠤᠭᠰᠠᠨ ᠪᠠᠶᠢᠪᠠᠯ᠂ ᠲᠡᠭᠡᠳᠦ ᠱᠠᠳᠣᠨ ᠤ ᠪᠠᠶᠢᠭᠤᠯᠤᠯᠭ᠎ᠠ ᠨᠢ ᠵᠠᠷᠯᠢᠭᠳᠠᠵᠦ ᠪᠠᠶᠢᠭᠠᠳ ᠲᠤᠭᠳᠠᠭᠰᠠᠨ | ᠬᠤᠭᠤᠴᠠᠭᠠᠨ ᠳᠤ ᠨᠡᠭᠦᠯᠭᠡᠵᠦ ᠬᠡᠷᠡᠭᠯᠡᠭᠰᠡᠨ᠂ ᠦᠯᠡᠳᠡᠭᠡᠵᠦ ᠠᠪᠤᠭᠰᠠᠨ ᠪᠡᠯᠡ ᠮᠦᠩᠭᠦ ᠶᠢ ᠨᠢ ᠪᠤᠴᠠᠭᠠᠯᠭᠠᠬᠤ ᠶᠢᠨ ᠬᠠᠮᠳᠤ ᠰᠢᠭᠤᠳ ᠬᠠᠷᠢᠭᠤᠴᠠᠯᠭ᠎ᠠ ᠲᠠᠢ ᠡᠷᠬᠢᠯᠡᠨ | ᠬᠠᠮᠢᠶᠠᠷᠬᠤ ᠬᠦᠮᠦᠰ ᠪᠤᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠰ ᠲᠤᠨᠢ ᠬᠠᠦᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠦᠭᠭᠦᠨ᠎ᠡ︔ ᠶᠠᠯ᠎ᠠ | ᠪᠤᠯᠵᠦ ᠪᠦᠷᠢᠯᠳᠦᠭᠰᠡᠨ ᠪᠠᠶᠢᠪᠠᠯ᠂ ᠬᠠᠦᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ | ᠨᠠᠢᠮᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠲᠠᠪᠢᠨ ᠲᠠᠪᠤᠳᠤᠭᠠᠷ ᠵᠤᠷᠪᠤᠰ ᠴᠡᠷᠢᠭ ᠠᠩᠭᠢ ᠶᠢᠨ ᠪᠡᠶ᠎ᠡ ᠶᠢᠨ ᠲᠠᠮᠢᠷ ᠤᠨ ᠠᠵᠢᠯᠯᠠᠭ᠎ᠠ ᠦᠷᠨᠢᠭᠦᠯᠬᠦ ᠪᠤᠳᠠᠳᠠᠢ ᠠᠷᠭ᠎ᠠ ᠶᠢ ᠲᠦᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠠᠴᠠ ᠲᠤᠰ ᠬᠠᠦᠯᠢ ᠶᠢ ᠦᠨᠳᠦᠰᠦᠯᠡᠨ ᠲᠤᠭᠳᠠᠭᠠᠨ᠎ᠠ᠃ ᠲᠠᠪᠢᠨ ᠵᠢᠷᠭᠤᠳᠤᠭᠠᠷ ᠵᠤᠷᠪᠤᠰ ᠲᠤᠰ ᠬᠠᠦᠯᠢ ᠶᠢ 1995 ᠤᠨ ᠤ 10 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |