ᠪᠦᠬᠦ ᠣᠯᠣᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ [ ᠠᠯᠪᠠᠨ ᠪᠢᠴᠢᠭ ᠲᠠᠷᠬᠠᠭᠠᠬᠤ ᠦᠰᠦᠭ ᠤᠨ ᠨᠣᠮᠧᠷ ] | ᠲᠡᠷᠢᠭᠦᠯᠡᠭᠴᠢ ᠶᠢᠨ ᠵᠠᠷᠯᠢᠭ ᠤᠨ 12 ᠳ᠋ᠤᠭᠠᠷ ᠲᠣᠭᠠᠲᠤ [ ᠨᠡᠶᠢᠲᠡᠯᠡᠭᠰᠡᠨ ᠡᠳᠦᠷ ᠬᠤᠭᠤᠴᠠᠭ᠎ᠠ ] 2014᠂ 08᠂ 31 [ ᠬᠡᠷᠡᠭᠵᠢᠭᠦᠯᠬᠦ ᠡᠳᠦᠷ ᠬᠤᠭᠤᠴᠠᠭ᠎ᠠ ] | 1995᠂ 01᠂ 01 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ ︵1994 ᠣᠨ ᠤ 3 ᠰᠠᠷ᠎ᠠ ᠶᠢᠨ 22 ᠤ ᠡᠳᠦᠷ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠪᠠᠳᠣᠯᠠᠪᠠ᠂ 2014 ᠣᠨ ᠤ 8 ᠰᠠᠷ᠎ᠠ ᠶᠢᠨ | 31 ᠤ ᠡᠳᠦᠷ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠠᠷᠪᠠᠳᠤᠭᠠᠷ ᠬᠤᠷᠠᠯ ᠳᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠰᠢᠢᠳᠪᠦᠷᠢ︾ ᠶᠢ | ᠦᠨᠳᠦᠰᠦᠯᠡᠨ ᠵᠠᠰᠠᠪᠦᠷᠢ ᠣᠷᠣᠭᠤᠯᠪᠠ︶ | ᠭᠠᠷᠴᠠᠭ ᠨᠢᠭᠡᠳᠦᠭᠡᠷ ᠪᠦᠯᠦᠭ ᠶᠡᠷᠦᠩᠬᠡᠶ ᠲᠦᠷᠢᠮ | ᠬᠤᠶᠠᠳᠤᠭᠠᠷ ᠪᠦᠯᠦᠭ ᠲᠥᠰᠦᠪ ᠤᠨ ᠬᠠᠮᠢᠶᠠᠷᠤᠯᠲᠠ ᠶᠢᠨ ᠡᠷᠬᠡ ᠲᠤᠰᠢᠶᠠᠯ | ᠭᠤᠷᠪᠠᠳᠤᠭᠠᠷ ᠪᠦᠯᠦᠭ ᠲᠦᠰᠦᠪ ᠤᠨ ᠣᠷᠣᠯᠭ᠎ᠠ ᠵᠠᠷᠤᠯᠭ᠎ᠠ ᠶᠢᠨ ᠬᠡᠪᠴᠢᠶ᠎ᠡ | ᠳᠥᠷᠪᠡᠳᠦᠭᠡᠷ ᠪᠦᠯᠦᠭ ᠲᠦᠰᠦᠪ ᠢ ᠨᠠᠶᠢᠷᠠᠭᠤᠯᠤᠨ ᠵᠣᠬᠢᠶᠠᠬᠤ | ᠲᠠᠪᠤᠳᠤᠭᠠᠷ ᠪᠦᠯᠦᠭ ᠲᠦᠰᠦᠪ ᠢ ᠬᠢᠨᠠᠨ ᠪᠠᠶᠢᠴᠠᠭᠠᠬᠤ ᠪᠠ ᠵᠥᠪᠰᠢᠶᠡᠷᠡᠬᠦ | ᠵᠢᠷᠭᠤᠳᠤᠭᠠᠷ ᠪᠦᠯᠦᠭ ᠲᠦᠰᠦᠪ ᠢ ᠭᠦᠢᠴᠡᠳᠬᠡᠬᠦ | ᠳᠣᠯᠣᠳᠤᠭᠠᠷ ᠪᠦᠯᠦᠭ ᠲᠦᠰᠦᠪ ᠲᠤ ᠲᠤᠬᠢᠷᠡᠭᠤᠯᠤᠯᠳᠠ ᠬᠢᠬᠦ | ᠨᠠᠢᠮᠠᠳᠤᠭᠠᠷ ᠪᠦᠯᠦᠭ ᠲᠦᠰᠦᠪ ᠤᠨ ᠭᠦᠢᠴᠡᠳᠬᠡᠯ | ᠶᠢᠰᠦᠳᠦᠭᠡᠷ ᠪᠦᠯᠦᠭ ᠬᠢᠨᠠᠨᠯᠲᠠ ᠲᠠᠯᠪᠢᠬᠤ ᠠᠷᠪᠠᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠠᠷᠪᠠᠨ ᠨᠢᠭᠡᠳᠦᠭᠡᠷ ᠪᠦᠯᠦᠭ ᠳᠠᠭᠠᠯᠳᠤᠭᠤᠯᠤᠭᠰᠠᠨ ᠲᠦᠷᠢᠮ | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠦᠢᠯ᠂ ᠵᠠᠰᠠᠭ ᠤᠨ ᠣᠷᠳᠣᠨ ᠤ ᠣᠷᠣᠯᠭ᠎ᠠ ᠵᠠᠷᠤᠯᠭ᠎ᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠲᠥᠰᠦᠪ ᠢᠶᠠᠷ ᠬᠢᠵᠠᠭᠠᠷᠯᠠᠬᠤ ᠶᠢ | ᠴᠢᠩᠭᠠᠷᠠᠭᠤᠯᠣᠨ᠂ ᠲᠥᠰᠦᠪ ᠤᠨ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠵᠤ᠂ ᠪᠦᠬᠦ ᠲᠠᠯ᠎ᠠ ᠪᠠᠷ ᠵᠢᠷᠤᠮᠵᠢᠭᠰᠠᠨ᠂ ᠢᠯᠡ ᠲᠣᠳᠣ ᠲᠥᠰᠦᠪ ᠤᠨ ᠲᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠪᠠᠳᠣᠯᠠᠬᠤ ᠶᠢᠨ ᠲᠦᠯᠦᠭᠡ᠂ ᠦᠨᠳᠦᠰᠦᠨ ᠬᠠᠤᠯᠢ ᠶᠢ ᠦᠨᠳᠦᠰᠦᠯᠡᠵᠦ᠂ | ᠲᠤᠰ ᠬᠠᠤᠯᠢ ᠶᠢ ᠲᠣᠭᠲᠠᠭᠠᠪᠠ᠃ | ᠬᠤᠶᠠᠳᠤᠭᠠᠷ ᠵᠦᠢᠯ᠂ ᠲᠥᠰᠦᠪ᠂ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ᠂ ᠬᠢᠨᠠᠨ ᠪᠠᠶᠢᠴᠠᠭᠠᠬᠤ᠂ ᠵᠥᠪᠰᠢᠶᠡᠷᠡᠬᠦ᠂ ᠬᠢᠨᠠᠯᠲᠠ ᠲᠠᠯᠪᠢᠬᠤ | ᠵᠢᠴᠢ ᠲᠥᠰᠦᠪ ᠢ ᠬᠡᠷᠡᠭᠵᠢᠭᠦᠯᠬᠦ ᠪᠠ ᠲᠤᠭᠢᠷᠠᠭᠤᠯᠬᠤ ᠳᠠᠭᠠᠨ ᠲᠤᠰ ᠬᠠᠤᠯᠢ ᠶᠢᠨ ᠲᠣᠭᠲᠠᠭᠠᠯ ᠢ ᠦᠨᠳᠦᠰᠦᠯᠡᠨ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ᠂ ᠤᠯᠤᠰ ᠠᠴᠠ ᠨᠢᠭᠡ ᠱᠠᠲᠤᠨ ᠤ ᠵᠠᠰᠠᠭ ᠤᠨ ᠣᠷᠳᠣᠨ ᠨᠢᠭᠡ ᠱᠠᠲᠤᠨ ᠤ ᠲᠥᠰᠦᠪ ᠢ ᠬᠡᠷᠡᠭᠵᠢᠭᠦᠯᠵᠦ᠂ ᠲᠥᠪ ᠂ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠳᠤᠭᠤᠷᠢᠭᠳᠤ ᠬᠤᠳᠠ᠂ ᠥᠪᠡᠷᠲᠡᠭᠡᠨ ᠵᠠᠰᠠᠬᠤ ᠵᠧᠦ ᠂ ᠰᠢᠶᠠᠨ᠂ ᠥᠪᠡᠷᠲᠡᠭᠡᠨ ᠵᠠᠰᠠᠬᠤ ᠰᠢᠶᠠᠨ᠂ | ᠲᠣᠭᠤᠷᠢᠭ ᠦᠭᠡᠢ ᠬᠤᠲᠠ᠂ ᠬᠤᠲᠠ ᠶᠢᠨ ᠬᠠᠷᠢᠶ᠎ᠠ ᠲᠣᠭᠤᠷᠢᠭ ᠂ ᠰᠢᠶᠠᠩ ︵ᠰᠤᠮᠤ︶᠂ ᠦᠨᠳᠦᠰᠦᠲᠡᠨ ᠤ ᠰᠢᠶᠠᠩ ︵ᠰᠤᠮᠤ︶᠂ ᠪᠠᠯᠭᠠᠰᠤ ᠵᠡᠷᠭᠡ ᠲᠠᠪᠤᠨ | ᠱᠡᠳᠦ ᠪᠠᠷ ᠲᠥᠰᠦᠪ ᠲᠣᠭᠲᠠᠭᠠᠨ᠎ᠠ᠃ ᠪᠦᠬᠦ ᠤᠯᠤᠰ ᠤᠨ ᠲᠥᠰᠦᠪ ᠨᠢ ᠲᠥᠪ ᠤᠨ ᠲᠥᠰᠦᠪ ᠪᠠ ᠣᠷᠣᠨ ᠨᠤᠲᠤᠭ ᠤᠨ ᠲᠥᠰᠦᠪ ᠢᠶᠠᠷ ᠪᠦᠷᠢᠯᠳᠦᠨ᠎ᠡ᠃ ᠣᠷᠣᠨ | ᠨᠤᠲᠤᠭ ᠤᠨ ᠲᠥᠰᠦᠪ ᠨᠢ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠶᠡᠷᠦᠩᠬᠡᠢ ᠲᠥᠰᠦᠪ ᠢᠶᠠᠷ ᠪᠦᠷᠢᠯᠳᠦᠨ᠎ᠡ᠃ ᠣᠷᠣᠨ | ᠨᠤᠲᠤᠭ ᠤᠨ ᠡᠯ᠎ᠡ ᠱᠠᠲᠤᠨ ᠤ ᠶᠡᠷᠦᠩᠬᠡᠢ ᠲᠥᠰᠦᠪ ᠨᠢ ᠲᠤᠰ ᠱᠠᠲᠤᠨ ᠤ ᠲᠥᠰᠦᠪ ᠪᠠ ᠳᠣᠣᠷ᠎ᠠ ᠨᠢᠭᠡ ᠱᠠᠲᠤᠨ ᠤ ᠬᠤᠷᠢᠶᠠᠩᠭᠤᠶᠢᠯᠠᠭᠰᠠᠨ ᠶᠡᠷᠦᠩᠬᠡᠢ | ᠲᠥᠰᠦᠪ ᠢᠶᠠᠷ ᠪᠦᠷᠢᠯᠳᠦᠨ᠎ᠡ︔ ᠳᠣᠣᠷ᠎ᠠ ᠨᠢᠭᠡ ᠱᠡᠳᠦ ᠨᠢ ᠵᠥᠪᠬᠡᠨ ᠲᠤᠰ ᠱᠠᠲᠤᠨ ᠤ ᠲᠥᠰᠦᠪ ᠲᠠᠢ ᠪᠠᠶᠢᠪᠠᠯ ᠳᠣᠣᠷ᠎ᠠ ᠨᠢᠭᠡ ᠱᠠᠲᠤᠨ ᠤ ᠶᠡᠷᠦᠩᠬᠡᠶ ᠲᠥᠰᠦᠪ | ᠭᠡᠳᠡᠭ ᠨᠢ ᠳᠣᠣᠷ᠎ᠠ ᠨᠢᠭᠡ ᠱᠠᠲᠤᠨ ᠤ ᠲᠤᠰ ᠱᠠᠲᠤᠨ ᠤ ᠲᠥᠰᠦᠪ ᠢ ᠬᠡᠯᠡᠵᠦ ᠪᠠᠶᠢᠨ᠎ᠠ᠃ ᠳᠣᠣᠷ᠎ᠠ ᠨᠢᠭᠡ ᠱᠠᠲᠤᠨ ᠤ ᠲᠥᠰᠦᠪ ᠪᠠᠶᠢᠬᠤ ᠤᠢᠭᠡᠢ ᠪᠣᠯ ᠶᠡᠷᠦᠩᠬᠡᠶ | ᠲᠥᠰᠦᠪ ᠭᠡᠳᠡᠭ ᠨᠢ ᠲᠤᠰ ᠱᠠᠲᠤᠨ ᠤ ᠲᠥᠰᠦᠪ ᠢ ᠬᠡᠯᠡᠵᠦ ᠪᠠᠶᠢᠨ᠎ᠠ᠃ | ᠳᠥᠷᠪᠡᠳᠦᠭᠡᠷ ᠵᠦᠢᠯ᠂ ᠲᠥᠰᠦᠪ ᠨᠢ ᠲᠥᠰᠦᠪ ᠤᠨ ᠣᠷᠣᠯᠭ᠎ᠠ ᠪᠠ ᠲᠥᠰᠦᠪ ᠤᠨ ᠵᠠᠷᠤᠯᠭ᠎ᠠ ᠪᠠᠷ ᠪᠦᠷᠢᠯᠳᠦᠨ᠎ᠡ᠃ ᠵᠠᠰᠠᠭ ᠤᠨ ᠣᠷᠳᠣᠨ ᠤ ᠪᠦᠭᠦ | ᠣᠷᠣᠯᠭ᠎ᠠ ᠪᠠ ᠵᠠᠷᠤᠯᠭ᠎ᠠ ᠶᠢ ᠴᠥᠮ ᠲᠥᠰᠦᠪ ᠲᠤ ᠣᠷᠣᠭᠤᠯᠬᠤ ᠬᠡᠷᠡᠭᠲᠡᠢ᠃ | ᠲᠠᠪᠤᠳᠤᠭᠠᠷ ᠵᠦᠢᠯ᠂ ᠲᠥᠰᠦᠪ ᠲᠤ ᠤᠯᠠᠨ ᠨᠡᠶᠢᠲᠡ ᠶᠢᠨ ᠡᠩ ᠤᠨ ᠲᠥᠰᠦᠪ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠦᠪ᠂ | ᠤᠯᠤᠰ ᠤᠨ ᠥᠮᠴᠢᠯᠡᠯ ᠤᠨ ᠪᠡᠯᠡ ᠬᠦᠷᠦᠩᠭᠡ ᠶᠢᠨ ᠡᠵᠡᠩᠨᠡᠯᠲᠡ ᠶᠢᠨ ᠲᠥᠰᠦᠪ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠢ ᠪᠠᠭᠲᠠᠭᠠᠨ᠎ᠠ᠃ | ᠤᠯᠠᠨ ᠨᠡᠶᠢᠲᠡ ᠶᠢᠨ ᠡᠩ ᠤᠨ ᠲᠥᠰᠦᠪ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠦᠪ᠂ ᠤᠯᠤᠰ ᠤᠨ ᠥᠮᠴᠢᠯᠡᠯ ᠤᠨ ᠪᠡᠯᠡ | ᠬᠦᠷᠦᠩᠭᠡ ᠶᠢᠨ ᠡᠵᠡᠩᠨᠡᠯᠲᠡ ᠶᠢᠨ ᠲᠥᠰᠦᠪ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠨᠢ ᠪᠦᠷᠢᠨ ᠲᠡᠭᠦᠯᠳᠡᠷ᠂ ᠪᠡᠶ᠎ᠡ ᠪᠠᠨ ᠳᠠᠭᠠᠭᠠᠭᠰᠠᠨ | ᠪᠠᠶᠢᠬᠤ ᠬᠡᠷᠡᠭᠲᠡᠢ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠦᠪ᠂ ᠤᠯᠤᠰ ᠤᠨ ᠥᠮᠴᠢᠯᠡᠯ ᠤᠨ ᠪᠡᠯᠡ ᠬᠦᠷᠦᠩᠭᠡ ᠶᠢᠨ ᠡᠵᠡᠩᠨᠡᠯᠲᠡ ᠶᠢᠨ | ᠲᠥᠰᠦᠪ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠨᠢ ᠤᠯᠠᠨ ᠨᠡᠶᠢᠲᠡ ᠶᠢᠨ ᠡᠩ ᠤᠨ ᠲᠥᠰᠦᠪ ᠲᠠᠢ ᠵᠣᠯᠭᠠᠯᠳᠤᠭᠰᠠᠨ ᠪᠠᠶᠢᠬᠤ ᠬᠡᠷᠡᠭᠲᠡᠢ᠃ | ᠵᠢᠷᠭᠤᠳᠤᠭᠠᠷ ᠵᠦᠢᠯ᠂ ᠤᠯᠠᠨ ᠨᠡᠶᠢᠲᠡ ᠶᠢᠨ ᠡᠩ ᠤᠨ ᠲᠥᠰᠦᠪ ᠪᠣᠯ ᠭᠠᠶᠢᠯᠢ ᠶᠢᠨ ᠣᠷᠣᠯᠭ᠎ᠠ ᠪᠠᠷ ᠭᠤᠣᠯ ᠴᠣᠭᠴᠠ ᠪᠣᠯᠭᠠᠭᠰᠠᠨ ᠡᠳ᠋ ᠤᠨ ᠵᠠᠰᠠᠭ ᠤᠨ | ᠣᠷᠣᠯᠭ᠎ᠠ ᠮᠦᠨ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠤᠯᠤᠰ ᠣᠷᠣᠨ ᠤ ᠠᠮᠤᠷ | ᠲᠦᠪᠰᠢᠨ ᠢ ᠬᠠᠮᠠᠭᠠᠯᠠᠬᠤ᠂ ᠲᠦᠷᠦ ᠶᠢᠨ ᠪᠠᠶᠢᠭᠤᠯᠤᠮᠵᠢ ᠶᠢᠨ ᠬᠡᠪ ᠤᠨ ᠠᠵᠢᠯᠯᠠᠭ᠎ᠠ ᠶᠢ ᠪᠠᠲᠤᠯᠠᠬᠤ ᠵᠡᠷᠭᠡ ᠲᠠᠯ᠎ᠠ ᠳᠤ ᠬᠡᠷᠡᠭᠯᠡᠬᠦ ᠣᠷᠣᠯᠭ᠎ᠠ ᠵᠠᠷᠤᠯᠭ᠎ᠠ ᠶᠢᠨ ᠲᠥᠰᠦᠪ | ᠪᠣᠯᠤᠨ᠎ᠠ᠃ ᠲᠥᠪ ᠤᠨ ᠤᠯᠠᠨ ᠨᠡᠶᠢᠲᠡ ᠶᠢᠨ ᠡᠩ ᠤᠨ ᠲᠥᠰᠦᠪ ᠲᠤ ᠲᠥᠪ ᠤᠨ ᠡᠯ᠎ᠡ ᠰᠠᠯᠠᠭ᠎ᠠ ᠮᠥᠴᠢᠷ ︵ᠰᠢᠭᠤᠳ ᠬᠠᠷᠢᠶ᠎ᠠ ᠨᠢᠭᠡᠴᠢ ᠪᠠᠭᠲᠠᠨ᠎ᠠ᠂ ᠳᠣᠷᠣᠭᠰᠢ | ᠠᠳᠠᠯᠢ︶ ᠤᠨ ᠲᠥᠰᠦᠪ ᠪᠠ ᠲᠥᠪ ᠠᠴᠠ ᠣᠷᠣᠨ ᠨᠤᠲᠤᠭ ᠲᠤ ᠭᠠᠶᠢᠯᠢ ᠲᠠᠲᠠᠪᠤᠷᠢ ᠪᠤᠴᠠᠭᠠᠬᠤ᠂ ᠰᠢᠯᠵᠢᠭᠦᠯᠦᠨ ᠥᠭᠬᠦ ᠲᠥᠰᠦᠪ ᠢ ᠪᠠᠭᠲᠠᠭᠠᠨ᠎ᠠ᠃ ᠲᠥᠪ ᠤᠨ | ᠤᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠳᠤ ᠲᠥᠪ ᠤᠨ ᠲᠤᠰ ᠱᠠᠲᠤᠨ ᠤ ᠣᠷᠣᠯᠭ᠎ᠠ ᠪᠠ ᠣᠷᠣᠨ ᠨᠤᠲᠤᠭ ᠠᠴᠠ ᠲᠥᠪ ᠲᠤ ᠳᠡᠭᠡᠭᠰᠢ ᠲᠤᠰᠢᠶᠠᠬᠤ | ᠣᠷᠣᠯᠭ᠎ᠠ ᠪᠠᠭᠲᠠᠨ᠎ᠠ᠃ ᠲᠥᠪ ᠤᠨ ᠤᠯᠠᠨ ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠳᠤ ᠲᠥᠪ ᠤᠨ ᠲᠤᠰ ᠱᠠᠲᠤᠨ ᠤ ᠵᠠᠷᠤᠯᠭ᠎ᠠ᠂ ᠲᠥᠪ ᠠᠴᠠ ᠣᠷᠣᠨ | ᠨᠤᠲᠤᠭ ᠲᠤ ᠭᠠᠶᠢᠯᠢ ᠲᠠᠲᠠᠪᠤᠷᠢ ᠪᠤᠴᠠᠭᠠᠬᠤ ᠪᠠ ᠰᠢᠯᠵᠢᠭᠦᠯᠦᠨ ᠥᠭᠬᠦ ᠶᠢ ᠪᠠᠭᠲᠠᠭᠠᠨ᠎ᠠ᠃ | ᠳᠣᠯᠣᠳᠤᠭᠠᠷ ᠵᠦᠢᠯ᠂ ᠣᠷᠣᠨ ᠨᠤᠲᠤᠭ ᠤᠨ ᠡᠯ᠎ᠡ ᠱᠠᠲᠤᠨ ᠤ ᠤᠯᠠᠨ ᠨᠡᠶᠢᠲᠡ ᠶᠢᠨ ᠡᠩ ᠤᠨ ᠲᠥᠰᠦᠪ ᠲᠤ ᠲᠤᠰ ᠱᠠᠲᠤᠨ ᠤ ᠡᠯ᠎ᠡ ᠰᠠᠯᠠᠭ᠎ᠠ ᠮᠥᠴᠢᠷ | ︵ᠰᠢᠭᠤᠳ ᠬᠠᠷᠢᠶ᠎ᠠ ᠨᠢᠭᠡᠴᠢ ᠪᠠᠭᠲᠠᠨ᠎ᠠ᠂ ᠳᠣᠷᠣᠭᠰᠢ ᠠᠳᠠᠯᠢ︶ ᠤᠨ ᠲᠥᠰᠦᠪ ᠪᠠ ᠭᠠᠶᠢᠯᠢ ᠲᠠᠲᠠᠪᠤᠷᠢ ᠪᠤᠴᠠᠭᠠᠬᠤ᠂ ᠰᠢᠯᠵᠢᠭᠦᠯᠦᠨ ᠥᠭᠬᠦ ᠲᠥᠰᠦᠪ ᠢ ᠪᠠᠭᠲᠠᠭᠠᠨ᠎ᠠ᠃ | ᠣᠷᠣᠨ ᠨᠤᠲᠤᠭ ᠤᠨ ᠡᠯ᠎ᠡ ᠱᠠᠲᠤᠨ ᠤ ᠤᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠳᠤ ᠣᠷᠣᠨ ᠨᠤᠲᠤᠭ ᠤᠨ ᠲᠤᠰ ᠱᠠᠲᠤᠨ ᠤ ᠣᠷᠣᠯᠭ᠎ᠠ᠂ ᠳᠡᠭᠡᠳᠦ | ᠱᠠᠲᠤᠨ ᠤ ᠵᠠᠰᠠᠭ ᠤᠨ ᠣᠷᠳᠣᠨ ᠠᠴᠠ ᠲᠤᠰ ᠱᠠᠲᠤᠨ ᠤ ᠵᠠᠰᠠᠭ ᠤᠨ ᠣᠷᠳᠣᠨ ᠳᠤ ᠭᠠᠶᠢᠯᠢ ᠲᠠᠲᠠᠪᠤᠷᠢ ᠪᠤᠴᠠᠭᠠᠬᠤ ᠪᠠ ᠰᠢᠯᠵᠢᠭᠦᠯᠦᠨ ᠥᠭᠬᠦ᠂ ᠳᠤᠤᠷᠠᠳᠤ | ᠱᠠᠲᠤᠨ ᠤ ᠵᠠᠰᠠᠭ ᠤᠨ ᠣᠷᠳᠣᠨ ᠤ ᠳᠡᠭᠡᠭᠰᠢ ᠲᠤᠰᠢᠶᠠᠬᠤ ᠣᠷᠣᠯᠭ᠎ᠠ ᠶᠢ ᠪᠠᠭᠲᠠᠭᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠤᠯᠠᠨ ᠨᠡᠶᠢᠲᠡ ᠶᠢᠨ ᠡᠩ ᠤᠨ | ᠲᠥᠰᠦᠪ ᠤᠨ ᠵᠠᠷᠤᠯᠭ᠎ᠠ ᠳᠤ ᠣᠷᠣᠨ ᠨᠤᠲᠤᠭ ᠤᠨ ᠲᠤᠰ ᠱᠠᠲᠤᠨ ᠤ ᠵᠠᠷᠤᠯᠭ᠎ᠠ᠂ ᠳᠡᠭᠡᠳᠦ ᠱᠠᠲᠤᠨ ᠤ ᠵᠠᠰᠠᠭ ᠤᠨ ᠣᠷᠳᠣᠨ ᠳᠤ ᠳᠡᠭᠡᠭᠰᠢ ᠲᠤᠰᠢᠶᠠᠬᠤ ᠵᠠᠷᠤᠯᠭ᠎ᠠ᠂ | ᠳᠤᠤᠷᠠᠳᠤ ᠱᠠᠲᠤᠨ ᠤ ᠵᠠᠰᠠᠭ ᠤᠨ ᠣᠷᠳᠣᠨ ᠳᠤ ᠭᠠᠶᠢᠯᠢ ᠲᠠᠲᠠᠪᠤᠷᠢ ᠪᠤᠴᠠᠭᠠᠬᠤ ᠪᠠ ᠰᠢᠯᠵᠢᠭᠦᠯᠦᠨ ᠥᠭᠬᠦ ᠶᠢ ᠪᠠᠭᠲᠠᠭᠠᠨ᠎ᠠ᠃ | ᠨᠠᠢᠮᠠᠳᠤᠭᠠᠷ ᠵᠦᠢᠯ᠂ ᠡᠯ᠎ᠡ ᠰᠠᠯᠠᠭ᠎ᠠ ᠮᠥᠴᠢᠷ ᠤᠨ ᠲᠥᠰᠦᠪ ᠨᠢ ᠲᠤᠰ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠡᠯ᠎ᠡ ᠨᠢᠭᠡᠴᠢ ᠶᠢᠨ ᠲᠥᠰᠦᠪ ᠢᠶᠠᠷ | ᠪᠦᠷᠢᠯᠳᠦᠨ᠎ᠡ᠃ | ᠶᠢᠰᠦᠳᠦᠭᠡᠷ ᠵᠦᠢᠯ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠦᠪ ᠪᠣᠯ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠤᠨ ᠲᠣᠭᠲᠠᠭᠠᠯ ᠶᠣᠰᠣᠭᠠᠷ ᠲᠣᠭᠲᠠᠭᠰᠠᠨ ᠬᠤᠭᠤᠴᠠᠭᠠᠨ ᠳᠣᠲᠣᠷ᠎ᠠ ᠲᠤᠰᠬᠠᠢ ᠲᠣᠭᠲᠠᠭᠠᠭᠰᠠᠨ ᠡᠲᠡᠭᠡᠳ ᠠᠴᠠ ᠲᠠᠲᠠᠪᠤᠷᠢᠯᠠᠬᠤ᠂ ᠬᠤᠷᠢᠶᠠᠬᠤ ᠪᠤᠶᠤ | ᠪᠤᠰᠤᠳ ᠠᠷᠭ᠎ᠠ ᠮᠠᠶ᠋ᠢᠭ ᠢᠶᠠᠷ ᠴᠤᠭᠯᠠᠭᠤᠯᠤᠭᠰᠠᠨ ᠪᠡᠯᠡ ᠮᠥᠩᠭᠦ ᠶᠢ ᠲᠤᠰᠬᠠᠢ ᠣᠨᠴᠠ ᠲᠣᠭᠲᠠᠭᠠᠭᠰᠠᠨ ᠨᠡᠶᠢᠲᠡ ᠶᠢᠨ ᠠᠵᠢᠯ ᠦᠢᠯᠡᠰ ᠤᠨ ᠬᠥᠭᠵᠢᠯᠲᠡ ᠳᠤ | ᠬᠡᠷᠡᠭᠯᠡᠬᠦ ᠣᠷᠣᠯᠭ᠎ᠠ ᠵᠠᠷᠤᠯᠭ᠎ᠠ ᠶᠢᠨ ᠲᠥᠰᠦᠪ ᠪᠣᠯᠤᠨ᠎ᠠ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠦᠪ ᠢ ᠪᠣᠯ ᠰᠠᠭᠤᠷᠢ ᠮᠥᠩᠭᠦᠨ ᠤ | ᠵᠦᠢᠯᠡᠰ ᠤᠨ ᠣᠷᠣᠯᠭ᠎ᠠ ᠶᠢᠨ ᠪᠠᠶᠢᠳᠠᠯ ᠪᠠ ᠪᠣᠳᠠᠲᠠᠢ ᠵᠠᠷᠤᠯᠭ᠎ᠠ ᠶᠢᠨ ᠬᠡᠷᠡᠭᠴᠡᠭᠡ ᠶᠢ ᠦᠨᠳᠦᠰᠦᠯᠡᠵᠦ᠂ ᠰᠠᠭᠤᠷᠢ ᠮᠥᠩᠭᠦᠨ ᠤ ᠵᠦᠢᠯᠡᠰ ᠤᠨ ᠶᠣᠰᠣᠭᠠᠷ | ᠨᠠᠶᠢᠷᠠᠭᠤᠯᠤᠨ ᠵᠣᠬᠢᠶᠠᠵᠤ᠂ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ ᠳᠤ ᠬᠦᠷᠭᠡᠨ᠎ᠡ᠃ | ᠠᠷᠪᠠᠳᠤᠭᠠᠷ ᠵᠦᠢᠯ᠂ ᠤᠯᠤᠰ ᠤᠨ ᠥᠮᠴᠢᠯᠡᠯ ᠤᠨ ᠪᠡᠯᠡ ᠬᠦᠷᠦᠩᠭᠡ ᠶᠢᠨ ᠡᠵᠡᠩᠨᠡᠯᠲᠡ ᠶᠢᠨ ᠲᠥᠰᠦᠪ ᠪᠣᠯ ᠤᠯᠤᠰ ᠤᠨ ᠥᠮᠴᠢᠯᠡᠯ ᠤᠨ ᠪᠡᠯᠡ | ᠬᠦᠷᠦᠩᠭᠡ ᠶᠢᠨ ᠠᠰᠢᠭ ᠣᠷᠣᠯᠭ᠎ᠠ ᠳᠤ ᠵᠠᠷᠤᠯᠭ᠎ᠠ ᠲᠤᠬᠢᠷᠠᠭᠤᠯᠬᠤ ᠣᠷᠣᠯᠭ᠎ᠠ ᠵᠠᠷᠤᠯᠭ᠎ᠠ ᠶᠢᠨ ᠲᠥᠰᠦᠪ ᠪᠣᠯᠤᠨ᠎ᠠ᠃ ᠤᠯᠤᠰ ᠤᠨ ᠥᠮᠴᠢᠯᠡᠯ ᠤᠨ ᠪᠡᠯᠡ | ᠬᠦᠷᠦᠩᠭᠡ ᠶᠢᠨ ᠡᠵᠡᠩᠨᠡᠯᠲᠡ ᠶᠢᠨ ᠲᠥᠰᠦᠪ ᠨᠢ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠵᠠᠷᠴᠢᠮ ᠶᠣᠰᠣᠭᠠᠷ ᠨᠠᠶᠢᠷᠠᠭᠤᠯᠤᠨ ᠵᠣᠬᠢᠶᠠᠬᠤ ᠬᠡᠷᠡᠭᠲᠡᠢ᠂ | ᠤᠯᠠᠭᠠᠨ ᠲᠤᠭ᠎ᠠ ᠵᠢᠭᠰᠠᠭᠠᠬᠤ ᠦᠭᠡᠢ ᠪᠥᠭᠡᠳ ᠪᠡᠯᠡ ᠮᠥᠩᠭᠦ ᠲᠤᠭᠢᠷᠠᠭᠤᠯᠵᠦ ᠤᠯᠠᠨ ᠨᠡᠶᠢᠲᠡ ᠶᠢᠨ ᠡᠩ ᠤᠨ ᠲᠥᠰᠦᠪ ᠲᠤ ᠰᠢᠯᠵᠢᠭᠦᠯᠦᠨ ᠣᠷᠣᠭᠤᠯᠤᠨ᠎ᠠ᠃ | ᠠᠷᠪᠠᠨ ᠨᠢᠭᠡᠳᠦᠭᠡᠷ ᠵᠦᠢᠯ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠣᠯ ᠨᠡᠶᠢᠭᠡᠮ ᠤᠨ ᠳᠠᠭᠠᠳᠬᠠᠯ ᠳᠤ ᠵᠣᠭᠤᠰ ᠲᠤᠰᠢᠶᠠᠬᠤ᠂ | ᠤᠯᠠᠨ ᠨᠡᠶᠢᠲᠡ ᠶᠢᠨ ᠡᠩ ᠤᠨ ᠲᠥᠰᠦᠪ ᠶᠢᠨ ᠳᠣᠬᠢᠷᠠᠭᠤᠯᠭ᠎ᠠ ᠪᠠ ᠪᠤᠰᠤᠳ ᠠᠷᠭ᠎ᠠ ᠮᠠᠶ᠋ᠢᠭ ᠢᠶᠠᠷ ᠴᠤᠭᠯᠠᠭᠤᠯᠤᠭᠰᠠᠨ ᠪᠡᠯᠡ ᠮᠥᠩᠭᠦ ᠶᠢ ᠨᠡᠶᠢᠭᠡᠮ ᠤᠨ | ᠳᠠᠭᠠᠳᠬᠠᠯ ᠳᠤ ᠲᠤᠰᠬᠠᠢ ᠬᠡᠷᠡᠭᠯᠡᠬᠦ ᠣᠷᠣᠯᠭ᠎ᠠ ᠵᠠᠷᠤᠯᠭ᠎ᠠ ᠶᠢᠨ ᠲᠥᠰᠦᠪ ᠪᠣᠯᠤᠨ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠢ ᠪᠣᠯ | ᠨᠢᠭᠡᠳᠦᠯᠲᠡᠢ ᠲᠥᠯᠥᠪᠯᠡᠬᠦ ᠳᠡᠰ ᠳᠠᠪᠬᠤᠷᠭ᠎ᠠ ᠪᠠ ᠨᠡᠶᠢᠭᠡᠮ ᠤᠨ ᠳᠠᠭᠠᠳᠬᠠᠯ ᠤᠨ ᠵᠦᠢᠯᠡᠰ ᠤᠨ ᠶᠣᠰᠣᠭᠠᠷ ᠲᠤᠰ ᠲᠤᠰ ᠲᠤᠨᠢ ᠨᠠᠶᠢᠷᠠᠭᠤᠯᠤᠨ ᠵᠣᠬᠢᠶᠠᠵᠤ᠂ ᠣᠷᠣᠯᠭ᠎ᠠ | ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ᠂ ᠡᠯ᠎ᠡ ᠱᠠᠲᠤᠨ ᠤ ᠲᠥᠰᠦᠪ ᠨᠢ ᠨᠢᠭᠡᠳᠦᠯᠲᠡᠢ ᠲᠥᠯᠥᠪᠯᠡᠵᠦ ᠨᠡᠶᠢᠳᠡ ᠳᠤᠨᠢ ᠬᠠᠷᠠᠭᠠᠯᠵᠠᠬᠤ᠂ ᠠᠵᠢᠯᠴᠢ ᠠᠷᠪᠢᠴᠢ ᠪᠠᠷ | ᠠᠷᠪᠢᠯᠠᠨ ᠭᠠᠮᠨᠠᠬᠤ᠂ ᠴᠢᠳᠠᠯ ᠤᠨ ᠢᠶᠠᠨ ᠬᠢᠷᠢ ᠪᠠᠷ ᠬᠢᠬᠦ᠂ ᠦᠷ᠎ᠡ ᠪᠦᠲᠦᠮᠵᠢ ᠶᠢ ᠡᠷᠬᠢᠮᠯᠡᠬᠦ ᠪᠠ ᠣᠷᠣᠯᠭ᠎ᠠ ᠵᠠᠷᠤᠯᠭ᠎ᠠ ᠪᠠᠨ ᠲᠡᠩᠴᠡᠭᠦᠷᠢ ᠲᠠᠢ ᠪᠠᠶᠢᠯᠭᠠᠬᠤ ᠵᠠᠷᠴᠢᠮ ᠢ | ᠵᠢᠷᠤᠮᠯᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠵᠢᠯ ᠠᠯᠤᠰᠯᠠᠭᠰᠠᠨ ᠲᠥᠰᠦᠪ ᠤᠨ ᠲᠡᠩᠴᠡᠭᠦᠷᠢ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠵᠥᠪᠰᠢᠶᠡᠷᠡᠭᠦᠯᠦᠭᠰᠡᠨ ᠲᠥᠰᠦᠪ ᠢ ᠬᠠᠤᠯᠢ ᠪᠠᠷ ᠲᠣᠭᠲᠠᠭᠠᠭᠰᠠᠨ | ᠶᠠᠪᠣᠴᠠ ᠢᠶᠠᠷ ᠳᠠᠮᠵᠢᠭᠤᠯᠬᠤ ᠦᠭᠡᠢ ᠪᠣᠯ ᠲᠤᠭᠢᠷᠠᠭᠤᠯᠤᠯᠳᠠ ᠬᠢᠵᠦ ᠪᠣᠯᠬᠤ ᠦᠭᠡᠢ᠃ ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ | ᠨᠢᠭᠡᠴᠢ ᠶᠢᠨ ᠵᠠᠷᠤᠯᠭ᠎ᠠ ᠨᠢ ᠡᠷᠬᠡᠪᠰᠢ ᠵᠥᠪᠰᠢᠶᠡᠷᠡᠭᠦᠯᠦᠭᠰᠡᠨ ᠲᠥᠰᠦᠪ ᠢᠶᠠᠷ ᠦᠨᠳᠦᠰᠦᠯᠡᠯ ᠪᠣᠯᠭᠠᠬᠤ ᠬᠡᠷᠡᠭᠲᠡᠢ᠂ ᠲᠥᠰᠦᠪ ᠲᠤ ᠣᠷᠣᠭᠤᠯᠤᠭᠰᠠᠨ ᠦᠭᠡᠢ ᠪᠠᠶᠢᠪᠠᠯ | ᠵᠠᠷᠤᠵᠤ ᠪᠣᠯᠬᠤ ᠦᠭᠡᠢ᠃ | ᠠᠷᠪᠠᠨ ᠳᠥᠷᠪᠡᠳᠦᠭᠡᠷ ᠵᠦᠢᠯ᠂ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠲᠥᠰᠦᠪ᠂ ᠲᠥᠰᠦᠪ ᠤᠨ ᠳᠤᠬᠢᠷᠠᠭᠤᠯᠭ᠎ᠠ᠂ ᠲᠦᠰᠦᠪ ᠤᠨ | ᠭᠦᠢᠴᠡᠳᠭᠡᠯ᠂ ᠲᠦᠰᠦᠪ ᠢ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ ᠵᠢᠴᠢ ᠬᠦᠰᠦᠨᠦᠭᠲᠦ ᠶᠢ ᠵᠥᠪᠰᠢᠶᠡᠷᠡᠭᠦᠯᠦᠭᠰᠡᠨ ᠤ ᠳᠠᠷᠠᠭᠠᠬᠢ ᠬᠤᠷᠢᠨ ᠡᠳᠦᠷ ᠤᠨ | ᠳᠣᠲᠣᠷ᠎ᠠ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠨᠡᠶᠢᠭᠡᠮ ᠨᠡᠶᠢᠲᠡ ᠳᠤ ᠢᠯᠡ ᠪᠣᠯᠭᠠᠵᠦ᠂ ᠲᠤᠰ ᠱᠠᠲᠤᠨ ᠤ | ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠢᠯᠵᠢᠭᠦᠯᠦᠨ ᠥᠭᠬᠦ ᠲᠤᠬᠢᠷᠠᠭᠤᠯᠤᠯᠳᠡ᠂ ᠭᠦᠢᠴᠡᠳᠬᠡᠭᠰᠡᠨ ᠪᠠᠶᠢᠳᠠᠯ ᠵᠢᠴᠢ ᠵᠢᠭᠡᠯᠡᠯᠭᠡ ᠵᠢᠭᠡᠯᠡᠭᠰᠡᠨ ᠪᠠᠶᠢᠳᠠᠯ ᠵᠡᠷᠭᠡ | ᠴᠢᠬᠤᠯᠠ ᠬᠡᠷᠡᠭ ᠶᠠᠪᠤᠳᠠᠯ ᠤᠨ ᠲᠤᠬᠠᠢ ᠲᠣᠳᠣᠷᠬᠠᠶᠢᠯᠠᠯᠲᠠ ᠬᠢᠬᠦ ᠬᠡᠷᠡᠭᠲᠡᠢ᠃ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠢᠶᠠᠷ ᠴᠤᠬᠤᠯᠠᠪᠤᠷᠢᠯᠠᠭᠤᠯᠤᠭᠰᠠᠨ ᠰᠠᠯᠠᠭ᠎ᠠ ᠮᠥᠴᠢᠷ ᠤᠨ ᠲᠥᠰᠦᠪ᠂ ᠲᠥᠰᠦᠪ ᠤᠨ ᠭᠦᠢᠴᠡᠳᠬᠡᠯ ᠵᠢᠴᠢ ᠬᠦᠰᠦᠨᠦᠭᠲᠦ ᠶᠢ ᠴᠤᠬᠤᠯᠠᠪᠤᠷᠢᠯᠠᠨ | ᠬᠠᠷᠢᠭᠤᠯᠤᠭᠰᠠᠨ ᠤ ᠳᠠᠷᠠᠭᠠᠬᠢ ᠬᠤᠷᠢᠨ ᠡᠳᠦᠷ ᠤᠨ ᠳᠣᠲᠣᠷ᠎ᠠ ᠡᠯ᠎ᠡ ᠰᠠᠯᠠᠭ᠎ᠠ ᠮᠥᠴᠢᠷ ᠠᠴᠠ ᠨᠡᠶᠢᠭᠡᠮ ᠨᠡᠶᠢᠲᠡ ᠳᠤ ᠢᠯᠡ ᠪᠣᠯᠭᠠᠵᠦ᠂ ᠰᠠᠯᠠᠭ᠎ᠠ ᠮᠥᠴᠢᠷ ᠤᠨ | ᠲᠥᠰᠦᠪ᠂ ᠲᠥᠰᠦᠪ ᠤᠨ ᠭᠦᠢᠴᠡᠳᠬᠡᠯ ᠳᠠᠬᠢ ᠪᠠᠶᠢᠭᠤᠯᠭ᠎ᠠ ᠶᠢᠨ ᠠᠵᠢᠯᠯᠠᠭᠠᠨ ᠤ ᠵᠠᠷᠤᠳᠠᠯ ᠤᠨ ᠲᠤᠭᠢᠷᠠᠭᠤᠯᠤᠯᠳᠡ᠂ ᠬᠡᠷᠡᠭᠯᠡᠭᠰᠡᠨ ᠪᠠᠶᠢᠳᠠᠯ ᠵᠡᠷᠭᠡ ᠴᠢᠬᠤᠯᠠ ᠬᠡᠷᠡᠭ | ᠶᠠᠪᠤᠳᠠᠯ ᠤᠨ ᠲᠤᠬᠠᠢ ᠲᠣᠳᠣᠷᠬᠠᠶᠢᠯᠠᠯᠲᠠ ᠬᠢᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠠᠴᠠ ᠵᠠᠰᠠᠭ ᠤᠨ | ᠣᠷᠳᠣᠨ ᠤ ᠬᠤᠳᠠᠯᠳᠤᠨ ᠠᠪᠤᠭᠰᠠᠨ ᠪᠠᠶᠢᠳᠠᠯ ᠢ ᠴᠠᠭ ᠲᠤᠬᠠᠢ ᠳᠤᠨᠢ ᠨᠡᠶᠢᠭᠡᠮ ᠨᠡᠶᠢᠲᠡ ᠳᠤ ᠢᠯᠠ ᠪᠠᠷ ᠨᠡᠶᠢᠲᠡᠯᠡᠬᠦ ᠬᠡᠷᠡᠭᠲᠡᠢ᠃ ᠲᠤᠰ ᠵᠦᠢᠯ ᠤᠨ ᠡᠮᠦᠨᠡᠬᠢ | ᠭᠤᠷᠪᠠᠨ ᠪᠠᠳᠠᠭ ᠲᠤ ᠲᠣᠭᠲᠠᠭᠠᠭᠰᠠᠨ ᠢᠯᠠ ᠪᠠᠷ ᠨᠡᠶᠢᠲᠡᠯᠡᠬᠦ ᠬᠡᠷᠡᠭ ᠶᠠᠪᠤᠳᠠᠯ ᠨᠢ ᠤᠯᠤᠰ ᠤᠨ ᠨᠢᠭᠤᠴᠠ ᠳᠤ ᠬᠤᠯᠪᠣᠭᠳᠠᠪᠠᠯ ᠡᠭᠦᠨ ᠳᠤ ᠪᠠᠭᠲᠠᠬᠤ ᠦᠭᠡᠢ᠃ | ᠠᠷᠪᠠᠨ ᠲᠠᠪᠤᠳᠤᠭᠠᠷ ᠵᠦᠢᠯ᠂ ᠤᠯᠤᠰ ᠠᠴᠠ ᠲᠥᠪ ᠤᠨ ᠪᠠ ᠣᠷᠣᠨ ᠨᠤᠲᠤᠭ ᠤᠨ ᠭᠠᠶᠢᠯᠢ ᠢᠯᠭᠠᠬᠤ ᠳᠦᠷᠢᠮ ᠢ ᠬᠡᠷᠡᠭᠵᠢᠭᠦᠯᠦᠨ᠎ᠡ᠃ | ᠠᠷᠪᠠᠨ ᠵᠢᠷᠭᠤᠳᠤᠭᠠᠷ ᠵᠦᠢᠯ᠂ ᠤᠯᠤᠰ ᠠᠴᠠ ᠡᠳ᠋ ᠤᠨ ᠵᠠᠰᠠᠭ ᠤᠨ ᠰᠢᠯᠵᠢᠭᠦᠯᠦᠨ ᠥᠭᠬᠦ ᠳᠦᠷᠢᠮ ᠢ ᠬᠡᠷᠡᠭᠵᠢᠭᠦᠯᠦᠨ᠎ᠡ᠃ ᠡᠳ᠋ ᠤᠨ ᠵᠠᠰᠠᠭ ᠤᠨ | ᠰᠢᠯᠵᠢᠭᠦᠯᠦᠨ ᠥᠭᠬᠦ ᠨᠢ ᠳᠦᠷᠢᠮᠵᠢᠯ ᠲᠠᠢ᠂ ᠲᠥᠪ ᠭᠤᠣᠯᠴᠢ᠂ ᠢᠯᠠ ᠲᠣᠳᠣᠷᠬᠠᠢ ᠪᠠᠶᠢᠵᠦ᠂ ᠭᠠᠵᠠᠷ ᠣᠷᠣᠨ ᠤ ᠬᠤᠭᠤᠷᠣᠨᠳᠣᠬᠢ ᠤᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠯᠬᠢᠨ ᠠᠬᠢᠭᠤᠯᠬᠤ ᠪᠠᠷ ᠭᠤᠣᠯ ᠬᠠᠷᠠᠯᠲᠠ ᠪᠣᠯᠭᠠᠬᠤ ᠬᠡᠷᠡᠭᠲᠡᠢ᠃ ᠡᠳ᠋ ᠤᠨ ᠵᠠᠰᠠᠭ ᠤᠨ | ᠰᠢᠯᠵᠢᠭᠦᠯᠦᠨ ᠥᠭᠬᠦ ᠳᠤ ᠲᠥᠪ ᠠᠴᠠ ᠣᠷᠣᠨ ᠨᠤᠲᠤᠭ ᠲᠤ ᠰᠢᠯᠵᠢᠭᠦᠯᠦᠨ ᠥᠭᠬᠦ ᠪᠠ ᠣᠷᠣᠨ ᠨᠤᠲᠤᠭ ᠤᠨ ᠳᠡᠭᠡᠳᠦ ᠱᠠᠲᠤᠨ ᠤ ᠵᠠᠰᠠᠭ ᠤᠨ ᠣᠷᠳᠣᠨ ᠠᠴᠠ | ᠳᠤᠤᠷᠠᠳᠤ ᠱᠠᠲᠤᠨ ᠤ ᠵᠠᠰᠠᠭ ᠤᠨ ᠣᠷᠳᠣᠨ ᠳᠤ ᠰᠢᠯᠵᠢᠭᠦᠯᠦᠨ ᠥᠭᠬᠦ ᠶᠢ ᠪᠠᠭᠳᠠᠭᠠᠨ᠎ᠠ᠃ ᠭᠠᠵᠠᠷ ᠣᠷᠣᠨ ᠤ ᠬᠤᠭᠤᠷᠣᠨᠳᠣᠬᠢ ᠦᠨᠳᠦᠰᠦᠨ ᠡᠳ᠋ ᠤᠨ ᠬᠦᠴᠦᠨ ᠢ | ᠲᠡᠩᠴᠡᠭᠦᠷᠢᠲᠡᠢ ᠪᠣᠯᠭᠠᠬᠤ᠂ ᠳᠤᠤᠷᠠᠳᠤ ᠱᠠᠲᠤᠨ ᠤ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠯᠡᠵᠦ ᠲᠤᠭᠢᠷᠠᠭᠤᠯᠤᠨ ᠬᠡᠷᠡᠭᠯᠡᠬᠦ ᠡᠩ ᠤᠨ ᠴᠢᠨᠠᠷᠲᠠᠢ | ᠰᠢᠯᠵᠢᠭᠦᠯᠦᠨ ᠥᠭᠬᠦ ᠪᠠᠷ ᠪᠡᠶᠡᠴᠢ ᠴᠣᠭᠴᠠ ᠪᠣᠯᠭᠠᠨ᠎ᠠ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ | ᠬᠤᠷᠢᠶᠠᠨ ᠤ ᠲᠣᠭᠲᠠᠭᠠᠯ ᠶᠣᠰᠣᠭᠠᠷ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠶᠢ ᠪᠠᠶᠢᠭᠤᠯᠵᠤ᠂ ᠲᠤᠰᠬᠠᠢ ᠲᠣᠭᠲᠠᠭᠠᠭᠰᠠᠨ ᠬᠡᠷᠡᠭ ᠶᠠᠪᠤᠳᠠᠯ ᠢ | ᠰᠢᠢᠳᠪᠦᠷᠢᠯᠡᠬᠦ ᠳᠤ ᠬᠡᠷᠡᠭᠯᠡᠵᠦ ᠪᠣᠯᠤᠨ᠎ᠠ᠃ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠶᠢ ᠬᠤᠭᠤᠴᠠᠭ᠎ᠠ ᠲᠣᠭᠲᠠᠭᠠᠨ ᠦᠨᠡᠯᠡᠨ ᠵᠢᠱᠢᠬᠦ ᠪᠠ ᠤᠬᠤᠷᠢᠨ ᠭᠠᠷᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠲᠣᠭᠲᠠᠴᠠ ᠨᠢ ᠪᠦᠲᠦᠮᠵᠢᠲᠡᠢ ᠪᠠᠷ ᠲᠤᠭᠢᠷᠠᠭᠤᠯᠵᠦ ᠳᠡᠶᠢᠯᠬᠦ ᠬᠡᠷᠡᠭ | ᠶᠠᠪᠤᠳᠠᠯ ᠳᠤ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠶᠢ ᠪᠠᠶᠢᠭᠤᠯᠵᠤ ᠪᠣᠯᠬᠤ ᠦᠭᠡᠢ᠃ ᠳᠡᠭᠡᠳᠦ ᠱᠠᠲᠤᠨ ᠤ ᠵᠠᠰᠠᠭ ᠤᠨ ᠣᠷᠳᠣᠨ ᠲᠤᠰᠬᠠᠢ ᠵᠦᠢᠯ ᠢᠶᠠᠷ | ᠰᠢᠯᠵᠢᠭᠦᠯᠦᠨ ᠥᠭᠬᠦ ᠶᠢ ᠲᠤᠬᠢᠷᠠᠭᠤᠯᠬᠤ ᠦᠶ᠎ᠡ ᠳᠡᠭᠡᠨ ᠳᠤᠤᠷᠠᠳᠤ ᠱᠠᠲᠤᠨ ᠤ ᠵᠠᠰᠠᠭ ᠤᠨ ᠣᠷᠳᠣᠨ ᠢᠶᠠᠷ ᠢᠵᠢ ᠪᠦᠷᠢᠳᠦᠭᠦᠯᠭᠦ ᠪᠡᠯᠡ ᠮᠥᠩᠭᠦ ᠡᠭᠦᠷᠭᠡᠯᠡᠭᠦᠯᠬᠦ ᠪᠠᠷ | ᠱᠠᠭᠠᠷᠳᠠᠵᠤ ᠪᠣᠯᠬᠤ ᠦᠭᠡᠢ᠃ ᠭᠡᠪᠡᠴᠦ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠶᠣᠰᠣᠭᠠᠷ ᠳᠡᠭᠡᠳᠦ ᠳᠤᠤᠷᠠᠳᠤ ᠱᠠᠲᠤᠨ ᠤ ᠵᠠᠰᠠᠭ ᠤᠨ ᠣᠷᠳᠣᠨ | ᠬᠠᠮᠲᠤ ᠪᠠᠷ ᠡᠭᠦᠷᠭᠡᠯᠡᠬᠦ ᠬᠡᠷᠡᠭ ᠶᠠᠪᠤᠳᠠᠯ ᠡᠭᠦᠨ ᠳᠤ ᠪᠠᠭᠲᠠᠬᠤ ᠦᠭᠡᠢ᠃ | ᠠᠷᠪᠠᠨ ᠳᠣᠯᠣᠳᠤᠭᠠᠷ ᠵᠦᠢᠯ᠂ ᠡᠯ᠎ᠡ ᠱᠠᠲᠤᠨ ᠤ ᠲᠥᠰᠦᠪ ᠢ ᠨᠠᠶᠢᠷᠠᠭᠤᠯᠤᠨ ᠵᠣᠬᠢᠶᠠᠬᠤ᠂ ᠭᠦᠢᠴᠡᠳᠬᠡᠬᠦ ᠳᠡᠭᠡᠨ ᠬᠠᠷᠢᠯᠴᠠᠨ ᠬᠢᠵᠠᠭᠠᠷᠯᠠᠬᠤ᠂ ᠬᠠᠷᠢᠯᠴᠠᠨ | ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠠᠷᠪᠠᠨ ᠨᠠᠢᠮᠠᠳᠤᠭᠠᠷ ᠵᠦᠢᠯ᠂ ᠲᠥᠰᠦᠪ ᠤᠨ ᠣᠨ ᠢ ᠨᠡᠶᠢᠲᠡ ᠶᠢᠨ ᠣᠨ ᠲᠣᠭᠠᠯᠠᠯ ᠤᠨ | 1 ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ 31 ᠤ ᠡᠳᠦᠷ ᠬᠦᠷᠲᠡᠯ᠎ᠡ ᠪᠤᠳᠦᠨ᠎ᠡ᠃ ᠠᠷᠪᠠ ᠶᠢᠰᠦᠳᠦᠭᠡᠷ ᠵᠦᠢᠯ᠂ ᠲᠥᠰᠦᠪ ᠤᠨ ᠣᠷᠣᠯᠭ᠎ᠠ ᠪᠠ | ᠲᠥᠰᠦᠪ ᠤᠨ ᠵᠠᠷᠤᠯᠭ᠎ᠠ ᠶᠢ ᠠᠷᠠᠳ ᠤᠨ ᠵᠣᠭᠤᠰᠣᠨ ᠤ ᠲᠥᠭᠦᠷᠢᠭ ᠢᠶᠠᠷ ᠲᠣᠭᠠᠴᠠᠨ ᠪᠤᠳᠦᠬᠤ ᠨᠢᠭᠡᠴᠢ ᠪᠣᠯᠭᠠᠨ᠎ᠠ᠃ |