ᠮᠠᠨ ᠤ ᠤᠯᠤᠰ ᠤᠨ ᠰᠢᠨᠵᠢᠯᠡᠬᠦ ᠤᠬᠠᠭᠠᠨᠲᠠᠨ ᠲᠥᠪᠡᠳ ᠠᠴᠠ ᠳᠡᠯᠡᠬᠡᠢ ᠶᠢᠨ ᠬᠠᠮᠤᠭ ᠤᠨ ᠵᠢᠵᠢᠭ ᠭᠦᠷᠪᠡᠯᠯᠢᠭ ᠬᠥᠯᠲᠦ ᠠᠪᠤᠷᠭᠤ ᠭᠦᠷᠪᠡᠯ ᠤᠨ ᠤᠯᠠ  ᠮᠥᠷ ᠤᠨ ᠴᠢᠯᠠᠭᠤᠵᠢᠮᠠᠯ ᠢ ᠢᠯᠡᠷᠡᠭᠦᠯᠪᠡ
ᠨᠡᠶᠢᠲᠡᠯᠡᠭᠰᠡᠨ ᠴᠠᠭ᠄
2025/2/12
       ᠭᠦᠷᠪᠡᠯᠯᠢᠭ ᠬᠥᠯᠲᠦ ᠠᠪᠤᠷᠭᠤ ᠭᠦᠷᠪᠡᠯ ᠤᠨ ᠪᠡᠶ᠎ᠡ ᠨᠢ ᠶᠡᠷᠦᠳᠡᠭᠡᠨ ᠮᠤᠨᠳᠠᠭ ᠲᠣᠮᠣ ᠪᠠᠶᠢᠵᠤ᠂ ᠮᠠᠰᠢ ᠣᠷᠳᠣ ᠬᠦᠵᠦᠭᠦᠦ ᠪᠠ ᠰᠡᠭᠦᠯ ᠲᠠᠢ᠂ ᠬᠦᠳᠡᠷ  ᠪᠦᠳᠦᠭᠦᠨ ᠳᠥᠷᠪᠡᠨ ᠮᠥᠴᠢ ᠲᠠᠢ ᠪᠠᠶᠢᠳᠠᠭ᠃ ᠲᠥᠪᠡᠳ ᠤᠨ ᠴᠠᠮᠳᠤ᠋ ᠬᠤᠳᠠ ᠶᠢᠨ ᠳ᠋ᠦᠩ ᠳ᠋ᠥᠸᠧ ᠲᠣᠰᠬᠤᠨ ᠳᠤ᠂ ᠮᠠᠨ ᠤ ᠤᠯᠤᠰ ᠤᠨ ᠰᠢᠨᠵᠢᠯᠡᠬᠦ ᠤᠬᠠᠭᠠᠨᠲᠠᠨ  ᠨᠢᠭᠡ ᠪᠦᠯᠦᠭ ᠵᠦᠷ ᠤᠨ ᠭᠠᠯᠪᠠ ᠶᠢᠨ ᠳᠤᠮᠳᠠ ᠬᠤᠭᠤᠴᠠᠭᠠᠨ ᠤ ᠭᠦᠷᠪᠡᠯᠯᠢᠭ ᠬᠥᠯᠲᠦ ᠠᠪᠤᠷᠭᠤ ᠭᠦᠷᠪᠡᠯ ᠤᠨ ᠤᠯᠠ ᠮᠥᠷ ᠤᠨ ᠴᠢᠯᠠᠭᠤᠵᠢᠮᠠᠯ ᠢ ᠢᠯᠡᠷᠡᠭᠦᠯᠵᠦ᠂  ᠬᠠᠮᠤᠭ ᠪᠠᠭ᠎ᠠ ᠨᠢ 8.8 ᠰᠠᠨᠲ᠋ᠢᠮᠧᠲᠷ ᠪᠣᠯᠣᠨ᠎ᠠ᠃        ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ︶᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ  ᠲᠣᠪᠴᠢᠶᠠᠨ ᠤ ᠰᠤᠳᠤᠯᠤᠭᠴᠢᠳ ᠢᠶᠠᠷ ᠪᠦᠷᠢᠯᠳᠦᠭᠰᠡᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ 10᠎ ᠤ ᠡᠳᠦᠷ ᠲᠣᠰ ᠰᠢᠨ᠎ᠡ ᠢᠯᠡᠷᠡᠭᠦᠯᠦᠯᠲᠡ ᠶᠢ  ᠨᠡᠶᠢᠲᠡᠯᠡᠭᠰᠡᠨ ᠪᠥᠭᠡᠳ ᠡᠨᠡ ᠪᠣᠯ ᠣᠳᠣᠬᠠᠨ ᠳᠤ ᠨᠢᠭᠡᠨᠲᠡ ᠢᠯᠡᠷᠡᠭᠦᠯᠦᠭᠰᠡᠨ ᠳᠡᠯᠡᠬᠡᠢ ᠶᠢᠨ ᠬᠠᠮᠤᠭ ᠤᠨ ᠪᠠᠭ᠎ᠠ ᠭᠦᠷᠪᠡᠯᠯᠢᠭ ᠬᠥᠯᠲᠦ ᠠᠪᠤᠷᠭᠤ ᠭᠦᠷᠪᠡᠯ ᠤᠨ ᠤᠯᠠ  ᠮᠥᠷ ᠤᠨ ᠴᠢᠯᠠᠭᠤᠵᠢᠮᠠᠯ ᠪᠣᠯᠣᠨ᠎ᠠ ᠭᠡᠵᠡᠢ᠃ ᠡᠨᠡ ᠬᠦ ᠦᠷ᠎ᠡ ᠪᠦᠲᠦᠭᠡᠯ ᠢ ᠣᠶᠢᠷ᠎ᠠ ᠳᠤ ᠣᠯᠠᠨ ᠤᠯᠤᠰ ᠤᠨ ᠡᠷᠲᠡᠨ ᠤ ᠠᠮᠢᠳᠤ ᠪᠣᠳᠠᠰ ᠤᠨ ᠤᠬᠠᠭᠠᠨ ᠤ ᠡᠷᠳᠡᠮ  ᠰᠢᠨᠵᠢᠯᠡᠭᠡᠨ ᠤ ᠬᠤᠭᠤᠴᠠᠭᠠᠲᠤ ᠰᠡᠳᠬᠦᠯ ︽ᠲᠡᠦᠬᠡ ᠶᠢᠨ ᠠᠮᠢᠳᠤ ᠪᠣᠳᠠᠰ ᠤᠨ ᠤᠬᠠᠭᠠᠨ︾ ᠳᠡᠭᠡᠷ᠎ᠡ ᠨᠡᠶᠢᠲᠡᠯᠡᠪᠡ᠃        ᠠᠪᠤᠷᠭᠤ ᠭᠦᠷᠪᠡᠯ ᠤᠨ ᠰᠤᠳᠤᠯᠭᠠᠨ ᠤ ᠲᠤᠰᠬᠠᠢ ᠮᠡᠷᠭᠡᠵᠢᠯᠲᠡᠨ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ︵ᠪᠡᠭᠡᠵᠢᠩ︶᠎ ᠶᠢᠨ ᠳᠡᠳ᠋  ᠫᠷᠤᠹᠧᠰᠰᠤᠷ ᠰᠢᠩ ᠯᠢ ᠳ᠋ᠡ᠂ ᠴᠠᠮᠳᠤ᠋ ᠳᠤ ᠪᠠᠶᠢᠭ᠎ᠠ ᠵᠦᠷ ᠤᠨ ᠭᠠᠯᠪᠠ ᠶᠢᠨ ᠭᠠᠵᠠᠷ ᠤᠨ ᠳᠠᠪᠬᠤᠷᠭ᠎ᠠ ᠶᠢᠨ ᠬᠠᠮᠤᠭ ᠤᠨ ᠶᠡᠭᠡ ᠵᠤᠵᠠᠭᠠᠨ ᠤ ᠬᠡᠮᠵᠢᠶ᠎ᠡ ᠨᠢ 4800  ᠮᠧᠲᠷ ᠢ ᠳᠠᠪᠠᠵᠤ᠂ ᠶᠡᠭᠡ ᠬᠡᠮᠵᠢᠶᠡᠨ ᠤ ᠠᠪᠤᠷᠭᠤ ᠭᠦᠷᠪᠡᠯ ᠤᠨ ᠤᠯᠠ ᠮᠥᠷ ᠤᠨ ᠴᠢᠯᠠᠭᠤᠵᠢᠮᠠᠯ ᠢ ᠢᠯᠡᠷᠡᠭᠦᠯᠪᠡ᠃ 2023 ᠣᠨ ᠤ 7 ᠰᠠᠷ᠎ᠠ ᠳᠤ᠂ ᠳᠤᠮᠳᠠᠳᠤ  ᠤᠯᠤᠰ ᠤᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠠᠵᠢᠯᠲᠠᠨ ᠠᠳᠡ ᠴᠢᠯᠠᠭᠤᠵᠢᠮᠠᠯ ᠤᠨ ᠦᠯᠡᠳᠡᠭᠳᠡᠯ ᠤᠨ ᠪᠠᠶᠢᠴᠠᠭᠠᠯᠲᠠ  ᠬᠢᠬᠦ ᠦᠶ᠎ᠡ ᠳᠤ᠂ ᠮᠥᠯᠬᠦᠭᠴᠢ ᠠᠮᠢᠲᠠᠨ ᠤ ᠤᠯᠠ ᠮᠥᠷ ᠲᠠᠢ ᠲᠥᠰᠥᠭᠡᠲᠡᠢ ᠬᠠᠲᠠᠨ ᠬᠠᠨ᠎ᠠ ᠶᠢ ᠰᠠᠨᠠᠭᠠᠨ ᠳᠤ ᠦᠭᠡᠢ ᠢᠯᠡᠷᠡᠭᠦᠯᠵᠦ᠂ ᠬᠤᠵᠢᠮ ᠨᠢ ᠳᠤᠮᠳᠠᠳᠤ  ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠪᠡᠭᠡᠵᠢᠩ︶᠎ ᠲᠠᠢ ᠬᠠᠮᠲᠤᠷᠠᠨ ᠠᠵᠢᠯᠯᠠᠪᠠ᠃        ᠪᠠᠶᠢᠴᠠᠭᠠᠯᠲᠠ ᠶᠢᠨ ᠠᠩᠭᠢ ᠳ᠋ᠦᠩ ᠳ᠋ᠥᠸᠧ ᠲᠣᠰᠬᠤᠨ ᠳᠤ ᠬᠤᠶᠠᠷ ᠤᠯᠠ ᠮᠥᠷ ᠤᠨ ᠴᠢᠯᠠᠭᠤᠵᠢᠮᠠᠯ ᠢᠯᠡᠷᠡᠭᠦᠯᠪᠡ᠃ ᠡᠭᠦᠨ ᠳᠤ ᠨᠢᠭᠡ ᠬᠡᠰᠡᠭ  ᠴᠢᠯᠠᠭᠤᠵᠢᠮᠠᠯ ᠪᠣᠯ ᠵᠢᠵᠢᠭ ᠮᠥᠷᠲᠡᠭᠡᠨ ᠲᠤᠰᠠᠭᠠᠷ ᠭᠦᠷᠪᠡᠯᠯᠢᠭ ᠬᠥᠯᠲᠦ ᠠᠪᠤᠷᠭᠤ ᠭᠦᠷᠪᠡᠯ ᠤᠨ ᠤᠯᠠ ᠮᠥᠷ ᠪᠠᠶᠢᠵᠤ᠂ ᠶᠡᠭᠡ ᠪᠠᠭ᠎ᠠ ᠨᠢ 8.8 ᠰᠠᠨᠲ᠋ᠢᠮᠧᠲᠷ ᠠᠴᠠ  15.5 ᠰᠠᠨᠲ᠋ᠢᠮᠧᠲᠷ ᠲᠤ ᠬᠦᠷᠴᠦ᠂ 6᠎ ᠠᠴᠠ ᠳᠡᠭᠡᠭᠰᠢ ᠠᠪᠤᠷᠭᠤ ᠭᠦᠷᠪᠡᠯ ᠤᠨ ᠤᠯᠠ ᠮᠥᠷ ᠪᠠᠶᠢᠵᠤ ᠮᠡᠳᠡᠨ᠎ᠠ᠃        ︽ᠡᠶᠢᠮᠦ ᠵᠢᠵᠢᠭ ᠭᠦᠷᠪᠡᠯᠯᠢᠭ ᠬᠥᠯᠲᠦ ᠠᠪᠤᠷᠭᠤ ᠭᠦᠷᠪᠡᠯ ᠤᠨ ᠮᠥᠷ ᠮᠠᠰᠢ ᠬᠤᠪᠣᠷ ᠲᠣᠬᠢᠶᠠᠯᠳᠤᠳᠠᠭ︾ ᠭᠡᠵᠦ ᠰᠢᠩ ᠯᠢ ᠳ᠋ᠡ ᠬᠡᠯᠡᠵᠦ᠂ ᠺᠤᠷᠢᠶᠠ ᠶᠢᠨ  ᠴᠠᠷᠳᠠ ᠶᠢᠨ ᠭᠠᠯᠪᠠ ᠶᠢᠨ ᠭᠠᠵᠠᠷ ᠤᠨ ᠳᠠᠪᠬᠤᠷᠭ᠎ᠠ ᠳᠤ 12.2 ᠰᠠᠨᠲ᠋ᠢᠮᠧᠲᠷ ᠤᠨ ᠤᠯᠠ ᠮᠥᠷ ᠢ ᠢᠯᠡᠷᠡᠭᠦᠯᠦᠭᠰᠡᠨ ᠲᠡᠮᠳᠡᠭᠯᠡᠯ ᠲᠠᠢ ᠪᠠᠶᠢᠵᠤ᠂ ᠮᠠᠨ ᠤ ᠤᠯᠤᠰ ᠤᠨ  ᠥᠪᠥᠷ ᠮᠣᠩᠭᠤᠯ ᠤᠨ ᠴᠠᠷᠳᠠ ᠶᠢᠨ ᠭᠠᠯᠪᠠ ᠶᠢᠨ ᠡᠬᠢᠨ ᠤ ᠦᠶ᠎ᠡ ᠶᠢᠨ ᠭᠠᠵᠠᠷ ᠤᠨ ᠳᠠᠪᠬᠤᠷᠭ᠎ᠠ ᠳᠤ ᠪᠠᠰᠠ 11.5᠎ ᠠᠴᠠ 13 ᠰᠠᠨᠲ᠋ᠢᠮᠧᠲᠷ ᠤᠨ ᠤᠯᠠ ᠮᠥᠷ ᠢ  ᠢᠯᠡᠷᠡᠭᠦᠯᠵᠦ ᠥᠩᠭᠡᠷᠡᠵᠡᠢ᠂ ᠲᠣᠰ ᠤᠳᠠᠭᠠᠨ ᠤ ᠰᠢᠨ᠎ᠡ ᠢᠯᠡᠷᠡᠭᠦᠯᠦᠯᠲᠡ ᠪᠣᠯ ᠣᠳᠣᠬᠠᠨ ᠳᠤ ᠨᠢᠭᠡᠨᠲᠡ ᠢᠯᠡᠷᠡᠭᠦᠯᠦᠭᠰᠡᠨ ᠬᠠᠮᠤᠭ ᠤᠨ ᠪᠠᠭ᠎ᠠ ᠭᠦᠷᠪᠡᠯᠯᠢᠭ ᠬᠥᠯᠲᠦ ᠶᠢᠨ ᠤᠯᠠ ᠮᠥᠷ ᠪᠣᠯᠣᠨ᠎ᠠ᠂ ᠤᠯᠠ ᠮᠥᠷ ᠢ ᠦᠯᠡᠳᠡᠭᠡᠭᠴᠢ ᠶᠢᠨ ᠪᠡᠶ᠎ᠡ ᠶᠢᠨ ᠣᠷᠳᠣ ᠨᠢ ᠪᠠᠷᠤᠭ 2᠎ ᠠᠴᠠ 3 ᠮᠧᠲᠷ ᠪᠠᠶᠢᠨ᠎ᠠ ᠭᠡᠵᠦ ᠲᠠᠨᠢᠯᠴᠠᠭᠤᠯᠵᠠᠢ᠃        ᠣᠶᠢᠯᠠᠭᠠᠭᠰᠠᠨ ᠢᠶᠠᠷ᠂ ᠭᠦᠷᠪᠡᠯᠯᠢᠭ ᠬᠥᠯᠲᠦ ᠠᠪᠤᠷᠭᠤ ᠭᠦᠷᠪᠡᠯ ᠤᠨ ᠨᠠᠰᠤᠨ ᠳᠤ ᠭᠦᠷᠦᠭᠰᠡᠨ ᠦᠶ᠎ᠡ ᠪᠠ ᠨᠢᠯᠬ᠎ᠠ ᠦᠶ᠎ᠡ ᠶᠢᠨ ᠪᠡᠶ᠎ᠡ ᠶᠢᠨ ᠬᠡᠮᠵᠢᠶ᠎ᠡ ᠨᠢ  ᠮᠠᠰᠢ ᠶᠡᠭᠡ ᠵᠥᠷᠢᠶ᠎ᠡ ᠲᠠᠢ᠂ ᠬᠤᠷᠢ ᠭᠤᠴᠢᠨ ᠮᠧᠲᠷ ᠣᠷᠳᠣ ᠲᠣᠮᠣ ᠭᠦᠷᠪᠡᠯᠯᠢᠭ ᠬᠥᠯᠲᠦ ᠠᠪᠤᠷᠭᠤ ᠭᠦᠷᠪᠡᠯ ᠤᠨ ᠥᠨᠳᠡᠭᠡᠨ ᠠᠴᠠ ᠨᠡᠪᠴᠢᠵᠦ ᠭᠠᠷᠤᠭᠰᠠᠨ  ᠵᠤᠯᠵᠠᠭ᠎ᠠ ᠨᠢ ᠬᠠᠭᠠᠰ ᠮᠧᠲᠷ ᠴᠦ ᠬᠦᠷᠬᠦ ᠦᠭᠡᠢ ᠪᠠᠶᠢᠳᠠᠭ᠃ ᠨᠥᠭᠦᠭᠡ ᠨᠢᠭᠡ ᠴᠢᠯᠠᠭᠤᠵᠢᠮᠠᠯ ᠪᠣᠯ ᠠᠷᠢᠶᠠᠲᠠᠨ ᠤ ᠬᠥᠯᠲᠦ ᠠᠪᠤᠷᠭᠤ ᠭᠦᠷᠪᠡᠯ ᠤᠨ ᠳᠤᠮᠳᠠᠴᠢ ᠪᠠᠷ 42 ᠰᠠᠨᠲ᠋ᠢᠮᠧᠲᠷ ᠣᠷᠳᠣ 3 ᠤᠯᠠ ᠮᠥᠷ ᠪᠣᠯᠣᠨ᠎ᠠ᠃ ᠡᠨᠡ ᠬᠦ  ᠳᠤᠮᠳᠠ ᠭᠡᠯᠪᠡᠷᠢ ᠶᠢᠨ ᠠᠪᠤᠷᠭᠤ ᠭᠦᠷᠪᠡᠯ 6 ᠮᠧᠲᠷ ᠣᠷᠳᠣ ᠪᠠᠶᠢᠳᠠᠭ᠃        ᠡᠭᠦᠨ ᠠᠴᠠ ᠭᠠᠳᠠᠨ᠎ᠠ᠂ ᠠᠪᠤᠷᠭᠤ ᠭᠦᠷᠪᠡᠯ ᠤᠨ ᠤᠯᠠ ᠮᠥᠷ ᠤᠨ ᠴᠢᠯᠠᠭᠤᠵᠢᠮᠠᠯ ᠢ ᠢᠯᠡᠷᠡᠭᠦᠯᠦᠭᠰᠡᠨ ᠭᠠᠵᠠᠷ ᠤᠨ ᠳᠠᠪᠬᠤᠷᠭ᠎ᠠ ᠨᠢ ᠣᠲᠣ ᠠᠴᠠ 1.7  ᠳ᠋ᠦᠩᠰᠢᠭᠤᠷ ᠠᠴᠠ 1.6 ᠳ᠋ᠦᠩᠰᠢᠭᠤᠷ ᠵᠢᠯ ᠤᠨ ᠵᠠᠶᠢᠲᠠᠢ ᠪᠠᠶᠢᠨ᠎ᠠ᠃ ᠵᠠᠷᠢᠮ ᠴᠢᠯᠠᠭᠤᠵᠢᠮᠠᠯ ᠠᠴᠠ ᠦᠵᠡᠪᠡᠯ ᠠᠳᠡ ᠤᠤᠯ ᠳᠠᠭᠠᠨ ᠭᠦᠢᠬᠡᠨ ᠤᠰᠤᠨ ᠤ ᠣᠷᠴᠢᠨ  ᠪᠠᠶᠢᠵᠠᠢ᠃ ᠡᠯᠪᠡᠭ ᠪᠠᠶᠠᠯᠢᠭ ᠤᠰᠤᠨ ᠤ ᠡᠬᠢ ᠪᠠᠶᠠᠯᠢᠭ ᠨᠢ ᠠᠪᠤᠷᠭᠤ ᠭᠦᠷᠪᠡᠯ ᠢ ᠲᠠᠲᠠᠭᠰᠠᠨ ᠠᠴᠠ ᠤᠯᠠ ᠮᠥᠷ ᠤᠨ ᠴᠢᠯᠠᠭᠤᠵᠢᠮᠠᠯ ᠢ ᠦᠯᠡᠳᠡᠭᠡᠭᠰᠡᠨ ᠪᠠᠶᠢᠵᠠᠢ᠃        ︽ᠡᠳᠡᠭᠡᠷ ᠰᠢᠨ᠎ᠡ ᠢᠯᠡᠷᠡᠭᠦᠯᠦᠯᠲᠡ ᠨᠢ ᠲᠥᠪᠡᠳ ᠤᠨ ᠠᠪᠤᠷᠭᠤ ᠭᠦᠷᠪᠡᠯ ᠤᠨ ᠰᠤᠳᠤᠯᠤᠯ ᠳᠤ ᠪᠠᠰᠠ ᠮᠠᠰᠢ ᠶᠡᠭᠡ ᠣᠷᠣᠨ ᠵᠠᠢ ᠪᠠᠶᠢᠬᠤ ᠶᠢ ᠬᠠᠷᠠᠭᠤᠯᠵᠤ  ᠪᠠᠶᠢᠨ᠎ᠠ᠃ ᠰᠤᠳᠤᠯᠭᠠᠨ ᠤ ᠭᠦᠨᠵᠡᠭᠡᠶᠢᠷᠡᠬᠦ ᠶᠢ ᠳᠠᠭᠠᠯᠳᠤᠨ᠂ ᠲᠡᠭᠦᠨ ᠤ ᠰᠢᠨᠵᠢᠯᠡᠬᠦ ᠤᠬᠠᠭᠠᠨ ᠤ ᠰᠤᠳᠤᠯᠭᠠᠨ ᠪᠠ ᠰᠢᠨᠵᠢᠯᠡᠬᠦ ᠤᠬᠠᠭᠠᠨ ᠤ ᠮᠡᠳᠡᠯᠭᠡ ᠶᠢ  ᠲᠦᠭᠡᠮᠡᠯᠵᠢᠭᠦᠯᠬᠦ ᠲᠠᠯ᠎ᠠ ᠶᠢᠨ ᠥᠷᠲᠡᠭ ᠤᠯᠠᠮ ᠨᠢᠭᠡ ᠠᠯᠬᠤᠮ ᠢᠯᠡᠷᠡᠬᠦ ᠪᠣᠯᠣᠨ᠎ᠠ︾ ᠭᠡᠵᠦ ᠰᠢᠩ ᠯᠢ ᠳ᠋ᠡ ᠬᠡᠯᠡᠪᠡ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ