2024 ᠣᠨ ᠳᠤ ᠮᠠᠨ ᠤ ᠣᠷᠣᠨ ᠤ ᠬᠠᠭᠤᠴᠢ ᠰᠤᠳᠤᠯᠤᠯ ᠤᠨ ᠠᠵᠢᠯ ᠴᠢᠬᠤᠯᠠ ᠠᠮᠵᠢᠯᠲᠠ ᠣᠯᠪᠠ
ᠨᠡᠶᠢᠲᠡᠯᠡᠭᠰᠡᠨ ᠴᠠᠭ᠄
2025/2/12
       2024 ᠣᠨ ᠳᠤ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠬᠦᠷᠢᠶᠡᠯᠡᠩ ᠰᠠᠨᠠᠭᠠᠴᠢᠯᠠᠭᠠᠲᠤ  ᠬᠠᠭᠤᠴᠢ ᠰᠤᠳᠤᠯᠤᠯ ᠤᠨ ᠠᠭᠤᠳᠠᠯᠤᠨ ᠮᠠᠯᠲᠠᠯᠲᠠ 10 ᠲᠦᠷᠦᠯ ᠵᠦᠢᠯ᠂ ᠪᠠᠴᠢᠮ ᠬᠠᠮᠠᠭᠠᠯᠠᠬᠤ ᠴᠢᠨᠠᠷᠲᠠᠢ ᠬᠠᠭᠤᠴᠢ ᠰᠤᠳᠤᠯᠤᠯ ᠤᠨ ᠠᠭᠤᠳᠠᠯᠤᠨ ᠮᠠᠯᠲᠠᠯᠲᠠ 8  ᠲᠦᠷᠦᠯ ᠵᠦᠢᠯ ᠢ ᠪᠡᠶᠡᠯᠡᠭᠦᠯᠵᠦ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠠᠭᠤᠴᠢ ᠰᠤᠳᠤᠯᠤᠯ ᠤᠨ ᠠᠭᠤᠳᠠᠯᠤᠨ ᠮᠠᠯᠲᠠᠯᠲᠠ ᠶᠢᠨ 16 ᠲᠦᠷᠦᠯ ᠵᠦᠢᠯ ᠳᠤ  ᠬᠠᠮᠵᠢᠯᠴᠠᠨ᠂ ᠡᠯ᠎ᠡ ᠵᠦᠢᠯ ᠤᠨ ᠠᠵᠢᠯ ᠢᠶᠠᠨ ᠢᠯᠭᠤᠮ ᠤᠷᠤᠭᠰᠢᠲᠠᠢ ᠪᠡᠶᠡᠯᠡᠭᠦᠯᠪᠡ᠃        2024 ᠣᠨ ᠳᠤ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠬᠦᠷᠢᠶᠡᠯᠡᠩ ᠤᠨ ᠥᠷᠨᠢᠭᠦᠯᠦᠭᠰᠡᠨ  ᠬᠠᠭᠤᠴᠢ ᠰᠤᠳᠤᠯᠤᠯ ᠤᠨ ᠠᠭᠤᠳᠠᠯᠤᠨ ᠮᠠᠯᠲᠠᠯᠲᠠ ᠳᠤ ᠾᠧᠦ ᠴᠧᠩ ᠽᠦᠢ ᠠᠴᠠ ᠢᠯᠡᠷᠡᠭᠦᠯᠦᠭᠰᠡᠨ ᠯᠦᠩ ᠱᠠᠨ ᠤ ᠦᠶ᠎ᠡ ᠶᠢᠨ ᠴᠢᠯᠠᠭᠤᠨ ᠬᠤᠳᠠ᠂ ᠶᠤᠸᠠᠨ ᠪᠦᠦ  ᠱᠠᠨ ᠠᠴᠠ ᠢᠯᠡᠷᠡᠭᠦᠯᠦᠭᠰᠡᠨ ᠬᠤᠩᠱᠠᠨ ᠤ ᠰᠣᠶᠣᠯ ᠤᠨ ᠴᠢᠯᠠᠭᠤᠨ ᠪᠤᠯᠠᠰᠢ᠂ ᠶᠦᠨ ᠵᠢᠶᠠ ᠯᠢᠶᠠᠩ ᠠᠴᠠ ᠢᠯᠡᠷᠡᠭᠦᠯᠦᠭᠰᠡᠨ ᠶᠠᠩ ᠱᠤᠤ ᠶᠢᠨ ᠳᠤᠮᠳᠠ  ᠬᠤᠭᠤᠴᠠᠭᠠᠨ ᠤ ᠲᠣᠭᠤᠷᠢᠯ ᠭᠤᠤ ᠶᠢᠨ ᠪᠠᠭᠤᠷᠢ᠂ ᠡᠯ ᠴᠠᠩ ᠴᠢᠦᠢ ᠶᠢᠨ ᠰᠦᠩ ᠤᠯᠤᠰ ᠤᠨ ᠦᠶ᠎ᠡ ᠶᠢᠨ ᠤᠩᠭᠤᠨ ᠤ ᠰᠦᠷᠦᠭᠵᠢᠯ ᠵᠡᠷᠭᠡ ᠤᠯᠠᠨ ᠵᠦᠢᠯ ᠤᠨ  ᠬᠠᠭᠤᠴᠢ ᠰᠤᠳᠤᠯᠤᠯ ᠤᠨ ᠠᠵᠢᠯ ᠳᠤ ᠴᠢᠬᠤᠯᠠ ᠠᠮᠵᠢᠯᠲᠠ ᠣᠯᠵᠠᠢ᠃ ᠡᠲᠡᠭᠡᠷ ᠪᠠᠭᠤᠷᠢ ᠶᠢ ᠢᠯᠡᠷᠡᠭᠦᠯᠦᠭᠰᠡᠨ ᠦᠷ᠎ᠡ ᠪᠦᠲᠦᠭᠡᠯ ᠨᠢ ᠳᠤᠮᠳᠠᠳᠤ ᠶᠢᠨ ᠦᠨᠳᠦᠰᠦᠲᠡᠨ᠋ ᠤ ᠬᠠᠮᠲᠤ ᠶᠢᠨ ᠴᠣᠭᠴᠠ ᠶᠢᠨ ᠪᠦᠷᠢᠯᠳᠦᠭᠰᠡᠨ ᠲᠡᠦᠬᠡᠨ ᠶᠠᠪᠤᠴᠠ ᠶᠢ ᠠᠮᠢᠳᠤᠯᠢᠭ ᠢᠶᠠᠷ ᠳᠡᠯᠭᠡᠨ ᠦᠵᠡᠭᠦᠯᠵᠦ᠂ ᠬᠤᠩᠱᠠᠨ ᠰᠣᠶᠣᠯ ᠢᠶᠠᠷ ᠲᠥᠯᠥᠭᠡᠯᠡᠭᠦᠯᠦᠭᠰᠡᠨ  ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠤ ᠣᠯᠠᠨ ᠡᠰᠢᠲᠦ ᠨᠢᠭᠡ ᠴᠣᠭᠴᠠᠵᠢᠭᠰᠠᠨ ᠳᠤᠮᠳᠠᠳᠤ ᠶᠢᠨ ᠪᠣᠯᠪᠠᠰᠤᠨ ᠳᠠᠬᠢ ᠴᠢᠬᠤᠯᠠ ᠪᠠᠶᠢᠷᠢ ᠰᠠᠭᠤᠷᠢ ᠶᠢ  ᠢᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠭᠦᠨ ᠵᠤᠵᠠᠭᠠᠨ ᠲᠡᠦᠬᠡ ᠰᠣᠶᠣᠯ ᠤᠨ ᠠᠭᠤᠯᠤᠭᠳᠠᠬᠤᠨ ᠢ ᠠᠭᠤᠳᠠᠯᠤᠨ᠂ ᠮᠠᠨ ᠤ ᠣᠷᠣᠨ ᠤ ᠲᠡᠦᠬᠡ ᠶᠢᠨ  ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠪᠣᠯᠣᠨ ᠰᠣᠶᠣᠯ ᠤᠨ ᠥᠪ ᠲᠤ ᠰᠢᠨ᠎ᠡ ᠠᠭᠤᠯᠭ᠎ᠠ ᠨᠡᠮᠡᠷᠢᠯᠡᠪᠡ᠃        2024 ᠣᠨ ᠤ 4 ᠰᠠᠷ᠎ᠠ ᠶᠢᠨ 27᠎ ᠤ ᠡᠳᠦᠷ ᠠᠴᠠ ᠡᠬᠢᠯᠡᠨ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ  ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠲᠡᠨ ᠤ ᠰᠡᠭᠡᠷᠲᠡᠨ ᠠᠮᠢᠲᠠᠨ ᠬᠢᠭᠡᠳ  ᠡᠷᠲᠡᠨ ᠤ ᠬᠥᠮᠥᠨ ᠲᠥᠷᠥᠯᠬᠢᠲᠡᠨ ᠤ ᠰᠤᠳᠤᠯᠭᠠᠨ ᠤ ᠭᠠᠵᠠᠷ᠂ ᠪᠡᠭᠡᠵᠢᠩ ᠶᠡᠭᠡ ᠰᠤᠷᠭᠠᠭᠤᠯᠢ᠂ ᠭᠢᠷᠢᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠠᠷᠠᠳ ᠤᠨ  ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠠ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠨᠠᠷ ᠰᠦᠯᠵᠢᠶᠡᠨ  ᠳᠡᠭᠡᠷ᠎ᠡ ᠪᠠ ᠲᠤᠬᠠᠢ ᠶᠢᠨ ᠲᠠᠯᠠᠪᠠᠢ ᠶᠢ ᠤᠶᠠᠯᠳᠤᠭᠤᠯᠤᠭᠰᠠᠨ ᠭᠡᠯᠪᠡᠷᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ  ᠵᠦᠢᠯᠡᠰ ᠬᠠᠭᠤᠴᠢ ᠰᠤᠳᠤᠯᠤᠯ ᠤᠨ ᠬᠦᠷᠢᠶᠡᠯᠡᠩ ᠤᠨ 2024 ᠣᠨ ᠳᠤ ᠥᠷᠨᠢᠭᠦᠯᠦᠭᠰᠡᠨ 34 ᠵᠦᠢᠯ ᠤᠨ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ  ᠲᠥᠷᠥᠯ ᠵᠦᠢᠯ ᠢ ᠤᠷᠢᠳ ᠬᠤᠵᠢᠳ ᠰᠢᠯᠭᠠᠨ ᠪᠠᠶᠢᠴᠠᠭᠠᠵᠠᠢ᠃ ᠲᠤᠰᠬᠠᠢ ᠮᠡᠷᠭᠡᠵᠢᠯᠲᠡᠨ ᠤ ᠳᠤᠭᠤᠶᠢᠯᠠᠩ ᠬᠠᠭᠤᠴᠢ ᠰᠤᠳᠤᠯᠤᠯ ᠤᠨ ᠠᠭᠤᠳᠠᠯᠤᠨ ᠮᠠᠯᠲᠠᠭᠰᠠᠨ  ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠭᠤᠳᠠᠯᠤᠨ ᠮᠠᠯᠲᠠᠭᠰᠠᠨ ᠲᠤᠬᠠᠢ ᠶᠢᠨ ᠲᠠᠯᠠᠪᠠᠶ᠂ ᠣᠯᠳᠠᠭᠰᠠᠨ ᠪᠣᠳᠠᠰ ᠵᠢᠴᠢ ᠥᠯᠢᠭᠡᠷ ᠬᠡᠪ ᠢ  ᠳᠡᠩᠰᠡᠯᠡᠨ ᠬᠠᠮᠢᠶᠠᠷᠴᠤ ᠪᠠᠶᠢᠭ᠎ᠠ ᠪᠠᠶᠢᠳᠠᠯ᠂ ᠠᠭᠤᠳᠠᠯᠤᠨ ᠮᠠᠯᠲᠠᠭᠰᠠᠨ ᠮᠠᠲ᠋ᠧᠷᠢᠶᠠᠯ ᠤᠨ ᠲᠡᠮᠳᠡᠭᠯᠡᠯ ᠵᠡᠷᠭᠡ ᠲᠠᠯ᠎ᠠ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠦ᠂  ︽ᠬᠠᠭᠤᠴᠢ ᠰᠤᠳᠤᠯᠤᠯ ᠤᠨ ᠠᠭᠤᠳᠠᠯᠤᠨ ᠮᠠᠯᠲᠠᠬᠤ ᠲᠥᠷᠥᠯ ᠵᠦᠢᠯ ᠢ ᠪᠠᠶᠢᠴᠠᠭᠠᠵᠤ ᠦᠨᠡᠯᠡᠬᠦ ᠬᠦᠰᠦᠨᠦᠭᠲᠦ︾᠎ ᠶᠢᠨ ᠡᠯ᠎ᠡ ᠵᠦᠢᠯ ᠤᠨ ᠠᠭᠤᠯᠭ᠎ᠠ ᠲᠠᠢ  ᠬᠠᠷᠭᠤᠭᠤᠯᠵᠤ᠂ ᠪᠦᠭᠦ ᠲᠠᠯ᠎ᠠ ᠪᠠᠷ ᠨᠠᠷᠢᠨ ᠨᠢᠮᠪᠠᠢ ᠪᠠᠶᠢᠴᠠᠭᠠᠵᠤ ᠬᠢᠨᠠᠨ ᠲᠣᠭᠲᠠᠭᠠᠬᠤ ᠳᠤ ᠲᠤᠰ ᠬᠦᠷᠢᠶᠡᠯᠡᠩ ᠤᠨ 2024 ᠣᠨ ᠳᠤ ᠬᠢᠭᠰᠡᠨ ᠪᠤᠢ ᠪᠦᠬᠦᠢ  ᠬᠠᠭᠤᠴᠢ ᠰᠤᠳᠤᠯᠤᠯ ᠤᠨ ᠠᠭᠤᠳᠠᠯᠤᠨ ᠮᠠᠯᠲᠠᠬᠤ ᠲᠥᠷᠥᠯ ᠵᠦᠢᠯ ᠨᠢ ᠪᠦᠷ ᠬᠢᠷᠢ ᠲᠡᠩᠴᠡᠵᠡᠢ᠃          
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ