ᠪᠠᠳᠺᠠᠷ ᠰᠦᠮ᠎ᠡ ᠶᠢᠨ 60 ᠰᠣᠳᠣᠨ ᠲᠡᠦᠬᠡ ᠶᠢᠨ ᠳᠤᠷᠠᠰᠬᠠᠯᠲᠤ ᠵᠦᠢᠯᠡᠰ ︽ᠲᠠᠭᠢᠨ ᠠᠮᠢᠯᠠᠪᠠ︾
ᠨᠡᠶᠢᠲᠡᠯᠡᠭᠰᠡᠨ ᠴᠠᠭ᠄
2025/2/12
       ᠡᠨᠡ ᠵᠢᠯ ᠪᠤᠭᠤᠲᠤ ᠬᠤᠳᠠ ᠶᠢᠨ ᠪᠠᠳᠺᠠᠷ ᠰᠦᠮ᠎ᠡ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠪᠡᠭᠡᠵᠢᠩ ᠤᠨ ᠭᠦᠸᠧ ᠸᠧᠨ ᠳ᠋ᠠᠨ ᠲᠡᠦᠬᠡ ᠶᠢᠨ  ᠳᠤᠷᠠᠰᠬᠠᠯᠲᠤ ᠵᠦᠢᠯᠡᠰ ᠢ ᠬᠠᠮᠠᠭᠠᠯᠠᠨ ᠬᠥᠭᠵᠢᠭᠦᠯᠬᠦ ᠬᠢᠵᠠᠭᠠᠷᠲᠤ ᠺᠤᠮᠫᠠᠨᠢ ᠳᠤ ᠨᠠᠶᠢᠳᠠᠨ ᠭᠦᠢᠴᠡᠳᠬᠡᠯᠭᠡᠭᠰᠡᠨ ᠰᠣᠳᠣᠨ ᠲᠡᠦᠬᠡ ᠶᠢᠨ ᠳᠤᠷᠠᠰᠬᠠᠯᠲᠤ ᠵᠦᠢᠯᠡᠰ ᠢ  ᠰᠡᠯᠪᠢᠨ ᠵᠠᠰᠠᠵᠤ ᠬᠠᠮᠠᠭᠠᠯᠠᠬᠤ ᠠᠵᠢᠯ 2024 ᠣᠨ ᠤ 12 ᠰᠠᠷ᠎ᠠ ᠶᠢᠨ ᠳᠤᠮᠳᠠᠴᠢ ᠪᠠᠷ ᠬᠢᠨᠠᠨ ᠰᠢᠯᠭᠠᠯᠲᠠ ᠶᠢ ᠠᠮᠵᠢᠯᠲᠠ ᠲᠠᠢ ᠥᠩᠭᠡᠷᠡᠭᠡᠵᠦ᠂ ᠪᠡᠳᠺᠡᠷ ᠰᠦᠮ᠎ᠡ ᠶᠢᠨ 60 ᠰᠣᠳᠣᠨ ᠲᠡᠦᠬᠡ ᠶᠢᠨ ᠳᠤᠷᠠᠰᠬᠠᠯᠲᠤ ᠵᠦᠢᠯᠡᠰ ︽ᠲᠠᠭᠢᠨ ᠠᠮᠢᠯᠠᠭᠰᠠᠨ︾ ᠪᠠᠶᠢᠨ᠎ᠠ᠃        ᠪᠠᠳᠺᠠᠷ ᠰᠦᠮ᠎ᠡ ᠮᠤᠨᠠ ᠠᠭᠤᠯᠠ ᠶᠢᠨ ᠭᠦᠨ ᠬᠥᠪᠴᠢ ᠳᠤ ᠪᠤᠭᠤᠲᠤ ᠬᠤᠳᠠ ᠶᠢᠨ ᠰᠢᠭᠤᠶᠢᠲᠤ ᠲᠣᠭᠤᠷᠢᠭ ᠤᠨ ᠵᠢᠪᠬᠤᠯᠠᠩᠲᠤ ᠰᠤᠮᠤᠨ ᠤ ᠨᠤᠲᠤᠭ ᠲᠤ  ᠣᠷᠣᠰᠢᠵᠤ᠂ ᠥᠪᠥᠷ ᠮᠣᠩᠭᠤᠯ ᠣᠷᠣᠨ ᠤ ᠲᠥᠪᠡᠳ ᠠᠴᠠ ᠤᠯᠠᠮᠵᠢᠯᠠᠭᠳᠠᠭᠰᠠᠨ ᠪᠤᠷᠬᠠᠨ ᠱᠠᠰᠢᠨ ᠤ ᠨᠠᠷᠠᠲᠠᠢ ᠰᠦᠮ᠎ᠡ ᠬᠡᠶᠢᠳ ᠤᠨ ᠨᠢᠭᠡ ᠪᠣᠯᠣᠨ᠎ᠠ᠃ ᠮᠥᠨ ᠴᠤ  ᠲᠡᠦᠬᠡᠨ ᠠᠴᠠ ᠠᠪᠤᠭᠠᠳ ᠲᠤᠮᠳᠠᠳᠤ ᠭᠠᠳᠠᠭᠠᠳᠤ ᠶᠢᠨ ᠡᠷᠳᠡᠮᠲᠡᠨ ᠮᠡᠷᠭᠡᠳ ᠬᠢᠭᠡᠳ ᠵᠢᠭᠤᠯᠴᠢᠯᠠᠬᠰᠠᠳ ᠤᠨ ᠠᠩᠬᠠᠷᠤᠯ ᠢ ᠲᠠᠲᠠᠭᠰᠠᠨ ᠭᠠᠵᠠᠷ ᠤᠨ ᠨᠢᠭᠡ ᠪᠣᠯᠣᠨ᠎ᠠ᠃  ᠲᠤᠰ ᠰᠦᠮ᠎ᠡ ᠪᠦᠭᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠶᠢᠵᠤ᠂ ᠬᠤᠷᠢᠶᠠᠨ ᠬᠠᠳᠠᠭᠠᠯᠠᠵᠤ  ᠪᠠᠶᠢᠭ᠎ᠠ ᠴᠢᠩ ᠤᠯᠤᠰ ᠤᠨ ᠦᠶ᠎ᠡ ᠶᠢᠨ ᠬᠠᠨ᠎ᠠ ᠶᠢᠨ ᠵᠢᠷᠤᠭ᠂ ᠪᠤᠷᠬᠠᠨ ᠤ ᠭᠦᠷᠦᠭ᠂ ᠲᠠᠩᠺᠠ᠂ ᠮᠠᠨᠳᠠᠯ᠂ ᠱᠠᠭᠠᠵᠠᠩ ᠡᠳ᠋ᠯᠡᠯ ᠵᠢᠴᠢ ᠲᠡᠦᠬᠡᠨ ᠳᠡᠭᠡᠷᠡᠬᠢ ᠠᠮᠢᠳᠤᠷᠠᠯ ᠤᠨ  ᠪᠠᠶᠢᠩᠭᠤ ᠬᠡᠷᠡᠭᠯᠡᠭᠡᠨ ᠤ ᠪᠠᠭᠠᠵᠢ ᠬᠡᠷᠡᠭᠰᠡᠯ ᠤᠨ ᠲᠤᠭ᠎ᠠ ᠲᠦᠷᠤᠯ ᠨᠢ ᠤᠯᠠᠨ ᠪᠠᠶᠢᠬᠤ ᠪᠠᠷ ᠪᠠᠷᠠᠬᠤ ᠦᠭᠡᠢ᠂ ᠬᠢᠴᠡ ᠤᠷᠠᠯᠠᠯ ᠨᠢ ᠴᠤ ᠨᠠᠷᠢᠯᠢᠭ ᠬᠡᠭᠡᠨᠴᠢᠷ ᠪᠠᠶᠢᠵᠤ᠂  ᠲᠤᠩ ᠥᠨᠳᠥᠷ ᠲᠡᠦᠬᠡ ᠰᠣᠶᠣᠯ ᠪᠣᠯᠣᠨ ᠤᠷᠠᠯᠢᠭ ᠤᠨ ᠰᠤᠳᠤᠯᠭᠠᠨ ᠤ ᠦᠨ᠎ᠡ ᠦᠷᠳᠡᠭ ᠲᠠᠢ᠃        ᠤᠳᠤ ᠪᠡᠳᠺᠡᠷ ᠰᠦᠮ᠎ᠡ ᠶᠢᠨ ᠬᠡᠰᠡᠭ ᠲᠡᠦᠬᠡ ᠶᠢᠨ ᠳᠤᠷᠠᠰᠬᠠᠯᠲᠤ ᠵᠦᠢᠯ ᠵᠢᠪᠡᠷᠡᠵᠦ᠂ ᠭᠡᠯᠪᠡᠷᠢ ᠳᠦᠷᠰᠦ ᠨᠢ ᠬᠤᠪᠢᠷᠠᠭᠰᠠᠨ᠂ ᠪᠤᠳᠤᠭ ᠰᠢᠷ ᠨᠢ  ᠬᠤᠪᠬᠤᠷᠠᠵᠤ ᠤᠨᠠᠭᠰᠠᠨ ᠵᠢᠴᠢ ᠴᠤᠭᠤᠷᠠᠵᠤ ᠡᠮᠲᠡᠷᠡᠭᠰᠡᠨ ᠵᠡᠷᠭᠡ ᠪᠠᠶᠢᠳᠠᠯ ᠢᠯᠡᠷᠡᠭᠰᠡᠨ ᠪᠠᠶᠢᠨ᠎ᠠ᠃ 2024 ᠣᠨ ᠤ 8 ᠰᠠᠷ᠎ᠠ ᠳᠤ ᠪᠤᠭᠤᠲᠤ ᠬᠤᠳᠠ ᠶᠢᠨ ᠪᠡᠳᠺᠡᠷ  ᠰᠦᠮ᠎ᠡ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠪᠡᠭᠡᠵᠢᠩ ᠤᠨ ᠭᠦᠸᠧ ᠸᠧᠨ ᠳ᠋ᠠᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠨ ᠬᠥᠭᠵᠢᠭᠦᠯᠬᠦ  ᠬᠢᠵᠠᠭᠠᠷᠲᠤ ᠺᠤᠮᠫᠠᠨᠢ ᠳᠤ ᠪᠡᠳᠺᠡᠷ ᠰᠦᠮ᠎ᠡ ᠶᠢᠨ ᠵᠡᠰ ᠰᠤᠪᠤᠷᠭ᠎ᠠ᠂ ᠪᠦᠷᠢᠶ᠎ᠡ᠂ ᠮᠠᠨᠳᠠᠯ᠂ ᠲᠠᠭᠢᠯ ᠤᠨ ᠠᠶᠠᠭ᠎ᠠ ᠵᠡᠷᠭᠡ 60 ᠲᠡᠦᠬᠡ ᠶᠢᠨ ᠳᠤᠷᠠᠰᠬᠠᠯᠲᠤ ᠵᠦᠢᠯ ᠢ ᠵᠠᠰᠠᠨ  ᠰᠡᠯᠪᠢᠵᠦ ᠬᠠᠮᠠᠭᠠᠯᠠᠬᠤ ᠠᠵᠢᠯ ᠢ ᠨᠠᠶᠢᠳᠠᠵᠠᠢ᠃ ᠢᠩᠭᠢᠭᠡᠳ ᠮᠡᠷᠭᠡᠵᠢᠯ ᠤᠨ ᠪᠦᠯᠭᠦᠮ ᠤᠤᠯ ᠳᠦᠷᠰᠦ ᠶᠢ ᠨᠢ ᠰᠡᠷᠭᠦᠭᠡᠬᠦ᠂ ᠠᠷᠢᠭᠤᠳᠬᠠᠨ ᠴᠡᠪᠡᠷᠯᠡᠬᠦ᠂ ᠵᠠᠰᠠᠨ ᠰᠡᠯᠪᠢᠬᠦ  ᠵᠡᠷᠭᠡ ᠭᠡᠯᠪᠡᠷᠢ ᠪᠠᠷ ᠬᠤᠶᠠᠷ ᠰᠠᠷ᠎ᠠ ᠶᠠᠭᠠᠷᠠᠯᠲᠠᠢ ᠠᠵᠢᠯᠯᠠᠬᠤ ᠪᠠᠷ ᠲᠠᠮᠵᠢᠨ᠂ 9 ᠰᠠᠷ᠎ᠠ ᠶᠢᠨ ᠰᠡᠭᠦᠯᠴᠢ ᠪᠠᠷ ᠵᠠᠰᠠᠨ ᠰᠡᠯᠪᠢᠬᠦ ᠠᠵᠢᠯ ᠢ ᠳᠠᠭᠤᠰᠬᠠᠵᠤ᠂ ᠬᠢᠨᠠᠨ  ᠰᠢᠯᠭᠠᠯᠲᠠ ᠳᠤᠮᠳᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠥᠨᠳᠥᠷ ᠦᠨᠡᠯᠡᠯᠲᠡ ᠶᠢ ᠣᠯᠣᠭᠰᠠᠨ ᠪᠠᠶᠢᠨ᠎ᠠ᠃        ᠲᠤᠰ ᠤᠳᠠᠭᠠᠨ ᠤ ᠰᠢᠨ᠎ᠡ ᠪᠠᠷ ᠵᠠᠰᠠᠨ ᠰᠡᠯᠪᠢᠬᠦ ᠠᠵᠢᠯ ᠳᠤᠮᠳᠠ ᠴᠢᠩ ᠤᠯᠤᠰ ᠤᠨ ᠦᠶ᠎ᠡ ᠶᠢᠨ ᠠᠯᠳᠠ ᠪᠠᠷ ᠥᠩᠭᠡᠯᠡᠭᠰᠡᠨ ᠲᠥᠪᠡᠳ ᠮᠠᠶ᠋ᠢᠭ ᠤᠨ  ᠰᠤᠪᠤᠷᠭ᠎ᠠ ᠬᠥᠮᠥᠨ ᠤ ᠠᠩᠬᠠᠷᠤᠯ ᠢ ᠬᠠᠮᠤᠭ ᠠᠴᠠ ᠲᠠᠲᠠᠵᠠᠢ᠃ ᠲᠤᠰ ᠰᠤᠪᠤᠷᠭ᠎ᠠ ᠶᠢᠨ ᠣᠷᠣᠢ ᠶᠢᠨ ᠬᠡᠰᠡᠭ ᠨᠢ ᠠᠯᠠᠭ᠎ᠠ ᠪᠣᠯᠵᠤ᠂ ᠰᠤᠪᠤᠷᠭᠠᠨ ᠪᠡᠶ᠎ᠡ᠂ ᠰᠤᠪᠤᠷᠭᠠᠨ  ᠰᠠᠭᠤᠳᠠᠯ ᠵᠡᠷᠭᠡ ᠨᠢ ᠴᠤ ᠡᠯᠡᠭᠳᠡᠵᠦ ᠡᠮᠲᠡᠷᠡᠭᠰᠡᠨ ᠪᠠᠶᠢᠨ᠎ᠠ᠃ ᠮᠡᠷᠭᠡᠵᠢᠯᠲᠡᠳ ᠪᠤᠰᠤᠳ ᠰᠦᠮ᠎ᠡ ᠳᠤ ᠬᠠᠳᠠᠭᠠᠯᠠᠭᠳᠠᠵᠤ ᠪᠠᠶᠢᠭ᠎ᠠ ᠠᠳᠠᠯᠢ ᠲᠦᠷᠤᠯ ᠤᠨ ᠲᠡᠦᠬᠡ ᠶᠢᠨ  ᠳᠤᠷᠠᠰᠬᠠᠯᠲᠤ ᠵᠦᠢᠯ ᠲᠠᠢ ᠬᠠᠷᠢᠴᠠᠭᠤᠯᠤᠭᠰᠠᠨ ᠰᠠᠭᠤᠷᠢᠨ ᠳᠡᠭᠡᠷ᠎ᠡ  ᠴᠡᠪᠡᠷᠯᠡᠬᠦ᠂ ᠵᠢᠪᠡ ᠶᠢ ᠨᠢ ᠠᠷᠢᠯᠭᠠᠬᠤ᠂ ᠡᠪᠳᠡᠷᠡᠵᠦ ᠬᠤᠪᠬᠤᠷᠠᠭᠰᠠᠨ ᠢ ᠨᠢ ᠨᠥᠬᠦᠬᠦ ᠵᠡᠷᠭᠡ  ᠤᠯᠠᠨ ᠠᠯᠬᠤᠮ ᠢᠶᠠᠷ ᠲᠠᠮᠵᠢᠨ᠂ ᠨᠠᠷᠢᠯᠢᠭ ᠵᠠᠰᠠᠵᠤ ᠨᠢᠮᠪᠠᠢ ᠰᠡᠯᠪᠢᠨ᠂ ᠲᠤᠰ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠳᠦᠷᠰᠦ ᠶᠢ ᠰᠡᠷᠭᠦᠭᠡᠭᠰᠡᠨ ᠪᠠᠶᠢᠨ᠎ᠠ᠃        ᠣᠶᠢᠯᠠᠭᠠᠭᠰᠠᠨ ᠢᠶᠠᠷ᠂ ᠲᠤᠰ ᠤᠳᠠᠭᠠᠨ ᠤ ᠵᠠᠰᠠᠨ ᠰᠡᠯᠪᠢᠵᠦ ᠬᠠᠮᠠᠭᠠᠯᠠᠬᠤ ᠠᠵᠢᠯ ᠪᠣᠯ ᠪᠡᠳᠺᠡᠷ ᠰᠦᠮ᠎ᠡ ᠶᠢᠨ 60 ᠰᠣᠳᠣᠨ ᠲᠡᠦᠬᠡ ᠶᠢᠨ ᠳᠤᠷᠠᠰᠬᠠᠯᠲᠤ  ᠵᠦᠢᠯ ᠤᠨ ᠬᠤᠶᠠᠳᠤᠭᠠᠷ ᠬᠤᠭᠤᠴᠠᠭᠠᠨ ᠤ ᠬᠥᠳᠡᠯᠵᠦ ᠪᠤᠯᠬᠤ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠨ ᠰᠡᠷᠭᠦᠭᠡᠬᠦ ᠢᠨᠵᠧᠨᠧᠷᠢᠩ ᠪᠣᠯᠣᠨ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ