| | | 2 ᠰᠠᠷ᠎ᠠ ᠶᠢᠨ 7 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠷᠪᠢᠨ ᠳᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ | ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠳᠡᠯᠡᠬᠡᠢ ᠶᠢᠨ ᠣᠯᠢᠮᠫᠢᠺ ᠤᠨ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠪᠠᠾᠧ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠢᠩ ᠬᠠᠢ ᠲᠣᠣ ᠰᠡᠭᠦᠳᠡᠷᠯᠡᠪᠡ | ᠰᠢᠨᠬᠤᠸᠠ ᠬᠤᠷᠢᠶ᠎ᠠ ᠶᠢᠨ ᠬᠠᠷᠪᠢᠨ ᠤ 2 ᠰᠠᠷ᠎ᠠ ᠶᠢᠨ 7 ᠤ ᠴᠠᠭᠢᠯᠭᠠᠨ ᠮᠡᠳᠡᠭᠡ 2 ᠰᠠᠷ᠎ᠠ ᠶᠢᠨ 7 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠬᠠᠷᠪᠢᠨ ᠳᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ | ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠪᠠᠾᠧ ᠲᠠᠢ | ᠠᠭᠤᠯᠵᠠᠪᠠ᠃ | ᠰᠢ ᠶᠢᠨ ᠫᠢᠩ᠂ ᠣᠶᠢᠷ᠎ᠠ ᠶᠢᠨ ᠵᠢᠯ ᠠᠴᠠ ᠳᠤᠮᠳᠠᠳᠤ ᠤᠯᠤᠰ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠴᠧᠩᠳᠦ᠋ ᠶᠢᠨ | ᠣᠶᠤᠲᠠᠳ ᠤᠨ ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠦ᠂ ᠡᠨᠡ ᠣᠷᠣᠢ | ᠬᠠᠷᠪᠢᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠤᠭᠲᠤᠬᠤ ᠪᠣᠯᠣᠨ᠎ᠠ᠃ ᠡᠳᠡᠭᠡᠷ ᠴᠢᠬᠤᠯᠠ ᠶᠡᠭᠡ ᠪᠡᠶ᠎ᠡ ᠶᠢᠨ ᠲᠠᠮᠢᠷ ᠤᠨ | ᠤᠷᠤᠯᠳᠤᠭᠠᠨ ᠨᠢ ᠴᠥᠮ ᠳᠤᠮᠳᠠᠳᠤ ᠤᠯᠤᠰ ᠪᠣᠯᠣᠨ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ ᠨᠢᠭᠲᠠ ᠬᠠᠮᠲᠤᠷᠠᠯᠴᠠᠭ᠎ᠠ ᠶᠢ | ᠬᠠᠷᠠᠭᠤᠯᠵᠤ ᠪᠠᠶᠢᠨ᠎ᠠ᠃ ᠣᠯᠢᠮᠫᠢᠺ ᠤᠨ ᠵᠣᠷᠢᠭ ᠰᠠᠨᠠᠭ᠎ᠠ ᠪᠣᠯ ᠬᠥᠮᠥᠨ ᠲᠥᠷᠥᠯᠬᠢᠲᠡᠨ ᠤ ᠪᠣᠯᠪᠠᠰᠤᠨ ᠤ ᠴᠢᠬᠤᠯᠠ ᠪᠦᠷᠢᠯᠳᠦᠭᠦᠨ ᠬᠡᠰᠡᠭ ᠮᠥᠨ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠠᠷᠠᠯᠲᠠ ᠪᠣᠯᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤᠮᠳᠠᠳᠤ | ᠤᠯᠤᠰ ᠤᠨ ᠬᠦᠰᠡᠯ ᠡᠷᠡᠮᠡᠯᠵᠡᠯ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠳᠤᠮᠳᠠᠳᠤ ᠤᠯᠤᠰ ᠣᠯᠢᠮᠫᠢᠺ ᠤᠨ ᠵᠣᠷᠢᠭ ᠰᠠᠨᠠᠭ᠎ᠠ ᠶᠢ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠪᠡᠶ᠎ᠡ ᠶᠢᠨ ᠲᠠᠮᠢᠷ ᠤᠨ ᠦᠢᠯᠡᠰ ᠢ ᠶᠡᠭᠡ ᠪᠠᠷ ᠬᠥᠭᠵᠢᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ | ᠤᠯᠤᠰ᠂ ᠡᠷᠡᠭᠦᠯ ᠡᠩᠬᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠲᠡᠶᠢᠰᠢ ᠤᠷᠤᠭᠰᠢᠯᠠᠵᠤ᠂ ᠯᠠᠪᠲᠠᠢ ᠳᠡᠯᠡᠬᠡᠢ ᠶᠢᠨ ᠪᠡᠶ᠎ᠡ ᠶᠢᠨ ᠲᠠᠮᠢᠷ ᠤᠨ | ᠦᠢᠯᠡᠰ ᠲᠤ ᠲᠠᠰᠤᠷᠠᠯᠲᠠ ᠦᠭᠡᠢ ᠰᠢᠨ᠎ᠡ ᠬᠤᠪᠢ ᠨᠡᠮᠡᠷᠢ ᠦᠵᠡᠭᠦᠯᠭᠦ ᠪᠣᠯᠣᠨ᠎ᠠ᠃ ᠪᠢᠳᠡ ᠳᠤᠷᠠᠲᠠᠶ᠎ᠠ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠵᠥᠪᠯᠡᠯ ᠲᠠᠢ ᠬᠠᠮᠲᠤ ᠪᠠᠷ ᠣᠯᠢᠮᠫᠢᠺ ᠤᠨ ᠬᠥᠳᠡᠯᠭᠡᠭᠡᠨ ᠤ ᠥᠷᠨᠢᠩᠭᠦᠢ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | | | | | 2 ᠰᠠᠷ᠎ᠠ ᠶᠢᠨ 7 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠷᠪᠢᠨ ᠳᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ | ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠳᠡᠯᠡᠬᠡᠢ ᠶᠢᠨ ᠣᠯᠢᠮᠫᠢᠺ ᠤᠨ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠪᠠᠾᠧ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠤᠸᠠᠢ ᠶᠤᠸᠠᠢ ᠸᠧᠢ ᠰᠡᠭᠦᠳᠡᠷᠯᠡᠪᠡ | ᠪᠠᡁᠧ᠂ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠲᠤᠷᠰᠢ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠳᠤ | ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠳᠤᠮᠳᠠᠳᠤ ᠤᠯᠤᠰ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ | ᠴᠤᠭᠯᠠᠭᠠᠨ ᠵᠡᠷᠭᠡ ᠭᠤᠶᠢᠳᠠ ᠰᠠᠶᠢᠬᠠᠨ ᠴᠢᠬᠤᠯᠠ ᠶᠡᠭᠡ ᠤᠷᠤᠯᠳᠤᠭᠠᠨ ᠢ ᠠᠮᠵᠢᠯᠲᠠ ᠲᠠᠢ ᠡᠷᠭᠢᠯᠡᠵᠦ᠂ ᠳᠡᠯᠡᠬᠡᠢ ᠶᠢᠨ ᠣᠯᠢᠮᠫᠢᠺ ᠤᠨ ᠦᠢᠯᠡᠰ ᠲᠤ ᠴᠢᠬᠤᠯᠠ ᠶᠡᠭᠡ | ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠪᠦᠯᠬᠦᠮᠳᠡᠨ ᠬᠠᠮᠲᠤᠷᠠᠯᠴᠠᠬᠤ᠂ ᠡᠷᠬᠡ ᠲᠡᠭᠰᠢ ᠪᠠᠷ ᠬᠦᠨᠳᠦᠳᠬᠡᠬᠦ ᠵᠡᠷᠭᠡ ᠣᠶᠢᠯᠠᠭᠠᠭᠳᠠᠬᠤᠨ ᠢ ᠰᠠᠨᠠᠭᠠᠴᠢᠯᠠᠨ | ᠦᠢᠯᠡᠳᠦᠯᠭᠡᠵᠢᠭᠦᠯᠵᠦ᠂ ᠤᠯᠠᠨ ᠲᠠᠯᠠᠲᠤ ᠦᠵᠡᠯ ᠢ ᠪᠠᠷᠢᠮᠲᠠᠯᠠᠨ᠂ ᠪᠡᠶ᠎ᠡ ᠶᠢᠨ ᠲᠠᠮᠢᠷ ᠢ ᠤᠯᠤᠰ ᠲᠥᠷᠥᠴᠢᠯᠡᠬᠦ ᠶᠢ ᠡᠰᠡᠷᠭᠦᠴᠡᠵᠦ᠂ ᠬᠥᠭᠵᠢᠵᠦ ᠪᠠᠶᠢᠭ᠎ᠠ | ᠤᠯᠤᠰ ᠤᠳ ᠤᠨ ᠳᠡᠯᠡᠬᠡᠢ ᠶᠢᠨ ᠪᠡᠶ᠎ᠡ ᠶᠢᠨ ᠲᠠᠮᠢᠷ ᠤᠨ ᠦᠢᠯᠡᠰ ᠲᠤ ᠥᠷᠭᠡᠨ ᠢᠶᠠᠷ ᠣᠷᠤᠯᠴᠠᠬᠤ ᠶᠢ ᠳᠡᠮᠵᠢᠵᠦ᠂ ᠣᠯᠢᠮᠫᠢᠺ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠡᠷᠡᠭᠦᠯ ᠢᠶᠠᠷ ᠬᠥᠭᠵᠢᠬᠦ ᠶᠢ ᠬᠦᠴᠦᠲᠡᠢ ᠠᠬᠢᠭᠤᠯᠪᠠ᠃ ᠳᠤᠮᠳᠠᠳᠤ ᠤᠯᠤᠰ ᠨᠡᠩ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠪᠠᠷ ᠳᠡᠯᠡᠬᠡᠢ ᠶᠢᠨ | ᠡᠩᠬᠡ ᠲᠠᠶᠢᠪᠤᠩ᠂ ᠬᠥᠭᠵᠢᠯᠲᠡ᠂ ᠲᠠᠪᠰᠢᠯᠳᠠ ᠶᠢᠨ ᠦᠢᠯᠡᠰ ᠲᠤ ᠲᠠᠰᠤᠷᠠᠯᠳᠠ ᠦᠭᠡᠢ ᠨᠡᠩ ᠶᠡᠭᠡ ᠦᠢᠯᠡᠳᠦᠯ ᠪᠠᠳᠠᠷᠠᠭᠤᠯᠬᠤ ᠶᠢ ᠢᠲᠡᠭᠡᠵᠦ ᠪᠠᠶᠢᠨ᠎ᠠ᠃ | ᠬᠠᠷᠪᠢᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠠᠮᠵᠢᠯᠲᠠ ᠲᠠᠢ ᠶᠠᠪᠤᠭᠳᠠᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃ | ᠼᠠᠢ ᠴᠢ᠂ ᠸᠠᠩ ᠢ᠂ ᠱᠧᠨ ᠢ ᠴᠢᠨ ᠨᠠᠷ ᠠᠭᠤᠯᠵᠠᠯᠲᠠ ᠳᠤ ᠣᠷᠣᠯᠴᠠᠵᠠᠢ᠃ |