ᠪᠣᠳᠠᠰ ᠤᠨ ᠪᠤᠰᠤ ᠰᠣᠶᠣᠯ ᠢ ᠵᠠᠯᠠᠭᠤᠴᠤᠳ ᠪᠠᠭᠠᠴᠤᠳ ᠲᠤ ᠨᠡᠩ ᠰᠠᠶᠢᠨ ᠤᠯᠠᠮᠵᠢᠯᠠᠬᠤ ᠳᠤ ᠁
ᠨᠡᠶᠢᠲᠡᠯᠡᠭᠰᠡᠨ ᠴᠠᠭ᠄
2025/2/13
       2021 ᠣᠨ ᠳᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠠᠮᠲᠤᠷᠠᠨ  ᠳᠠᠷᠤᠮᠠᠯᠯᠠᠨ ᠲᠠᠷᠬᠠᠭᠠᠭᠰᠠᠨ︽ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ︾᠎ ᠳᠤ  ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠳᠤ ᠠᠭᠤᠰᠬᠠᠨ ᠣᠷᠣᠭᠤᠯᠤᠨ᠎ᠠ  ᠭᠡᠵᠦ ᠲᠣᠳᠣᠷᠬᠠᠢ ᠳᠤᠷᠠᠳᠴᠠᠢ᠃        ᠡᠭᠦᠨᠴᠡ ᠰᠤᠷᠭᠠᠨ ᠬᠥᠮᠦᠵᠢᠯ ᠤᠨ ᠶᠠᠮᠤᠨ ᠠᠴᠠ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠢ ᠤᠯᠤᠰ ᠠᠷᠠᠳ ᠤᠨ ᠰᠤᠷᠭᠠᠨ ᠬᠥᠮᠦᠵᠢᠯ ᠤᠨ  ᠰᠢᠰᠲ᠋ᠧᠮ ᠪᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠢᠨᠵᠧᠨᠧᠷᠢᠩ ᠳᠤ ᠣᠷᠣᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠪᠣᠳᠠᠰ ᠤᠨ ᠪᠤᠰᠤ  ᠰᠣᠶᠣᠯ ᠤᠨ ᠥᠪ ᠤᠨ ᠴᠢᠳᠠᠪᠤᠷᠢᠲᠠᠨ ᠢ ᠬᠥᠮᠥᠵᠢᠭᠦᠯᠬᠦ ᠶᠠᠪᠤᠳᠠᠯ ᠢ ᠤᠯᠤᠰ ᠤᠨ ᠪᠣᠳᠣᠯᠭ᠎ᠠ ᠶᠢᠨ ᠴᠢᠬᠤᠯᠠ ᠪᠠᠶᠢᠷᠢᠨ ᠳᠤ ᠲᠠᠯᠪᠢᠪᠠ᠃        ᠰᠤᠷᠭᠠᠭᠤᠯᠢ ᠶᠢᠨ ᠰᠤᠷᠭᠠᠨ ᠬᠥᠮᠦᠵᠢᠯ ᠨᠢ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠭᠤᠣᠯ ᠲᠤᠯᠭᠠᠭᠤᠷᠢ ᠪᠤᠯᠳᠠᠭ᠃ ᠪᠣᠳᠠᠰ ᠤᠨ  ᠪᠤᠰᠤ ᠰᠣᠶᠣᠯ ᠤᠨ ᠥᠪ ᠤᠨ ᠬᠥᠮᠦᠵᠢᠯ ᠨᠢ ᠰᠣᠶᠣᠯ ᠤᠨ ᠦᠷᠳᠡᠭ ᠤᠨ ᠦᠵᠡᠯᠲᠡ᠂ ᠰᠣᠶᠣᠯ ᠤᠨ ᠬᠠᠮᠲᠤ ᠶᠢᠨ ᠲᠠᠨᠢᠯᠲᠠ ᠪᠠ ᠰᠣᠶᠣᠯ ᠤᠨ ᠪᠦᠲᠦᠭᠡᠯᠴᠢ  ᠴᠢᠳᠠᠪᠤᠷᠢ ᠶᠢ ᠪᠣᠶᠢᠵᠢᠭᠤᠯᠬᠤ ᠴᠢᠬᠤᠯᠠ ᠠᠷᠭ᠎ᠠ ᠭᠡᠯᠪᠡᠷᠢ ᠪᠣᠯᠤᠭᠰᠠᠨ ᠤ ᠬᠤᠪᠢ ᠳᠤ ᠰᠤᠷᠭᠠᠨ ᠬᠥᠮᠥᠵᠢᠭᠦᠯᠬᠦ ᠦᠢᠯᠡᠳᠦᠯ ᠢ ᠦᠨᠡᠨ ᠬᠦ ᠪᠠᠳᠠᠷᠠᠭᠤᠯᠤᠶ᠎ᠠ ᠭᠡᠪᠡᠯ  ᠡᠷᠬᠡᠪᠰᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠬᠢᠴᠢᠶᠡᠯ ᠤᠨ ᠲᠠᠩᠬᠢᠮ ᠳᠤ ᠣᠷᠣᠭᠤᠯᠵᠤ᠂ ᠵᠢᠭᠠᠬᠤ ᠮᠠᠲ᠋ᠧᠷᠢᠶᠠᠯ ᠳᠤ ᠣᠷᠣᠭᠤᠯᠵᠤ᠂ ᠰᠤᠷᠭᠠᠭᠤᠯᠢ ᠶᠢᠨ  ᠡᠯ᠎ᠡ ᠱᠠᠲᠤᠨ ᠤ ᠰᠤᠷᠭᠠᠨ ᠬᠥᠮᠦᠵᠢᠯ ᠲᠠᠢ ᠨᠡᠩ ᠰᠠᠶᠢᠲᠤᠷ ᠠᠭᠤᠰᠤᠯᠴᠠᠭᠤᠯᠵᠤ᠂ ᠬᠡᠦᠬᠡᠳ ᠤᠨ ᠨᠠᠰᠤᠨ ᠤ ᠣᠨᠴᠠᠯᠢᠭ ᠪᠠ ᠦᠰᠦᠨ ᠪᠤᠶᠢᠵᠢᠯᠳᠠ ᠲᠠᠢ  ᠤᠶᠠᠯᠳᠤᠭᠤᠯᠵᠤ ᠠᠮᠢᠳᠤᠯᠢᠭ ᠰᠠᠶᠢᠬᠠᠨ ᠰᠢᠰᠲ᠋ᠧᠮ ᠲᠠᠢ ᠬᠥᠮᠦᠵᠢᠯ ᠬᠢᠬᠦ ᠴᠢᠬᠤᠯᠠ ᠲᠠᠢ᠃ ᠬᠡᠦᠬᠡᠳ ᠪᠣᠯ ᠭᠬᠢᠷᠲᠦᠭᠡ ᠦᠭᠡᠢ ᠴᠠᠭᠠᠨ ᠴᠠᠭᠠᠰᠤ ᠪᠣᠯᠬᠤᠷ ᠳᠡᠳᠡ  ᠭᠠᠳᠠᠭᠠᠳᠤ ᠶᠢᠷᠲᠢᠨᠴᠦ ᠳᠤ ᠳᠤᠷ᠎ᠠ ᠰᠣᠨᠢᠷᠬᠠᠯ ᠲᠠᠢ ᠪᠤᠯᠬᠤ ᠦᠶ᠎ᠡ ᠳᠤ ᠪᠣᠳᠠᠰ ᠤᠨ ᠪᠤᠰᠤ ᠰᠣᠶᠣᠯ ᠤᠨ ᠥᠪ ᠲᠤ ᠠᠭᠤᠯᠤᠭᠳᠠᠵᠤ ᠪᠦᠬᠦᠢ ᠰᠠᠶᠢᠨ ᠰᠠᠶᠢᠬᠠᠨ  ᠵᠦᠢᠯᠡᠰ ᠪᠠ ᠶᠣᠰᠣ ᠰᠤᠷᠲᠠᠬᠤᠨ ᠢᠶᠠᠷ ᠬᠥᠮᠥᠵᠢᠭᠦᠯᠵᠦ ᠨᠥᠯᠥᠭᠡᠯᠡᠪᠡᠯ ᠬᠡᠦᠬᠡᠳ ᠢ ᠴᠠᠶᠢᠯᠭᠠᠨ ᠪᠣᠷᠣᠭᠵᠢᠭᠤᠨ ᠰᠠᠶᠢᠬᠠᠨ ᠵᠠᠩ ᠴᠢᠨᠠᠷ ᠲᠠᠢ ᠪᠣᠯᠭᠠᠨ ᠬᠥᠮᠥᠵᠢᠭᠦᠯᠵᠦ  ᠪᠣᠯᠣᠨ᠎ᠠ᠃ ᠡᠨᠡ ᠦᠶ᠎ᠡ ᠳᠤ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭ ᠪᠦᠬᠦᠢ ᠠᠮᠲᠠᠲᠤ ᠰᠠᠶᠢᠬᠠᠨ ᠢᠳᠡᠭᠡᠨ ᠤᠮᠳᠠᠭᠠᠨ᠂ ᠰᠣᠨᠢᠷᠬᠠᠯᠲᠠᠢ ᠰᠠᠶᠢᠬᠠᠨ  ᠲᠣᠭᠯᠠᠭᠠᠮ ᠮᠡᠲᠦ ᠶᠢᠨ ᠠᠮᠢᠳᠤᠯᠢᠭ ᠪᠣᠳᠠᠲᠠᠢ ᠵᠦᠢᠯᠡᠰ ᠢᠶᠠᠷ ᠬᠥᠲᠥᠯᠥᠨ ᠳᠠᠭᠠᠭᠤᠯᠪᠠᠯ᠂ ᠬᠡᠦᠬᠡᠳ ᠤᠳ ᠤᠯᠤᠰ ᠦᠨᠳᠦᠰᠦᠲᠡᠨ ᠤ ᠪᠠᠨ ᠰᠢᠯᠢᠳᠡᠭ ᠤᠯᠠᠮᠵᠢᠯᠠᠯᠲᠤ  ᠰᠣᠶᠣᠯ ᠢ ᠣᠶᠢᠯᠠᠭᠠᠵᠤ ᠬᠠᠶᠢᠷᠠᠯᠠᠵᠤ ᠬᠢᠮᠠᠭᠠᠳᠠᠬᠤ ᠰᠡᠳᠬᠢᠯᠭᠡ ᠲᠠᠢ ᠪᠣᠯᠵᠤ ᠴᠢᠳᠠᠨ᠎ᠠ᠃ ᠪᠠᠭ᠎ᠠ ᠰᠤᠷᠭᠠᠭᠤᠯᠢ ᠶᠢᠨ ᠱᠠᠲᠤᠨ ᠳᠤ ᠬᠢᠴᠢᠶᠡᠯ ᠤᠨ ᠳᠣᠲᠣᠨ᠎ᠠ ᠭᠠᠳᠠᠨᠠᠬᠢ  ᠵᠢᠭᠠᠨ ᠰᠤᠷᠭᠠᠯᠲᠠ ᠲᠠᠢ ᠤᠶᠠᠯᠳᠤᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠳᠣᠲᠣᠷᠠᠬᠢ ᠦᠯᠢᠭᠡᠷ ᠲᠤᠮᠤᠭ ᠲᠠᠢ ᠤᠶᠠᠯᠳᠤᠭᠤᠯᠵᠤ ᠰᠡᠩᠬᠡᠷᠡᠭᠦᠯᠦᠨ  ᠶᠠᠷᠢᠯᠴᠠᠬᠤ ᠪᠠᠷ ᠲᠠᠮᠵᠢᠨ᠂ ᠰᠤᠷᠤᠬᠴᠢᠳ ᠲᠤ ᠬᠥᠮᠥᠨ ᠪᠤᠯᠬᠤ ᠶᠢᠨ ᠶᠣᠰᠣ ᠤᠴᠢᠷ ᠢ ᠣᠶᠢᠯᠠᠭᠠᠭᠤᠯᠵᠤ᠂ ᠶᠣᠰᠣ ᠰᠤᠷᠲᠠᠬᠤᠨ ᠤ ᠬᠥᠮᠦᠵᠢᠯ ᠬᠦᠷᠲᠡᠭᠡᠵᠦ ᠪᠣᠯᠣᠨ᠎ᠠ᠃  ᠪᠠᠭ᠎ᠠ ᠰᠤᠷᠭᠠᠭᠤᠯᠢ ᠪᠣᠯ ᠮᠥᠨ ᠴᠦ ᠬᠡᠦᠬᠡᠳ ᠤᠨ ᠳᠠᠭᠤᠷᠢᠶᠠᠬᠤ ᠴᠢᠳᠠᠪᠤᠷᠢ ᠪᠠᠷ ᠤᠨᠴᠠᠭᠠᠢ ᠰᠠᠶᠢᠨ ᠱᠠᠲᠤ ᠦᠶ᠎ᠡ ᠪᠣᠯᠬᠤᠷ ᠪᠣᠳᠠᠲᠠᠢ ᠠᠵᠢᠯᠯᠠᠭ᠎ᠠ ᠪᠠᠷ  ᠳᠠᠮᠵᠢᠭᠤᠯᠵᠤ ᠪᠣᠳᠠᠰ ᠤᠨ ᠪᠤᠰᠤ ᠰᠣᠶᠣᠯ ᠢ ᠥᠪᠯᠡᠨ ᠤᠯᠠᠮᠵᠢᠯᠠᠬᠤ ᠬᠥᠮᠦᠵᠢᠯ ᠬᠦᠷᠲᠡᠭᠡᠪᠡᠯ ᠵᠣᠬᠢᠨ᠎ᠠ᠃ ᠳᠡᠭᠡᠷ᠎ᠡ ᠳᠤᠷᠠᠳᠤᠭᠰᠠᠨ︽ᠰᠠᠨᠠᠯ︾᠎ ᠳᠤ᠂ ᠳᠤᠮᠳᠠᠳᠤ ᠪᠠᠭ᠎ᠠ  ᠰᠤᠷᠭᠠᠭᠤᠯᠢ ᠳᠤ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠬᠢᠴᠢᠶᠡᠯ ᠨᠡᠭᠡᠭᠡᠵᠦ᠂ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ  ᠲᠥᠯᠥᠭᠡᠯᠡᠬᠦ ᠴᠢᠨᠠᠷᠲᠠᠢ ᠲᠥᠷᠥᠯ ᠵᠦᠢᠯ ᠤᠨ ᠣᠨᠴᠠᠯᠢᠭᠲᠤ ᠳᠤᠮᠳᠠᠳᠤ ᠪᠠᠭ᠎ᠠ ᠰᠤᠷᠭᠠᠭᠤᠯᠢ ᠶᠢᠨ ᠥᠪᠯᠡᠨ ᠤᠯᠠᠮᠵᠢᠯᠠᠬᠤ ᠰᠠᠭᠤᠷᠢᠨ ᠪᠠᠶᠢᠭᠤᠯᠬᠤ ᠶᠢ  ᠵᠣᠷᠢᠭᠵᠢᠭᠤᠯᠤᠨ᠎ᠠ ᠭᠡᠪᠡ᠃ ᠡᠨᠡ ᠨᠢ  ᠵᠠᠯᠠᠭᠤᠴᠤᠳ ᠪᠠᠭᠠᠴᠤᠳ ᠢ ᠡᠳᠦᠷ ᠲᠤᠲᠤᠮ ᠤᠨ ᠰᠤᠷᠤᠯᠭ᠎ᠠ ᠠᠮᠢᠳᠤᠷᠠᠯ ᠳᠤᠮᠳᠠ ᠪᠠᠨ ᠪᠣᠳᠠᠰ ᠤᠨ ᠪᠤᠰᠤ ᠰᠣᠶᠣᠯ ᠤᠨ  ᠥᠪ ᠲᠠᠢ ᠨᠡᠩ ᠣᠶᠢᠷᠠᠬᠠᠨ ᠪᠠᠶᠢᠬᠤ ᠲᠠᠪᠴᠠᠩ ᠬᠠᠩᠭᠠᠬᠤ ᠪᠣᠯᠣᠨ᠎ᠠ᠃        ᠪᠣᠳᠠᠰ ᠤᠨ ᠪᠤᠰᠤ ᠰᠣᠶᠣᠯ ᠤᠨ ᠥᠪ ᠢ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠳᠤ ᠠᠭᠤᠰᠤᠯᠴᠠᠭᠤᠯᠬᠤ ᠳᠤ ᠶᠡᠭᠡ ᠳᠡᠭᠡᠳᠦ  ᠰᠤᠷᠭᠠᠭᠤᠯᠢ ᠪᠣᠯ ᠶᠠᠷᠢᠶᠠᠨ ᠦᠭᠡᠢ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠬᠥᠭᠵᠢᠭᠦᠯᠬᠦ ᠴᠢᠬᠤᠯᠠ ᠰᠠᠭᠤᠷᠢᠨ ᠭᠠᠵᠠᠷ ᠪᠤᠯᠬᠤ ᠶᠤᠮ᠃   ᠶᠡᠭᠡ ᠳᠡᠭᠡᠳᠦ ᠰᠤᠷᠭᠠᠭᠤᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠢᠨᠵᠢᠯᠡᠭᠡᠨ ᠤ ᠰᠠᠯᠠᠭ᠎ᠠ ᠪᠠ ᠲᠤᠰᠬᠠᠢ ᠮᠡᠷᠭᠡᠵᠢᠯ ᠤᠨ ᠪᠠᠶᠢᠭᠤᠯᠤᠯᠲᠠ ᠪᠣᠯ  ᠣᠳᠣᠬᠠᠨ ᠤ ᠶᠡᠭᠡ ᠳᠡᠭᠡᠳᠦ ᠰᠤᠷᠭᠠᠭᠤᠯᠢ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠠᠵᠢᠯ ᠢ ᠰᠠᠶᠢᠲᠤᠷ ᠬᠢᠬᠦ ᠵᠠᠩᠭᠢᠯᠠᠭ᠎ᠠ ᠪᠣᠯᠣᠨ᠎ᠠ᠃  ᠪᠣᠳᠠᠰ ᠤᠨ ᠪᠤᠰᠤ ᠰᠣᠶᠣᠯ ᠤᠨ ᠥᠪ ᠢ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠳᠤ ᠨᠡᠩ ᠰᠠᠶᠢᠨ ᠠᠭᠤᠰᠬᠠᠨ ᠣᠷᠣᠭᠤᠯᠬᠤ ᠳᠤ ᠰᠢᠨᠵᠢᠯᠡᠭᠡᠨ ᠤ  ᠰᠠᠯᠠᠭ᠎ᠠ ᠶᠢᠨ ᠪᠠᠶᠢᠭᠤᠯᠤᠯᠲᠠ ᠮᠠᠰᠢ ᠴᠢᠬᠤᠯᠠ ᠪᠠᠶᠢᠳᠠᠭ᠃ ᠡᠨᠡ ᠲᠠᠯ᠎ᠠ ᠪᠠᠷ ᠤᠯᠤᠰ ᠤᠨ ᠳᠣᠲᠣᠭᠠᠳᠤ ᠶᠢᠨ ᠵᠠᠷᠢᠮ ᠶᠡᠭᠡ ᠳᠡᠭᠡᠳᠦ ᠰᠤᠷᠭᠠᠭᠤᠯᠢ ᠪᠣᠳᠠᠰ ᠤᠨ ᠪᠤᠰᠤ  ᠰᠣᠶᠣᠯ ᠤᠨ ᠥᠪ ᠤᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠲᠤᠷᠰᠢᠨ ᠨᠡᠭᠡᠭᠡᠵᠦ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠵᠦᠩᠱᠠᠨ ᠶᠡᠭᠡ  ᠰᠤᠷᠭᠠᠭᠤᠯᠢ᠂ ᠨᠠᠨᠵᠢᠩ ᠶᠡᠭᠡ ᠰᠤᠷᠭᠠᠭᠤᠯᠢ ᠵᠡᠷᠭᠡ ᠰᠤᠷᠭᠠᠭᠤᠯᠢ ᠨᠤᠭᠤᠳ ᠠᠰᠫᠢᠷᠠᠨᠲ ᠡᠯᠰᠡᠨ ᠬᠥᠮᠥᠵᠢᠭᠦᠯᠵᠦ ᠡᠬᠢᠯᠡᠭᠰᠡᠨ ᠪᠠᠶᠢᠨ᠎ᠠ᠃ ᠡᠭᠦᠨ ᠠᠴᠠ ᠭᠠᠳᠠᠨ᠎ᠠ᠂  ᠤᠷᠠᠯᠢᠭ ᠤᠨ ᠰᠢᠨᠵᠢᠯᠡᠭᠡᠨ ᠤ ᠰᠠᠯᠠᠭ᠎ᠠ ᠶᠢᠨ ᠳᠣᠲᠣᠷ᠎ᠠ ᠤᠷᠠᠯᠢᠭ ᠤᠨ ᠤᠨᠤᠯ ᠤᠨ ᠲᠦᠷᠦᠯ ᠳᠤ ᠲᠦᠷᠪᠡᠨ ᠵᠢᠯ ᠤᠨ ᠳᠦᠷᠢᠮᠲᠦ ᠪᠣᠳᠠᠰ ᠤᠨ ᠪᠤᠰᠤ ᠰᠣᠶᠣᠯ ᠤᠨ  ᠥᠪ ᠢ ᠬᠠᠮᠠᠭᠠᠯᠠᠬᠤ ᠲᠤᠰᠬᠠᠢ ᠮᠡᠷᠭᠡᠵᠢᠯ ᠢ ᠲᠣᠬᠢᠷᠠᠭᠤᠯᠤᠭᠰᠠᠨ᠂ ᠲᠡᠦᠬᠡ ᠶᠢᠨ ᠤᠬᠠᠭᠠᠨ ᠤ ᠲᠦᠷᠦᠯ ᠳᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ  ᠲᠤᠰᠬᠠᠢ ᠮᠡᠷᠭᠡᠵᠢᠯ ᠨᠡᠭᠡᠭᠡᠭᠰᠡᠨ ᠵᠡᠷᠭᠡ ᠨᠢ ᠪᠣᠳᠠᠰ ᠤᠨ ᠪᠤᠰᠤ ᠰᠣᠶᠣᠯ ᠤᠨ ᠥᠪ ᠤᠨ ᠲᠤᠰᠬᠠᠢ ᠮᠡᠷᠭᠡᠵᠢᠯ ᠤᠨ ᠤᠬᠠᠭᠠᠨ ᠤ ᠲᠤᠰᠬᠠᠢ ᠮᠡᠷᠭᠡᠵᠢᠯ ᠢ ᠵᠢᠩᠬᠢᠨᠢ ᠪᠠᠷ  ᠤᠯᠤᠰ ᠤᠨ ᠰᠤᠷᠭᠠᠨ ᠬᠥᠮᠦᠵᠢᠯ ᠤᠨ ᠪᠠᠶᠢᠭᠤᠯᠤᠯ ᠪᠠ ᠰᠢᠨᠵᠢᠯᠡᠭᠡᠨ ᠤ ᠰᠠᠯᠠᠭ᠎ᠠ ᠶᠢᠨ ᠰᠢᠰᠲ᠋ᠧᠮ ᠳᠤ ᠣᠷᠣᠭᠤᠯᠤᠭᠰᠠᠨ ᠢ ᠬᠠᠷᠠᠭᠤᠯᠵᠤ ᠪᠠᠶᠢᠨ᠎ᠠ᠃        ᠮᠠᠨ ᠤ ᠣᠷᠣᠨ ᠤ ᠵᠠᠷᠢᠮ ᠶᠡᠭᠡ ᠳᠡᠭᠡᠳᠦ ᠰᠤᠷᠭᠠᠭᠤᠯᠢ ᠨᠤᠭᠤᠳ ᠬᠡᠳᠦᠶᠢᠪᠡᠷ ᠵᠠᠷᠢᠮ ᠲᠤᠰᠬᠠᠢ ᠮᠡᠷᠭᠡᠵᠢᠯ ᠳᠡᠭᠡᠨ ᠪᠣᠳᠠᠰ ᠤᠨ ᠪᠤᠰᠤ ᠰᠣᠶᠣᠯ ᠤᠨ ᠥᠪ ᠤᠨ ᠬᠢᠴᠢᠶᠡᠯ ᠢ ᠨᠡᠭᠡᠭᠡᠭᠰᠡᠨ ᠪᠤᠯᠪᠠᠴᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠪᠣᠯᠭᠠᠨ ᠨᠡᠭᠡᠭᠡᠬᠦ ᠲᠠᠯ᠎ᠠ ᠪᠠᠷ ᠬᠠᠷᠠᠬᠠᠨ ᠬᠦᠷᠦᠯᠴᠡᠭᠡ ᠦᠭᠡᠢ ᠪᠠᠶᠢᠨ᠎ᠠ᠃ ᠶᠡᠭᠡ  ᠳᠡᠭᠡᠳᠦ ᠰᠤᠷᠭᠠᠭᠤᠯᠢ ᠳᠤ ᠪᠣᠳᠠᠰ ᠤᠨ ᠪᠤᠰᠤ ᠰᠣᠶᠣᠯ ᠤᠨ ᠥᠪ ᠤᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠪᠠᠯ ᠰᠢᠨ᠎ᠡ ᠴᠠᠭ ᠦᠶ᠎ᠡ ᠶᠢᠨ  ᠥᠪᠯᠡᠨ ᠤᠯᠠᠮᠵᠢᠯᠠᠭᠴᠢ ᠪᠠ ᠴᠢᠳᠠᠪᠤᠷᠢᠲᠠᠨ ᠢ ᠬᠥᠮᠥᠵᠢᠭᠦᠯᠬᠦ ᠵᠣᠷᠢᠯᠭ᠎ᠠ ᠳᠠᠭᠠᠨ ᠬᠦᠷᠴᠦ ᠴᠢᠳᠠᠬᠤ ᠶᠤᠮ᠃        ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ︽ᠰᠠᠨᠠᠯ︾᠎ ᠤᠨ ᠵᠣᠷᠢᠭ ᠰᠠᠨᠠᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠳᠤ   ᠪᠣᠳᠠᠰ ᠤᠨ ᠪᠤᠰᠤ ᠰᠣᠶᠣᠯ ᠤᠨ ᠥᠪ ᠤᠨ ᠬᠥᠮᠦᠵᠢᠯ ᠢ ᠰᠤᠷᠭᠠᠨ ᠬᠥᠮᠦᠵᠢᠯ ᠤᠨ ᠠᠭᠤᠯᠭ᠎ᠠ ᠲᠠᠢ ᠪᠠᠨ ᠤᠶᠠᠯᠳᠤᠭᠤᠯᠵᠤ ᠰᠢᠰᠲ᠋ᠧᠮ ᠲᠠᠢ ᠱᠠᠲᠤᠴᠢ ᠴᠢᠨᠠᠷᠲᠠᠢ  ᠬᠥᠮᠦᠵᠢᠯ ᠬᠦᠷᠲᠡᠭᠡᠪᠡᠯ᠂ ᠰᠤᠷᠤᠬᠴᠢᠳ ᠲᠤ ᠰᠢᠯᠢᠳᠡᠭ ᠰᠣᠶᠣᠯ ᠢᠶᠠᠨ ᠥᠪᠯᠡᠨ ᠤᠯᠠᠮᠵᠢᠯᠠᠬᠤ ᠶᠢᠨ ᠵᠡᠷᠭᠡ ᠪᠠᠷ ᠰᠣᠶᠣᠯ ᠢᠶᠠᠨ ᠪᠦᠲᠦᠭᠡᠯᠴᠢ ᠪᠠᠷ ᠬᠥᠭᠵᠢᠭᠦᠯᠬᠦ  ᠴᠢᠳᠠᠪᠤᠷᠢ ᠶᠢ ᠨᠡᠩ ᠴᠢᠨᠠᠭᠰᠢᠳᠠ ᠪᠠᠳᠠᠷᠠᠭᠤᠯᠵᠤ ᠴᠢᠳᠠᠬᠤ ᠶᠤᠮ᠃         
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ