12 ᠰᠠᠷ᠎ᠠ ᠶᠢᠨ 28 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠲᠦᠷᠦᠭᠦᠬᠡᠨ 2024 | ᠣᠨ ᠤ ᠪᠦᠭᠦ ᠤᠯᠤᠰ ᠤᠨ ᠰᠤᠷᠭᠠᠨ ᠬᠥᠮᠦᠵᠢᠯ ᠤᠨ ᠲᠣᠭᠠᠴᠢᠯᠠᠯᠳᠠ ᠶᠢᠨ ᠠᠵᠢᠯ ᠤᠨ ᠳ᠋ᠦᠩᠨᠡᠯᠲᠡ ᠶᠢᠨ ᠬᠤᠷᠠᠯ ᠬᠤᠷᠠᠯᠳᠤᠭᠤᠯᠵᠤ᠂ ᠬᠤᠷᠠᠯ ᠳᠡᠭᠡᠷ᠎ᠡ ᠤᠯᠤᠰ ᠤᠨ | ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠤᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ︵https᠄// lifelong.smartedu.cn / home︶ | ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠢ ᠨᠡᠶᠢᠲᠡᠯᠡᠪᠡ᠃ | ᠣᠶᠢᠯᠠᠭᠠᠭᠰᠠᠨ ᠢᠶᠠᠷ᠂ ᠤᠯᠤᠰ ᠤᠨ ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠤᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠲᠦᠷᠦᠭᠦᠦ | ᠪᠦᠯᠦᠭ ᠲᠤ 1000 ᠬᠢᠴᠢᠶᠡᠯ ᠢ ᠨᠡᠶᠢᠲᠡᠯᠡᠵᠦ᠂ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ᠂ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ᠂ ᠰᠣᠶᠣᠯ ᠤᠨ ᠬᠡᠪ | ᠪᠣᠯᠪᠠᠰᠤᠷᠠᠯ᠂ ᠳᠤᠷ᠎ᠠ ᠰᠣᠨᠢᠷᠬᠠᠯ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠪᠤᠭᠤᠷᠤᠯ ᠨᠠᠰᠤᠨ ᠤ ᠬᠢᠴᠢᠶᠡᠯ ᠤᠨ ᠲᠠᠩᠬᠢᠮ ᠤᠨ ᠵᠢᠷᠭᠤᠭᠠᠨ ᠶᠡᠭᠡ ᠪᠤᠯᠤᠩ ᠭᠠᠷᠭᠠᠵᠤ᠂ | ᠰᠤᠷᠤᠯᠴᠠᠭᠰᠠᠳ ᠲᠤ ᠣᠯᠠᠨ ᠲᠥᠷᠥᠯ ᠭᠡᠯᠪᠡᠷᠢ᠂ ᠣᠯᠠᠨ ᠲᠠᠰ ᠳᠠᠪᠬᠤᠷᠭ᠎ᠠ᠂ ᠣᠯᠠᠨ ᠶᠠᠩᠵᠤ ᠶᠢᠨ ᠴᠢᠨᠠᠷ ᠰᠠᠶᠢᠲᠠᠢ ᠰᠤᠷᠤᠯᠴᠠᠬᠤ ᠡᠬᠢ ᠪᠠᠶᠠᠯᠢᠭ ᠪᠠ ᠥᠪᠡᠷᠮᠢᠴᠡ᠂ | ᠣᠶᠤᠨᠴᠢᠯᠠᠭᠰᠠᠨ᠂ ᠳᠥᠭᠦᠮ ᠲᠦᠷᠭᠡᠨ ᠰᠤᠷᠤᠯᠴᠠᠯᠭ᠎ᠠ ᠳᠤ ᠳᠡᠮᠵᠢᠯᠭᠡ ᠦᠵᠡᠭᠦᠯᠭᠦ ᠦᠢᠯᠡᠴᠢᠯᠡᠭᠡ ᠬᠠᠩᠭᠠᠪᠠ᠃ | ᠤᠯᠤᠰ ᠤᠨ ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠤᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠢ ᠠᠰᠢᠭᠯᠠᠯᠲᠠ ᠳᠤ ᠣᠷᠣᠭᠤᠯᠤᠭᠰᠠᠨ | ᠨᠢ ︽ᠲᠦᠭᠡᠮᠡᠯ ᠬᠦᠷᠲᠡᠵᠦ ᠳᠡᠶᠢᠯᠭᠦ ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠤᠨ ᠰᠢᠰᠲ᠋ᠧᠮ︾ ᠢ ᠪᠠᠶᠢᠭᠤᠯᠬᠤ ᠶᠢᠨ ᠴᠢᠬᠤᠯᠠ ᠦᠷ᠎ᠡ ᠪᠦᠲᠦᠭᠡᠯ ᠪᠣᠯᠣᠨ᠎ᠠ᠃ | ᠡᠶᠢᠨ ᠬᠦ ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠨᠢ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ | ᠵᠡᠷᠭᠡ ᠶᠢᠨ ᠰᠤᠷᠭᠠᠨ ᠬᠥᠮᠦᠵᠢᠯ᠂ ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠢᠶᠠᠷ ︽ᠳᠥᠷᠪᠡᠨ ᠬᠥᠨᠳᠡᠯᠡᠨ︾ ᠪᠤᠯᠭᠠᠵᠤ᠂ ᠶᠣᠰᠣ ᠰᠤᠷᠲᠠᠬᠤᠨ᠂ ᠣᠶᠤᠨ | ᠤᠬᠠᠭᠠᠨ᠂ ᠪᠡᠶ᠎ᠡ ᠮᠠᠬᠠᠪᠤᠳ᠂ ᠭᠤᠸ᠎ᠠ ᠰᠠᠶᠢᠬᠠᠨ᠂ ᠭᠦᠳᠡᠯᠮᠦᠷᠢ ᠪᠠᠷ ︽ᠲᠠᠪᠤᠨ ᠭᠤᠯᠳᠤ︾ ᠪᠤᠯᠭᠠᠬᠰᠠᠨ ᠡᠬᠢ ᠪᠠᠶᠠᠯᠢᠭ ᠤᠨ ᠰᠢᠨ᠎ᠡ ᠪᠠᠶᠢᠷᠢᠰᠢᠯ ᠢ ᠪᠤᠶ ᠪᠣᠯᠭᠠᠵᠠᠢ᠃ | | | |