ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠭᠦᠢᠵᠧᠦ ᠮᠤᠵᠢ ᠶᠢᠨ ᠮᠣᠣ ᠲᠠᠢ ᠪᠦᠯᠦᠭᠯᠡᠯ᠂ ᠳᠤᠮᠳᠠᠳᠤ ᠤᠯᠤᠰ ᠤᠨ ᠵᠠᠯᠠᠭᠤᠴᠤᠳ | ᠪᠠᠭᠠᠴᠤᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠭᠤᠣᠯᠯᠠᠨ ᠡᠷᠭᠢᠯᠡᠭᠰᠡᠨ ︽2024 ᠬᠦᠰᠡᠯ ᠢᠨᠵᠧᠨᠧᠷᠢᠩ ᠤᠨ ᠥᠪᠥᠷ ᠮᠣᠩᠭᠤᠯ ᠳᠤ | ᠬᠠᠨᠳᠢᠪᠯᠡᠬᠤ ᠠᠵᠢᠯᠯᠠᠭ᠎ᠠ︾ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠳᠤ ᠶᠠᠪᠤᠭᠳᠠᠪᠠ᠃ | 2024 ᠣᠨ ᠳᠤ᠂ ᠥᠪᠥᠷ ᠮᠣᠩᠭᠤᠯ ᠤᠨ ᠵᠠᠯᠠᠭᠤᠴᠤᠳ ᠤᠨ ᠰᠠᠭᠤᠷᠢ ᠮᠥᠩᠭᠦᠨ ᠤ ᠨᠡᠶᠢᠭᠡᠮᠯᠢᠭ ︽2024 ᠬᠦᠰᠡᠯ ᠢᠨᠵᠧᠨᠧᠷᠢᠩ ᠤᠨ ᠬᠦᠰᠡᠯ | ᠵᠡᠭᠦᠳᠦ ᠪᠠᠨ ᠲᠡᠷᠭᠡᠯᠰᠢᠭᠦᠯᠬᠦ ᠠᠵᠢᠯᠯᠠᠭ᠎ᠠ︾ ᠶᠢᠨ ᠨᠡᠶᠢᠲᠡ ᠶᠢᠨ ᠠᠰᠠᠷᠠᠮᠵᠢ ᠶᠢᠨ ᠲᠦᠷᠦᠯ ᠵᠦᠢᠯ ᠤᠨ ᠪᠡᠯᠡ ᠮᠥᠩᠭᠦ ᠶᠢ 77. 5 ᠲᠦᠮᠡᠨ ᠲᠥᠭᠦᠷᠢᠭ ᠣᠯᠵᠤ᠂ | ᠰᠤᠷᠤᠬᠴᠢ ᠨᠢᠭᠡᠪᠦᠷᠢ 5000 ᠲᠥᠭᠦᠷᠢᠭ ᠤᠨ ᠪᠠᠷᠢᠮᠵᠢᠶ᠎ᠠ ᠪᠠᠷ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ 155 ᠣᠶᠤᠲᠠᠨ ᠢ ᠲᠤᠰᠠᠯᠠᠪᠠ᠃ | ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠲᠤᠰᠠᠯᠠᠮᠵᠢ ᠭᠥᠷᠳᠡᠭᠰᠡᠨ ᠰᠤᠷᠤᠬᠴᠢ ᠶᠢᠨ ᠲᠥᠯᠥᠭᠡᠯᠡᠭᠴᠢ᠄ | ︽ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠨᠢ ᠮᠢᠨᠤ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠢ ᠰᠢᠢᠳᠪᠦᠷᠢᠯᠡᠵᠦ ᠥᠭᠭᠦᠭᠰᠡᠨ ᠢᠶᠠᠷ ᠪᠠᠷᠠᠬᠤ ᠦᠭᠡᠢ᠂ | ᠨᠠᠳᠠ ᠳᠤ ᠨᠠᠩ ᠥᠨᠳᠥᠷ ᠡᠷᠳᠡᠮ ᠰᠢᠨᠵᠢᠯᠡᠭᠡᠨ ᠤ ᠬᠠᠷᠠᠯᠲᠠ ᠶᠢ ᠣᠯᠭᠤᠵᠠᠢ᠃ ᠪᠢ ᠶᠡᠭᠡ ᠵᠣᠷᠢᠭ ᠢ ᠡᠪᠦᠷᠯᠡᠨ᠂ ᠮᠣᠷᠠᠯ ᠲᠠᠢ᠂ ᠬᠠᠶᠢᠷ᠎ᠠ ᠰᠡᠳᠬᠢᠯᠭᠡ ᠲᠠᠢ᠂ | ᠬᠠᠷᠢᠭᠤᠴᠠᠯᠭ᠎ᠠ ᠲᠠᠢ ᠬᠥᠮᠥᠨ ᠪᠣᠯᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠡᠶᠢᠭᠡᠮ ᠤᠨ ᠠᠴᠢ ᠶᠢ ᠬᠠᠷᠢᠭᠤᠯᠤᠨ᠂ ᠨᠤᠲᠤᠭ ᠤᠰᠤ ᠪᠠᠨ ᠪᠦᠲᠦᠭᠡᠨ ᠪᠠᠶᠢᠭᠤᠯᠵᠤ᠂ | ᠬᠠᠶᠢᠷ᠎ᠠ ᠬᠠᠨᠳᠢᠪ ᠤᠨ ᠢᠳᠡᠪᠬᠢ ᠬᠦᠴᠦᠨ ᠢ ᠳᠠᠮᠵᠢᠭᠤᠯᠤᠨ᠎ᠠ︾ ᠭᠡᠪᠡ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠵᠠᠯᠠᠭᠤᠴᠤᠳ ᠤᠨ ᠰᠠᠭᠤᠷᠢ ᠮᠥᠩᠭᠦᠨ ᠤ ᠨᠡᠶᠢᠭᠡᠮᠯᠢᠭ 2005 ᠣᠨ ᠠᠴᠠ ᠬᠦᠰᠡᠯ | ᠢᠨᠵᠧᠨᠧᠷᠢᠩ ᠤᠨ︽ᠬᠦᠰᠡᠯ ᠵᠡᠭᠦᠳᠦ ᠪᠠᠨ ᠲᠡᠷᠭᠡᠯᠰᠢᠭᠦᠯᠬᠦ ᠠᠵᠢᠯᠯᠠᠭ᠎ᠠ︾ ᠶᠢ ᠡᠬᠢᠯᠡᠨ ᠬᠡᠷᠡᠭᠵᠢᠭᠦᠯᠵᠦ᠂ ᠬᠤᠷᠢᠭᠠᠳ ᠵᠢᠯ ᠤᠨ ᠲᠤᠷᠰᠢ ᠨᠡᠶᠢᠲᠡ 8400 ᠭᠠᠷᠤᠢ | ᠲᠦᠮᠡᠨ ᠲᠥᠭᠦᠷᠢᠭ ᠤᠨ ᠨᠢᠭᠦᠯᠡᠰᠦᠩᠭᠦᠢ ᠶᠢᠨ ᠵᠣᠭᠤᠰ ᠢ ᠴᠤᠭᠯᠠᠭᠤᠯᠵᠤ᠂ 2.3 ᠲᠦᠮᠡᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠬᠴᠢᠳ ᠢ | ᠲᠤᠰᠠᠯᠠᠪᠠ᠃ ᠲᠣᠰ ᠨᠡᠶᠢᠲᠡ ᠶᠢᠨ ᠠᠰᠠᠷᠠᠮᠵᠢ ᠶᠢᠨ ᠰᠤᠷᠤᠯᠭ᠎ᠠ ᠶᠢᠨ ᠲᠡᠳᠬᠦᠮᠵᠢ ᠶᠢᠨ ᠲᠥᠷᠥᠯ ᠵᠦᠢᠯ ᠨᠢ ᠥᠪᠥᠷ ᠮᠣᠩᠭᠤᠯ ᠣᠷᠣᠨ ᠤ ︽ᠰᠤᠷᠤᠯᠭ᠎ᠠ ᠶᠢ ᠲᠡᠳᠬᠦᠵᠦ | ᠬᠥᠮᠥᠨ ᠢ ᠬᠥᠮᠥᠵᠢᠭᠦᠯᠬᠦ︾ ᠨᠠᠷᠠᠲᠤ ᠲᠦᠷᠦᠯ ᠲᠡᠮᠳᠡᠭ ᠪᠠ ︽ᠨᠠᠮ ᠤᠨ ᠲᠥᠯᠥᠭᠡ ᠬᠥᠮᠥᠨ ᠬᠥᠮᠥᠵᠢᠭᠦᠯᠬᠦ︾ ᠪᠠᠲᠤ ᠪᠠᠬᠢ ᠠᠴᠢᠶᠠᠯᠠᠪᠤᠷᠢ ᠪᠣᠯᠤᠭᠰᠠᠨ ᠪᠠᠶᠢᠨ᠎ᠠ᠃ | 2012 ᠣᠨ ᠠᠴᠠ ᠡᠬᠢᠯᠡᠨ᠂ ᠭᠦᠢᠵᠧᠦ ᠮᠤᠵᠢ ᠶᠢᠨ ᠮᠣᠣ ᠲᠠᠢ ᠪᠦᠯᠦᠭᠯᠡᠯ ᠤᠨ ᠬᠢᠨ ᠵᠠᠯᠠᠭᠤᠴᠤᠳ ᠤᠨ ᠰᠠᠭᠤᠷᠢ ᠮᠥᠩᠭᠦᠨ ᠤ ᠨᠡᠶᠢᠭᠡᠮᠯᠢᠭ ᠲᠠᠢ | ᠬᠠᠮᠲᠤᠷᠠᠨ ︽ᠳᠤᠮᠳᠠᠳᠤ ᠤᠯᠤᠰ ᠤᠨ ᠮᠣᠣ ᠲᠠᠢ ᠠᠷᠢᠬᠢ·ᠤᠯᠤᠰ ᠤᠨ ᠲᠤᠯᠭᠠᠭᠤᠷᠢ ᠬᠦᠴᠦᠨ︾ ᠭᠡᠬᠦ ᠲᠣᠮᠣ ᠭᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ | ᠰᠤᠷᠤᠯᠭ᠎ᠠ ᠶᠢᠨ ᠲᠡᠳᠬᠦᠮᠵᠢ ᠶᠢᠨ ᠠᠵᠢᠯᠯᠠᠭ᠎ᠠ ᠶᠢ ᠥᠷᠨᠢᠭᠦᠯᠵᠦ᠂ 13 ᠵᠢᠯ ᠤᠨ ᠲᠤᠷᠰᠢ ᠮᠠᠨ ᠤ ᠣᠷᠣᠨ ᠳᠤ ᠨᠡᠶᠢᠲᠡ 2427.5 ᠲᠦᠮᠡᠨ ᠲᠥᠭᠦᠷᠢᠭ | ᠬᠠᠨᠳᠢᠪᠯᠡᠵᠤ᠂ ᠮᠣᠷᠠᠯ ᠰᠤᠷᠤᠯᠭ᠎ᠠ ᠬᠤᠣᠰᠯᠠᠭᠰᠠᠨ ᠠᠮᠢᠳᠤᠷᠠᠯ ᠬᠦᠴᠢᠷᠳᠡᠯ ᠲᠠᠢ 4855 ᠣᠶᠤᠲᠠᠨ ᠢ ᠲᠤᠰᠠᠯᠠᠵᠤ᠂ ᠬᠠᠨᠳᠢᠪᠯᠡᠭ᠌ᠰᠠᠨ ᠵᠣᠭᠤᠰ ᠨᠢ ᠬᠠᠮᠤᠭ ᠤᠨ | ᠠᠷᠪᠢᠨ᠂ ᠲᠤᠰᠠᠯᠠᠮᠵᠢ ᠭᠥᠷᠳᠡᠭᠰᠡᠨ ᠬᠥᠮᠥᠨ ᠤ ᠲᠤᠭ᠎ᠠ ᠨᠢ ᠬᠠᠮᠤᠭ ᠤᠨ ᠣᠯᠠᠨ᠂ ᠬᠠᠮᠤᠷᠬᠤ ᠬᠡᠪᠴᠢᠶ᠎ᠡ ᠨᠢ ᠬᠠᠮᠤᠭ ᠤᠨ ᠥᠷᠭᠡᠨ᠂ ᠨᠥᠯᠥᠭᠡ ᠪᠠᠷ ᠬᠠᠮᠤᠭ ᠤᠨ ᠭᠦᠨ | ᠭᠦᠨᠵᠡᠭᠡᠢ ᠰᠤᠷᠤᠯᠭ᠎ᠠ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠨᠠᠷᠠᠲᠤ ᠲᠦᠷᠦᠯ ᠲᠡᠮᠳᠡᠭ ᠪᠣᠯᠵᠠᠢ᠃ | | | | |