ᠮᠠᠨ ᠤ ᠣᠷᠣᠨ ᠳᠤ 59 ᠠᠺᠠᠳᠧᠮᠢᠴᠢ ᠶᠢᠨ ᠠᠵᠢᠯ ᠤᠨ ᠥᠷᠲᠡᠭᠡ ᠲᠠᠢ ᠪᠣᠯᠵᠠᠢ
ᠨᠡᠶᠢᠲᠡᠯᠡᠭᠰᠡᠨ ᠴᠠᠭ᠄
2025/2/13
       ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ  ᠬᠡᠯᠲᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠬᠠᠮᠲᠤᠷᠠᠨ ᠮᠡᠳᠡᠭᠳᠡᠯ ᠨᠡᠶᠢᠲᠡᠯᠡᠵᠦ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ  ᠰᠤᠷᠭᠠᠭᠤᠯᠢ ᠶᠢᠨ ᠰᠢᠨ᠎ᠡ ᠡᠨᠧᠷᠭᠢ ᠶᠢᠨ ᠣᠶᠤᠨᠲᠤ ᠲᠣᠨᠣᠭᠯᠠᠯ ᠬᠢᠭᠡᠳ ᠠᠵᠢᠯᠯᠠᠪᠤᠷᠢ ᠪᠠᠲᠤᠯᠠᠭᠠᠨ ᠤ ᠥᠪᠥᠷ ᠮᠣᠩᠭᠤᠯ ᠤᠨ ᠠᠺᠠᠳᠧᠮᠢᠴᠢ ᠶᠢᠨ ᠠᠵᠢᠯ ᠤᠨ  ᠥᠷᠲᠡᠭᠡ ᠵᠡᠷᠭᠡ 7 ᠠᠺᠠᠳᠧᠮᠢᠴᠢ ᠶᠢᠨ ᠠᠵᠢᠯ ᠤᠨ ᠥᠷᠲᠡᠭᠡ ᠶᠢ ᠳᠠᠩᠰᠠᠯᠠᠭᠤᠯᠵᠠᠢ᠃ ᠡᠶᠢᠨ ᠬᠦ ᠮᠠᠨ ᠤ ᠣᠷᠣᠨ ᠠᠺᠠᠳᠧᠮᠢᠴᠢ ᠶᠢᠨ ᠠᠵᠢᠯ ᠤᠨ ᠥᠷᠲᠡᠭᠡ ᠶᠢ  ᠨᠡᠶᠢᠳᠡ 59 ᠪᠠᠶᠢᠭᠤᠯᠵᠤ᠂ ᠥᠷᠲᠡᠭᠡᠨ ᠳᠠᠬᠢ ᠠᠺᠠᠳᠧᠮᠢᠴᠢ ᠲᠤᠰᠬᠠᠢ ᠮᠡᠷᠭᠡᠵᠢᠯᠲᠡᠨ 1000 ᠰᠢᠬᠠᠮ ᠪᠣᠯᠵᠠᠢ᠃        ᠠᠺᠠᠳᠧᠮᠢᠴᠢ ᠶᠢᠨ ᠠᠵᠢᠯ ᠤᠨ ᠥᠷᠲᠡᠭᠡ ᠪᠣᠯ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠤᠷᠢᠨ ᠠᠪᠴᠢᠷᠠᠬᠤ᠂  ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠵᠢᠭᠰᠠᠭᠠᠯ ᠤᠨ ᠭᠠᠵᠠᠷ ᠤᠨ ᠨᠢᠭᠡ ᠪᠣᠯᠣᠨ᠎ᠠ᠃ ᠲᠣᠰ  ᠤᠳᠠᠭ᠎ᠠ ᠶᠢᠨ ᠳᠠᠩᠰᠠᠯᠠᠭᠤᠯᠤᠨ ᠪᠦᠲᠦᠭᠡᠨ ᠪᠠᠶᠢᠭᠤᠯᠤᠭᠰᠠᠨ 7 ᠠᠵᠢᠯ ᠤᠨ ᠥᠷᠲᠡᠭᠡ ᠨᠢ ᠰᠢᠨ᠎ᠡ ᠡᠨᠧᠷᠭᠢ᠂ ᠬᠤᠪᠣᠷ ᠰᠢᠷᠣᠢ᠂ ᠰᠢᠨ᠎ᠡ ᠮᠠᠲ᠋ᠧᠷᠢᠶᠠᠯ᠂ ᠡᠮ ᠡᠮᠨᠡᠯᠭᠡ  ᠵᠡᠷᠭᠡ ᠣᠯᠠᠨ ᠭᠤᠣᠯᠳᠠᠯᠭ᠎ᠠ ᠲᠠᠢ ᠬᠦᠷᠢᠶ᠎ᠡ ᠶᠢ ᠬᠠᠮᠤᠷᠴᠤ᠂ ᠠᠺᠠᠳᠧᠮᠢᠴᠢ ᠶᠢᠨ ᠪᠦᠯᠭᠦᠮ ᠨᠡᠶᠢᠲᠡ ᠶᠢ ᠤᠶᠠᠨ ᠬᠠᠲᠠᠨ ᠴᠢᠨᠠᠷᠲᠠᠢ ᠪᠠᠷ ᠤᠷᠢᠨ ᠠᠪᠴᠢᠷᠠᠬᠤ ᠪᠠᠷ  ᠳᠠᠮᠵᠢᠨ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠮᠡᠷᠭᠡᠵᠢᠯ ᠤᠨ ᠪᠣᠭᠤᠮᠢ ᠶᠢ ᠬᠠᠮᠲᠤᠷᠠᠨ ᠰᠢᠪᠲᠤᠯᠵᠤ᠂ ᠮᠠᠨ ᠤ ᠣᠷᠣᠨ ᠤ ᠠᠵᠤ ᠦᠢᠯᠡᠰ ᠤᠨ  ᠭᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠬᠦᠴᠦᠨ ᠨᠡᠮᠡᠷᠢᠯᠡᠬᠦ ᠪᠣᠯᠣᠨ᠎ᠠ᠃        ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠠᠺᠠᠳᠧᠮᠢᠴᠢ ᠶᠢᠨ ᠪᠦᠯᠭᠦᠮ ᠨᠡᠶᠢᠲᠡ ᠯᠦᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠶᠢ  ᠠᠬᠢᠭᠤᠯᠬᠤ ᠶᠢᠨ ᠲᠥᠯᠥᠭᠡ᠂ 2024 ᠣᠨ ᠤ 10 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠠᠺᠠᠳᠧᠮᠢᠴᠢ ᠶᠢᠨ ᠠᠵᠢᠯ ᠤᠨ ᠥᠷᠲᠡᠭᠡ ᠶᠢ ᠳᠠᠩᠰᠠᠯᠠᠨ ᠬᠠᠮᠢᠶᠠᠷᠬᠤ ᠠᠷᠭ᠎ᠠ︾᠎ ᠳᠤ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠵᠤ᠂ ᠠᠩᠬ᠎ᠠ ᠤᠳᠠᠭ᠎ᠠ  ᠳᠠᠩᠰᠠᠯᠠᠭᠤᠯᠤᠭᠰᠠᠨ ᠠᠺᠠᠳᠧᠮᠢᠴᠢ ᠶᠢᠨ ᠠᠵᠢᠯ ᠤᠨ ᠥᠷᠲᠡᠭᠡ ᠳᠤ ᠨᠡᠶᠢᠲᠡ 100 ᠲᠦᠮᠡᠨ ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠤᠨ  ᠳᠡᠮᠵᠢᠯᠭᠡ ᠣᠯᠭᠤᠨ᠎ᠠ ᠭᠡᠵᠦ ᠳᠤᠷᠠᠳᠪᠠ᠃ 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ