ᠠᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠤᠨ ᠶᠠᠷᠢᠶᠠᠨ ᠤ ᠲᠠᠪᠴᠠᠩ ᠲᠦᠷᠦᠭᠦᠬᠡᠨ | ᠭᠦᠭᠡᠬᠤᠲᠠ ᠳᠤ ᠶᠠᠪᠤᠭᠳᠠᠵᠤ᠂ ᠣᠷᠣᠨ ᠤ ᠳᠣᠲᠣᠨ᠎ᠠ ᠭᠠᠳᠠᠨ᠎ᠠ ᠠᠴᠠ ᠢᠷᠡᠭᠰᠡᠨ ᠲᠤᠰᠬᠠᠢ ᠮᠡᠷᠭᠡᠵᠢᠯᠲᠡᠨ ᠡᠷᠳᠡᠮᠲᠡᠳ ᠨᠠᠰᠤᠨ ᠲᠤᠷᠰᠢᠲᠠ ᠶᠢᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠲᠤᠬᠠᠢ ᠬᠠᠮᠲᠤ ᠪᠠᠷ ᠶᠠᠷᠢᠯᠴᠠᠪᠠ᠃ | ᠲᠤᠰ ᠬᠤᠭᠤᠴᠠᠭᠠᠨ ᠤ ᠶᠠᠷᠢᠶᠠᠨ ᠤ ᠲᠠᠪᠴᠠᠩ ᠢ ᠥᠪᠥᠷ ᠮᠣᠩᠭᠤᠯ ᠤᠨ ᠨᠡᠭᠡᠭᠡᠯᠲᠡ ᠶᠡᠭᠡ ᠰᠤᠷᠭᠠᠭᠤᠯᠢ ᠭᠤᠣᠯᠯᠠᠨ ᠡᠷᠭᠢᠯᠡᠵᠦ᠂ ︽ᠭᠡᠯᠪᠡᠷᠢ ᠶᠢ ᠨᠢ | ᠬᠤᠪᠢᠷᠠᠭᠤᠯᠬᠤ ᠪᠠ ᠲᠠᠭᠢᠨ ᠴᠣᠭᠴᠠᠯᠠᠬᠤ᠄ ᠲᠣᠭᠠᠴᠢᠯᠠᠯᠳᠠ ᠪᠠᠷ ᠨᠡᠭᠡᠭᠡᠯᠲᠡᠲᠤ ᠰᠤᠷᠭᠠᠨ ᠬᠥᠮᠦᠵᠢᠯ ᠤᠨ ᠰᠢᠨ᠎ᠡ ᠠᠮᠢ ᠠᠬᠤᠢ ᠳᠤ ᠴᠢᠳᠠᠪᠤᠷᠢ ᠣᠯᠭᠤᠬᠤ︾ ᠭᠤᠣᠯ | ᠰᠡᠳᠦᠪ ᠤᠨ ᠲᠣᠭᠤᠷᠢᠨ ᠳᠤ ᠬᠤᠷᠠᠯ ᠳᠤ ᠣᠷᠣᠯᠴᠠᠬᠰᠠᠨ ᠲᠤᠰᠬᠠᠢ ᠮᠡᠷᠭᠡᠵᠢᠯᠲᠡᠳ ᠡᠷᠳᠡᠮᠲᠡᠳ ᠲᠤᠰᠬᠠᠢ ᠰᠡᠳᠦᠪᠲᠦ ᠶᠠᠷᠢᠶ᠎ᠠ ᠢᠯᠡᠳᠬᠡᠯ ᠬᠢᠵᠦ᠂ | ᠲᠣᠭᠠᠴᠢᠯᠠᠯᠳᠠ ᠶᠢᠨ ᠤᠷᠤᠰᠬᠠᠯ ᠳᠣᠣᠷᠠᠬᠢ ᠨᠡᠭᠡᠭᠡᠯᠲᠡᠲᠤ ᠰᠤᠷᠭᠠᠨ ᠬᠥᠮᠦᠵᠢᠯ ᠤᠨ ᠬᠥᠭᠵᠢᠯᠲᠡ ᠶᠢᠨ ᠠᠷᠭ᠎ᠠ ᠵᠠᠮ ᠢ ᠭᠦᠨᠵᠡᠭᠡᠢ ᠰᠦᠪᠡᠭᠴᠢᠯᠡᠬᠦ ᠶᠢᠨ ᠬᠠᠮᠲᠤ᠂ | ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠣᠭᠠᠴᠢᠯᠠᠭᠰᠠᠨ ᠰᠤᠷᠭᠠᠨ ᠬᠥᠮᠦᠵᠢᠯ ᠤᠨ ᠲᠠᠯ᠎ᠠ ᠪᠠᠷ ᠬᠢ ᠢᠳᠡᠪᠬᠢᠲᠡᠢ ᠰᠦᠪᠡᠭᠴᠢᠯᠡᠯᠲᠡ ᠶᠢ ᠭᠦᠢᠴᠡᠳ | ᠨᠤᠲᠠᠯᠠᠪᠠ᠃ ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠨᠡᠭᠡᠭᠡᠯᠲᠡ ᠶᠡᠭᠡ ᠰᠤᠷᠭᠠᠭᠤᠯᠢ ᠨᠢ ᠰᠢᠯᠢᠳᠡᠭ ᠵᠢᠭᠠᠨ ᠰᠤᠷᠭᠠᠯᠲᠠ ᠶᠢᠨ ᠡᠬᠢ ᠪᠠᠶᠠᠯᠢᠭ ᠢ | ᠴᠢᠷᠮᠠᠶᠢᠨ ᠡᠭᠦᠳᠴᠦ᠂ ᠬᠢᠴᠢᠶᠡᠯ ᠤᠨ ᠥᠭᠡᠷᠡᠴᠢᠯᠡᠯᠲᠡ ᠳᠤ ᠲᠠᠰᠤᠷᠠᠯᠲᠠ ᠦᠭᠡᠢ ᠲᠣᠭᠠᠴᠢᠯᠠᠭᠰᠠᠨ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ | ᠰᠤᠷᠭᠠᠭᠤᠯᠢ ᠶᠢᠨ ᠬᠢᠨ ᠪᠠᠰᠠ ᠨᠠᠰᠤᠲᠠᠶᠢᠴᠤᠳ᠂ ᠵᠡᠮᠳᠡᠭᠴᠦᠳ ᠵᠡᠷᠭᠡ ᠠᠳᠠᠯᠢ ᠪᠤᠰᠤ ᠬᠥᠮᠥᠰ ᠲᠤ ᠴᠢᠭᠯᠡᠭᠦᠯᠦᠨ ᠥᠪᠡᠷᠮᠢᠴᠡ ᠣᠨᠴᠠᠯᠢᠭ ᠲᠠᠢ ᠨᠠᠰᠤᠨ | ᠲᠤᠷᠰᠢᠲᠠ ᠶᠢᠨ ᠰᠤᠷᠤᠯᠴᠠᠯᠭ᠎ᠠ ᠶᠢᠨ ᠲᠥᠯᠦᠪᠵᠢᠭᠦᠯᠭᠡ ᠲᠣᠭᠲᠠᠭᠠᠵᠤ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ᠂ ᠨᠠᠰᠤᠲᠠᠶᠢᠴᠤᠳ ᠤᠨ ᠰᠤᠷᠭᠠᠨ | ᠬᠥᠮᠦᠵᠢᠯ ᠤᠨ ᠰᠦᠯᠵᠢᠶᠡᠨ ᠤ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠷᠭᠠᠨ ᠬᠥᠮᠦᠵᠢᠯ ᠤᠨ | ᠦᠢᠯᠡᠴᠢᠯᠡᠭᠡᠨ ᠤ ᠴᠢᠳᠠᠪᠬᠢ ᠶᠢ ᠦᠷᠭᠦᠯᠵᠢᠯᠡᠨ ᠪᠠᠳᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠤᠶᠤᠨ ᠤ ᠬᠥᠮᠥᠷᠭᠡ ᠶᠢᠨ ᠲᠠᠪᠴᠠᠩ ᠤᠨ ᠪᠠᠶᠢᠭᠤᠯᠤᠯᠲᠠ | ᠵᠡᠷᠭᠡ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠥᠪᠥᠷ ᠮᠣᠩᠭᠤᠯ ᠤᠨ ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠤᠨ ᠬᠥᠭᠵᠢᠯᠲᠡ ᠵᠢᠴᠢ ᠰᠤᠷᠤᠯᠴᠠᠬᠤ | ᠭᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃ | ᠠᠷᠪᠠᠨ ᠵᠢᠯ ᠤᠨ ᠬᠥᠭᠵᠢᠯᠲᠡ ᠪᠠᠷ ᠳᠡᠮᠵᠢᠨ᠂ ᠥᠪᠥᠷ ᠮᠣᠩᠭᠤᠯ ᠤᠨ ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠤᠨ ᠶᠠᠷᠢᠶᠠᠨ ᠤ ᠲᠠᠪᠴᠠᠩ ᠨᠢ | ᠨᠢᠭᠡᠨᠲᠡ ᠥᠪᠥᠷ ᠮᠣᠩᠭᠤᠯ ᠴᠢᠨᠠᠭᠰᠢᠯᠠᠪᠠᠯ ᠪᠦᠭᠦ ᠤᠯᠤᠰ ᠤᠨ ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠬᠤ ᠴᠢᠬᠤᠯᠠ ᠲᠠᠪᠴᠠᠩ | ᠪᠣᠯᠵᠤ᠂ ᠣᠯᠠᠨ ᠲᠠᠯ᠎ᠠ ᠶᠢᠨ ᠣᠶᠤᠨ ᠤᠬᠠᠭᠠᠨ ᠢ ᠬᠤᠷᠠᠮᠳᠤᠭᠤᠯᠤᠨ᠂ ᠲᠡᠷᠢᠭᠦᠨ ᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠪᠠ ᠦᠢᠯᠡᠳᠦᠯᠭᠡ ᠶᠢᠨ | ᠲᠤᠷᠰᠢᠯᠭ᠎ᠠ ᠶᠢ ᠬᠠᠮᠲᠤ ᠪᠠᠷ ᠡᠳ᠋ᠯᠡᠵᠦ᠂ ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠤᠨ ᠬᠥᠭᠵᠢᠯᠲᠡ ᠪᠠ ᠰᠢᠨ᠎ᠡ ᠶᠢ ᠡᠭᠦᠳᠬᠦ ᠳᠤ ᠡᠷᠬᠢᠮ ᠨᠠᠨᠳᠢᠨ ᠲᠤᠷᠰᠢᠯᠭ᠎ᠠ | ᠬᠠᠩᠭᠠᠭᠰᠠᠨ ᠪᠠᠶᠢᠨ᠎ᠠ᠃ | | | |