ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠰᠤᠷᠭᠠᠨ ᠬᠥᠮᠦᠵᠢᠯ ᠤᠨ | ᠶᠠᠮᠤᠨ᠂ ᠤᠯᠤᠰ ᠤᠨ ᠦᠭᠡ ᠭᠡᠯᠡ ᠦᠰᠦᠭ ᠪᠢᠴᠢᠭ ᠤᠨ ᠠᠵᠢᠯ ᠤᠨ ᠵᠥᠪᠯᠡᠯ ᠠᠴᠠ ᠭᠤᠣᠯᠯᠠᠨ ᠡᠷᠭᠢᠯᠡᠭᠰᠡᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠶᠢᠨ | ᠰᠣᠩᠭᠤᠳᠠᠭ ᠵᠣᠬᠢᠶᠠᠯ ᠤᠨ ᠤᠷᠤᠯᠳᠤᠭᠠᠨ ᠤ ᠱᠠᠩᠨᠠᠯ ᠬᠦᠷᠲᠡᠭᠰᠡᠳ ᠤᠨ ᠨᠡᠷᠡᠰ ᠢ ᠨᠡᠶᠢᠲᠡᠯᠡᠪᠡ᠃ ᠮᠠᠨ ᠤ ᠣᠷᠣᠨ ᠲᠤᠰ ᠤᠷᠤᠯᠳᠤᠭᠠᠨ ᠳᠤ ᠳᠠᠬᠢᠨᠲᠠ ᠰᠢᠯᠢᠳᠡᠭ | ᠬᠢᠷᠢ ᠪᠦᠲᠦᠮᠵᠢ ᠣᠯᠵᠤ ᠮᠠᠨ ᠤ ᠣᠷᠣᠨ ᠤ ᠦᠭᠡ ᠭᠡᠯᠡ ᠥᠰᠥᠭ ᠪᠢᠴᠢᠭ ᠤᠨ ᠠᠵᠢᠯ ᠤᠨ ᠦᠷ᠎ᠡ ᠪᠦᠲᠦᠮᠵᠢ ᠶᠢ ᠢᠯᠡᠷᠡᠭᠦᠯᠪᠡ᠃ | ᠡᠨᠡ ᠵᠢᠯ ᠤᠨ 4 ᠰᠠᠷ᠎ᠠ ᠠᠴᠠ ᠨᠠᠭᠠᠰᠢ᠂ ᠮᠠᠨ ᠤ ᠣᠷᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠳᠤᠮᠳᠠᠳᠤ ᠶᠢᠨ ᠰᠣᠩᠭᠤᠳᠠᠭ ᠵᠣᠬᠢᠶᠠᠯ ᠢ | ᠤᠩᠰᠢᠬᠤ ᠤᠷᠤᠯᠳᠤᠭᠠᠨ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠡᠯ᠎ᠡ ᠠᠶᠢᠮᠠᠭ ᠬᠤᠲᠠ᠂ ᠶᠡᠭᠡ ᠳᠡᠭᠡᠳᠦ ᠰᠤᠷᠭᠠᠭᠤᠯᠢ ᠶᠢᠨ ᠰᠢᠯᠭᠠᠷᠠᠭᠤᠯᠤᠭᠰᠠᠨ ᠰᠠᠭᠤᠷᠢᠨ | ᠳᠡᠭᠡᠷ᠎ᠡ 906 ᠪᠦᠲᠦᠭᠡᠯ ᠢ ᠥᠪᠡᠷᠲᠡᠭᠡᠨ ᠵᠠᠰᠠᠬᠤ ᠣᠷᠣᠨ ᠤ ᠠᠩᠬᠠᠨ ᠤ ᠤᠷᠤᠯᠳᠤᠭᠠᠨ ᠳᠤ ᠣᠷᠣᠯᠴᠠᠭᠤᠯᠵᠠᠢ᠃ ᠲᠤᠰᠬᠠᠢ ᠮᠡᠷᠭᠡᠵᠢᠯᠲᠡᠨ ᠤ ᠬᠢᠨᠠᠨ | ᠰᠢᠯᠭᠠᠷᠠᠭᠤᠯᠤᠯᠲᠠ ᠪᠠᠷ ᠲᠠᠮᠵᠢᠨ 150 ᠪᠦᠲᠦᠭᠡᠯ ᠢ ᠲᠤᠮᠳᠠᠳᠤ ᠶᠢᠨ ᠰᠣᠩᠭᠤᠳᠠᠭ ᠪᠦᠲᠦᠭᠡᠯ ᠤᠨ ᠤᠯᠤᠰ ᠤᠨ ᠤᠷᠤᠯᠳᠤᠭᠠᠨ ᠳᠤ ᠳᠡᠪᠰᠢᠭᠦᠯᠦᠭᠰᠡᠨ ᠤ ᠳ᠋ᠦᠩ ᠳᠤ | 73 ᠪᠦᠲᠦᠭᠡᠯ ᠱᠠᠩᠨᠠᠯ ᠭᠦᠷᠳᠡᠪᠡ᠂ ᠡᠭᠦᠨ ᠳᠤ ᠨᠢᠭᠡᠳᠦᠭᠡᠷ ᠳᠡᠰ ᠤᠨ ᠱᠠᠩᠨᠠᠯ 9᠂ ᠬᠤᠶᠠᠳᠤᠭᠠᠷ ᠳᠡᠰ ᠤᠨ ᠱᠠᠩᠨᠠᠯ 9᠂ ᠭᠤᠷᠪᠠᠳᠤᠭᠠᠷ ᠳᠡᠰ ᠤᠨ ᠱᠠᠩᠨᠠᠯ 23᠂ | ᠰᠢᠯᠢᠳᠡᠭ ᠱᠠᠩᠨᠠᠯ 32 ᠪᠤᠶ᠂ ᠱᠠᠩᠨᠠᠯ ᠭᠥᠷᠳᠡᠭᠰᠡᠨ ᠪᠦᠲᠦᠭᠡᠯ ᠤᠨ ᠲᠤᠭ᠎ᠠ ᠨᠢ ᠲᠠᠪᠤᠳᠤᠭᠠᠷ ᠬᠤᠭᠤᠴᠠᠭᠠᠨ ᠤ ᠤᠷᠤᠯᠳᠤᠭᠠᠨ ᠠᠴᠠ ᠶᠡᠭᠡ ᠬᠡᠮᠵᠢᠶ᠎ᠡ ᠪᠠᠷ | ᠳᠡᠭᠡᠭᠰᠢᠯᠡᠵᠦ᠂ ᠮᠠᠨ ᠤ ᠣᠷᠣᠨ ᠤ ᠪᠠᠭᠰᠢ ᠰᠣᠷᠣᠬᠴᠢ᠂ ᠣᠯᠠᠨ ᠨᠡᠶᠢᠲᠡ᠂ ᠢᠯᠠᠩᠭᠤᠶ᠎ᠠ ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠰᠣᠩᠭᠤᠳᠠᠭ ᠪᠦᠲᠦᠭᠡᠯ ᠤᠨ | ᠲᠤᠬᠠᠢ ᠬᠠᠯᠠᠭᠤᠨ ᠬᠠᠶᠢᠷ᠎ᠠ ᠪᠠ ᠤᠯᠠᠮᠵᠢᠯᠠᠯ ᠢ ᠪᠦᠭᠦ ᠲᠠᠯ᠎ᠠ ᠪᠠᠷ ᠢᠯᠡᠷᠡᠭᠦᠯᠦᠭᠰᠡᠨ ᠪᠠᠶᠢᠨ᠎ᠠ᠃ | ︽ᠪᠢᠳᠡ ᠤᠷᠤᠯᠳᠤᠭᠠᠨ ᠤ ᠲᠤᠷᠰᠢᠯᠭ᠎ᠠ ᠦᠷ᠎ᠡ ᠪᠦᠲᠦᠮᠵᠢ ᠪᠠᠨ ᠨᠠᠷᠢᠨ ᠬᠢᠨᠠᠮᠠᠭᠠᠢ ᠳ᠋ᠦᠩᠨᠡᠵᠦ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ | ᠤᠷᠤᠯᠳᠤᠭᠠᠨ ᠢᠶᠠᠷ ᠰᠤᠷᠭᠠᠨ ᠬᠥᠮᠦᠵᠢᠯ ᠢ ᠠᠬᠢᠭᠤᠯᠬᠤ ᠶᠢ ᠪᠠᠷᠢᠮᠲᠠᠯᠠᠵᠤ᠂ ᠰᠣᠩᠭᠤᠳᠠᠭ ᠵᠣᠬᠢᠶᠠᠯ ᠢ ᠤᠩᠰᠢᠬᠤ᠂ ᠪᠢᠴᠢᠬᠦ᠂ ᠲᠠᠶᠢᠯᠪᠤᠷᠢᠯᠠᠬᠤ ᠵᠡᠷᠭᠡ ᠦᠭᠡ ᠭᠡᠯᠡ | ᠰᠣᠶᠣᠯ ᠤᠨ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠳᠡᠯᠭᠡᠷᠡᠭᠦᠯᠬᠦ | ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠶᠢᠨ ᠰᠣᠩᠭᠤᠳᠠᠭ ᠵᠣᠬᠢᠶᠠᠯ ᠢ ᠤᠩᠰᠢᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠬᠦ ᠶᠢ ᠠᠬᠢᠭᠤᠯᠤᠨ᠎ᠠ︾ ᠭᠡᠵᠦ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠦᠭᠡ ᠭᠡᠯᠡ ᠥᠰᠥᠭ ᠪᠢᠴᠢᠭ ᠤᠨ ᠬᠡᠷᠡᠭᠯᠡᠭᠡᠨ ᠤ ᠬᠠᠮᠢᠶᠠᠷᠤᠯᠲᠠ ᠶᠢᠨ ᠭᠠᠵᠠᠷ ᠤᠨ ᠬᠠᠮᠢᠶ᠎ᠠ | ᠪᠦᠬᠦᠢ ᠬᠠᠷᠢᠭᠤᠴᠠᠯᠭᠠᠲᠠᠨ ᠬᠡᠯᠡᠪᠡ᠃ | | | |