︽ᠡᠨᠡ ᠭᠤᠷᠪᠠᠨ ᠨᠥᠬᠦᠳ ᠰᠠᠶ᠋ᠢᠬᠠᠨ ᠶᠠᠷᠢᠭᠰᠠᠨ ᠮᠡᠳᠡᠯᠭᠡ ᠶᠢᠨ ᠴᠡᠭ ᠢ ᠶᠡᠭᠡ ᠰᠠᠶᠢᠬᠠᠨ ᠡᠵᠡᠮᠰᠢᠪᠡ᠃ ᠳᠡᠳᠡᠨ ᠢᠶᠠᠷ ᠬᠠᠪᠰᠤᠷᠤᠭᠤᠯᠬᠤ ᠬᠠᠮᠲᠤ ᠰᠤᠷᠤᠬᠴᠢ | ᠪᠠᠶᠢᠨ᠎ᠠ ᠤᠤ︖ ᠭᠠᠷ ᠡᠷᠭᠦᠵᠦ ᠠᠰᠠᠭᠤᠵᠤ ᠪᠣᠯᠣᠨ᠎ᠠ ᠰᠢᠦ︾᠃ ᠡᠨᠡ ᠪᠣᠯ ᠸᠠᠩ ᠬᠤᠩ ᠮᠧᠢ ᠪᠠᠭᠰᠢ ᠶᠢᠨ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠳᠤᠮᠳᠠᠳᠤ | ᠰᠤᠷᠭᠠᠭᠤᠯᠢ ᠳᠤ ᠶᠠᠷᠢᠭᠰᠠᠨ ︽ᠪᠣᠳᠠᠰ ᠤᠨ ᠪᠦᠷᠢᠯᠳᠦᠯ ᠤᠨ ᠲᠤᠬᠠᠢ ᠲᠠᠨᠢᠯᠲᠠ︾ ᠭᠡᠬᠦ ᠭᠤᠣᠯ ᠠᠭᠤᠯᠭ᠎ᠠ ᠲᠠᠢ ᠵᠢᠱᠢᠶ᠎ᠡ ᠦᠵᠡᠭᠦᠯᠭᠦ ᠬᠢᠴᠢᠶᠡᠯ ᠪᠣᠯᠣᠨ᠎ᠠ᠃ | ᠸᠠᠩ ᠬᠤᠩ ᠮᠧᠢ ᠪᠠᠭᠰᠢ ᠪᠣᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ᠂ ᠪᠤᠭᠤᠲᠤ ᠬᠤᠳᠠ ᠶᠢᠨ ᠴᠢᠳᠠᠪᠤᠷᠢᠲᠠᠨ᠂ | ᠥᠪᠡᠷᠲᠡᠭᠡᠨ ᠵᠠᠰᠠᠬᠤ ᠣᠷᠣᠨ ᠤ ᠨᠡᠷᠡᠳᠤ ᠪᠠᠭᠰᠢ ᠶᠢᠨ ᠠᠵᠢᠯ ᠤᠨ ᠦᠷᠦᠭᠡ ᠶᠢᠨ ᠭᠡᠰᠢᠭᠦᠨ ᠪᠣᠯᠣᠨ᠎ᠠ᠃ ᠲᠡᠷᠡ ᠪᠣᠯ ᠪᠤᠭᠤᠲᠤ ᠬᠤᠳᠠ ᠶᠢᠨ ᠲᠠᠪᠢᠨ ᠨᠢᠭᠡᠳᠦᠭᠡᠷ | ᠳᠤᠮᠳᠠᠳᠤ ᠰᠤᠷᠭᠠᠭᠤᠯᠢ ᠶᠢᠨ ᠬᠢᠮᠢ ᠶᠢᠨ ᠵᠢᠭᠠᠨ ᠰᠤᠷᠭᠠᠯᠲᠠ ᠶᠢᠨ ᠳᠤᠭᠤᠶᠢᠯᠠᠩ ᠤᠨ ᠳᠠᠷᠤᠭ᠎ᠠ ᠪᠠᠶᠢᠵᠤ᠂ ᠳᠡᠭᠡᠳᠦ ᠳᠡᠰ ᠤᠨ ᠮᠡᠷᠭᠡᠵᠢᠯ ᠤᠨ ᠴᠣᠯᠠ ᠲᠠᠢ ᠪᠠᠭᠰᠢ | ᠪᠣᠯᠣᠨ᠎ᠠ᠃ 27 ᠵᠢᠯ ᠪᠠᠭᠰᠢᠯᠠᠭᠰᠠᠨ ᠲᠡᠷᠡᠪᠡᠷ᠂ ᠨᠢᠳᠤᠨᠤᠨ ᠤ 8 ᠰᠠᠷ᠎ᠠ ᠳᠤ ᠰᠤᠷᠭᠠᠨ ᠬᠥᠮᠦᠵᠢᠯ ᠢ ᠳᠡᠮᠵᠢᠬᠦ ᠪᠠᠷ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ | ᠳᠤᠮᠳᠠᠳᠤ ᠰᠤᠷᠭᠠᠭᠤᠯᠢ ᠳᠤ ᠢᠷᠡᠵᠦ ᠠᠵᠢᠯᠯᠠᠨ᠂ ︽ᠬᠢᠴᠢᠶᠡᠯ ᠤᠨ ᠲᠠᠩᠬᠢᠮ ᠢᠶᠠᠷ ᠭᠤᠣᠯ ᠪᠤᠯᠭᠠᠬᠤ︾ ᠵᠢᠭᠠᠨ ᠰᠤᠷᠭᠠᠯᠲᠠ ᠶᠢᠨ ᠭᠤᠣᠯ ᠵᠣᠷᠢᠯᠲᠠ ᠪᠠ ᠬᠠᠷᠢᠯᠴᠠᠨ | ᠬᠠᠪᠰᠤᠷᠤᠯᠴᠠᠬᠤ ᠮᠠᠶ᠋ᠢᠭ ᠤᠨ ᠰᠤᠷᠤᠯᠴᠠᠬᠤ ᠠᠷᠭ᠎ᠠ ᠶᠢ ᠠᠳᠡ ᠠᠪᠴᠢᠷᠠᠭᠰᠠᠨ ᠪᠠᠶᠢᠯ᠎ᠠ᠃ ︽ᠸᠠᠩ ᠪᠠᠭᠰᠢ ᠶᠢᠨ ᠵᠢᠱᠢᠶ᠎ᠡ ᠦᠵᠡᠭᠦᠯᠭᠦ ᠬᠢᠴᠢᠶᠡᠯ ᠢ ᠰᠣᠨᠣᠰᠤᠭᠠᠳ | ᠮᠠᠰᠢ ᠶᠡᠭᠡ ᠰᠡᠩᠬᠡᠷᠡᠭᠦᠯᠦᠯ ᠬᠦᠷᠲᠡᠵᠡᠢ᠃ ᠰᠤᠷᠤᠬᠴᠢᠳ ᠶᠠᠷᠢᠭᠰᠠᠨ ᠠᠭᠤᠯᠭ᠎ᠠ ᠪᠠᠨ ᠰᠠᠶᠢᠬᠠᠨ ᠶᠠᠷᠢᠵᠤ ᠢᠯᠡᠳᠬᠡᠵᠦ ᠴᠢᠳᠠᠪᠠᠯ ᠰᠠᠶ᠋ᠢ ᠰᠤᠷᠴᠤ ᠡᠵᠡᠮᠰᠢᠭᠰᠡᠨ ᠳᠤ | ᠲᠣᠭᠠᠴᠢᠭᠳᠠᠨ᠎ᠠ᠃ ᠪᠢᠳᠡ ᠵᠢᠭᠠᠨ ᠰᠤᠷᠭᠠᠯᠲᠠ ᠶᠢᠨ ᠰᠡᠳᠬᠢᠬᠦᠢ ᠪᠠ ᠠᠷᠭ᠎ᠠ ᠭᠡᠯᠪᠡᠷᠢ ᠪᠠᠨ ᠬᠤᠪᠢᠷᠠᠭᠤᠯᠪᠠᠯ ᠵᠣᠬᠢᠨ᠎ᠠ︾ ᠭᠡᠬᠦ ᠮᠡᠲᠦ ᠪᠠᠷ ᠪᠠᠭᠰᠢ ᠨᠠᠷ ᠣᠯᠣᠯᠲᠠ | ᠲᠥᠷᠥᠭᠳᠡᠯ ᠢᠶᠠᠨ ᠶᠠᠷᠢᠵᠤ ᠪᠠᠶᠢᠯ᠎ᠠ᠃ | ᠡᠵᠡᠨ᠎ᠡ ᠬᠤᠰᠢᠭᠤᠨ ᠤ ᠳᠤᠮᠳᠠᠳᠤ ᠰᠤᠷᠭᠠᠭᠤᠯᠢ ᠶᠢᠨ ᠰᠤᠷᠤᠬᠴᠢᠳ ᠰᠤᠷᠭᠠᠭᠤᠯᠢ ᠳᠠᠭᠠᠨ ᠪᠤᠭᠤᠲᠤ ᠬᠤᠳᠠ ᠶᠢᠨ ᠨᠡᠷᠡᠲᠦ ᠪᠠᠭᠰᠢ ᠶᠢᠨ ᠬᠢᠴᠢᠶᠡᠯ ᠢ | ᠰᠣᠨᠣᠰᠴᠢᠬᠠᠨᠠ᠃ ᠡᠨᠡ ᠨᠢ 2024 ᠣᠨ ᠳᠤ ᠥᠪᠡᠷᠲᠡᠭᠡᠨ ᠵᠠᠰᠠᠬᠤ ᠣᠷᠣᠨ ᠠᠴᠠ︽ᠥᠪᠡᠷᠲᠡᠭᠡᠨ ᠵᠠᠰᠠᠬᠤ ᠣᠷᠣᠨ ᠤ ᠲᠠᠰ ᠤᠨ ᠨᠠᠷᠠᠲᠤ ᠰᠤᠷᠭᠠᠭᠤᠯᠢ ᠶᠢᠨ | ᠵᠠᠬᠢᠷᠤᠯ ᠤᠨ ᠠᠵᠢᠯᠯᠠᠬᠤ ᠦᠷᠦᠭᠡ ᠨᠡᠷᠡᠲᠦ ᠪᠠᠭᠰᠢ ᠶᠢᠨ ᠠᠵᠢᠯᠯᠠᠬᠤ ᠦᠷᠦᠭᠡ ᠶᠢ ᠲᠤᠰ ᠪᠦᠷᠢ 30 ᠪᠠᠶᠢᠭᠤᠯᠵᠤ᠂ 1000 ᠭᠠᠷᠤᠢ ᠬᠤᠲᠠ ᠶᠢᠨ ᠲᠣᠭᠤᠷᠢᠭ ᠤᠨ | ᠰᠢᠯᠢᠳᠡᠭ ᠪᠠᠭᠰᠢ ᠶᠢ ᠰᠣᠩᠭᠤᠨ ᠲᠣᠮᠢᠯᠠᠵᠤ᠂ ᠬᠥᠳᠡᠭᠡ ᠲᠣᠰᠬᠤᠨ ᠤ ᠪᠠᠭᠤᠷᠠᠢ ᠰᠤᠷᠭᠠᠭᠤᠯᠢ ᠳᠤ ᠣᠴᠢᠭᠤᠯᠵᠤ᠂ ᠰᠤᠷᠭᠠᠨ ᠬᠥᠮᠦᠵᠢᠯ ᠢ ᠳᠡᠮᠵᠢᠵᠦ ᠬᠠᠪᠰᠤᠷᠤᠨ | ᠲᠡᠳᠬᠦᠬᠦ ᠠᠵᠢᠯ ᠥᠷᠨᠢᠭᠦᠯᠬᠦ ᠪᠠᠷ ᠲᠣᠭᠲᠠᠭᠰᠠᠨ︾ ᠲᠠᠢ ᠬᠤᠯᠪᠤᠭ᠎ᠠ ᠲᠠᠢ᠃ | ︽ᠬᠢᠴᠢᠶᠡᠯ ᠤᠨ ᠲᠠᠩᠬᠢᠮ ᠢᠶᠠᠷ ᠭᠤᠣᠯ ᠪᠤᠯᠭᠠᠬᠤ︾ ᠵᠢᠭᠠᠨ ᠰᠤᠷᠭᠠᠯᠲᠠ ᠶᠢᠨ ᠵᠣᠷᠢᠯᠲᠠ ᠠᠴᠠ ᠬᠠᠷᠢᠯᠴᠠᠨ ᠬᠠᠪᠰᠤᠷᠤᠯᠴᠠᠬᠤ ᠮᠠᠶ᠋ᠢᠭ ᠤᠨ ᠰᠤᠷᠤᠯᠴᠠᠬᠤ | ᠠᠷᠭ᠎ᠠ ᠭᠦᠷᠳᠡᠯ᠎ᠡ᠂ ᠭᠠᠵᠠᠷ ᠣᠷᠣᠨ ᠤ ᠪᠣᠳᠠᠲᠤ ᠪᠠᠶᠢᠳᠠᠯ ᠠᠴᠠ ᠡᠭᠦᠰᠴᠦ᠂ ᠲᠤᠬᠠᠢ ᠶᠢᠨ ᠭᠠᠵᠠᠷ ᠤᠨ ᠰᠤᠷᠤᠬᠴᠢ ᠶᠢᠨ ᠪᠠᠶᠢᠳᠠᠯ ᠢ ᠦᠨᠳᠦᠰᠦᠯᠡᠵᠦ ᠳᠠᠰᠬᠠᠯ | ᠳᠠᠭᠠᠭᠠᠯᠭᠠᠪᠤᠷᠢ ᠶᠢ ᠰᠢᠯᠢᠳᠡᠭᠵᠢᠭᠦᠯᠦᠨ ᠪᠠᠶᠢᠷᠢᠯᠠᠭᠤᠯᠬᠤ ᠲᠤᠬᠠᠢ ᠸᠠᠩ ᠬᠤᠩ ᠮᠧᠶ ᠪᠠᠭᠰᠢ ᠡᠵᠡᠨ᠎ᠡ ᠬᠤᠰᠢᠭᠤᠨ ᠤ ᠲᠤᠬᠠᠢ ᠶᠢᠨ ᠭᠠᠵᠠᠷ ᠤᠨ ᠰᠤᠷᠤᠬᠴᠢᠳ ᠲᠤ | ᠴᠣ ᠰᠢᠨ᠎ᠡ ᠰᠤᠷᠤᠯᠴᠠᠯᠭ᠎ᠠ ᠶᠢᠨ ᠠᠭᠤᠷ ᠠᠮᠢᠰᠬᠤᠯ ᠢ ᠠᠪᠴᠢᠷᠠᠭᠰᠠᠨ ᠪᠠᠶᠢᠯ᠎ᠠ᠃ ᠸᠠᠩ ᠬᠤᠩ ᠮᠧᠢ ᠪᠠᠭᠰᠢ ᠶᠢᠨ ᠬᠠᠪᠰᠤᠷᠤᠯᠴᠠᠭ᠎ᠠ ᠪᠠᠶᠢᠭᠤᠯᠵᠤ ᠵᠢᠭᠠᠨ | ᠵᠢᠯᠣᠭᠤᠳᠤᠭᠰᠠᠨ ᠯᠢ ᠵᠢᠶᠦ᠋ᠨ ᠪᠠᠭᠰᠢ ᠠᠯᠠᠱᠠ ᠠᠶᠢᠮᠠᠭ ᠤᠨ ᠠᠶᠢᠮᠠᠭ ᠤᠨ ᠳᠡᠰ ᠤᠨ ᠶᠡᠭᠡ ᠨᠢᠭᠡᠴᠢ ᠶᠢᠨ ᠵᠢᠭᠠᠨ ᠰᠤᠷᠭᠠᠯᠲᠠ ᠶᠢᠨ ᠲᠥᠰᠥᠪᠯᠡᠯ ᠤᠨ | ᠤᠷᠤᠯᠳᠤᠭᠠᠨ ᠳᠤ︽︿ᠡᠨᠧᠷᠭᠢ﹀ ᠢᠷᠡᠭᠡᠳᠦᠢ ᠶᠢ ᠴᠣᠭᠴᠠᠯᠠᠨ᠎ᠠ᠂ ︿ᠡᠬᠢ ᠰᠤᠷᠪᠤᠯᠵᠢ﹀ ᠬᠥᠭᠵᠢᠯᠲᠡ ᠶᠢ ᠲᠤᠰᠠᠯᠠᠨ᠎ᠠ︾ ᠭᠡᠬᠦ ᠠᠭᠤᠯᠭ᠎ᠠ ᠪᠠᠷ ᠣᠷᠣᠯᠴᠠᠭᠠᠳ ᠠᠶᠢᠮᠠᠭ ᠤᠨ | ᠲᠠᠰ ᠤᠨ ᠬᠤᠶᠠᠳᠤᠭᠠᠷ ᠳᠡᠰ ᠤᠨ ᠱᠠᠩᠨᠠᠯ ᠭᠦᠷᠳᠡᠪᠡ᠃ ᠲᠡᠭᠦᠨ ᠤ ᠬᠠᠪᠰᠤᠷᠤᠯᠴᠠᠭ᠎ᠠ ᠪᠠᠶᠢᠭᠤᠯᠵᠤ ᠵᠢᠭᠠᠨ ᠵᠢᠯᠣᠭᠤᠳᠤᠭᠰᠠᠨ ᠯᠢ ᠱᠧᠩ ᠭᠤᠤ ᠪᠠᠭᠰᠢ ᠠᠩᠭᠢ ᠶᠢᠨ | ᠳᠦᠷᠢᠮ᠂ ᠠᠩᠭᠢ ᠶᠢᠨ ᠨᠡᠶᠢᠲᠡ ᠶᠢᠨ ᠭᠡᠷ᠎ᠡ ᠵᠡᠷᠭᠡ ᠠᠩᠭᠢ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠯᠡᠭᠡᠳ᠂ ᠠᠩᠭᠢ ᠶᠢᠨ ᠢᠶᠠᠨ ᠳᠦᠷᠢ ᠲᠥᠷᠬᠦ ᠪᠠᠨ ᠢᠯᠡᠳᠲᠡ | ᠰᠠᠶᠢᠵᠢᠷᠠᠭᠤᠯᠪᠠ ᠁ | 2024 ᠣᠨ ᠳᠤ ᠸᠠᠩ ᠬᠤᠩ ᠮᠧᠢ ᠪᠠᠭᠰᠢ ᠲᠠᠢ ᠬᠠᠮᠲᠤ ᠪᠤᠭᠤᠲᠤ ᠠᠴᠠ ᠡᠵᠡᠨ᠎ᠡ ᠬᠤᠰᠢᠭᠤᠨ ᠳᠤ ︽ᠪᠦᠯᠭᠦᠮ ᠪᠠᠶᠢᠭᠤᠯᠬᠤ ᠮᠠᠶ᠋ᠢᠭ︾ ᠢᠶᠠᠷ | ᠰᠤᠷᠭᠠᠨ ᠬᠥᠮᠦᠵᠢᠯ ᠢ ᠳᠡᠮᠵᠢᠨ ᠲᠡᠳᠬᠦᠬᠦ ᠪᠠᠭᠰᠢ ᠨᠡᠶᠢᠲᠡ 21 ᠢᠷᠡᠵᠡᠢ᠃ ᠲᠡᠳᠡ ᠡᠨᠡ ᠬᠦ ᠵᠢᠯ ᠰᠢᠬᠠᠮ ᠤᠨ ᠬᠤᠭᠤᠴᠠᠭᠠᠨ ᠳᠤ ᠰᠢᠯᠢᠳᠡᠭ ᠵᠢᠭᠠᠨ | ᠰᠤᠷᠭᠠᠯᠲᠠ ᠶᠢᠨ ᠡᠬᠢ ᠪᠠᠶᠠᠯᠢᠭ ᠢ ᠠᠪᠴᠤ ᠢᠷᠡᠭᠰᠡᠨ ᠪᠥᠭᠡᠳ ᠳᠠᠭᠠᠭᠤᠯᠵᠤ ᠶᠠᠪᠤᠬᠤ ᠦᠭᠡᠢ ᠪᠠᠭᠰᠢ ᠶᠢᠨ ᠡᠩᠨᠡᠭᠡ ᠶᠢ ᠦᠯᠡᠳᠡᠭᠡᠵᠦ ᠥᠭᠬᠦ ᠪᠠᠷ ᠵᠢᠳᠬᠦᠭᠰᠡᠭᠡᠷ | ᠢᠷᠡᠯ᠎ᠡ᠃ | 2024 ᠣᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ︽ᠰᠢᠨ᠎ᠡ ᠴᠠᠭ ᠦᠶ᠎ᠡ ᠶᠢᠨ | ᠳᠤᠮᠳᠠᠳᠤ ᠪᠠᠭ᠎ᠠ ᠰᠤᠷᠭᠠᠭᠤᠯᠢ ᠶᠢᠨ ᠨᠠᠷᠠᠲᠤ ᠪᠠᠭᠰᠢ ᠨᠠᠷᠠᠲᠤ ᠵᠠᠬᠢᠷᠤᠯ ᠢ ᠬᠥᠮᠥᠵᠢᠭᠦᠯᠬᠦ ᠶᠢ ᠳᠡᠮᠵᠢᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾᠂ ︽ᠳᠤᠮᠳᠠᠳᠤ | ᠪᠠᠭ᠎ᠠ ᠰᠤᠷᠭᠠᠭᠤᠯᠢ ᠶᠢᠨ ᠨᠠᠷᠠᠲᠤ ᠪᠠᠭᠰᠢ ᠨᠠᠷᠠᠲᠤ ᠰᠤᠷᠭᠠᠭᠤᠯᠢ ᠶᠢᠨ ᠵᠠᠬᠢᠷᠤᠯ ᠢ ᠬᠥᠮᠥᠵᠢᠭᠦᠯᠬᠦ ᠲᠥᠯᠥᠪᠯᠡᠭᠡ ︵2024 - 2026 ᠣᠨ︶ ᠶᠢᠨ ᠲᠤᠬᠠᠢ | ᠮᠡᠳᠡᠭᠳᠡᠯ︾ ᠶᠣᠰᠣᠭᠠᠷ᠂ ᠰᠢᠯᠢᠨ ᠰᠣᠩᠭᠤᠵᠤ ᠬᠥᠮᠥᠵᠢᠭᠦᠯᠬᠦ ᠠᠵᠢᠯ ᠢ ᠥᠷᠨᠢᠭᠦᠯᠵᠦ᠂ ᠡᠯ᠎ᠡ ᠠᠶᠢᠮᠠᠭ ᠬᠤᠲᠠ ᠳᠤ ᠰᠢᠯᠢᠨ ᠰᠣᠩᠭᠤᠬᠤ ᠠᠵᠢᠯ ᠢ ᠪᠠᠶᠢᠷᠢᠯᠠᠭᠤᠯᠵᠤ᠂ | ᠨᠠᠷᠠᠲᠤ ᠪᠠᠭᠰᠢ ᠨᠠᠷᠠᠲᠤ ᠰᠤᠷᠭᠠᠭᠤᠯᠢ ᠶᠢᠨ ᠵᠠᠬᠢᠷᠤᠯ ᠢᠶᠠᠷ ᠬᠥᠮᠥᠵᠢᠭᠦᠯᠬᠦ ᠡᠲᠡᠭᠡᠳ ᠢ ᠲᠣᠰ ᠲᠣᠰ 30 ᠬᠥᠮᠥᠨ ᠰᠣᠩᠭᠤᠨ ᠰᠢᠯᠭᠠᠷᠠᠭᠤᠯᠪᠠ᠃ | ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠣᠭᠲᠠᠴᠠ ᠳᠤ ᠲᠦᠰᠢᠭᠯᠡᠨ᠂ ᠤᠯᠤᠰ ᠤᠨ ᠳᠡᠰ ᠤᠨ ᠨᠡᠷᠡᠲᠦ ᠰᠤᠷᠭᠠᠭᠤᠯᠢ ᠶᠢᠨ ᠵᠠᠬᠢᠷᠤᠯ ᠬᠥᠮᠥᠵᠢᠭᠦᠯᠬᠦ | ᠰᠠᠭᠤᠷᠢᠨ ᠭᠠᠵᠠᠷ ᠢ ᠪᠡᠭᠡᠵᠢᠩ ᠤᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠳᠤ ᠪᠠᠶᠢᠭᠤᠯᠵᠤ᠂ ᠮᠠᠨ ᠤ ᠣᠷᠣᠨ ᠤ ᠨᠠᠷᠠᠲᠤ ᠪᠠᠭᠰᠢ ᠨᠠᠷᠠᠲᠤ ᠰᠤᠷᠭᠠᠭᠤᠯᠢ ᠶᠢᠨ | ᠵᠠᠬᠢᠷᠤᠯ ᠢ ᠬᠥᠮᠥᠵᠢᠭᠦᠯᠬᠦ ᠡᠭᠦᠷᠭᠡ ᠶᠢ ᠭᠥᠯᠢᠶᠡᠨ ᠠᠪᠤᠪᠠ᠃ ᠣᠳᠣᠬᠠᠨ ᠳᠤ ᠠᠵᠢᠯ ᠤᠨ ᠦᠷᠦᠭᠡ ᠨᠢ ᠭᠡᠰᠢᠭᠦᠨ ᠢᠶᠠᠨ ᠰᠢᠯᠢᠨ ᠰᠣᠩᠭᠤᠬᠤ᠂ ᠬᠠᠮᠲᠤ ᠪᠠᠷ | ᠵᠢᠭᠠᠬᠤ ᠶᠢ ᠰᠤᠳᠤᠯᠬᠤ᠂ ᠲᠦᠷᠦᠯ ᠵᠦᠢᠯ ᠤᠨ ᠰᠡᠳᠦᠪ ᠢ ᠰᠤᠳᠤᠯᠬᠤ ᠵᠡᠷᠭᠡ ᠲᠠᠯ᠎ᠠ ᠪᠠᠷ ᠵᠢᠱᠢᠶ᠎ᠡ ᠦᠵᠡᠭᠦᠯᠦᠨ ᠲᠠᠶᠢᠴᠢᠯᠠᠨ ᠳᠠᠭᠠᠭᠤᠯᠬᠤ ᠦᠢᠯᠡᠳᠦᠯ ᠢᠶᠠᠨ | ᠦᠷᠭᠦᠯᠵᠢᠯᠡᠨ ᠪᠠᠳᠠᠷᠠᠭᠤᠯᠵᠤ ᠪᠤᠢ᠃ | 2024 ᠣᠨ ᠳᠤ 1122 ᠪᠠᠭᠰᠢ ᠶᠢ ᠨᠢᠭᠡᠳᠦᠯᠲᠡᠢ ᠲᠥᠯᠥᠪᠯᠡᠨ ᠰᠣᠩᠭᠤᠨ ᠲᠣᠮᠢᠯᠠᠵᠤ᠂ ᠰᠤᠷᠭᠠᠨ ᠬᠥᠮᠦᠵᠢᠯ ᠢᠶᠠᠷ ᠪᠠᠭᠤᠷᠠᠢ 25 ᠬᠤᠰᠢᠭᠤ | ᠰᠢᠶᠠᠨ ᠳᠤ ᠣᠴᠢᠭᠤᠯᠵᠤ᠂ 174 ᠰᠤᠷᠭᠠᠭᠤᠯᠢ ᠰᠤᠷᠭᠠᠨ ᠬᠥᠮᠦᠵᠢᠯ ᠢ ᠳᠡᠮᠵᠢᠨ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠪᠡ᠃ ᠰᠤᠷᠭᠠᠨ ᠬᠥᠮᠦᠵᠢᠯ ᠢ | ᠳᠡᠮᠵᠢᠬᠦ ᠪᠠᠭᠰᠢ ᠨᠠᠷ ᠬᠢᠴᠢᠶᠡᠯ ᠰᠤᠨᠤᠰᠬᠤ᠂ ᠵᠢᠱᠢᠶ᠎ᠡ ᠦᠵᠡᠭᠦᠯᠭᠦ ᠬᠢᠴᠢᠶᠡᠯ ᠣᠷᠣᠬᠤ᠂ ᠢᠯᠡ ᠬᠢᠴᠢᠶᠡᠯ ᠣᠷᠣᠬᠤ ᠬᠠᠪᠰᠤᠷᠤᠨ ᠲᠡᠳᠬᠦᠬᠦ ᠠᠵᠢᠯ ᠢ ᠲᠥᠪᠯᠡᠷᠡᠭᠦᠯᠦᠨ | ᠥᠷᠨᠢᠭᠦᠯᠵᠦ᠂ ᠬᠠᠮᠲᠤ ᠶᠢᠨ ᠵᠢᠭᠠᠨ ᠰᠤᠷᠭᠠᠯᠲᠠ ᠶᠢᠨ ᠰᠤᠳᠤᠯᠭᠠᠨ ᠢ ᠨᠡᠶᠢᠲᠡ 21500 ᠭᠠᠷᠤᠢ ᠤᠳᠠᠭ᠎ᠠ ᠪᠡᠶᠡᠯᠡᠭᠦᠯᠪᠡ᠃ ᠲᠤᠰᠠᠯᠠᠮᠵᠢ ᠬᠦᠷᠲᠡᠵᠦ ᠪᠠᠶᠢᠭ᠎ᠠ | ᠰᠤᠷᠭᠠᠭᠤᠯᠢ ᠶᠢᠨ ᠪᠠᠭᠰᠢ ᠨᠠᠷ ᠲᠠᠢ ᠪᠠᠭᠰᠢ ᠱᠠᠪᠢ ᠶᠢᠨ ᠬᠠᠪᠰᠤᠷᠤᠯᠴᠠᠭ᠎ᠠ ᠪᠠᠶᠢᠭᠤᠯᠵᠤ᠂ ᠪᠠᠭᠰᠢ ᠶᠢᠨ ᠰᠤᠷᠤᠯᠴᠠᠯᠭ᠎ᠠ ᠶᠢᠨ ᠬᠠᠮᠲᠤ ᠶᠢᠨ ᠴᠣᠭᠴᠠ ᠶᠢ ᠪᠠᠶᠢᠭᠤᠯᠵᠤ᠂ | ᠲᠤᠰᠠᠯᠠᠮᠵᠢ ᠭᠦᠷᠳᠡᠭᠦ ᠰᠤᠷᠭᠠᠭᠤᠯᠢ ᠶᠢᠨ ᠪᠠᠭᠰᠢ ᠶᠢᠨ ᠵᠢᠭᠠᠨ ᠰᠤᠷᠭᠠᠬᠤ ᠪᠠ ᠵᠢᠭᠠᠬᠤ ᠶᠢ ᠰᠤᠳᠤᠯᠬᠤ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ᠂ | ᠳᠠᠰᠬᠠᠯ ᠤᠨ ᠬᠠᠮᠢᠶᠠᠷᠤᠯᠲᠠ ᠪᠠ ᠰᠤᠷᠤᠯᠭ᠎ᠠ ᠶᠢᠨ ᠦᠨᠡᠯᠡᠯᠲᠡ ᠶᠢ ᠵᠢᠷᠤᠮᠵᠢᠭᠤᠯᠬᠤ᠂ ᠲᠤᠰᠠᠯᠠᠮᠵᠢ ᠬᠦᠷᠲᠡᠵᠦ ᠪᠠᠶᠢᠭ᠎ᠠ ᠰᠤᠷᠭᠠᠭᠤᠯᠢ ᠶᠢ ᠬᠠᠪᠰᠤᠷᠤᠨ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠭᠤᠣᠯᠯᠠᠭᠴᠢ ᠬᠦᠴᠦᠨ ᠢ ᠬᠥᠮᠥᠵᠢᠭᠦᠯᠬᠦ᠂ ᠲᠤᠬᠠᠢ ᠶᠢᠨ ᠭᠠᠵᠠᠷ ᠤᠨ ᠪᠠᠭᠰᠢ ᠶᠢᠨ ᠡᠩᠨᠡᠭᠡᠨ ᠤ ᠬᠡᠪ ᠴᠢᠨᠠᠷ ᠢ ᠪᠦᠬᠦᠯᠢ | ᠴᠣᠭᠴᠠ ᠪᠠᠷ ᠨᠢ ᠳᠡᠭᠡᠭᠰᠢᠯᠡᠭᠦᠯᠭᠦ ᠶᠢ ᠳᠠᠶᠢᠴᠢᠯᠠᠪᠠ᠃ | 2024 ᠣᠨ ᠳᠤ ᠮᠠᠨ ᠤ ᠣᠷᠣᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠪᠡᠶᠡᠯᠡᠭᠦᠯᠬᠦ ᠪᠠᠷ ᠭᠤᠣᠯ | ᠰᠢᠪᠲᠤᠯᠤᠯᠲᠠ ᠶᠢᠨ ᠴᠢᠭᠯᠡᠯ ᠪᠤᠯᠭᠠᠵᠤ᠂ ᠠᠷᠠᠳ ᠲᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠴᠢᠷᠮᠠᠶᠢᠨ ᠡᠷᠭᠢᠯᠡᠪᠡ᠃ ᠴᠢᠨᠠᠷ ᠰᠠᠶᠢᠲᠠᠢ ᠪᠥᠭᠡᠳ | ᠲᠡᠩᠴᠡᠭᠦᠷᠢᠲᠡᠢ ᠪᠠᠶᠢᠬᠤ ᠶᠢ ᠢᠳᠡᠪᠬᠢᠲᠡᠢ ᠠᠬᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠨ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠡᠵᠡᠯᠡᠬᠦ ᠬᠠᠷᠢᠴᠠᠯ ᠢ | ᠦᠷᠭᠦᠯᠵᠢᠯᠡᠨ ᠳᠡᠭᠡᠭᠰᠢᠯᠡᠭᠦᠯᠪᠡ᠃ ᠣᠷᠳᠣᠰ ᠬᠤᠳᠠ ᠶᠢᠨ ᠬᠠᠩᠭᠢᠨ ᠬᠤᠰᠢᠭᠤ ᠵᠡᠷᠭᠡ 7 ᠰᠢᠶᠠᠨ ᠤ ᠬᠡᠪᠴᠢᠶᠡᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠢ ᠲᠦᠭᠡᠮᠡᠯᠵᠢᠭᠦᠯᠬᠦ ᠪᠠ ᠲᠦᠭᠡᠮᠡᠯ ᠬᠠᠷᠠᠭᠠᠯᠵᠠᠯ ᠦᠵᠡᠭᠦᠯᠦᠨ ᠬᠥᠭᠵᠢᠭᠦᠯᠬᠦ ᠰᠢᠶᠠᠨ ᠨᠢ ᠰᠤᠷᠭᠠᠨ ᠬᠥᠮᠦᠵᠢᠯ ᠤᠨ ᠶᠠᠮᠤᠨ ᠤ ᠲᠤᠬᠠᠢ ᠶᠢᠨ | ᠭᠠᠵᠠᠷ ᠤᠨ ᠱᠠᠯᠠᠪᠳᠠᠭᠤᠯᠤᠨ ᠪᠠᠶᠢᠴᠠᠭᠠᠬᠤ ᠦᠨᠡᠯᠡᠯᠲᠡ ᠶᠢ ᠤᠷᠤᠭᠰᠢᠲᠠᠢ ᠥᠩᠭᠡᠷᠡᠪᠡ᠃ ᠡᠭᠦᠨ ᠳᠤ᠂ 126 ᠬᠡᠦᠬᠡᠳ ᠤᠨ ᠴᠡᠴᠡᠷᠯᠢᠭ ᠢ ᠳᠡᠮᠵᠢᠵᠦ ᠬᠡᠦᠬᠡᠳ ᠤᠨ | ᠴᠡᠴᠡᠷᠯᠢᠭ ᠡᠷᠭᠢᠯᠡᠭᠦ ᠨᠥᠬᠦᠴᠡᠯ ᠢ ᠨᠢ ᠰᠠᠶᠢᠵᠢᠷᠠᠭᠤᠯᠵᠤ᠂ ᠵᠢᠱᠢᠶ᠎ᠡ ᠦᠵᠡᠭᠦᠯᠭᠦ ᠴᠡᠴᠡᠷᠯᠢᠭ ᠤᠨ ᠠᠵᠢᠯ ᠲᠦᠷᠦᠯ ᠤᠨ ᠬᠠᠪᠰᠤᠷᠤᠯᠴᠠᠭ᠎ᠠ ᠪᠠᠶᠢᠭᠤᠯᠵᠤ ᠪᠠᠭᠤᠷᠠᠢ | ᠴᠡᠴᠡᠷᠯᠢᠭ ᠢ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠪᠡ᠃ ᠪᠦᠭᠦ ᠣᠷᠣᠨ ᠳᠤ ᠨᠡᠶᠢᠲᠡ 365 ᠬᠤᠣᠰ ᠰᠢᠯᠢᠳᠡᠭ ᠬᠡᠦᠬᠡᠳ ᠤᠨ ᠴᠡᠴᠡᠷᠯᠢᠭ ᠪᠠ ᠪᠠᠭᠤᠷᠠᠢ | ᠬᠡᠦᠬᠡᠳ ᠤᠨ ᠴᠡᠴᠡᠷᠯᠢᠭ ᠲᠠᠢ ᠠᠵᠢᠯ ᠲᠦᠷᠦᠯ ᠤᠨ ᠬᠠᠪᠰᠤᠷᠤᠯᠴᠠᠭ᠎ᠠ ᠪᠠᠶᠢᠭᠤᠯᠵᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠪᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠤᠰᠢᠭᠤ ᠰᠢᠶᠠᠨ ᠢ ᠡᠭᠦᠳᠦᠨ ᠪᠠᠶᠢᠭᠤᠯᠬᠤ ᠶᠢ ᠠᠬᠢᠭᠤᠯᠵᠤ᠂ 578 ᠳᠤᠮᠳᠠᠳᠤ ᠪᠠᠭ᠎ᠠ ᠰᠤᠷᠭᠠᠭᠤᠯᠢ ᠶᠢᠨ | ᠰᠤᠷᠭᠠᠭᠤᠯᠢ ᠡᠷᠭᠢᠯᠡᠭᠦ ᠨᠥᠬᠦᠴᠡᠯ ᠢᠶᠠᠨ ᠰᠠᠶᠢᠵᠢᠷᠠᠭᠤᠯᠬᠤ ᠶᠢ ᠳᠡᠮᠵᠢᠵᠦ᠂ ᠣᠷᠳᠣᠰ ᠬᠤᠳᠠ ᠶᠢᠨ ᠭᠢᠶ᠎ᠠ ᠪᠠᠭᠰᠢ ᠲᠣᠭᠤᠷᠢᠭ ᠵᠡᠷᠭᠡ 8 ᠰᠢᠶᠠᠨ ᠢ ᠠᠩᠬᠠᠳᠤᠭᠠᠷ | ᠪᠦᠯᠦᠭ ᠤᠨ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠭᠦᠯᠬᠦ ᠪᠠᠷ ᠮᠡᠳᠡᠭᠦᠯᠦᠭᠡᠳ᠂ | ᠰᠤᠷᠭᠠᠨ ᠬᠥᠮᠦᠵᠢᠯ ᠤᠨ ᠶᠠᠮᠤᠨ ᠤ ᠲᠤᠬᠠᠢ ᠶᠢᠨ ᠭᠠᠵᠠᠷ ᠤᠨ ᠱᠠᠯᠠᠪᠳᠠᠭᠤᠯᠤᠨ ᠪᠠᠶᠢᠴᠠᠭᠠᠬᠤ ᠦᠨᠡᠯᠡᠯᠲᠡ ᠶᠢ ᠤᠷᠤᠭᠰᠢᠲᠠᠢ ᠥᠩᠭᠡᠷᠡᠪᠡ᠃ ᠡᠭᠦᠨ ᠳᠤ᠂ ᠦᠬᠠᠢ | ᠬᠤᠲᠠ ᠪᠦᠭᠦ ᠣᠷᠣᠨ ᠳᠤ ᠲᠦᠷᠦᠭᠦᠯᠡᠨ ᠥᠩᠭᠡᠷᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢᠨ | ︽ᠦᠬᠠᠢ ᠶᠢᠨ ᠥᠯᠢᠭᠡᠷ ᠬᠡᠪ︾ ᠢ ᠪᠤᠶ ᠪᠣᠯᠭᠠᠪᠠ᠃ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠨᠴᠠᠯᠢᠭᠲᠤ᠂ ᠤᠯᠠᠨ ᠶᠠᠩᠵᠤᠲᠤ ᠬᠥᠭᠵᠢᠯᠲᠡ ᠶᠢ ᠠᠬᠢᠭᠤᠯᠪᠠ᠃ ᠥᠪᠡᠷᠲᠡᠭᠡᠨ ᠵᠠᠰᠠᠬᠤ | ᠣᠷᠣᠨ ᠤ ᠵᠢᠱᠢᠶ᠎ᠡ ᠦᠵᠡᠭᠦᠯᠭᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠣᠨᠴᠠᠯᠢᠭᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠶᠠᠨ ᠤ | ᠬᠡᠪᠴᠢᠶᠡᠨ ᠤ ᠴᠢᠨᠠᠷ ᠰᠠᠶᠢᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠡᠭᠦᠳᠦᠨ ᠪᠠᠶᠢᠭᠤᠯᠬᠤ ᠶᠢ ᠡᠬᠢᠯᠡᠭᠦᠯᠵᠦ᠂ ᠰᠢᠶᠠᠨ ᠤ ᠬᠡᠪᠴᠢᠶᠡᠨ ᠤ 69 ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠳᠡᠮᠵᠢᠵᠦ᠂ ᠰᠤᠷᠭᠠᠭᠤᠯᠢ ᠡᠷᠭᠢᠯᠡᠭᠦ ᠨᠥᠬᠦᠴᠡᠯ ᠢ ᠰᠠᠶᠢᠵᠢᠷᠠᠭᠤᠯᠵᠤ᠂ ᠲᠤᠨᠤᠭ ᠲᠥᠬᠦᠭᠡᠷᠦᠮᠵᠢ ᠬᠤᠳᠠᠯᠳᠤᠨ | ᠠᠪᠴᠤ᠂ ᠡᠯ᠎ᠡ ᠭᠠᠵᠠᠷ ᠤᠨ ᠬᠢᠨ ᠢ ᠵᠢᠯᠣᠭᠤᠳᠤᠨ ᠬᠠᠷᠢᠶ᠎ᠠ ᠭᠠᠵᠠᠷ ᠤᠨ ᠰᠣᠷᠣᠬᠴᠢ ᠡᠯᠰᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠬᠴᠢ ᠡᠯᠰᠡᠬᠦ ᠠᠵᠢᠯ ᠢ ᠤᠯᠠᠮ ᠴᠢᠨᠠᠭᠰᠢᠳᠠ ᠵᠢᠷᠤᠮᠵᠢᠭᠤᠯᠪᠠ᠃ | ᠪᠦᠯᠦᠭᠯᠡᠯ ᠢᠶᠠᠷ ᠰᠤᠷᠭᠠᠭᠤᠯᠢ ᠡᠷᠭᠢᠯᠡᠭᠦ ᠪᠠ ᠰᠤᠷᠭᠠᠭᠤᠯᠢ ᠶᠢᠨ ᠲᠣᠭᠤᠷᠢᠭ ᠤᠨ ᠳᠦᠷᠢᠮ ᠢ ᠲᠡᠭᠦᠯᠳᠡᠷᠵᠢᠭᠦᠯᠪᠡ᠃ ᠬᠠᠮᠢᠶᠠᠷᠤᠯᠲᠠ ᠶᠢᠨ ᠠᠷᠭ᠎ᠠ ᠵᠢᠴᠢ | ᠠᠵᠢᠯᠯᠠᠭᠠᠨ ᠤ ᠲᠣᠭᠲᠠᠴᠠ ᠪᠠᠷ ᠪᠦᠯᠦᠭᠯᠡᠯ ᠤᠨ ᠳᠣᠲᠣᠭᠠᠳᠤ᠂ ᠰᠤᠷᠭᠠᠭᠤᠯᠢ ᠶᠢᠨ ᠲᠣᠭᠤᠷᠢᠭ ᠲᠠᠬᠢ ᠰᠤᠷᠭᠠᠭᠤᠯᠢ ᠶᠢᠨ ᠬᠤᠭᠤᠷᠣᠨᠳᠣᠭᠢ ᠴᠢᠨᠠᠷ ᠰᠠᠶᠢᠲᠠᠢ | ᠲᠡᠩᠴᠡᠭᠦᠷᠢᠲᠡᠢ ᠪᠠᠶᠢᠬᠤ ᠶᠢ ᠠᠬᠢᠭᠤᠯᠵᠤ᠂ ᠣᠳᠣᠬᠠᠨ ᠳᠤ ᠪᠦᠭᠦ ᠣᠷᠣᠨ ᠤ ᠪᠦᠯᠦᠭᠯᠡᠯᠳᠦ ᠰᠤᠷᠭᠠᠭᠤᠯᠢ ᠡᠷᠭᠢᠯᠡᠭᠦ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ | ᠴᠡᠴᠡᠷᠯᠢᠭ ᠨᠡᠶᠢᠲᠡ 1591 ᠪᠣᠯᠵᠤ᠂ ᠰᠤᠷᠭᠠᠨ ᠬᠥᠮᠦᠵᠢᠯ ᠤᠨ ᠪᠦᠯᠦᠭᠯᠡᠯ ᠢ 532 ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠪᠠᠭᠤᠷᠠᠢ ᠳᠤᠮᠳᠠᠳᠤ ᠪᠠᠭ᠎ᠠ | ᠰᠤᠷᠭᠠᠭᠤᠯᠢ ᠶᠢ ᠦᠨᠳᠦᠰᠦᠨ ᠳᠡᠭᠡᠨ ᠬᠠᠮᠤᠷᠤᠭᠰᠠᠨ ᠪᠠᠶᠢᠨ᠎ᠠ᠃ | ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠪᠡ᠃ ᠲᠡᠩᠴᠡᠭᠦᠷᠢᠲᠡᠢ ᠴᠢᠨᠠᠷ ᠰᠠᠶᠢᠲᠠᠢ ᠰᠤᠷᠭᠠᠨ ᠬᠥᠮᠦᠵᠢᠯ ᠢ ᠡᠷᠭᠢᠯᠡᠭᠦ ᠳᠤ | ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠬᠤ ᠨᠢ ᠴᠢᠬᠤᠯᠠ᠃ ᠪᠦᠭᠦ ᠵᠢᠯ ᠳᠤ ᠮᠠᠨ ᠤ ᠣᠷᠣᠨ ᠳᠤᠮᠳᠠᠳᠤ | ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠪᠠᠭᠰᠢ ᠶᠢ 9680 ᠨᠥᠬᠦᠪᠦᠷᠢᠯᠡᠪᠡ᠃ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠪᠠᠭᠰᠢ ᠶᠢ | ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ 1100 ᠭᠠᠷᠤᠢ ᠰᠢᠯᠢᠳᠡᠭ ᠪᠠᠭᠰᠢ᠂ 76 ᠪᠤᠭᠤᠷᠤᠯ ᠪᠠᠭᠰᠢ ᠶᠢ ᠰᠣᠩᠭᠤᠨ ᠲᠣᠮᠢᠯᠠᠵᠤ᠂ ᠰᠤᠷᠭᠠᠨ | ᠬᠥᠮᠦᠵᠢᠯ ᠢ ᠳᠡᠮᠵᠢᠨ ᠲᠡᠳᠬᠦᠬᠦ ᠶᠢ ᠥᠷᠨᠢᠭᠦᠯᠪᠡ᠃ 74︽ᠨᠡᠶᠢᠰᠯᠡᠯ ᠤᠨ ᠪᠠᠭᠰᠢ︾ ᠪᠦᠯᠭᠦᠮ ᠪᠠᠶᠢᠭᠤᠯᠵᠤ ᠮᠠᠨ ᠤ ᠣᠷᠣᠨ ᠢ ᠬᠠᠪᠰᠤᠷᠤᠨ ᠲᠡᠳᠬᠦᠪᠡ᠃ 981 | ᠪᠠᠭᠰᠢ ᠪᠡᠭᠡᠵᠢᠩ ᠳᠤ ᠬᠦᠷᠴᠦ ᠠᠵᠢᠯ ᠤᠨ ᠪᠠᠶᠢᠷᠢ ᠳᠠᠭᠠᠵᠤ ᠰᠤᠷᠤᠯᠴᠠᠪᠠ᠃ ᠨᠠᠷᠠᠲᠤ ᠪᠠᠭᠰᠢ ᠨᠠᠷᠠᠲᠤ ᠰᠤᠷᠭᠠᠭᠤᠯᠢ ᠶᠢᠨ ᠵᠠᠬᠢᠷᠤᠯ ᠢ ᠬᠥᠮᠥᠵᠢᠭᠦᠯᠬᠦ ᠢᠨᠵᠧᠨᠧᠷᠢᠩ ᠢ | ᠶᠡᠭᠡ ᠪᠠᠷ ᠬᠡᠷᠡᠭᠵᠢᠭᠦᠯᠵᠦ᠂ ᠠᠩᠬᠠᠨ ᠤ ᠪᠦᠯᠦᠭ ᠤᠨ ᠨᠡᠷᠡᠲᠦ ᠪᠠᠭᠰᠢ᠂ ᠨᠡᠷᠡᠲᠦ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ ᠦᠷᠦᠭᠡ 60 ᠶᠢ ᠰᠢᠯᠢᠨ | ᠰᠣᠩᠭᠤᠵᠤ ᠪᠠᠶᠢᠭᠤᠯᠬᠤ ᠶᠢ ᠪᠡᠶᠡᠯᠡᠭᠦᠯᠪᠡ᠃ ᠪᠦᠭᠦ ᠣᠷᠣᠨ ᠤ 33 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠶᠢ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠦᠷᠭᠦᠯᠵᠢᠯᠡᠨ ᠠᠬᠢᠭᠤᠯᠵᠤ᠂ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢᠨ ︽ᠡᠷᠭᠢᠯᠲᠡ ᠶᠢᠨ ᠲᠠᠲᠠᠭᠠᠯ︾ ᠢ ᠪᠠᠶᠢᠭᠤᠯᠵᠤ᠂ ᠣᠷᠣᠨ ᠲᠤᠭ᠎ᠠ ᠶᠢ ᠬᠡᠷᠡᠭᠴᠡᠭᠡ | ᠶᠣᠰᠣᠭᠠᠷ ᠬᠥᠳᠡᠯᠦᠩᠭᠦᠢ ᠪᠠᠷ ᠲᠣᠬᠢᠷᠠᠭᠤᠯᠬᠤ ᠶᠢ ᠪᠡᠶᠡᠯᠡᠭᠦᠯᠪᠡ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠲᠣᠭᠲᠠᠭᠠᠬᠤ ᠪᠠ | ᠤᠷᠢᠬᠤ ᠳᠦᠷᠢᠮ ᠤᠨ ᠥᠭᠡᠷᠡᠴᠢᠯᠡᠯᠲᠡ ᠶᠢ ᠦᠨᠳᠦᠰᠦᠨ ᠱᠠᠲᠤᠨ ᠤ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠡᠶᠢᠰᠢ ᠬᠡᠯᠪᠡᠶᠢᠯᠭᠡᠵᠦ᠂ ᠬᠥᠮᠥᠨ ᠢ | ᠬᠥᠮᠥᠵᠢᠭᠦᠯᠬᠦ ᠲᠠᠯ᠎ᠠ ᠪᠠᠷ ᠲᠣᠪᠣᠶᠢᠮ᠎ᠠ ᠦᠷ᠎ᠡ ᠪᠦᠲᠦᠮᠵᠢ ᠲᠠᠢ ᠪᠠᠭᠰᠢ ᠨᠠᠷ ᠲᠤ ᠳᠦᠷᠢᠮ ᠤᠨ ᠬᠠᠷᠠᠭᠠᠯᠵᠠᠯ ᠦᠵᠡᠭᠦᠯᠪᠡ᠃ | ᠰᠤᠷᠭᠠᠨ ᠬᠥᠮᠦᠵᠢᠯ ᠪᠣᠯ ᠲᠦᠭ ᠲᠦᠮᠡᠨ ᠠᠶᠢᠯ ᠡᠷᠦᠭᠡ ᠳᠤ ᠬᠤᠯᠪᠣᠭᠳᠠᠭᠰᠠᠨ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠣᠨ᠎ᠠ᠃ ᠮᠠᠨ ᠤ | ᠣᠷᠣᠨ ᠰᠤᠷᠭᠠᠨ ᠬᠥᠮᠦᠵᠢᠯ ᠤᠨ ᠲᠠᠯ᠎ᠠ ᠪᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠦᠴᠦᠯᠡᠨ ᠨᠠᠶᠢᠳᠠᠪᠤᠷᠢᠵᠢᠭᠤᠯᠵᠤ᠂ ᠨᠡᠩ ᠴᠢᠨᠠᠷ ᠰᠠᠶᠢᠲᠠᠢ ᠨᠡᠩ | ᠲᠥᠪ ᠭᠤᠤᠯᠴᠢ ᠰᠤᠷᠭᠠᠨ ᠬᠥᠮᠦᠵᠢᠯ ᠢᠶᠠᠷ ᠠᠷᠠᠳ ᠲᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠡᠷᠭᠢᠯᠡᠭᠦ ᠪᠠᠷ ᠬᠦᠴᠦᠯᠡᠨ ᠴᠢᠷᠮᠠᠶᠢᠵᠤ ᠪᠠᠶᠢᠨ᠎ᠠ᠃ | | |