AI ᠪᠠᠷ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠰᠢᠨ᠎ᠡ ᠪᠠᠷᠢᠮᠵᠢᠶ᠎ᠠ ᠶᠢ ᠪᠤᠢ ᠪᠣᠯᠭᠠᠨ᠎ᠠ
ᠨᠡᠶᠢᠲᠡᠯᠡᠭᠰᠡᠨ ᠴᠠᠭ᠄
2025/2/13
       ᠣᠶᠢᠷ᠎ᠠ ᠶᠢᠨ ᠵᠢᠯ ᠠᠴᠠ᠂ ᠣᠷᠳᠣᠰ ᠬᠤᠳᠠ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠢᠶᠠᠷ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ  ᠬᠠᠮᠢᠶᠠᠷᠤᠯᠲᠠ ᠶᠢᠨ ᠲᠣᠭᠲᠠᠴᠠ ᠶᠢ ᠪᠦᠭᠦ ᠲᠠᠯ᠎ᠠ ᠪᠠᠷ ᠲᠡᠰ ᠳᠡᠪᠰᠢᠭᠦᠯᠵᠦ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠠᠮᠤᠷ ᠲᠦᠪᠰᠢᠨ ᠤ  ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠵᠤ᠂ ᠥᠷᠭᠡᠨ ᠤᠯᠠᠨ ᠰᠤᠷᠤᠬᠴᠢᠳ ᠲᠤ ᠪᠠᠲᠤ ᠪᠠᠬᠢ ᠠᠮᠤᠷ ᠲᠦᠪᠰᠢᠨ ᠤ  ᠬᠠᠯᠬᠠᠪᠴᠢ ᠶᠢ ᠪᠠᠶᠢᠭᠤᠯᠪᠠ᠃        ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠬᠢᠨ ︽ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ ᠬᠡᠷᠡᠭᠵᠢᠭᠦᠯᠬᠦ︾  ᠠᠷᠭ᠎ᠠ ᠶᠢ ᠨᠡᠶᠢᠲᠡᠯᠡᠵᠦ᠂ ︽ᠬᠤᠶᠠᠷ ᠨᠠᠷᠢᠨ ᠲᠠᠩᠰᠠ︾᠎ ᠶᠢ ᠲᠣᠭᠲᠠᠭᠠᠵᠤ᠂ ᠲᠤᠬᠠᠶᠢᠯᠠᠪᠠᠯ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ  ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ︾ ᠪᠠ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ  ᠬᠠᠷᠢᠭᠤᠴᠠᠯᠭ᠎ᠠ ᠶᠢᠨ ᠨᠠᠷᠢᠨ ᠲᠠᠩᠰᠠ︾᠎ ᠶᠢ ᠲᠣᠭᠲᠠᠭᠠᠵᠤ᠂ ᠰᠤᠷᠭᠠᠭᠤᠯᠢ ᠶᠢᠨ 40 ᠠᠵᠢᠯ ᠤᠨ ᠪᠠᠶᠢᠷᠢ ᠶᠢᠨ ᠪᠣᠳᠠᠲᠠᠢ ᠬᠠᠷᠢᠭᠤᠴᠠᠯᠭᠠᠲᠠᠨ ᠵᠢᠴᠢ ᠠᠮᠤᠷ  ᠲᠦᠪᠰᠢᠨ ᠤ ᠠᠵᠢᠯ ᠤᠨ ᠪᠠᠶᠢᠷᠢ ᠶᠢᠨ  ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ 10  ᠬᠡᠰᠡᠭ ᠤᠨ 807 ᠵᠦᠢᠯ ᠤᠨ ᠪᠣᠳᠠᠲᠠᠢ ᠠᠭᠤᠯᠭ᠎ᠠ ᠶᠢ ᠬᠠᠮᠤᠷᠴᠤ᠂ ︽ᠪᠦᠭᠦ ᠠᠵᠢᠯᠲᠠᠨ᠂ ᠪᠦᠭᠦ ᠲᠠᠯ᠎ᠠ᠂ ᠪᠦᠭᠦ ᠶᠠᠪᠤᠴᠠ︾᠎ ᠶᠢᠨ ᠠᠮᠤᠷ ᠲᠦᠪᠰᠢᠨ ᠤ  ᠬᠠᠮᠢᠶᠠᠷᠤᠯᠲᠠ ᠶᠢᠨ ᠪᠠᠶᠢᠷᠢᠰᠢᠯ ᠢ ᠪᠦᠷᠢᠯᠳᠦᠭᠦᠯᠪᠡ᠃ ᠡᠭᠦᠨ ᠤ ᠬᠠᠮᠲᠤ ᠵᠣᠬᠢᠶᠠᠮᠠᠯ ᠤᠶᠤᠨ ᠴᠢᠳᠠᠪᠤᠷᠢ ᠶᠢ ᠣᠷᠣᠭᠤᠯᠤᠨ ᠠᠪᠴᠢᠷᠠᠵᠤ᠂ ︽ᠪᠦᠭᠦ ᠬᠤᠲᠠ ᠶᠢᠨ  ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠸᠢᠳᠢᠤ᠋ ᠰᠦᠯᠵᠢᠶᠡᠨ ᠰᠢᠰᠲ᠋ᠧᠮ︾᠎ ᠢᠶᠠᠷ ᠳᠠᠮᠵᠢᠭᠤᠯᠤᠨ ᠰᠤᠷᠭᠠᠭᠤᠯᠢ᠂ ᠬᠡᠦᠬᠡᠳ ᠤᠨ  ᠴᠡᠴᠡᠷᠯᠢᠭ ᠤᠨ ᠣᠯᠠᠨ ᠨᠡᠶᠢᠲᠡ ᠶᠢᠨ ᠲᠠᠯᠠᠪᠤᠷ ᠲᠤ ᠲᠤᠬᠠᠢ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠨᠡᠶᠢᠲᠡ 86724 ᠱᠤᠭᠤᠮ ᠤᠨ  ᠸᠢᠳᠢᠤ᠋ ᠶᠢ ᠵᠠᠯᠭᠠᠨ ᠣᠷᠣᠭᠤᠯᠵᠤ᠂ ᠰᠤᠷᠭᠠᠭᠤᠯᠢ ᠶᠢᠨ ᠵᠠᠯᠭᠠᠨ ᠣᠷᠣᠭᠤᠯᠤᠭᠰᠠᠨ ᠨᠣᠷᠮ᠎ᠠ 100%᠎ ᠳᠤ ᠬᠦᠷᠴᠦ᠂ ᠸᠢᠳᠢᠤ᠋ ᠶᠢᠨ ᠰᠦᠯᠵᠢᠶᠡᠨ ᠳᠠᠬᠢ ᠨᠣᠷᠮ᠎ᠠ  95%᠎ ᠶᠢ ᠳᠠᠪᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠣᠨᠣᠪᠴᠢ ᠶᠢᠨ ᠬᠡᠮᠵᠢᠶ᠎ᠡ ᠪᠠ ᠴᠠᠭᠴᠢ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠪᠡ᠃        ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠲᠠᠯ᠎ᠠ ᠪᠠᠷ᠂ ︽ᠰᠤᠷᠭᠠᠭᠤᠯᠢ ᠶᠢᠨ ᠠᠮᠤᠷ ᠲᠦᠪᠰᠢᠨ ᠤ  ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠰᠢᠰᠲ᠋ᠧᠮ ᠤᠨ ᠵᠢᠯᠤᠭᠤᠳᠬᠤ ᠭᠠᠷ ᠠᠪᠤᠯᠭ᠎ᠠ︾᠎ ᠶᠢ  ᠲᠣᠭᠲᠠᠭᠠᠵᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠠᠮᠤᠷ ᠲᠦᠪᠰᠢᠨ ᠤ ᠭᠡᠮ ᠰᠣᠭᠤᠭ ᠤᠨ 14 ᠲᠥᠷᠥᠯ ᠤᠨ 43 ᠵᠦᠢᠯ ᠤᠨ  ᠭᠤᠣᠯᠳᠠᠯᠭ᠎ᠠ ᠲᠠᠢ ᠠᠭᠤᠯᠭ᠎ᠠ ᠲᠠᠢ ᠤᠶᠠᠯᠳᠤᠭᠤᠯᠤᠨ᠂ ᠰᠤᠷᠭᠠᠭᠤᠯᠢ ᠶᠢᠨ ᠠᠮᠤᠷ ᠲᠦᠪᠰᠢᠨ ᠤ ᠲᠦᠭᠰᠢᠭᠦᠷᠢ ᠶᠢ ᠢᠯᠭᠠᠨ ᠲᠠᠨᠢᠵᠤ ᠬᠠᠮᠢᠶᠠᠷᠤᠨ ᠡᠵᠡᠮᠳᠡᠬᠦ ᠨᠠᠷᠢᠨ  ᠲᠠᠩᠰᠠ ᠶᠢ ᠪᠦᠷᠢᠯᠳᠦᠭᠦᠯᠪᠡ᠃ ᠵᠣᠬᠢᠶᠠᠮᠠᠯ ᠤᠶᠤᠨ ᠴᠢᠳᠠᠪᠤᠷᠢ ᠶᠢ ᠠᠰᠢᠭᠯᠠᠨ ᠠᠮᠤᠷ ᠲᠦᠪᠰᠢᠨ ᠤ ᠭᠡᠮ ᠰᠣᠭᠤᠭ ᠢ ᠬᠠᠪᠰᠤᠷᠤᠨ ᠵᠢᠭᠰᠠᠭᠠᠨ ᠪᠠᠶᠢᠴᠠᠭᠠᠵᠤ᠂  ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠬᠤᠶᠠᠷ ᠭᠠᠷᠠᠭ ᠤᠨ ᠡᠮᠦᠨ᠎ᠡ ᠱᠦᠵᠢ᠂ ᠰᠤᠷᠭᠠᠭᠤᠯᠢ ᠶᠢᠨ ᠵᠠᠬᠢᠷᠤᠯ ᠳᠠᠭᠠᠭᠤᠯᠤᠨ ᠪᠦᠭᠦ ᠲᠠᠯ᠎ᠠ ᠪᠠᠷ᠂ ᠥᠨᠴᠥᠭ ᠪᠤᠯᠤᠩ  ᠦᠭᠡᠢ ᠵᠢᠭᠰᠠᠭᠠᠨ ᠪᠠᠶᠢᠴᠠᠭᠠᠵᠤ᠂ ᠭᠡᠮ ᠰᠣᠭᠤᠭ ᠢ ᠡᠷᠲᠡ ᠢᠯᠡᠷᠡᠭᠦᠯᠵᠦ᠂ ᠡᠷᠲᠡ ᠴᠡᠭᠴᠡᠯᠡᠨ ᠵᠠᠰᠠᠬᠤ ᠶᠢ ᠦᠨᠡᠨ ᠬᠦ  ᠪᠠᠲᠤᠯᠠᠪᠠ᠃        ᠵᠥᠷᠢᠴᠡᠯ ᠲᠦᠭᠰᠢᠭᠦᠷᠢ ᠶᠢ ᠠᠷᠢᠯᠭᠠᠬᠤ ᠲᠠᠯ᠎ᠠ ᠪᠠᠷ᠂ ᠲᠤᠰᠬᠠᠢ ᠵᠦᠢᠯ ᠢᠶᠠᠷ ᠵᠠᠰᠠᠬᠤ ᠠᠵᠢᠯ ᠤᠨ ᠲᠥᠰᠥᠯ ᠢ ᠲᠣᠭᠲᠠᠭᠠᠵᠤ᠂ 5 ᠵᠦᠢᠯ ᠤᠨ  ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ 12 ᠲᠥᠷᠥᠯ ᠤᠨ 52 ᠲᠦᠭᠰᠢᠭᠦᠷᠢ ᠶᠢᠨ ᠴᠡᠭ ᠢ ᠡᠮᠬᠢᠯᠡᠨ ᠳᠢᠭᠯᠡᠵᠦ᠂ ᠤᠳᠤᠷᠢᠳᠬᠤ ᠳᠤᠭᠤᠶᠢᠯᠠᠩ ᠪᠠ 4  ᠠᠵᠢᠯ ᠤᠨ ᠲᠤᠰᠬᠠᠢ ᠠᠩᠭᠢ ᠪᠠᠶᠢᠭᠤᠯᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠱᠠᠲᠤ ᠬᠤᠪᠢᠶᠠᠨ ᠠᠬᠢᠭᠤᠯᠪᠠ᠃ ᠵᠣᠬᠢᠶᠠᠮᠠᠯ ᠤᠶᠤᠨ  ᠴᠢᠳᠠᠪᠤᠷᠢ ᠶᠢᠨ ᠬᠠᠪᠰᠤᠷᠤᠮᠵᠢ ᠵᠠᠳᠠᠯᠤᠯᠲᠠ ᠶᠢ ᠬᠡᠷᠡᠭᠯᠡᠨ᠂ ᠲᠦᠭᠰᠢᠭᠦᠷᠢ ᠶᠢᠨ ᠴᠡᠭ ᠢ ᠣᠨᠣᠪᠴᠢᠲᠠᠶ ᠢᠯᠭᠠᠨ ᠲᠠᠨᠢᠵᠤ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ  ᠳᠤᠨᠢ ᠠᠷᠢᠯᠭᠠᠵᠤ᠂ ᠰᠤᠷᠭᠠᠭᠤᠯᠢ ᠶᠢᠨ ᠬᠦᠷᠢᠶᠡᠨ ᠤ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃        ᠠᠮᠤᠷ ᠲᠦᠪᠰᠢᠨ ᠤ ᠬᠥᠮᠦᠵᠢᠯ ᠢ ᠲᠦᠭᠡᠮᠡᠯᠵᠢᠭᠦᠯᠦᠨ ᠳᠡᠭᠡᠭᠰᠢᠯᠡᠭᠦᠯᠭᠦ ᠲᠠᠯ᠎ᠠ ᠪᠠᠷ᠂ ᠠᠮᠤᠷ ᠲᠦᠪᠰᠢᠨ ᠤ ᠬᠥᠮᠦᠵᠢᠯ ᠤᠨ ᠬᠢᠴᠢᠶᠡᠯ ᠢ ᠣᠷᠣᠨ ᠨᠤᠲᠤᠭ ᠤᠨ  ᠬᠢᠴᠢᠶᠡᠯ ᠤᠨ ᠵᠢᠭᠠᠨ ᠰᠤᠷᠭᠠᠯᠲᠠ ᠶᠢᠨ ᠲᠥᠯᠥᠪᠯᠡᠭᠡ ᠳᠤ ᠣᠷᠣᠭᠤᠯᠬᠤ ᠶᠢᠨ ᠬᠠᠮᠲᠤ᠂ ︽ᠢᠨᠲ᠋ᠧᠷ ᠰᠦᠯᠵᠢᠶ᠎ᠡ + ᠰᠤᠷᠭᠠᠭᠤᠯᠢ ᠶᠢᠨ ᠬᠦᠷᠢᠶᠡᠨ ᠤ ᠠᠮᠤᠷ  ᠲᠦᠪᠰᠢᠨ ᠤ ᠬᠠᠮᠢᠶᠠᠷᠤᠯᠲᠠ︾᠎ ᠶᠢᠨ ᠵᠠᠭᠪᠤᠷ ᠢᠶᠠᠷ ᠳᠠᠮᠵᠢᠭᠤᠯᠤᠨ᠂ ᠠᠮᠤᠷ ᠲᠦᠪᠰᠢᠨ ᠤ ᠬᠥᠮᠦᠵᠢᠯ ᠤᠨ ᠣᠶᠤᠨᠴᠢᠯᠠᠯᠲᠠ ᠶᠢ ᠪᠡᠶᠡᠯᠡᠭᠦᠯᠪᠡ᠃ ᠰᠤᠷᠤᠬᠴᠢᠳ ᠭᠠᠷ  ᠤᠲᠠᠰᠤ ᠪᠤᠶᠤ ᠺᠤᠮᠫᠢᠦ᠋ᠲ᠋ᠧᠷ ᠢᠶᠠᠷ ᠠᠮᠤᠷ ᠲᠦᠪᠰᠢᠨ ᠤ ᠮᠡᠳᠡᠯᠭᠡ ᠶᠢ ᠰᠤᠷᠤᠯᠴᠠᠵᠤ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ ᠪᠣᠯᠣᠨ᠎ᠠ᠃        ᠲᠠᠷᠠᠭᠠᠴᠢ ᠪᠠᠷ᠂ ᠣᠷᠳᠣᠰ ᠬᠤᠳᠠ ᠶᠢᠨ ᠬᠢᠨ AI ᠮᠡᠷᠭᠡᠵᠢᠯ ᠤᠨ ᠬᠡᠷᠡᠭᠯᠡᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ  ᠲᠦᠪᠰᠢᠨ ᠤ ᠵᠢᠷᠦᠮᠵᠢᠯᠲᠡ᠂ ᠪᠠᠷᠢᠮᠵᠢᠶᠠᠵᠢᠯᠲᠠ᠂ ᠣᠶᠤᠨᠴᠢᠯᠠᠯᠲᠠ ᠶᠢᠨ ᠪᠠᠶᠢᠭᠤᠯᠤᠯᠲᠠ ᠶᠢ ᠠᠬᠢᠭᠤᠯᠵᠤ᠂  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠮᠤᠷ  ᠲᠦᠪᠰᠢᠨ ᠢ ᠪᠠᠲᠤᠯᠠᠵᠤ᠂ ︽ᠪᠣᠳᠠᠰ ᠢᠶᠠᠷ ᠰᠡᠷᠭᠡᠶᠢᠯᠡᠬᠦ + ᠮᠡᠷᠭᠡᠵᠢᠯ ᠢᠶᠠᠷ ᠰᠡᠷᠭᠡᠶᠢᠯᠡᠬᠦ + ᠬᠥᠮᠥᠨ ᠢᠶᠠᠷ ᠰᠡᠷᠭᠡᠶᠢᠯᠡᠬᠦ︾ ᠭᠤᠷᠪᠠᠨ ᠰᠡᠷᠭᠡᠶᠢᠯᠡᠯᠲᠡ ᠶᠢ ᠵᠡᠷᠭᠡᠪᠡᠷ  ᠠᠳᠬᠤᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠰᠢᠨ᠎ᠡ ᠬᠡᠪ ᠵᠠᠭᠪᠤᠷ ᠢ ᠴᠢᠷᠮᠠᠶᠢᠨ ᠴᠣᠭᠴᠠᠯᠠᠨ᠎ᠠ᠃  
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ