ᠰᠤᠷᠪᠤᠯᠵᠢᠯᠠᠬᠴᠢ ᠰᠤᠷᠭᠠᠨ ᠬᠥᠮᠦᠵᠢᠯ ᠤᠨ ᠶᠠᠮᠤᠨ ᠤ ᠠᠯᠪᠠᠨ ᠰᠦᠯᠵᠢᠶᠡᠨ ᠦᠷᠳᠡᠭᠡ ᠠᠴᠠ ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ | ᠲᠦᠷᠦᠭᠦᠬᠡᠨ ︽ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ | ᠠᠷᠭ᠎ᠠ ᠬᠡᠮᠵᠢᠶ᠎ᠡ ᠨᠦᠭᠦᠳ ᠤᠨ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ ᠡᠨᠡ ᠬᠦ ᠪᠢᠴᠢᠭ | ᠮᠠᠲ᠋ᠧᠷᠢᠶᠠᠯ ᠳᠤ᠂︽ᠪᠡᠶ᠎ᠡ ᠶᠢᠨ ᠲᠠᠮᠢᠷ ᠤᠨ ᠪᠠᠭᠰᠢ ᠶᠢᠨ ᠰᠤᠷᠤᠯᠭ᠎ᠠ ᠶᠢᠨ ᠨᠠᠮᠲᠠᠷ ᠨᠢ ᠡᠷᠬᠡᠪᠰᠢ ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠪᠠᠶᠢᠬᠤ ᠬᠡᠷᠡᠭᠲᠡᠢ︾᠂ | ︽ᠪᠡᠶ᠎ᠡ ᠶᠢᠨ ᠲᠠᠮᠢᠷ ᠤᠨ ᠪᠠᠭᠰᠢ ᠳᠤ ᠪᠤᠰᠤᠳ ᠬᠢᠴᠢᠶᠡᠯ ᠲᠥᠷᠥᠯ ᠤᠨ ᠪᠠᠭᠰᠢ ᠲᠠᠢ ᠠᠳᠠᠯᠢᠬᠠᠨ ᠴᠠᠯᠢᠩ ᠬᠥᠯᠥᠰᠦ ᠣᠯᠭᠤᠬᠤ ᠬᠡᠷᠡᠭᠲᠡᠢ︾᠂ ︽︿ᠭᠤᠷᠪᠠᠨ ᠶᠡᠭᠡ | ᠲᠦᠷᠦᠯ ᠤᠨ ᠪᠥᠮᠪᠦᠭᠡ﹀ ᠶᠢᠨ ᠪᠠᠭᠰᠢ ᠶᠢᠨ ᠡᠩᠨᠡᠭᠡ ᠶᠢ ᠴᠢᠬᠤᠯᠠᠴᠢᠯᠠᠬᠤ ᠶᠢ ᠳᠣᠪᠤᠶᠢᠯᠭᠠᠬᠤ ᠬᠡᠷᠡᠭᠲᠡᠢ︾ ᠭᠡᠬᠦ ᠵᠡᠷᠭᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ᠰᠤᠷᠭᠠᠨ ᠬᠥᠮᠦᠵᠢᠯ ᠤᠨ ᠶᠠᠮᠤᠨ ᠲᠣᠰ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠨᠢ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ | ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠳᠤᠮᠳᠠᠳᠤ ᠪᠠᠭ᠎ᠠ ᠰᠤᠷᠭᠠᠭᠤᠯᠢ ᠶᠢᠨ | ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠶᠢ ᠴᠢᠷᠮᠠᠶᠢᠨ ᠪᠠᠶᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠪᠡᠶ᠎ᠡ ᠶᠢᠨ ᠲᠠᠮᠢᠷ ᠤᠨ ᠬᠦᠴᠦᠷᠬᠡᠭ | ᠤᠯᠤᠰ ᠢ ᠲᠦᠷᠭᠡᠳᠬᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢᠨ ᠲᠥᠯᠥᠭᠡ ᠶᠤᠮ᠃ | ᠰᠤᠷᠭᠠᠨ ᠬᠥᠮᠦᠵᠢᠯ ᠤᠨ ᠶᠠᠮᠤᠨ ᠤ ᠪᠠᠭᠰᠢ ᠶᠢᠨ ᠠᠵᠢᠯ ᠤᠨ ᠵᠤᠷᠭᠠᠨ ᠤ ᠬᠠᠷᠢᠭᠤᠴᠠᠯᠭᠠᠲᠠᠨ ᠡᠨᠡ ᠬᠦ ᠪᠢᠴᠢᠭ ᠮᠠᠲ᠋ᠧᠷᠢᠶᠠᠯ ᠳᠤ ᠲᠠᠶᠢᠯᠤᠮᠵᠢ ᠬᠢᠬᠦ ᠳᠡᠭᠡᠨ᠂ | ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠲᠠᠢ ᠬᠠᠷᠭᠤᠭᠤᠯᠵᠤ᠂ | ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠳᠤ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠶᠢᠨ ᠲᠤᠭ᠎ᠠ ᠬᠡᠮᠵᠢᠶ᠎ᠡ ᠬᠦᠷᠦᠯᠴᠡᠬᠦ ᠦᠭᠡᠢ᠂ ᠨᠥᠬᠦᠪᠦᠷᠢᠯᠡᠬᠦ | ᠬᠦᠴᠢᠷᠳᠡᠯ᠂ ᠲᠤᠰᠬᠠᠶᠢᠵᠢᠭᠰᠠᠨ ᠬᠡᠮᠵᠢᠶ᠎ᠡ ᠳᠣᠣᠷ᠎ᠠ ᠪᠠᠶᠢᠬᠤ ᠵᠡᠷᠭᠡ ᠠᠰᠠᠭᠤᠳᠠᠯ ᠣᠷᠣᠰᠢᠵᠤ᠂ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠬᠤ ᠲᠤᠰᠬᠠᠢ ᠠᠷᠭ᠎ᠠ ᠬᠡᠮᠵᠢᠶ᠎ᠡ ᠶᠢ ᠲᠣᠭᠲᠠᠭᠠᠬᠤ ᠴᠢᠬᠤᠯᠠᠲᠠᠢ ᠪᠠᠶᠢᠨ᠎ᠠ ᠭᠡᠵᠦ ᠢᠯᠡᠳᠬᠡᠪᠡ᠃ ᠰᠤᠷᠭᠠᠨ ᠬᠥᠮᠦᠵᠢᠯ ᠤᠨ ᠶᠠᠮᠤᠨ ᠲᠤᠰᠬᠠᠢ ᠰᠡᠳᠦᠪᠲᠦ | ᠬᠤᠷᠠᠯ ᠬᠤᠷᠠᠯᠳᠤᠭᠤᠯᠵᠤ᠂ ᠥᠷᠭᠡᠨ ᠢᠶᠠᠷ ᠪᠠᠶᠢᠴᠠᠭᠠᠨ ᠰᠤᠳᠤᠯᠵᠤ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ ᠡᠨᠡ ᠬᠦ ︽ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ | ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠳᠤ ᠲᠤᠰᠬᠠᠶᠢᠯᠠᠨ ᠴᠢᠭᠯᠡᠭᠦᠯᠦᠭᠰᠡᠨ ᠠᠩᠬᠠᠳᠠᠭᠴᠢ ᠪᠢᠴᠢᠭ ᠮᠠᠲ᠋ᠧᠷᠢᠶᠠᠯ ᠪᠣᠯᠤᠭᠰᠠᠨ ᠤ | ᠬᠤᠪᠢ ᠳᠤ᠂ ︽ᠮᠡᠳᠡᠭᠳᠡᠯ︾ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠶᠢᠨ ᠣᠨᠴᠠᠯᠢᠭ᠂ ᠣᠳᠣᠬᠢ ᠪᠠᠶᠢᠳᠠᠯ᠂ | ᠠᠰᠠᠭᠤᠳᠠᠯ ᠢ ᠳ᠋ᠦᠩᠨᠡᠨ ᠵᠠᠳᠠᠯᠵᠤ᠂ ᠨᠥᠬᠦᠪᠦᠷᠢᠯᠡᠨ ᠲᠣᠬᠢᠷᠠᠭᠤᠯᠬᠤ᠂ ᠲᠤᠰᠬᠠᠢ ᠮᠡᠷᠭᠡᠵᠢᠯ ᠢ ᠳᠡᠭᠡᠭᠰᠢᠯᠡᠭᠦᠯᠭᠦ᠂ ᠴᠠᠯᠢᠩ ᠬᠥᠯᠥᠰᠦ ᠶᠢ ᠪᠠᠲᠤᠯᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠵᠠᠷᠢᠮ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠳᠤᠷᠠᠳᠪᠠ᠃ | ᠨᠢᠭᠡᠳᠦᠭᠡᠷ ᠲᠤ᠂ ᠪᠡᠶ᠎ᠡ ᠶᠢᠨ ᠲᠠᠮᠢᠷ ᠤᠨ ᠪᠠᠭᠰᠢ ᠶᠢ ᠨᠥᠬᠦᠪᠦᠷᠢᠯᠡᠨ ᠲᠣᠬᠢᠷᠠᠭᠤᠯᠬᠤ ᠶᠢ ᠳᠣᠪᠤᠶᠢᠯᠭᠠᠨ᠎ᠠ᠃ ᠨᠢᠭᠡ ᠳᠤ᠂ ᠰᠤᠷᠭᠠᠭᠤᠯᠢ ᠨᠢ ᠠᠩᠭᠢ ᠶᠢᠨ ᠲᠤᠭ᠎ᠠ | ᠪᠠ ᠪᠠᠭᠰᠢ ᠶᠢᠨ ᠬᠠᠷᠢᠴᠠᠯ ᠢ ᠦᠨᠳᠦᠰᠦᠯᠡᠵᠦ ᠪᠡᠶ᠎ᠡ ᠶᠢᠨ ᠲᠠᠮᠢᠷ ᠤᠨ ᠲᠤᠰᠬᠠᠢ ᠪᠠᠭᠰᠢ ᠲᠣᠬᠢᠷᠠᠭᠤᠯᠬᠤ ᠪᠥᠭᠡᠳ ᠪᠡᠶ᠎ᠡ ᠶᠢᠨ ᠲᠠᠮᠢᠷ ᠤᠨ ᠪᠠᠭᠰᠢ ᠡᠯᠰᠡᠬᠦ | ᠨᠥᠬᠦᠴᠡᠯ ᠳᠤ ᠴᠢᠭᠯᠡᠭᠦᠯᠦᠨ ᠲᠣᠳᠣᠷᠬᠠᠢ ᠱᠠᠭᠠᠷᠳᠠᠯᠭ᠎ᠠ ᠲᠣᠭᠲᠠᠭᠠᠪᠠ᠃ ᠬᠤᠶᠠᠷ ᠲᠤ᠂ ᠰᠤᠷᠭᠠᠭᠤᠯᠢ ᠶᠢᠨ ᠰᠤᠷᠭᠠᠭᠴᠢ᠂ ᠲᠠᠮᠢᠷ ᠤᠨ ᠪᠠᠭᠰᠢ ᠶᠢ ᠨᠥᠬᠦᠴᠡᠯ ᠳᠤ | ᠨᠡᠶᠢᠴᠡᠭᠰᠡᠨ ᠤᠷᠢᠲᠠᠯ ᠳᠣᠣᠷ᠎ᠠ ᠲᠣᠭᠲᠠᠭᠠᠯ ᠶᠣᠰᠣᠭᠠᠷ ᠬᠠᠷᠢᠯᠴᠠᠨ ᠰᠢᠯᠵᠢᠭᠦᠯᠦᠨ ᠲᠣᠮᠢᠯᠠᠵᠤ ᠪᠣᠯᠣᠨ᠎ᠠ᠃ ᠭᠤᠷᠪᠠ ᠳᠤ᠂ ᠰᠢᠯᠢᠳᠡᠭ ᠠᠵᠢᠯ ᠮᠡᠷᠭᠡᠵᠢᠯ ᠠᠴᠠ ᠪᠠᠨ | ᠬᠠᠯᠠᠭᠳᠠᠭᠰᠠᠨ ᠲᠠᠮᠢᠷᠴᠢᠨ᠂ ᠰᠢᠯᠢᠳᠡᠭ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠳᠤᠮᠳᠠᠳᠤ ᠪᠠᠭ᠎ᠠ ᠰᠤᠷᠭᠠᠭᠤᠯᠢ ᠳᠤ ᠣᠴᠢᠵᠤ ᠪᠠᠭᠰᠢᠯᠠᠬᠤ ᠵᠠᠮ ᠢ | ᠨᠡᠪᠲᠡᠷᠡᠭᠦᠯᠦᠨ᠎ᠡ᠃ ᠳᠥᠷᠪᠡ ᠳᠤ᠂ ᠨᠥᠬᠦᠴᠡᠯ ᠲᠠᠢ ᠭᠠᠵᠠᠷ ᠣᠷᠣᠨ ᠤ ᠵᠠᠰᠠᠭ ᠤᠨ ᠣᠷᠳᠣᠨ ᠦᠢᠯᠡᠴᠢᠯᠡᠭᠡ ᠶᠢ ᠬᠤᠳᠠᠯᠳᠤᠨ ᠠᠪᠬᠤ ᠵᠡᠷᠭᠡ ᠠᠷᠭ᠎ᠠ ᠭᠡᠯᠪᠡᠷᠢ ᠪᠠᠷ | ᠳᠠᠮᠵᠢᠨ᠂ ᠰᠤᠷᠤᠬᠴᠢᠳ ᠤᠨ ᠣᠯᠠᠨ ᠶᠠᠩᠵᠤᠵᠢᠬᠰᠠᠨ ᠪᠡᠶ᠎ᠡ ᠶᠢᠨ ᠲᠠᠮᠢᠷ ᠤᠨ ᠬᠥᠮᠦᠵᠢᠯ ᠤᠨ ᠠᠵᠢᠯᠯᠠᠭ᠎ᠠ ᠶᠢᠨ ᠬᠡᠷᠡᠭᠴᠡᠭᠡ ᠶᠢ ᠬᠠᠩᠭᠠᠬᠤ ᠶᠢ ᠵᠣᠷᠢᠭᠵᠢᠭᠤᠯᠤᠨ᠎ᠠ᠃ | ᠬᠤᠶᠠᠳᠤᠭᠠᠷ ᠲᠤ᠂ ᠪᠡᠶ᠎ᠡ ᠶᠢᠨ ᠲᠠᠮᠢᠷ ᠤᠨ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠴᠢᠨᠠᠷ ᠤᠨ ᠳᠡᠭᠡᠭᠰᠢᠯᠡᠯᠲᠡ ᠶᠢ ᠳᠣᠪᠤᠶᠢᠯᠭᠠᠨ᠎ᠠ᠃ ᠨᠢᠭᠡ ᠳᠤ᠂ | ᠢᠷᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ ᠪᠠᠭᠰᠢ ᠶᠢᠨ ᠰᠤᠷᠤᠯᠭ᠎ᠠ ᠶᠢᠨ ᠨᠠᠮᠲᠠᠷ ᠨᠢ ᠡᠷᠬᠡᠪᠰᠢ ᠪᠡᠶ᠎ᠡ ᠶᠢᠨ ᠲᠠᠮᠢᠷ ᠤᠨ ᠲᠤᠰᠬᠠᠢ | ᠮᠡᠷᠭᠡᠵᠢᠯ ᠪᠠᠶᠢᠬᠤ ᠬᠡᠷᠡᠭᠲᠡᠢ᠂ ᠪᠡᠶ᠎ᠡ ᠶᠢᠨ ᠲᠠᠮᠢᠷ ᠤᠨ ᠪᠤᠰᠤ ᠲᠤᠰᠬᠠᠢ ᠮᠡᠷᠭᠡᠵᠢᠯ ᠨᠢ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠲᠠᠮᠢᠷᠴᠢᠨ ᠤ ᠳᠡᠰ ᠤᠨ | ᠦᠨᠡᠮᠯᠡᠯ ᠲᠠᠢ ᠪᠠᠶᠢᠬᠤ ᠬᠡᠷᠡᠭᠲᠡᠢ ᠭᠡᠵᠦ ᠲᠣᠭᠲᠠᠭᠠᠵᠠᠢ᠃ ᠬᠤᠶᠠᠷ ᠲᠤ᠂ ᠠᠵᠢᠯ ᠤᠨ ᠪᠠᠶᠢᠷᠢ ᠳᠤ ᠭᠠᠷᠤᠭᠰᠠᠨ ᠤ ᠳᠠᠷᠠᠭᠠᠬᠢ ᠪᠣᠯᠪᠠᠰᠤᠷᠠᠯ ᠢ ᠴᠢᠩᠭᠠᠳᠬᠠᠵᠤ᠂ ᠠᠵᠢᠯ ᠤᠨ | ᠪᠠᠶᠢᠷᠢ ᠳᠤ ᠪᠠᠶᠢᠭ᠎ᠠ ᠪᠦᠭᠦ ᠪᠡᠶ᠎ᠡ ᠶᠢᠨ ᠲᠠᠮᠢᠷ ᠤᠨ ᠪᠠᠭᠰᠢ ᠳᠤ ᠴᠢᠳᠠᠪᠤᠷᠢ ᠪᠠᠷ ᠨᠢ ᠳᠠᠪᠬᠤᠷᠭ᠎ᠠ ᠬᠤᠪᠢᠶᠠᠬᠤ᠂ ᠰᠤᠷᠤᠯᠭ᠎ᠠ ᠶᠢᠨ ᠱᠠᠲᠤ ᠪᠠᠷ ᠨᠢ ᠱᠠᠲᠤ ᠬᠤᠪᠢᠶᠠᠬᠤ | ᠨᠠᠷᠢᠨ ᠣᠨᠣᠪᠴᠢᠲᠠᠶ ᠪᠣᠯᠪᠠᠰᠤᠷᠠᠯ ᠬᠦᠷᠲᠡᠭᠡᠬᠦ ᠶᠢ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠬᠢᠴᠢᠶᠡᠯ ᠲᠥᠷᠥᠯ ᠤᠨ | ᠬᠡᠪ ᠪᠣᠯᠪᠠᠰᠤᠷᠠᠯ ᠢ ᠬᠦᠴᠦᠯᠡᠨ ᠳᠡᠭᠡᠭᠰᠢᠯᠡᠭᠦᠯᠦᠨ᠎ᠡ᠃ | ᠭᠤᠷᠪᠠᠳᠤᠭᠠᠷ ᠲᠤ᠂ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠶᠢᠨ ᠴᠠᠯᠢᠩ ᠬᠥᠯᠥᠰᠦ ᠶᠢᠨ ᠪᠠᠲᠤᠯᠠᠭ᠎ᠠ ᠶᠢ ᠳᠣᠪᠤᠶᠢᠯᠭᠠᠨ᠎ᠠ᠃ ᠨᠢᠭᠡ ᠳᠤ᠂ ᠪᠡᠶ᠎ᠡ ᠶᠢᠨ | ᠲᠠᠮᠢᠷ ᠤᠨ ᠪᠠᠭᠰᠢ ᠶᠢ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ ᠤᠨ ᠪᠠᠭᠰᠢ ᠳᠤ ᠪᠤᠰᠤᠳ ᠬᠢᠴᠢᠶᠡᠯ ᠲᠥᠷᠥᠯ ᠤᠨ | ᠪᠠᠭᠰᠢ ᠲᠠᠢ ᠠᠳᠠᠯᠢ ᠴᠠᠯᠢᠩ ᠬᠥᠯᠥᠰᠦ ᠬᠦᠷᠲᠡᠭᠡᠨ᠎ᠡ᠃ ᠬᠤᠶᠠᠷ ᠲᠤ᠂ ᠪᠡᠶ᠎ᠡ ᠶᠢᠨ ᠲᠠᠮᠢᠷ ᠤᠨ ᠪᠠᠭᠰᠢ ᠶᠢᠨ ᠬᠢᠴᠢᠶᠡᠯ ᠤᠨ ᠳᠠᠷᠠᠭᠠᠬᠢ ᠪᠣᠯᠪᠠᠰᠤᠷᠠᠯ᠂ ᠬᠢᠴᠢᠶᠡᠯ ᠤᠨ | ᠭᠠᠳᠠᠨᠠᠬᠢ ᠬᠥᠳᠡᠯᠭᠡᠭᠡᠨ᠂ ᠤᠷᠤᠯᠳᠤᠭᠠᠨ ᠳᠤ ᠣᠷᠤᠯᠴᠠᠬᠤ ᠶᠢ ᠵᠢᠯᠤᠭᠤᠳᠬᠤ ᠵᠡᠷᠭᠡ ᠶᠢ ᠵᠢᠭᠠᠨ ᠰᠤᠷᠭᠠᠬᠤ ᠠᠵᠢᠯ ᠤᠨ ᠬᠡᠮᠵᠢᠶᠡᠨ ᠳᠤ ᠪᠤᠳᠤᠵᠤ ᠣᠷᠣᠭᠤᠯᠬᠤ ᠶᠢᠨ | ᠵᠡᠷᠭᠡ ᠪᠠᠷ ᠰᠤᠷᠤᠬᠴᠢᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠤᠨ ᠪᠠᠶᠢᠳᠠᠯ ᠪᠠ ᠤᠷᠤᠯᠳᠤᠭᠠᠨ ᠤ ᠬᠢᠷᠢ ᠪᠦᠲᠦᠮᠵᠢ ᠶᠢ ᠦᠨᠳᠦᠰᠦᠯᠡᠨ᠂ ᠠᠮᠵᠢᠯᠲᠠ | ᠪᠦᠲᠦᠮᠵᠢ ᠶᠢᠨ ᠴᠠᠯᠢᠩ ᠤᠨ ᠬᠠᠷᠠᠭᠠᠯᠵᠠᠯ ᠦᠵᠡᠭᠦᠯᠦᠨ᠎ᠡ᠃ | ᠳᠥᠷᠪᠡᠳᠦᠭᠡᠷ ᠲᠤ᠂ ︽ᠭᠤᠷᠪᠠᠨ ᠶᠡᠭᠡ ᠲᠦᠷᠦᠯ ᠤᠨ ᠪᠥᠮᠪᠦᠭᠡ︾ ᠶᠢᠨ ᠪᠠᠭᠰᠢ ᠶᠢᠨ ᠡᠩᠨᠡᠭᠡ ᠶᠢ ᠴᠢᠬᠤᠯᠠᠴᠢᠯᠠᠬᠤ ᠶᠢ ᠳᠣᠪᠤᠶᠢᠯᠭᠠᠨ᠎ᠠ᠃ ᠨᠢᠭᠡ ᠳᠤ᠂ | ᠲᠣᠬᠢᠷᠠᠭᠤᠯᠬᠤ ᠱᠠᠭᠠᠷᠳᠠᠯᠭ᠎ᠠ ᠶᠢ ᠲᠣᠳᠣᠷᠬᠠᠢ ᠳᠤᠷᠠᠳᠴᠤ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠰᠤᠷᠭᠠᠭᠤᠯᠢ ᠶᠢᠨ ᠬᠦᠷᠢᠶᠡᠨ ᠳᠠᠬᠢ ᠬᠥᠯ ᠪᠥᠮᠪᠦᠭᠡ᠂ ᠰᠠᠭᠰᠤᠨ | ᠪᠥᠮᠪᠦᠭᠡ᠂ ᠠᠯᠠᠭᠠᠳᠠᠬᠤ ᠪᠥᠮᠪᠦᠭᠡ ᠶᠢᠨ ᠲᠤᠰᠬᠠᠢ ︵ᠬᠠᠪᠰᠤᠷᠭᠠᠭᠰᠠᠨ︶ ᠲᠤᠰᠢᠶᠠᠯᠲᠤ ᠪᠠᠭᠰᠢ ᠶᠢ ᠭᠦᠢᠴᠡᠳ ᠨᠥᠬᠦᠪᠦᠷᠢᠯᠡᠬᠦ ᠶᠢ ᠴᠢᠬᠤᠯᠠᠴᠢᠯᠠᠨ᠎ᠠ᠃ ᠬᠤᠶᠠᠷ ᠲᠤ᠂ | ᠤᠷᠢᠬᠤ ᠪᠠ ᠨᠥᠬᠦᠪᠦᠷᠢᠯᠡᠬᠦ ᠶᠢ ᠴᠢᠬᠤᠯᠠᠴᠢᠯᠠᠵᠤ᠂ ᠵᠣᠬᠢᠬᠤ ᠲᠣᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠠᠵᠢᠯ ᠤᠨ | ᠪᠠᠶᠢᠷᠢ ᠶᠢ ᠭᠠᠷᠭᠠᠵᠤ ᠪᠠᠭᠰᠢ ᠶᠢᠨ ᠬᠢᠷᠢ ᠭᠡᠮ ᠢ ᠣᠯᠣᠭᠰᠠᠨ ᠰᠢᠯᠢᠳᠡᠭ ᠪᠡᠶ᠎ᠡ ᠶᠢᠨ ᠲᠠᠮᠢᠷ ᠤᠨ ᠠᠵᠢᠯ ᠠᠴᠠ ᠪᠠᠨ ᠠᠮᠠᠷᠠᠭᠰᠠᠳ᠂ ᠰᠢᠯᠢᠳᠡᠭ ᠴᠡᠷᠢᠭ ᠤᠨ ᠠᠯᠪᠠ ᠠᠴᠠ | ᠬᠠᠯᠠᠭᠳᠠᠭᠰᠠᠳ ᠲᠤ ᠬᠠᠨᠳᠤᠭᠤᠯᠤᠨ ᠢᠯᠡ ᠪᠠᠷ ᠤᠷᠢᠵᠤ᠂ ᠰᠢᠯᠢᠳᠡᠭ ᠬᠥᠯ ᠪᠥᠮᠪᠦᠭᠡ ᠶᠢᠨ ᠪᠡᠶ᠎ᠡ ᠶᠢᠨ ᠲᠠᠮᠢᠷ ᠤᠨ ᠠᠵᠢᠯ ᠠᠴᠠ ᠪᠠᠨ ᠠᠮᠠᠷᠠᠭᠰᠠᠳ ᠢ ᠳᠤᠮᠳᠠᠳᠤ | ᠪᠠᠭ᠎ᠠ ᠰᠤᠷᠭᠠᠭᠤᠯᠢ ᠳᠤ ᠭᠤᠣᠯᠳᠠᠯᠭ᠎ᠠ ᠲᠠᠢ ᠣᠷᠣᠭᠤᠯᠤᠨ ᠠᠪᠴᠢᠷᠠᠵᠤ ᠪᠡᠶ᠎ᠡ ᠶᠢᠨ ᠲᠠᠮᠢᠷ ᠤᠨ ᠪᠠᠭᠰᠢ ᠪᠤᠯᠭᠠᠵᠤ ᠪᠣᠯᠣᠨ᠎ᠠ᠃ | | |