ᠬᠠᠷᠠᠯᠲᠠ ᠶᠢ ᠰᠠᠶᠢᠲᠤᠷ ᠣᠨᠢᠯᠠᠨ ᠬᠥᠭᠵᠢᠯᠲᠡ ᠶᠢ ᠠᠬᠢᠭᠤᠯᠰᠤᠭᠠᠢ
ᠨᠡᠶᠢᠲᠡᠯᠡᠭᠰᠡᠨ ᠴᠠᠭ᠄
2025/2/14
       - ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠬᠤᠶᠠᠷᠲᠠ ᠥᠭᠦᠯᠡᠬᠦ  ᠨᠢ        ᠬᠠᠷᠠᠯᠲᠠ ᠪᠠᠷ ᠠᠵᠢᠯᠯᠠᠭ᠎ᠠ ᠪᠠᠨ ᠬᠥᠲᠥᠯᠥᠨ ᠳᠠᠭᠠᠭᠤᠯᠵᠤ᠂ ᠲᠡᠮᠡᠴᠡᠯ ᠢᠶᠠᠷ ᠢᠷᠡᠭᠡᠳᠦᠢ ᠪᠠᠨ ᠴᠣᠭᠴᠠᠯᠠᠨ᠎ᠠ᠃ ᠥᠪᠡᠷᠲᠡᠭᠡᠨ ᠵᠠᠰᠠᠬᠤ ᠣᠷᠣᠨ ᠤ ᠬᠤᠶᠠᠷ  ᠬᠤᠷᠠᠯ ᠨᠢ ᠥᠪᠥᠷ ᠮᠣᠩᠭᠤᠯ ᠤᠨ 2025 ᠣᠨ ᠤ ᠬᠥᠭᠵᠢᠯᠲᠡ ᠳᠤ ᠠᠵᠢᠯ ᠤᠨ ᠬᠠᠷᠠᠯᠲᠠ ᠶᠢ ᠲᠣᠳᠣᠷᠬᠠᠶᠢᠯᠠᠵᠤ᠂ ᠡᠭᠦᠷᠭᠡ ᠶᠢᠨ ᠨᠠᠷᠢᠨ ᠲᠠᠩᠰᠠ ᠶᠢ ᠵᠢᠭᠰᠠᠭᠠᠵᠤ᠂  ᠡᠯ᠎ᠡ ᠵᠦᠢᠯ ᠤᠨ ᠠᠷᠭ᠎ᠠ ᠬᠡᠮᠵᠢᠶ᠎ᠡ ᠨᠢ ᠴᠥᠮ ᠠᠩᠬᠠᠷᠴᠤ ᠪᠠᠶᠢᠭ᠎ᠠ ᠠᠰᠠᠭᠤᠳᠠᠯ ᠢ ᠣᠨᠣᠭᠠᠵᠤ᠂ ᠢᠲᠡᠭᠡᠯ ᠵᠣᠷᠢᠭ ᠢ ᠳᠠᠮᠵᠢᠭᠤᠯᠤᠨ᠂ ᠠᠮᠢᠵᠢᠷᠠᠯ ᠤᠨ ᠬᠦᠴᠦᠨ ᠢ  ᠢᠯᠡᠷᠡᠭᠦᠯᠪᠡ᠃ ᠬᠦᠴᠦᠯᠡᠨ ᠴᠢᠷᠮᠠᠶᠢᠵᠤ ᠪᠠᠶᠢᠭᠠᠳ ︽ᠪᠠᠷᠢᠯᠭ᠎ᠠ ᠶᠢᠨ ᠵᠢᠷᠤᠭ︾᠎ ᠢ ︽ᠪᠣᠳᠠᠲᠤ ᠵᠢᠷᠤᠭ︾ ᠪᠣᠯᠭᠠᠨ ᠬᠤᠪᠢᠷᠠᠭᠤᠯᠬᠤ ᠳᠤ᠂ ᠪᠦᠭᠦ ᠣᠷᠣᠨ ᠤ ᠡᠯ᠎ᠡ  ᠱᠠᠲᠤᠨ ᠤ ᠬᠢᠨ ᠬᠠᠷᠠᠯᠲᠠ ᠪᠠᠨ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠬᠠᠷᠠᠯᠲᠠ ᠶᠢ ᠰᠠᠶᠢᠲᠤᠷ ᠣᠨᠢᠯᠠᠨ ᠬᠥᠭᠵᠢᠯᠲᠡ ᠶᠢ ᠠᠬᠢᠭᠤᠯᠵᠤ᠂ ᠪᠣᠳᠠᠲᠠᠢ ᠠᠵᠢᠯᠯᠠᠨ  ᠯᠠᠪᠳᠠᠭᠤᠨ ᠪᠠᠲᠤᠲᠠᠢ ᠤᠷᠤᠭᠰᠢᠯᠠᠵᠤ᠂ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂ ᠰᠢᠪᠲᠤᠯᠤᠯᠲᠠ ᠭᠠᠷᠭᠠᠬᠤ ᠬᠡᠷᠡᠭᠲᠡᠢ᠃        ᠲᠠᠨᠢᠯᠲᠠ ᠬᠡᠳᠦᠢ ᠲᠣᠳᠣ  ᠪᠤᠯᠬᠤ ᠲᠤᠲᠤᠮ ᠦᠢᠯᠡᠳᠦᠯᠭᠡ ᠲᠡᠳᠦᠢ ᠯᠠᠪᠳᠠᠭᠤᠨ ᠪᠠᠲᠤᠲᠠᠢ ᠪᠤᠯᠳᠠᠬ᠃ ᠡᠨᠡ ᠵᠢᠯ ᠤᠨ ᠪᠦᠭᠦ ᠣᠷᠣᠨ ᠤ ᠠᠵᠤ ᠠᠬᠤᠢ  ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠢᠶᠠᠷ  ᠨᠡᠮᠡᠭᠳᠡᠭᠦᠯᠦᠨ᠎ᠡ; ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠦᠨ᠎ᠡ; ᠲᠣᠭᠲᠠᠮᠠᠯ  ᠬᠥᠷᠥᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠢᠶᠠᠷ ᠨᠡᠮᠡᠭᠳᠡᠭᠦᠯᠦᠨ᠎ᠡ; ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠠᠳᠠᠯᠢ  ᠪᠦᠷᠢᠳᠬᠡᠯ ᠤᠨ ᠠᠷᠭ᠎ᠠ ᠪᠠᠷ 4%᠎ ᠠᠴᠠ ᠳᠡᠭᠡᠭᠰᠢ ᠨᠡᠮᠡᠭᠳᠡᠭᠦᠯᠦᠨ᠎ᠡ; ᠬᠤᠲᠠ ᠪᠠᠯᠭᠠᠰᠤᠨ ᠤ ᠠᠵᠢᠯ ᠣᠯᠣᠭᠰᠠᠳ ᠢ 18 ᠲᠦᠮᠡ ᠠᠴᠠ ᠳᠡᠭᠡᠭᠰᠢ ᠰᠢᠨ᠎ᠡ ᠪᠠᠷ  ᠨᠡᠮᠡᠭᠳᠡᠭᠦᠯᠵᠦ᠂ ᠬᠤᠲᠠ ᠪᠠᠯᠭᠠᠰᠤᠨ ᠤ ᠪᠦᠷᠢᠳᠬᠡᠭᠰᠡᠨ ᠠᠵᠢᠯ ᠠᠯᠳᠠᠯᠲᠠ ᠶᠢᠨ ᠨᠣᠷᠮ᠎ᠠ ᠶᠢ 5.5% ᠣᠷᠴᠢᠮ ᠪᠠᠶᠢᠯᠭᠠᠨ᠎ᠠ; ᠰᠠᠭᠤᠭᠠᠯᠢ ᠠᠷᠠᠳ ᠤᠨ  ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠨ᠎ᠠ; ᠰᠠᠭᠤᠭᠠᠯᠢ ᠠᠷᠠᠳ ᠤᠨ ᠬᠡᠷᠡᠭᠯᠡᠭᠡᠨ ᠤ  ᠦᠨ᠎ᠡ ᠬᠠᠩᠰᠢ ᠶᠢᠨ ᠥᠰᠦᠯᠲᠡ ᠶᠢᠨ ᠬᠡᠮᠵᠢᠶ᠎ᠡ ᠶᠢ 2% ᠣᠷᠴᠢᠮ ᠢᠶᠠᠷ ᠪᠠᠶᠢᠯᠭᠠᠨ᠎ᠠ; ᠤᠯᠤᠰ ᠠᠴᠠ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ  ᠡᠨᠧᠷᠭᠢ ᠶᠢᠨ ᠬᠤᠷᠣᠭᠳᠠᠯ ᠤᠨ ᠡᠷᠴᠢᠮ ᠢ ᠪᠠᠭᠤᠷᠠᠭᠤᠯᠬᠤ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠣᠷᠣᠨ ᠳᠠᠶᠠᠭᠠᠷ ᠦᠵᠡᠯ ᠰᠠᠨᠠᠭ᠎ᠠ ᠪᠣᠯᠣᠨ  ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ  ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠡᠷᠴᠢ ᠪᠠᠨ ᠴᠢᠩᠭᠠᠯᠠᠵᠤ᠂ ᠪᠦᠭᠦ ᠬᠦᠴᠦᠨ ᠢᠶᠠᠷ ᠢᠶᠠᠨ ᠴᠢᠷᠮᠠᠶᠢᠵᠤ᠂ ᠵᠣᠷᠢᠭᠲᠠᠢ ᠰᠡᠳᠬᠢᠵᠦ ᠵᠣᠷᠢᠭᠲᠠᠢ ᠬᠢᠬᠦ  ᠵᠣᠷᠢᠭ ᠰᠠᠨᠠᠭᠠᠨ ᠤ ᠪᠠᠶᠢᠳᠠᠯ ᠪᠣᠯᠣᠨ ᠴᠢᠳᠠᠮᠠᠭᠠᠢ ᠬᠢᠵᠦ ᠰᠠᠶᠢᠲᠤᠷ ᠪᠦᠲᠦᠭᠡᠬᠦ ᠠᠵᠢᠯ ᠤᠨ ᠰᠤᠷᠲᠠᠯ ᠢᠶᠠᠷ ︽ᠲᠠᠪᠤᠨ ᠶᠡᠭᠡ ᠡᠭᠦᠷᠭᠡ︾᠎ ᠶᠢ ᠦᠷᠭᠦᠯᠵᠢᠯᠡᠨ  ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾᠎ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾᠎ ᠶᠢ ᠭᠦᠨᠵᠡᠭᠡᠢ ᠥᠷᠨᠢᠭᠦᠯᠵᠦ᠂ ᠡᠯ᠎ᠡ ᠵᠦᠢᠯ ᠤᠨ ᠠᠵᠢᠯ ᠢ  ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃        ᠬᠥᠲᠥᠯᠪᠦᠷᠢ ᠶᠢ ᠠᠳᠬᠤᠵᠤ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠥᠭᠵᠢᠭᠦᠯᠬᠦ ᠶᠠᠪᠤᠳᠠᠯ ᠮᠢᠩᠭ᠎ᠠ ᠲᠦᠮᠡᠨ ᠵᠦᠢᠯ ᠳᠤ ᠬᠤᠯᠪᠣᠭᠳᠠᠵᠤ᠂  ᠬᠥᠭᠵᠢᠭᠦᠯᠬᠦ ᠨᠥᠬᠦᠴᠡᠯ ᠤᠳ ᠨᠢ ᠶᠡᠭᠡ ᠵᠥᠷᠢᠶ᠎ᠡ ᠲᠠᠢ ᠪᠠᠶᠢᠳᠠᠭ᠂ ᠬᠠᠷᠠᠯᠲᠠ ᠪᠠᠨ ᠰᠠᠶᠢᠲᠤᠷ ᠣᠨᠢᠯᠠᠨ ᠬᠥᠭᠵᠢᠯᠲᠡ ᠶᠢ ᠠᠬᠢᠭᠤᠯᠬᠤ ᠭᠡᠪᠡᠯ ᠪᠣᠳᠠᠲᠠᠢ ᠠᠳᠬᠤᠵᠤ᠂  ᠨᠠᠷᠢᠨ ᠠᠳᠬᠤᠵᠤ᠂ ᠯᠠᠪᠳᠠᠭᠤᠨ ᠪᠠᠲᠤᠲᠠᠢ ᠠᠳᠬᠤᠬᠤ ᠬᠡᠷᠡᠭᠲᠡᠢ᠂ ︽ᠬᠤᠭᠤᠰᠤᠨ︾᠂ ︽ᠬᠡᠶᠢᠰᠪᠦᠷᠢ︾᠂ ︽ᠪᠦᠳᠦᠭᠦᠯᠢᠭ︾ ᠣᠷᠣᠵᠤ ᠪᠤᠯᠬᠤ ᠦᠭᠡᠢ᠃ ᠡᠷᠡᠰ ᠭᠤᠶᠢᠪᠢᠰᠢ  ᠦᠭᠡᠢ ᠪᠠᠷ ᠪᠡᠯᠡ ᠣᠷᠣᠭᠤᠯᠤᠯᠲᠠ ᠶᠢ ᠠᠳᠬᠤᠵᠤ᠂ ᠠᠷᠭ᠎ᠠ ᠪᠦᠭᠦᠨ ᠢ ᠰᠦᠪᠡᠭᠴᠢᠯᠡᠨ ᠬᠡᠷᠡᠭᠯᠡᠭᠡ ᠶᠢ ᠬᠥᠭᠵᠢᠭᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ  ᠬᠦᠴᠦᠨ ᠢ ᠲᠦᠷᠭᠡᠨ ᠪᠣᠶᠢᠵᠢᠭᠤᠯᠤᠨ ᠬᠥᠭᠵᠢᠭᠦᠯᠵᠦ᠂ ᠳᠠᠪᠠᠭᠤᠯᠢᠭ ᠣᠨᠴᠠᠯᠢᠭᠲᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂  ᠣᠳᠣᠬᠢᠴᠢᠯᠠᠭᠰᠠᠨ ᠰᠢᠨ᠎ᠡ ᠮᠠᠯᠵᠢᠬᠤ ᠲᠠᠷᠢᠶᠠᠯᠠᠬᠤ ᠣᠷᠣᠨ ᠢ ᠲᠦᠷᠭᠡᠨ ᠪᠦᠲᠦᠭᠡᠨ ᠪᠠᠶᠢᠭᠤᠯᠤᠭᠰᠠᠨ ᠴᠤ ᠲᠡᠷᠡ᠂ ᠰᠣᠶᠣᠯ ᠵᠢᠭᠤᠯᠴᠢᠯᠠᠯ ᠤᠨ ᠦᠢᠯᠡᠰ ᠢ  ᠲᠤᠯᠭᠠᠭᠤᠷᠢ ᠠᠵᠤ ᠦᠢᠯᠡᠰ ᠪᠣᠯᠭᠠᠨ ᠴᠣᠭᠴᠠᠯᠠᠵᠤ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂  ᠬᠥᠭᠵᠢᠯᠲᠡ ᠶᠢᠨ ᠰᠢᠨ᠎ᠡ ᠣᠷᠣᠨ ᠵᠠᠢ ᠶᠢ ᠶᠡᠭᠡ ᠪᠠᠷ ᠥᠷᠭᠡᠳᠬᠡᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠦᠭᠦ  ᠬᠦᠴᠦᠨ ᠢᠶᠠᠷ ᠢᠶᠠᠨ ᠠᠬᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ  ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠭᠰᠠᠨ ᠴᠤ ᠲᠡᠷᠡ᠂ ᠡᠳᠡᠭᠡᠷ ᠠᠵᠢᠯ ᠢ ᠰᠠᠶᠢᠲᠤᠷ ᠬᠢᠵᠦ ᠯᠠᠪᠳᠠᠭᠤᠨ ᠪᠠᠲᠤᠲᠠᠢ ᠬᠢᠬᠦ ᠳᠤ᠂ ᠡᠯ᠎ᠡ ᠱᠠᠲᠤ ᠡᠯ᠎ᠡ  ᠭᠠᠵᠠᠷ ᠤᠨ ᠬᠢᠨ ᠡᠷᠬᠡᠪᠰᠢ ᠪᠣᠳᠠᠲᠠᠢ ᠳᠤ ᠰᠠᠭᠤᠷᠢᠯᠠᠨ᠂ ᠢᠳᠡᠪᠬᠢᠲᠡᠢ ᠰᠦᠪᠡᠭᠴᠢᠯᠡᠵᠦ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂  ᠵᠦᠢᠯ ᠪᠦᠭᠦᠨ ᠢ ᠬᠤᠪᠢᠶᠠᠷᠢᠯᠠᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠨᠢᠨ ᠳᠡᠭᠡᠷ᠎ᠡ ᠨᠢ ᠬᠦᠴᠦᠯᠡᠵᠦ᠂ ᠬᠠᠷᠠᠯᠲᠠ ᠲᠠᠢ ᠪᠠᠷ ᠠᠬᠢᠭᠤᠯᠵᠤ᠂ ᠭᠤᠣᠯᠳᠠᠯᠭ᠎ᠠ ᠲᠠᠢ  ᠰᠢᠪᠲᠤᠯᠤᠯᠲᠠ ᠪᠠᠷ ᠪᠦᠬᠦᠯᠢ ᠴᠣᠭᠴᠠ ᠶᠢᠨ ᠳᠠᠪᠠᠯᠲᠠ ᠶᠢ ᠳᠠᠶᠢᠴᠢᠯᠠᠬᠤ ᠬᠡᠷᠡᠭᠲᠡᠢ᠃        ᠶᠠᠮᠠᠷᠪᠠ ᠬᠦᠴᠢᠷ ᠠᠰᠠᠭᠤᠳᠠᠯ ᠢ ᠭᠠᠭᠴᠠ ᠬᠦ ᠪᠣᠳᠠᠲᠠᠢ ᠠᠵᠢᠯᠯᠠᠪᠠᠯ ᠰᠠᠶ᠋ᠢ ᠰᠢᠢᠳᠪᠦᠷᠢᠯᠡᠵᠦ ᠴᠢᠳᠠᠨ᠎ᠠ; ᠠᠯᠢᠪᠠ ᠡᠭᠦᠷᠭᠡ ᠶᠢ ᠭᠠᠭᠴᠠ ᠬᠦ ᠪᠣᠳᠠᠲᠠᠢ  ᠬᠢᠵᠦ ᠴᠢᠳᠠᠪᠠᠯ ᠰᠠᠶ᠋ᠢ ᠪᠡᠶᠡᠯᠡᠭᠦᠯᠵᠦ ᠴᠢᠳᠠᠨ᠎ᠠ᠃ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢ ᠲᠥᠯᠥᠪᠵᠢᠭᠦᠯᠬᠦ ᠵᠢᠯ ᠮᠥᠨ᠃ ᠰᠢᠨ᠎ᠡ ᠨᠢᠭᠡᠨ ᠵᠢᠯ ᠳᠤ ᠡᠷᠴᠢ ᠵᠣᠷᠢᠭ ᠢᠶᠠᠨ  ᠬᠥᠪᠴᠢᠯᠡᠨ ᠠᠶᠠᠨ ᠳᠠᠭᠠᠨ ᠳᠠᠭᠢᠨ ᠮᠣᠷᠳᠠᠵᠤ᠂ ᠪᠦᠭᠦ ᠣᠷᠣᠨ ᠤ ᠳᠡᠭᠡᠷ᠎ᠡ ᠳᠣᠣᠷ᠎ᠠ ᠱᠠᠲᠤ ᠪᠠᠷ ᠢᠶᠠᠨ ᠨᠢᠳᠦᠨ ᠡᠮᠦᠨᠡᠬᠢ ᠶᠢ ᠠᠳᠬᠤᠬᠤ ᠪᠠ ᠪᠠᠶᠢᠷᠢᠯᠠᠭᠤᠯᠬᠤ᠂  ᠣᠳᠣᠬᠢ ᠶᠢ ᠠᠳᠬᠤᠬᠤ ᠪᠠ ᠢᠷᠡᠭᠡᠳᠦᠢ ᠶᠢ ᠲᠥᠯᠥᠪᠵᠢᠭᠦᠯᠬᠦ ᠶᠢ ᠣᠷᠭᠠᠨᠢᠭ ᠢᠶᠠᠷ ᠤᠶᠠᠯᠳᠤᠭᠤᠯᠵᠤ᠂ ᠠᠯᠢᠪᠠ ᠠᠰᠢᠭᠲᠠᠢ ᠴᠠᠭ ᠲᠣᠭᠢᠶᠠᠯ ᠢ ᠠᠮᠵᠢᠵᠤ᠂ ᠠᠯᠢᠪᠠ  ᠠᠰᠢᠭᠲᠠᠢ ᠨᠥᠬᠦᠴᠡᠯ ᠢ ᠠᠰᠢᠭᠯᠠᠵᠤ᠂ ᠣᠨᠣᠴᠠᠲᠠᠢ ᠭᠡᠵᠦ ᠦᠵᠡᠪᠡᠯ ᠱᠠᠯᠠᠪᠳᠠᠨ ᠠᠵᠢᠯᠯᠠᠵᠤ᠂ ᠡᠯ᠎ᠡ ᠲᠠᠯ᠎ᠠ ᠶᠢᠨ ᠬᠢᠨ ᠤ ᠡᠷᠴᠢ ᠵᠣᠷᠢᠭ ᠢ ᠳᠠᠶᠢᠴᠢᠯᠠᠬᠤ ᠬᠡᠷᠡᠭᠲᠡᠢ᠃  ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠢᠭᠡ ᠨᠢᠭᠡ ᠠᠯᠬᠤᠮ ᠢᠶᠠᠷ ᠬᠢᠵᠦ᠂ ᠨᠢᠭᠡ ᠨᠢᠭᠡ ᠵᠠᠩᠭᠢᠯᠠᠭ᠎ᠠ ᠶᠢᠨ ᠴᠡᠭ ᠢᠶᠠᠷ  ᠯᠠᠪᠳᠠᠭᠤᠨ ᠪᠠᠲᠤᠲᠠᠢ ᠠᠬᠢᠭᠤᠯᠵᠤ᠂ ︽ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ  ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠲᠠᠯ᠎ᠠ ᠪᠠᠷ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠬᠤ  ᠬᠡᠷᠡᠭᠲᠡᠢ᠃        ᠡᠷᠴᠢ ᠵᠣᠷᠢᠭ ᠢᠶᠠᠨ ᠬᠥᠪᠴᠢᠯᠡᠵᠦ᠂ ᠪᠦᠭᠦ ᠬᠦᠴᠦᠨ ᠢᠶᠠᠷ ᠢᠶᠠᠨ ᠴᠢᠷᠮᠠᠶᠢᠵᠤ᠂ ᠪᠣᠳᠠᠲᠠᠢ ᠶᠢ ᠡᠷᠭᠢᠮᠯᠡᠭᠦ ᠰᠤᠷᠲᠠᠯ ᠢ ᠪᠠᠳᠠᠷᠠᠭᠤᠯᠵᠤ᠂ ᠬᠠᠷᠢᠭᠤᠴᠠᠯᠭ᠎ᠠ  ᠡᠭᠦᠷᠭᠡᠯᠡᠯ ᠢᠶᠠᠨ ᠴᠢᠩᠭᠠᠳᠬᠠᠵᠤ᠂ ᠬᠤᠶᠠᠷ ᠬᠤᠷᠠᠯ ᠳᠤ ᠪᠦᠷᠢᠯᠳᠦᠭᠦᠯᠦᠭᠰᠡᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠪᠦᠭᠦ ᠬᠦᠴᠦᠨ ᠢᠶᠠᠷ ᠢᠶᠠᠨ  ᠲᠡᠮᠡᠴᠡᠯ ᠤᠨ ᠬᠠᠯᠠᠭᠤᠨ ᠰᠡᠳᠬᠢᠯᠭᠡ ᠪᠣᠯᠭᠠᠨ ᠬᠤᠪᠢᠷᠠᠭᠤᠯᠵᠤ᠂ ᠬᠤᠶᠠᠷ ᠬᠤᠷᠠᠯ ᠠᠴᠠ ᠬᠥᠭᠵᠢᠭᠡᠭᠰᠡᠨ ᠢᠲᠡᠭᠡᠯ ᠵᠣᠷᠢᠭ ᠢ ᠠᠤᠭ᠎ᠠ ᠶᠡᠭᠡ ᠬᠦᠴᠦᠨ ᠴᠢᠳᠠᠯ ᠪᠣᠯᠭᠠᠨ  ᠨᠢᠭᠲᠠᠷᠠᠭᠤᠯᠵᠤ᠂ ᠬᠠᠷᠠᠯᠲᠠ ᠡᠭᠦᠷᠭᠡ ᠶᠢ ︽ᠴᠠᠭᠠᠰᠤᠨ ᠳᠡᠭᠡᠷ᠎ᠡ︾᠎ ᠠᠴᠠ ᠪᠣᠳᠠᠲᠠᠢ ᠳᠤ ᠨᠠᠶᠢᠳᠠᠪᠤᠷᠢᠵᠢᠭᠤᠯᠵᠤ᠂ ᠲᠦᠷᠦ ᠶᠢᠨ ᠪᠣᠳᠣᠯᠭ᠎ᠠ ᠶᠢᠨ ᠠᠰᠢᠭ ᠢ ᠪᠣᠳᠠᠲᠤ  ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠪᠠᠯ᠂ ᠪᠢᠳᠡ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠤᠨ ᠱᠠᠲᠤ ᠥᠭᠰᠥᠨ ᠤᠷᠤᠭᠰᠢᠯᠠᠵᠤ  ᠦᠷᠭᠦᠯᠵᠢᠯᠡᠨ ᠳᠡᠭᠡᠭᠰᠢᠯᠡᠬᠦ ᠶᠢ ᠠᠬᠢᠭᠤᠯᠵᠤ ᠴᠢᠳᠠᠬᠤ ᠨᠢ ᠯᠠᠪᠲᠠᠢ᠃  
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ