ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠵᠢᠳᠬᠦᠯ ᠴᠢᠷᠮᠠᠶᠢᠯᠭ᠎ᠠ ᠭᠠᠷᠭᠠᠰᠤᠭᠠᠢ
ᠨᠡᠶᠢᠲᠡᠯᠡᠭᠰᠡᠨ ᠴᠠᠭ᠄
2025/2/14
       - ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠭᠤᠷᠪᠠᠨᠲᠠ ᠥᠭᠦᠯᠡᠬᠦ  ᠨᠢ        ᠡᠭᠦᠷᠭᠡ ᠬᠠᠷᠢᠭᠤᠴᠠᠯᠭ᠎ᠠ ᠬᠥᠭᠵᠢᠯᠲᠡ ᠶᠢᠨ ᠴᠢᠭᠯᠡᠯ ᠢ ᠬᠥᠲᠥᠯᠥᠨ ᠳᠠᠭᠠᠭᠤᠯᠵᠤ᠂ ᠬᠠᠷᠢᠭᠤᠴᠠᠯᠭ᠎ᠠ ᠤᠷᠤᠭᠰᠢᠯᠠᠯᠲᠠ ᠶᠢᠨ ᠬᠦᠴᠦᠨ ᠢ ᠨᠢᠭᠲᠠᠷᠠᠭᠤᠯᠤᠨ᠎ᠠ᠃  ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠠᠴᠠ ᠪᠠᠶᠢᠷᠢᠯᠠᠭᠤᠯᠤᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠤᠭᠤᠰᠢᠯᠠᠭᠤᠯᠤᠨ  ᠨᠠᠶᠢᠳᠠᠪᠤᠷᠢᠵᠢᠭᠤᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠲᠠᠯ᠎ᠠ ᠪᠠᠷ ᠨᠠᠩ ᠶᠡᠭᠡ ᠰᠢᠪᠲᠤᠯᠤᠯᠲᠠ ᠭᠠᠷᠭᠠᠬᠤ ᠳᠤ᠂ ᠪᠦᠭᠦ ᠣᠷᠣᠨ ᠤ ᠥᠷᠭᠡᠨ  ᠣᠯᠠᠨ ᠨᠠᠮ ᠤᠨ ᠭᠡᠰᠢᠭᠦᠨ ᠺᠠᠳ᠋ᠷ ᠡᠷᠬᠡᠪᠰᠢ ᠰᠠᠶᠢᠲᠤᠷ ᠠᠵᠢᠯᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠰᠢᠭᠤᠷᠬᠠᠶᠢᠯᠠᠨ ᠠᠵᠢᠯᠯᠠᠵᠤ᠂ ᠡᠭᠦᠷᠭᠡ  ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠰᠢᠨ᠎ᠡ ᠠᠶᠠᠨ ᠳᠤ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ ᠰᠢᠨ᠎ᠡ  ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃        ᠺᠠᠳ᠋ᠷᠴᠤᠳ ᠡᠷᠬᠡᠪᠰᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠂ ᠬᠡᠳᠦᠢ ᠶᠡᠭᠡ ᠬᠠᠷᠢᠭᠤᠴᠠᠯᠭ᠎ᠠ ᠲᠠᠢ ᠪᠣᠯ ᠲᠡᠳᠦᠢ ᠶᠡᠭᠡ ᠦᠢᠯᠡᠰ ᠢ ᠪᠦᠲᠦᠭᠡᠵᠦ ᠴᠢᠳᠠᠨ᠎ᠠ᠂  ᠬᠡᠳᠦᠢ ᠶᠡᠭᠡ ᠪᠠᠷ ᠬᠠᠷᠢᠭᠤᠴᠠᠯᠭ᠎ᠠ ᠪᠠᠨ ᠭᠦᠢᠴᠡᠳᠬᠡᠪᠡᠯ ᠲᠡᠳᠦᠢ ᠶᠡᠭᠡ ᠠᠮᠵᠢᠯᠲᠠ ᠣᠯᠵᠤ ᠴᠢᠳᠠᠨ᠎ᠠ᠃ ᠥᠩᠭᠡᠷᠡᠭᠰᠡᠨ ᠨᠢᠭᠡ ᠵᠢᠯ ᠳᠤ᠂ ᠡᠯ᠎ᠡ ᠵᠦᠢᠯ ᠤᠨ ᠬᠦᠴᠢᠷᠳᠡᠯ  ᠪᠠ ᠥᠷᠢᠰᠦᠯᠳᠦᠭᠡᠨ ᠤ ᠡᠮᠦᠨ᠎ᠡ᠂ ᠥᠪᠥᠷ ᠮᠣᠩᠭᠤᠯ ᠤᠨ ᠬᠥᠭᠵᠢᠯᠲᠡ ᠮᠥᠨ ᠬᠦ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠥᠭᠡᠳᠡᠯᠡᠨ ᠰᠠᠶᠢᠵᠢᠷᠠᠬᠤ ᠶᠢ  ᠪᠡᠶᠡᠯᠡᠭᠦᠯᠪᠡ᠃ ᠡᠶᠢᠮᠦ ᠠᠮᠵᠢᠯᠲᠠ ᠪᠦᠲᠦᠮᠵᠢ ᠣᠯᠣᠭᠰᠠᠨ ᠨᠢ ᠪᠦᠭᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠪᠦᠯᠬᠦᠮᠳᠡᠨ ᠨᠢᠭᠡᠳᠴᠦ᠂  ᠬᠦᠴᠢᠷ ᠢ ᠰᠥᠷᠦᠨ ᠤᠷᠤᠭᠰᠢᠯᠠᠵᠤ᠂ ᠡᠷᠡᠮᠡᠬᠡᠶᠢᠯᠡᠨ ᠲᠡᠮᠡᠴᠡᠭᠰᠡᠨ ᠠᠴᠠ ᠰᠠᠯᠵᠤ ᠴᠢᠳᠠᠬᠤ ᠦᠭᠡᠢ ᠶᠤᠮ᠃ ᠰᠢᠨ᠎ᠡ ᠠᠶᠠᠨ ᠳᠤ ᠮᠣᠷᠳᠠᠵᠤ᠂ ︽ᠲᠠᠪᠤᠨ ᠶᠡᠭᠡ ᠡᠭᠦᠷᠭᠡ︾᠎ ᠶᠢ ᠦᠷᠭᠦᠯᠵᠢᠯᠡᠨ ᠪᠡᠶᠡᠯᠡᠭᠦᠯᠵᠦ᠂︽ᠵᠢᠷᠭᠤᠭᠠᠨ ᠢᠨᠵᠧᠨᠧᠷᠢᠩ︾᠎ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾᠎ ᠶᠢ ᠭᠦᠨᠵᠡᠭᠡᠢ ᠥᠷᠨᠢᠭᠦᠯᠬᠦ ᠳᠤ᠂  ᠥᠷᠭᠡᠨ ᠣᠯᠠᠨ ᠨᠠᠮ ᠤᠨ ᠭᠡᠰᠢᠭᠦᠨ ᠺᠠᠳ᠋ᠷ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠠᠷᠢᠭᠤᠴᠠᠯᠭ᠎ᠠ ᠶᠢ ᠦᠨᠡᠨ ᠬᠦ ᠰᠡᠳᠬᠢᠯ ᠳᠡᠭᠡᠨ  ᠬᠠᠳᠠᠩᠰᠢᠭᠤᠯᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠴᠤᠴᠠᠯᠲᠠ ᠦᠭᠡᠢ ᠤᠷᠤᠭᠰᠢᠯᠠᠬᠤ ᠣᠪᠣᠷ ᠢᠶᠠᠷ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠨᠤᠭᠤᠷᠠᠰᠢ ᠦᠭᠡᠢ ᠲᠡᠮᠡᠴᠡᠬᠦ ᠵᠣᠷᠢᠭ ᠰᠠᠨᠠᠭ᠎ᠠ ᠪᠠᠷ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ ᠣᠪᠣᠷ ᠢᠶᠠᠷ  ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ  ᠭᠠᠷᠭᠠᠬᠤ ᠶᠢ ᠠᠬᠢᠭᠤᠯᠬᠤ ᠬᠡᠷᠡᠭᠲᠡᠢ᠃        ᠶᠠᠮᠠᠷ ᠲᠤᠰᠢᠶᠠᠯ ᠳᠤ ᠪᠠᠶᠢᠪᠠᠯ ᠳᠠᠷᠤᠢ ᠶᠠᠮᠠᠷ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠨᠢ 11  ᠲᠠᠯ᠎ᠠ ᠶᠢᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠪᠦᠭᠦ ᠣᠷᠣᠨ ᠤ ᠠᠵᠤ ᠠᠬᠤᠢ ᠨᠡᠶᠢᠭᠡᠮ ᠤᠨ  ᠬᠥᠭᠵᠢᠯᠲᠡ ᠶᠢᠨ ᠡᠯ᠎ᠡ ᠬᠦᠷᠢᠶ᠎ᠡ ᠴᠠᠷᠠᠭ᠎ᠠ ᠶᠢ ᠬᠠᠮᠤᠷᠴᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠡᠭᠦᠷᠭᠡᠯᠡᠵᠦ ᠪᠠᠶᠢᠭ᠎ᠠ ᠪᠣᠳᠠᠲᠠᠢ ᠬᠠᠷᠢᠭᠤᠴᠠᠯᠭ᠎ᠠ ᠶᠢ  ᠲᠣᠳᠣᠷᠬᠠᠶᠢᠯᠠᠪᠠ᠃ ᠪᠦᠭᠦ ᠣᠷᠣᠨ ᠳᠠᠶᠠᠭᠠᠷ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠬᠠᠷᠭᠤᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ  ᠬᠦᠯᠢᠶᠡᠵᠦ᠂ ᠢᠳᠡᠪᠬᠢᠲᠡᠢ ᠪᠠᠷ ᠤᠬᠠᠭᠠᠯᠠᠨ ᠲᠥᠯᠥᠪᠯᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠬᠤᠷᠳᠤᠨ ᠮᠣᠷᠢᠨ ᠳᠤ ᠲᠠᠰᠢᠭᠤᠷ ᠨᠡᠮᠡᠵᠦ᠂ ᠪᠦᠭᠦ  ᠬᠦᠴᠦ ᠪᠠᠷ ᠢᠶᠠᠨ ᠴᠢᠷᠮᠠᠶᠢᠨ ᠠᠵᠢᠯᠯᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ  ᠤᠳᠤᠷᠢᠳᠤᠮᠵᠢ ᠪᠤᠯᠭᠠᠬᠤ ᠶᠢ ᠢᠮᠠᠭᠲᠠ ᠪᠠᠷᠢᠮᠲᠠᠯᠠᠵᠤ᠂ ᠴᠠᠭ ᠢᠮᠠᠭᠲᠠ ᠡᠭᠦᠷᠭᠡ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠪᠤᠳᠤᠯ ᠢ ᠪᠠᠷᠢᠮᠲᠠᠯᠠᠵᠤ᠂ ᠬᠥᠮᠥᠨ ᠢᠶᠠᠷ  ᠱᠠᠯᠠᠪᠳᠠᠭᠤᠯᠬᠤ ᠦᠭᠡᠢ ᠪᠠᠷ ᠥᠪᠡᠷ ᠲᠡᠭᠡᠨ ᠬᠢᠵᠦ᠂ ᠬᠠᠷᠠᠯᠲᠠ ᠪᠠᠨ ᠠᠯᠳᠠᠯ ᠦᠭᠡᠢ ᠠᠩᠬᠠᠷᠴᠤ᠂ ᠬᠦᠴᠢᠷ ᠪᠡᠷᠬᠡᠰᠢᠶᠡᠯ ᠲᠤᠯᠭᠠᠷᠠᠪᠠᠯ ᠬᠠᠷᠢᠯᠴᠠᠨ ᠲᠦᠯᠬᠢᠯᠴᠡᠬᠦ  ᠦᠭᠡᠢ᠂ ᠠᠰᠠᠭᠤᠳᠠᠯ ᠲᠤᠯᠭᠠᠷᠠᠪᠠᠯ ᠬᠠᠷᠢᠯᠴᠠᠨ ᠵᠠᠶᠢᠯᠠᠭᠤᠯᠬᠤ ᠦᠭᠡᠢ ᠪᠠᠶᠢᠵᠤ᠂ ᠦᠨᠡᠨ ᠬᠦ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯ ᠶᠠᠪᠤᠳᠠᠯ ᠬᠢᠵᠦ᠂  ᠴᠢᠳᠠᠯ ᠤᠨ ᠬᠢᠷᠢ ᠪᠠᠷ ᠢᠶᠠᠨ ᠠᠵᠢᠯ ᠶᠠᠪᠤᠳᠠᠯ ᠬᠢᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠡᠯ᠎ᠡ ᠵᠦᠢᠯ ᠤᠨ  ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠡᠨ ᠬᠦ ᠪᠣᠳᠠᠲᠠᠢ ᠪᠥᠭᠡᠳ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃        ᠭᠢᠯᠪᠠᠷᠬᠠᠨ ᠢ ᠬᠥᠭᠡᠭᠡᠴᠡᠯᠳᠦᠬᠦ ᠦᠭᠡᠢ ᠵᠣᠷᠢᠭᠲᠠᠨ ᠬᠥᠮᠥᠰ ᠢᠯᠠᠳᠠᠭ᠂  ᠬᠦᠴᠢᠷ ᠠᠴᠠ  ᠵᠠᠶᠢᠯᠠᠳᠠᠭ ᠦᠭᠡᠢ ᠬᠥᠮᠥᠰ ᠳᠠᠪᠰᠢᠳᠠᠭ᠃ ᠡᠨᠡ ᠵᠢᠯ ᠤᠨ  ᠬᠠᠷᠠᠯᠲᠠ ᠲᠡᠶᠢᠰᠢ ᠤᠷᠤᠭᠰᠢᠯᠠᠬᠤ ᠳᠤ᠂ ᠪᠢᠳᠡᠨ ᠳᠤ ᠨᠥᠬᠦᠴᠡᠯ ᠪᠤᠢ᠂ ᠰᠠᠭᠤᠷᠢ ᠪᠤᠢ᠂ ᠳᠠᠷᠤᠯᠲᠠ ᠪᠤᠢ᠂ ᠥᠷᠢᠰᠦᠯᠳᠦᠭᠡᠨ ᠪᠤᠢ᠂ ᠵᠠᠩᠭᠢᠯᠠᠭ᠎ᠠ ᠨᠢ ᠬᠥᠭᠵᠢᠯᠲᠡ ᠶᠢᠨ  ᠢᠲᠡᠭᠡᠯ ᠵᠣᠷᠢᠭ ᠢ ᠪᠠᠲᠤ ᠰᠠᠬᠢᠵᠤ᠂ ᠠᠵᠢᠯ ᠬᠢᠵᠦ ᠦᠢᠯᠡᠰ ᠪᠣᠰᠬᠠᠬᠤ ᠡᠷᠴᠢ ᠵᠣᠷᠢᠭ ᠰᠤᠯᠠᠷᠠᠬᠤ ᠦᠭᠡᠢ᠂ ᠬᠤᠶᠢᠷᠭᠤᠰᠢᠬᠤ ᠦᠭᠡᠢ ᠪᠠᠶᠢᠬᠤ ᠶᠢ ᠪᠠᠲᠤᠯᠠᠪᠠᠯ ᠵᠣᠬᠢᠨ᠎ᠠ᠃ ᠪᠦᠭᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠡᠷᠬᠡᠪᠰᠢ ᠠᠭᠤᠯᠠ ᠲᠣᠬᠢᠶᠠᠯᠳᠤᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠬᠤ ᠰᠥᠰᠥ  ᠵᠣᠷᠢᠭ ᠢᠶᠠᠷ ᠲᠠᠷᠢᠬᠢ ᠲᠣᠯᠣᠭᠠᠢ ᠪᠠᠨ ᠬᠥᠳᠡᠯᠭᠡᠵᠦ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠳᠠᠷᠤᠯᠲᠠ ᠶᠢᠨ ᠡᠮᠦᠨ᠎ᠡ ᠵᠣᠷᠢᠭᠲᠠᠢ ᠪᠠᠷ ᠬᠦᠨᠳᠦ  ᠡᠭᠦᠷᠭᠡ ᠶᠢ ᠡᠭᠦᠷᠭᠡᠯᠡᠵᠦ᠂ ᠥᠷᠢᠰᠦᠯᠳᠦᠭᠡᠨ ᠤ ᠡᠮᠦᠨ᠎ᠡ ᠵᠣᠷᠢᠭᠲᠠᠢ ᠪᠠᠷ ᠬᠠᠲᠠᠭᠤ ᠳᠠᠶᠢᠯᠠᠯᠳᠤᠭᠠᠨ ᠬᠢᠵᠦ᠂ ᠠᠶᠤᠯ ᠲᠦᠭᠰᠢᠭᠦᠷᠢ ᠶᠢᠨ ᠡᠮᠦᠨ᠎ᠡ ᠵᠣᠷᠢᠭᠲᠠᠢ ᠪᠠᠷ  ᠰᠢᠪᠲᠤᠯᠤᠯᠲᠠ ᠬᠢᠵᠦ᠂ ᠪᠦᠭᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠰᠠᠶᠢᠲᠤᠷ ᠪᠡᠶᠡᠯᠡᠭᠦᠯᠬᠦ ᠳᠤ ᠲᠤᠰᠠᠲᠠᠢ ᠠᠷᠭ᠎ᠠ ᠰᠦᠪᠡᠭᠴᠢᠯᠡᠨ᠂ ᠦᠨᠡᠨ ᠪᠣᠳᠠᠲᠠᠢ  ᠠᠷᠭ᠎ᠠ ᠭᠠᠷᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠭᠤᠶᠢᠳᠠ ᠰᠠᠶᠢᠬᠠᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠬᠤ ᠪᠠᠷ ᠴᠢᠷᠮᠠᠶᠢᠬᠤ  ᠬᠡᠷᠡᠭᠲᠡᠢ᠃        ᠡᠭᠦᠷᠭᠡ ᠮᠥᠷᠥᠨ ᠳᠤ ᠪᠠᠶᠢᠭ᠎ᠠ ᠪᠣᠯᠬᠤᠷ ᠮᠢᠩᠭᠠᠨ ᠪᠡᠷᠬᠡ ᠲᠦᠮᠡᠨ ᠪᠠᠷᠳᠠᠭ᠎ᠠ ᠠᠴᠠ ᠠᠶᠤᠬᠤ ᠦᠭᠡᠢ᠂ ᠬᠠᠷᠢᠭᠤᠴᠠᠯᠭ᠎ᠠ ᠰᠡᠳᠬᠢᠯ ᠳᠤ ᠪᠠᠶᠢᠭ᠎ᠠ ᠪᠣᠯᠬᠤᠷ  ᠰᠠᠯᠬᠢ ᠪᠣᠷᠣᠭᠠᠨ ᠠᠴᠠ ᠵᠢᠷᠦᠬᠡᠰᠢᠶᠡᠬᠦ ᠦᠭᠡᠢ᠃ ᠪᠦᠭᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯ ᠦᠢᠯᠡᠰ ᠢᠶᠠᠨ ᠰᠡᠳᠬᠢᠯ ᠳᠡᠭᠡᠨ ᠪᠤᠳᠤᠵᠤ᠂  ᠡᠭᠦᠷᠭᠡ ᠬᠠᠷᠢᠭᠤᠴᠠᠯᠭ᠎ᠠ ᠡᠭᠦᠷᠭᠡᠯᠡᠨ᠂ ᠦᠨᠡᠨ ᠬᠦ ᠴᠢᠷᠮᠠᠶᠢᠨ ᠬᠠᠲᠠᠭᠤᠵᠢᠯᠲᠠᠢ ᠠᠵᠢᠯᠯᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ  ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠬᠤᠪᠢ  ᠨᠡᠮᠡᠷᠢ ᠦᠵᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠦᠢᠯᠡᠳᠦᠯᠭᠡ ᠶᠢᠨ ᠰᠦᠷᠯᠢᠭ ᠰᠠᠶᠢᠬᠠᠨ ᠰᠢᠨ᠎ᠡ  ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠬᠦ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ