ᠦᠷ᠎ᠡ ᠶᠢᠨ ᠬᠦᠴᠦᠨ ᠬᠡᠮᠵᠢᠶᠡᠯᠡᠰᠢ ᠦᠭᠡᠢ
ᠨᠡᠶᠢᠲᠡᠯᠡᠭᠰᠡᠨ ᠴᠠᠭ᠄
2025/2/14
       ᠣᠷᠣᠨ ᠨᠤᠲᠤᠭ ᠤᠨ ᠢᠶᠠᠨ ᠬᠥᠷᠥᠰᠥ ᠰᠢᠷᠣᠢ᠂ ᠠᠭᠤᠷ ᠠᠮᠢᠰᠬᠤᠯ ᠤᠨ ᠣᠨᠴᠠᠯᠢᠭ ᠲᠠᠭᠠᠨ ᠲᠣᠬᠢᠷᠠᠭᠰᠠᠨ ᠡᠪᠡᠰᠦᠨ ᠦᠷ᠎ᠡ ᠶᠢ ᠰᠣᠩᠭᠤᠵᠤ᠂  ᠪᠣᠶᠢᠵᠢᠭᠤᠯᠵᠤ᠂ ᠤᠷᠭᠤᠭᠤᠯᠪᠠᠯ᠂ ᠠᠮᠢ ᠠᠬᠤᠢ ᠪᠠᠨ ᠰᠡᠷᠭᠦᠭᠡᠵᠦ ᠪᠣᠯᠣᠨ᠎ᠠ᠂ ᠠᠰᠢᠭ ᠤᠷᠤᠯᠭ᠎ᠠ ᠪᠠᠨ ᠨᠡᠮᠡᠭᠳᠡᠭᠦᠯᠵᠦ ᠪᠣᠯᠣᠨ᠎ᠠ︕        ᠤᠷᠢᠨ ᠳᠤᠯᠠᠭᠠᠨ ᠬᠠᠪᠤᠷ ᠰᠠᠭᠠᠲᠠᠬᠤ ᠳᠤ ᠬᠥᠬᠡ ᠨᠣᠭᠤᠭ᠎ᠠ ᠬᠥᠷᠥᠰᠥᠨ ᠠᠴᠠ ᠪᠠᠨ ᠴᠤᠬᠤᠶᠢᠨ᠎ᠠ᠃ ᠳᠡᠯᠭᠡᠷ ᠵᠤᠨ ᠮᠣᠷᠢᠯᠠᠬᠤ ᠳᠤ ᠠᠭᠤᠯᠠ ᠲᠠᠯ᠎ᠠ ᠶᠢᠨ  ᠡᠪᠡᠰᠦ ᠥᠪᠴᠢ ᠨᠣᠭᠤᠭᠠᠷᠠᠨ᠎ᠠ᠃ ᠠᠯᠳᠠᠨ ᠰᠢᠷᠭᠠᠯ ᠨᠠᠮᠤᠷ ᠪᠤᠯᠬᠤ ᠳᠤ ᠬᠠᠳᠤᠯᠠᠩ ᠤᠨ ᠡᠪᠡᠰᠦ ᠬᠠᠯᠢᠭᠤᠷᠠᠨ᠎ᠠ᠃ ᠭᠦᠭᠡᠭᠡ ᠡᠪᠦᠯ ᠣᠶᠢᠷᠠᠳᠬᠤ ᠳᠤ ᠪᠣᠭᠤᠯᠲᠠ  ᠪᠣᠭᠤᠯᠲᠠ ᠡᠪᠡᠰᠦ ᠮᠠᠯᠴᠢᠨ ᠠᠶᠢᠯ ᠤᠨ ᠭᠠᠳᠠᠨ᠎ᠠ ᠣᠪᠣᠭᠠᠷᠠᠨ᠎ᠠ᠃ ᠤᠯᠠᠷᠢᠯ ᠢᠶᠠᠨ ᠲᠠᠭᠠᠨ ᠡᠪᠡᠰᠦᠨ ᠤ ᠥᠩᠭᠡ ᠰᠣᠯᠢᠭᠳᠠᠬᠤ ᠳᠤ ᠴᠠᠭᠠᠨ᠎ᠠ ᠨᠢ ᠦᠯᠦ ᠮᠡᠳᠡᠭᠳᠡᠮ᠎ᠡ  ᠳᠡᠯᠳᠡ ᠶᠢᠨ ᠬᠦᠴᠦᠨ ᠣᠷᠣᠰᠢᠵᠤ ᠪᠠᠶᠢᠳᠠᠭ᠂ ᠲᠠᠷᠡ ᠪᠣᠯ ᠳᠠᠷᠤᠢ ᠡᠪᠡᠰᠦᠨ ᠦᠷ᠎ᠡ︕ ᠡᠪᠡᠰᠦᠨ ᠦᠷ᠎ᠡ ᠡᠬᠡ ᠭᠠᠵᠠᠷ ᠲᠤ ᠭᠦᠨ ᠦᠨᠳᠦᠰᠦᠯᠡᠨ ᠮᠤᠨᠳᠠᠭ ᠶᠡᠭᠡ  ᠠᠮᠢᠵᠢᠷᠠᠯ ᠤᠨ ᠬᠦᠴᠦᠨ ᠢᠶᠠᠷ ᠢᠶᠠᠨ ᠤᠷᠭᠤᠨ᠎ᠠ᠂ ᠪᠣᠯᠪᠠᠰᠤᠷᠠᠨ᠎ᠠ᠂ ᠦᠷᠡᠯᠡᠨ᠎ᠡ︕ᠭᠠᠵᠠᠷ ᠲᠤ ᠤᠨᠠᠭᠰᠠᠨ ᠡᠪᠡᠰᠦᠨ ᠦᠷ᠎ᠡ ᠲᠠᠭᠢᠨ ᠠᠮᠢᠯᠠᠨ ᠦᠷ᠎ᠡ ᠠᠴᠠ ᠦᠷ᠎ᠡ  ᠳᠡᠮᠵᠢᠨ᠂ ᠦᠶ᠎ᠡ ᠠᠴᠠ ᠦᠶ᠎ᠡ ᠵᠠᠯᠭᠠᠨ᠂ ᠡᠬᠡ ᠳᠡᠯᠡᠬᠡᠢ ᠪᠠᠨ ᠨᠣᠭᠤᠭᠠᠨ ᠢᠶᠠᠷ ᠴᠢᠮᠡᠭᠯᠡᠵᠦ ᠪᠠᠶᠢᠳᠠᠭ᠃        ᠡᠬᠡ ᠤᠯᠤᠰ ᠤᠨ ᠢᠶᠠᠨ ᠡᠯᠢᠭᠡᠨ ᠳᠤ ᠡᠬᠡ ᠨᠤᠲᠤᠭ ᠤᠨ ᠢᠶᠠᠨ ᠬᠥᠷᠥᠰᠥᠨ ᠳᠤ ᠬᠥᠯ ᠲᠠᠯᠪᠢᠬᠤ ᠳᠠᠭᠠᠨ ᠥᠯᠮᠡᠢ ᠳᠣᠣᠷᠠᠬᠢ ᠡᠪᠡᠰᠦ ᠪᠠᠨ ᠠᠩᠵᠠᠭᠠᠷᠠᠪᠠ  ᠤᠤ︖ ᠣᠶᠢᠷ᠎ᠠ ᠶᠢᠨ ᠵᠢᠯ ᠠᠴᠠ ᠨᠠᠭᠠᠰᠢ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠨᠢ ᠮᠠᠨ ᠤ ᠣᠷᠣᠨ ᠤ ᠲᠦᠮᠡᠨ ᠭᠠᠵᠠᠷ ᠤᠨ ᠨᠣᠮᠢᠨ ᠨᠣᠭᠤᠭᠠᠨ  ᠤᠷᠳᠤ ᠴᠠᠭᠠᠨ ᠬᠡᠷᠡᠮ ᠢ ᠪᠠᠲᠤ ᠴᠣᠭᠴᠠᠯᠠᠬᠤ ᠶᠢᠨ ᠴᠢᠬᠤᠯᠠ ᠨᠢᠭᠡᠨ ᠠᠰᠠᠭᠤᠳᠠᠯ ᠪᠣᠯᠵᠠᠢ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠠᠮᠢ ᠠᠬᠤᠢ ᠶᠢ  ᠵᠠᠰᠠᠨ ᠰᠡᠷᠭᠦᠭᠡᠬᠦ ᠳᠤ ᠡᠪᠡᠰᠦᠨ ᠦᠷ᠎ᠡ ᠪᠣᠶᠢᠵᠢᠭᠤᠯᠬᠤ᠂ ᠡᠪᠡᠰᠦ ᠲᠠᠷᠢᠬᠤ᠂ ᠡᠪᠡᠰᠦᠨ ᠤ ᠦᠢᠯᠡᠰ ᠢ ᠬᠥᠭᠵᠢᠭᠦᠯᠬᠦ ᠵᠡᠷᠭᠡ ᠨᠢ ᠠᠮᠢ ᠠᠬᠤᠢ ᠶᠢ ᠰᠡᠷᠭᠦᠭᠡᠬᠦ ᠶᠢᠨ  ᠲᠤᠯᠭᠠᠮ ᠱᠠᠭᠠᠷᠳᠠᠯᠭ᠎ᠠ ᠶᠢᠨ ᠨᠢᠭᠡ ᠪᠣᠯᠤᠭᠰᠠᠨ ᠨᠢ ᠢᠯᠡᠭᠡᠨ᠃        ᠡᠪᠡᠰᠦ ᠲᠠᠷᠢᠵᠦ ᠥᠯᠥᠭᠡᠢ ᠨᠤᠲᠤᠭ ᠢᠶᠠᠨ ᠨᠣᠭᠤᠭᠠᠷᠠᠭᠤᠯᠤᠨ᠂ ᠡᠬᠡ ᠪᠠᠶᠢᠭᠠᠯᠢ ᠪᠠᠨ ᠰᠡᠷᠭᠦᠭᠡᠬᠦ ᠳᠤ ᠶᠠᠭᠤᠨ ᠤ ᠤᠷᠢᠳ ᠣᠷᠣᠨ ᠨᠤᠲᠤᠭ ᠤᠨ ᠣᠨᠴᠠᠯᠢᠭ᠋ ᠲᠠᠭᠠᠨ ᠲᠣᠬᠢᠷᠠᠭᠰᠠᠨ ᠡᠪᠡᠰᠦᠨ ᠦᠷ᠎ᠡ ᠴᠢᠬᠤᠯᠠᠲᠠᠢ᠃ 2024 ᠣᠨ ᠳᠤ᠂ ᠮᠠᠨ ᠤ ᠣᠷᠣᠨ︽ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ  ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠢ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠦᠷ᠎ᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠬᠤ ᠲᠦᠷᠦ ᠶᠢᠨ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠪᠠ; ᠮᠠᠨ ᠤ ᠣᠷᠣᠨ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠳᠤ ᠦᠢᠯᠡᠴᠢᠯᠡᠬᠦ ᠪᠠ  ᠠᠮᠢ ᠠᠬᠤᠢ ᠶᠢ ᠰᠡᠷᠭᠦᠭᠡᠬᠦ ᠳᠤ ᠬᠡᠷᠡᠭᠯᠡᠬᠦ ᠪᠠᠷᠢᠮᠵᠢᠶᠠᠵᠢᠭᠤᠯᠤᠭᠰᠠᠨ᠂ ᠡᠷᠴᠢᠮᠵᠢᠭᠦᠯᠦᠭᠰᠡᠨ᠂ ᠬᠡᠪᠴᠢᠶᠡᠵᠢᠭᠦᠯᠦᠭᠰᠡᠨ ᠡᠪᠡᠰᠦᠨ ᠦᠷ᠎ᠡ ᠪᠣᠶᠢᠵᠢᠭᠤᠯᠬᠤ ᠰᠠᠭᠤᠷᠢᠨ ᠢ  ᠪᠦᠲᠦᠭᠡᠨ ᠪᠠᠶᠢᠭᠤᠯᠪᠠ ; ᠮᠧᠩ ᠼᠤᠤ ᠠᠮᠢ ᠠᠬᠤᠢ ᠣᠷᠴᠢᠨ ᠲᠣᠭᠤᠷᠢᠨ ︵ᠪᠦᠯᠦᠭᠯᠡᠯ︶᠎ ᠤ ᠬᠤᠪᠢᠴᠠᠭᠠᠳᠤ ᠬᠢᠵᠠᠭᠠᠷᠲᠤ ᠺᠤᠮᠫᠠᠨᠢ ᠵᠡᠷᠭᠡ ᠠᠵᠤ ᠠᠬᠤᠶᠢᠯᠠᠯ ᠦᠷ᠎ᠡ ᠶᠢᠨ ᠦᠢᠯᠡᠰ ᠢ ᠬᠥᠭᠵᠢᠭᠦᠯᠦᠭᠰᠡᠨ ᠲᠤᠷᠰᠢᠴᠠ ᠪᠠ ᠦᠯᠢᠭᠡᠷ ᠨᠢ ᠮᠠᠨ ᠤ ᠣᠷᠣᠨ᠂ ᠴᠢᠨᠠᠭᠰᠢᠯᠠᠨ ᠪᠦᠭᠦ ᠤᠯᠤᠰ ᠲᠤ ᠡᠪᠡᠰᠦᠨ ᠤ ᠦᠢᠯᠡᠰ ᠤᠨ ᠬᠥᠭᠵᠢᠯᠲᠡ ᠶᠢᠨ  ᠵᠠᠮ ᠱᠤᠭᠤᠮ᠂ ᠬᠠᠷᠠᠯᠲᠠ ᠴᠢᠭᠯᠡᠯ ᠢ ᠲᠣᠳᠣᠷᠠᠭᠤᠯᠵᠤ ᠥᠭᠭᠦᠭᠰᠡᠨ ᠪᠠᠶᠢᠭ᠎ᠠ ᠠᠵᠢ᠃        ᠠᠰᠬ᠎ᠠ ᠬᠠᠳᠠᠨ ᠤ ᠵᠠᠪᠰᠠᠷ᠂ ᠬᠠᠶᠢᠷ ᠴᠢᠯᠠᠭᠤᠨ ᠤ ᠳᠤᠮᠳᠠ ᠤᠷᠭᠤᠭᠰᠠᠨ ᠡᠪᠡᠰᠦ ᠨᠢ ᠦᠷ᠎ᠡ ᠶᠢᠨ ᠬᠦᠴᠦᠨ ᠢ ᠬᠠᠷᠠᠭᠤᠯᠤᠨ᠎ᠠ︕ ᠣᠷᠣᠨ ᠨᠤᠲᠤᠭ ‍ᠤᠨ᠋ ᠢᠶᠠᠨ ᠬᠥᠷᠥᠰᠥ ᠰᠢᠷᠣᠢ᠂ ᠠᠭᠤᠷ ᠠᠮᠢᠰᠬᠤᠯ ᠤᠨ ᠣᠨᠴᠠᠯᠢᠭ ᠲᠠᠭᠠᠨ ᠲᠣᠬᠢᠷᠠᠭᠰᠠᠨ ᠡᠪᠡᠰᠦᠨ ᠦᠷ᠎ᠡ ᠶᠢ ᠰᠣᠩᠭᠤᠵᠤ᠂  ᠪᠣᠶᠢᠵᠢᠭᠤᠯᠵᠤ᠂ ᠤᠷᠭᠤᠭᠤᠯᠪᠠᠯ᠂ ᠠᠮᠢ  ᠠᠬᠤᠢ ᠪᠠᠨ ᠰᠡᠷᠭᠦᠭᠡᠵᠦ ᠪᠣᠯᠣᠨ᠎ᠠ᠂ ᠠᠰᠢᠭ ᠤᠷᠤᠯᠭ᠎ᠠ ᠪᠠᠨ ᠨᠡᠮᠡᠭᠳᠡᠭᠦᠯᠵᠦ ᠪᠣᠯᠣᠨ᠎ᠠ︕ ᠦᠷ᠎ᠡ ᠶᠢᠨ ᠦᠢᠯᠡᠰ ᠤᠨ ᠬᠥᠭᠵᠢᠯᠲᠡ ᠶᠢ ᠠᠬᠢᠭᠤᠯᠤᠨ᠂ ᠨᠡᠶᠢᠭᠡᠮ  ᠨᠡᠶᠢᠳᠡ ᠶᠢᠨ ᠬᠠᠮᠲᠤᠷᠠᠯ ᠬᠦᠴᠦᠨ ᠳᠤ ᠲᠦᠰᠢᠭᠯᠡᠪᠡᠯ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠨᠣᠮᠢᠨ ᠨᠣᠭᠤᠭᠠᠨ  ᠥᠩᠭᠡ ᠪᠠᠷ ᠬᠠᠶᠠᠯᠠᠬᠤ ᠨᠢ ᠯᠠᠪᠲᠠᠢ ᠶᠤᠮ︕  
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ