ᠮᠠᠨ ᠤ ᠤᠯᠤᠰ ᠤᠷᠳᠤ ᠤᠳᠠᠭᠠᠨ ᠲᠡᠦᠬᠡ ᠲᠠᠢ᠂ ᠬᠥᠮᠥᠨ ᠠᠮᠠ ᠤᠯᠠᠨ᠂ ᠨᠤᠲᠤᠭ ᠳᠡᠪᠢᠰᠬᠡᠷ ᠥᠷᠭᠡᠨ ᠠᠭᠤᠳᠠᠮ᠂ ᠶᠠᠭ ᠲᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠢᠵᠦ᠂ ᠲᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠳᠠ ᠶᠢᠨ ᠠᠭᠤᠤ ᠶᠡᠭᠡ ᠬᠠᠷᠠᠯᠲᠠ ᠲᠡᠰᠢ ᠤᠷᠤᠭᠰᠢᠯᠠᠵᠤ᠂ ᠰᠣᠶᠣᠯ ᠤᠨ ᠢᠲᠡᠭᠡᠯ ᠢᠶᠠᠷ ᠴᠢᠬᠤᠯᠠ ᠲᠤᠯᠭᠠᠭᠤᠷᠢᠯᠠᠯ ᠤᠨ ᠦᠢᠯᠡᠳᠦᠯ ᠬᠠᠩᠭᠠᠵᠤ ᠪᠤᠢ᠃ | ᠪᠣᠳᠠᠰ ᠤᠨ ᠪᠤᠰᠤ ᠰᠣᠶᠣᠯ ᠤᠨ ᠥᠪ ᠪᠣᠯ ᠤᠯᠠᠮᠵᠢᠯᠠᠯᠲᠤ ᠰᠣᠶᠣᠯ ᠤᠨ ᠦᠨᠡᠲᠦ ᠥᠪ ᠪᠠᠶᠢᠵᠤ᠂ ᠦᠨᠳᠦᠰᠦᠲᠡᠨ ᠪ᠊ ᠤᠶᠤᠨ ᠤᠬᠠᠭᠠᠨ ᠢ ᠠᠴᠢᠶᠠᠯᠠᠵᠤ | ᠪᠠᠶᠢᠳᠠᠭ᠃ ᠪᠣᠳᠠᠰ ᠤᠨ ᠪᠤᠰᠤ ᠰᠣᠶᠣᠯ ᠤᠨ ᠥᠪ ᠢᠶᠠᠷ ᠳᠠᠮᠵᠢᠭᠠᠳ ᠬᠥᠮᠥᠰ ᠴᠠᠭ ᠦᠶ᠎ᠡ ᠶᠢᠨ ᠬᠢᠵᠠᠭᠠᠷ ᠢ ᠳᠠᠪᠠᠵᠤ᠂ ᠲᠤᠬᠠᠢ ᠶᠢᠨ ᠲᠡᠦᠬᠡ ᠶᠢᠨ ᠴᠠᠭ ᠦᠶ᠎ᠡ ᠶᠢᠨ | ᠭᠤᠸ᠎ᠠ ᠰᠠᠶᠢᠬᠠᠨ ᠪᠣᠯᠣᠨ ᠠᠮᠢᠳᠤᠷᠠᠯ ᠤᠨ ᠪᠠᠶᠢᠳᠠᠯ ᠢ ᠮᠡᠳᠡᠷᠡᠵᠦ ᠪᠣᠯᠣᠨ᠎ᠠ᠃ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠨᠢ ᠠᠮᠢᠳᠤ ᠰᠣᠷᠭᠤᠭ | ᠰᠣᠶᠣᠯ ᠤᠨ ᠲᠡᠦᠬᠡ ᠶᠢ ᠤᠯᠠᠮᠵᠢᠯᠠᠭᠰᠠᠨ ᠲᠠᠢ ᠠᠳᠠᠯᠢ ᠪᠠᠶᠢᠵᠤ᠂ ᠪᠣᠳᠠᠰ ᠤᠨ ᠪᠤᠰᠤ ᠰᠣᠶᠣᠯ ᠤᠨ ᠥᠪ ᠢᠶᠠᠷ ᠠᠴᠢᠶᠠᠯᠠᠪᠤᠷᠢ ᠪᠣᠯᠭᠠᠨ ᠬᠥᠮᠥᠰ ᠦᠨᠳᠦᠰᠦᠲᠡᠨ ᠪᠠ | ᠤᠯᠤᠰ ᠤᠨ ᠲᠡᠦᠬᠡ ᠶᠢᠨ ᠢᠮ ᠲᠡᠮᠳᠡᠭ ᠢ ᠣᠶᠢᠯᠠᠭᠠᠵᠤ᠂ ᠢᠷᠡᠭᠰᠡᠨ ᠵᠠᠮ ᠢᠶᠠᠨ ᠮᠡᠳᠡᠵᠤ᠂ ᠦᠨᠳᠦᠰᠦ ᠤᠭᠰᠠᠭ᠎ᠠ ᠪᠠᠨ ᠬᠠᠶᠢᠵᠤ ᠪᠣᠯᠣᠨ᠎ᠠ᠃ ᠡᠨᠡ ᠨᠢ ᠮᠠᠨ ᠤ | ᠲᠤᠮᠳᠠᠳᠤ ᠶᠢᠨ ᠰᠣᠶᠣᠯ ᠤᠨ ᠲᠤᠬᠠᠢ ᠬᠠᠮᠲᠤ ᠶᠢᠨ ᠲᠠᠨᠢᠯᠲᠠ ᠶᠢ ᠶᠡᠬᠡᠪᠡᠷ ᠨᠡᠮᠡᠭᠳᠡᠭᠦᠯᠵᠦ᠂ ᠰᠣᠶᠣᠯ ᠤᠨ ᠢᠲᠡᠭᠡᠯ ᠢ ᠠᠬᠢᠭᠤᠯᠬᠤ ᠤᠴᠢᠷᠲᠠᠢ᠃ | ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠳᠤᠮᠳᠠ᠂ ᠤᠯᠠᠮᠵᠢᠯᠠᠭᠴᠢᠳ ᠠᠴᠠ ᠤᠯᠠᠮᠵᠢᠯᠠᠯᠲᠤ ᠤᠷ᠎ᠠ ᠮᠡᠷᠭᠡᠵᠢᠯ ᠢᠶᠠᠨ ᠪᠠᠲᠤ ᠰᠠᠬᠢᠵᠤ᠂ ᠶᠠᠪᠤᠴᠠ | ᠪᠣᠯᠭᠠᠨ ᠳᠤ ᠨᠠᠷᠢᠨ ᠬᠢᠨᠠᠮᠠᠭᠠᠢ ᠬᠠᠨᠳᠤᠬᠤ ᠨᠢ ᠳᠠᠷᠤᠢ ᠤᠯᠠᠮᠵᠢᠯᠠᠯᠲᠤ ᠰᠣᠶᠣᠯ ᠤᠨ ᠦᠨ᠎ᠡ ᠦᠷᠳᠡᠭ ᠤᠨ ᠲᠤᠬᠠᠢ ᠪᠠᠲᠤ ᠢᠲᠡᠭᠡᠯ ᠪᠣᠯᠣᠨ᠎ᠠ᠃ ᠪᠣᠳᠠᠰ ᠤᠨ ᠪᠤᠰᠤ | ᠰᠣᠶᠣᠯ ᠤᠨ ᠥᠪ ᠢ ᠤᠯᠠᠮᠵᠢᠯᠠᠭᠴᠢᠳ ᠬᠡᠳᠦᠨ ᠠᠷᠪᠠᠨ ᠵᠢᠯ ᠢ ᠨᠢᠭᠡ ᠡᠳᠦᠷ ᠮᠡᠲᠦ ᠥᠩᠭᠡᠷᠡᠭᠦᠯᠵᠦ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠰᠢᠷᠭᠠᠭᠤ | ᠬᠠᠲᠠᠭᠤᠵᠢᠯᠲᠠᠢ ᠠᠵᠢᠯᠯᠠᠵᠤ ᠰᠤᠳᠤᠯᠤᠭᠠᠳ ᠰᠠᠶ᠋ᠢ ᠪᠣᠳᠠᠰ ᠤᠨ ᠪᠤᠰᠤ ᠰᠣᠶᠣᠯ ᠤᠨ ᠥᠪ ᠤᠨ ᠤᠶᠤᠨ ᠰᠦᠨᠡᠰᠦ ᠶᠢ ᠣᠶᠢᠯᠠᠭᠠᠵᠤ ᠳᠡᠶᠢᠯᠳᠡᠭ᠃ ᠲᠡᠳᠡ ᠪᠣᠳᠠᠰ ᠤᠨ | ᠪᠤᠰᠤ ᠰᠣᠶᠣᠯ ᠤᠨ ᠥᠪ ᠢ ᠤᠯᠠᠮᠵᠢᠯᠠᠨ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠳᠡᠯᠡᠬᠡᠢ ᠶᠢᠨ ᠰᠣᠶᠣᠯ ᠳᠤ ᠤᠨᠴᠠᠭᠠᠢ ᠪᠠᠶᠢᠷᠢ ᠰᠠᠭᠤᠷᠢ ᠲᠠᠢ | ᠪᠠᠶᠢᠬᠤ ᠶᠢ ᠢᠲᠡᠭᠡᠳᠡᠭ ᠨᠢ ᠳᠠᠷᠤᠢ ᠰᠣᠶᠣᠯ ᠤᠨ ᠢᠲᠡᠭᠡᠯ ᠤᠨ ᠬᠦᠴᠦᠲᠡᠢ ᠭᠡᠷᠡᠴᠢᠯᠡᠯ ᠮᠥᠨ᠃ | ᠪᠣᠳᠠᠰ ᠤᠨ ᠪᠤᠰᠤ ᠰᠣᠶᠣᠯ ᠤᠨ ᠥᠪ ᠨᠢ ᠭᠠᠵᠠᠷ ᠣᠷᠣᠨ ᠪᠣᠯᠣᠨ ᠦᠨᠳᠦᠰᠦᠲᠡᠨ ᠪ᠊ ᠣᠨᠴᠠᠯᠢᠭ ᠲᠠᠢ ᠪᠠᠶᠢᠵᠤ᠂ ᠳᠡᠯᠡᠬᠡᠢ ᠶᠢᠨ ᠲᠠᠶᠢᠰᠠᠨ᠎ᠠ ᠭᠠᠷᠴᠤ᠂ | ᠰᠣᠶᠣᠯ ᠤᠨ ᠰᠣᠯᠢᠯᠴᠠᠭᠠᠨ ᠳᠤ ᠣᠷᠤᠯᠴᠠᠬᠤ ᠦᠶᠡᠰ᠂ ᠳᠡᠯᠡᠬᠡᠢ ᠳ᠋ᠠᠬᠢᠨ ᠳᠤ ᠲᠤᠮᠳᠠᠳᠤ ᠶᠢᠨ ᠰᠣᠶᠣᠯ ᠤᠨ ᠠᠭᠤᠤ ᠶᠡᠭᠡ᠂ ᠭᠡᠷᠡᠯ ᠰᠠᠴᠤᠷᠠᠩᠭᠤᠢ ᠶᠢ ᠲᠠᠨᠢᠭᠤᠯᠵᠤ᠂ | ᠪᠢᠳᠡᠨ ᠳᠤ ᠣᠮᠣᠭᠰᠢᠯ ᠪᠠᠭ᠋ᠠᠷᠬᠠᠯ ᠲᠦᠷᠦᠭᠦᠯᠳᠡᠭ ᠤᠴᠢᠷᠲᠠᠢ᠃ | ᠪᠢᠳᠡ ᠤᠯᠠᠮᠵᠢᠯᠠᠯᠲᠤ ᠰᠣᠶᠣᠯ ᠳᠠᠭᠠᠨ ᠢᠲᠡᠭᠡᠯ ᠳᠦᠭᠦᠷᠡᠩ ᠪᠠᠶᠢᠬᠤ ᠦᠶᠡᠰ ᠰᠠᠶ᠋ᠢ ᠨᠠᠩ ᠢᠳᠡᠪᠬᠢᠲᠡᠢ ᠪᠠᠷ ᠤᠯᠠᠮᠵᠢᠯᠠᠵᠤ ᠵᠠᠯᠭᠠᠮᠵᠢᠯᠠᠬᠤ ᠦᠢᠯᠡᠰ ᠢ | ᠠᠬᠢᠭᠤᠯᠵᠤ ᠴᠢᠳᠠᠨ᠎ᠠ᠃ ᠨᠡᠶᠢᠭᠡᠮ ᠤᠨ ᠡᠯ᠎ᠡ ᠡᠲᠡᠭᠡᠳ ᠠᠴᠠ ᠨᠡᠩ ᠤᠯᠠᠨ ᠡᠬᠢ ᠪᠠᠶᠠᠯᠢᠭ ᠪᠠ ᠬᠦᠴᠦᠨ ᠢ ᠣᠷᠣᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ | ᠤᠯᠠᠮᠵᠢᠯᠠᠭᠴᠢ ᠶᠢ ᠬᠠᠮᠠᠭᠠᠯᠠᠬᠤ ᠪᠠ ᠬᠡᠷᠬᠢᠨ ᠤᠯᠠᠮᠵᠢᠯᠠᠬᠤ ᠶᠢ ᠲᠡᠭᠦᠯᠳᠡᠷᠵᠢᠭᠦᠯᠬᠦ ᠵᠡᠷᠭᠡ ᠤᠯᠠᠨ ᠲᠠᠯ᠎ᠠ ᠪᠠᠷ ᠴᠢᠷᠮᠠᠶᠢᠵᠤ᠂ ᠪᠣᠳᠠᠰ ᠤᠨ ᠪᠤᠰᠤ ᠰᠣᠶᠣᠯ ᠤᠨ ᠥᠪ ᠤᠨ | ᠣᠳᠣᠬᠢᠴᠢᠯᠠᠭᠰᠠᠨ ᠨᠡᠶᠢᠭᠡᠮ ᠳᠠᠬᠢ ᠠᠮᠢᠯᠠᠯ ᠤᠨ ᠬᠦᠴᠦᠨ ᠢ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠪᠣᠯᠣᠨ ᠰᠣᠶᠣᠯ ᠤᠨ | ᠢᠲᠡᠭᠡᠯ ᠢ ᠬᠠᠷᠢᠯᠴᠠᠨ ᠠᠬᠢᠭᠤᠯᠬᠤ ᠰᠠᠶᠢᠨ ᠣᠷᠴᠢᠯ ᠢ ᠪᠤᠢ ᠪᠤᠯᠭᠠᠵᠤ᠂ ᠪᠣᠳᠠᠰ ᠤᠨ ᠪᠤᠰᠤ ᠰᠣᠶᠣᠯ ᠢ ᠤᠯᠠᠮᠵᠢᠯᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠬᠤ | ᠵᠣᠷᠢᠯᠲᠠ ᠳᠠᠭᠠᠨ ᠬᠦᠷᠴᠦ ᠴᠢᠳᠠᠨ᠎ᠠ᠃ | | | |