ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠦᠷᠭᠦᠯᠵᠢᠯᠡᠨ ᠭᠦᠨᠵᠡᠭᠡᠢ ᠴᠡᠭᠴᠡᠯᠡᠨ ᠵᠠᠰᠠᠰᠤᠭᠠᠢ
ᠨᠡᠶᠢᠲᠡᠯᠡᠭᠰᠡᠨ ᠴᠠᠭ᠄
2025/2/14
       ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠪᠣᠯ ᠠᠷᠠᠳ ᠣᠯᠠᠨ ᠤ ᠬᠦᠰᠡᠵᠦ ᠪᠠᠶᠢᠭ᠎ᠠ  ᠪᠣᠳᠠᠲᠤ ᠶᠠᠪᠤᠳᠠᠯ ᠮᠥᠨ᠂ ᠨᠠᠮ ᠤᠨ ᠲᠥᠷᠥ ᠪᠠᠷᠢᠬᠤ ᠰᠠᠭᠤᠷᠢ ᠲᠠᠢ ᠬᠤᠯᠪᠣᠭᠳᠠᠬᠤ ᠶᠡᠭᠡ ᠶᠠᠪᠤᠳᠠᠯ ᠮᠥᠨ᠃ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ  ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠤᠨ ᠠᠯᠪᠠᠨ ᠮᠡᠳᠡᠭᠡᠨ ᠳᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ  ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ  ᠠᠷᠠᠳ ᠲᠦᠮᠡᠨ ᠳᠤ ᠨᠡᠩ ᠰᠠᠶᠢᠨ ᠨᠡᠩ ᠡᠷᠬᠡ ᠲᠡᠭᠰᠢ ᠪᠠᠷ ᠬᠦᠷᠲᠡᠭᠡᠬᠦ ᠶᠢ ᠬᠦᠴᠦᠯᠡᠨ ᠠᠬᠢᠭᠤᠯᠤᠨ᠎ᠠ ᠭᠡᠵᠦ ᠳᠤᠷᠠᠳᠪᠠ᠃        ᠨᠠᠮ ᠤᠨ ᠰᠤᠷᠲᠠᠯ ᠵᠠᠰᠠᠭ ᠤᠨ ᠰᠤᠷᠲᠠᠯ ᠨᠢ ᠨᠠᠮ ᠤᠨ ᠭᠡᠰᠢᠭᠦᠨ ᠨᠢᠭᠡᠪᠦᠷᠢ ᠢᠯᠠᠩᠭᠤᠶ᠎ᠠ ᠤᠳᠤᠷᠢᠳᠬᠤ ᠺᠠᠳ᠋ᠷ ᠨᠢᠭᠡᠪᠦᠷᠢ ᠶᠢᠨ ᠪᠣᠳᠠᠲᠤ ᠠᠵᠢᠯ ᠳᠡᠭᠡᠷ᠎ᠡ  ᠪᠣᠳᠠᠲᠠᠢ ᠪᠠᠷ ᠢᠯᠡᠷᠡᠵᠦ ᠪᠠᠶᠢᠳᠠᠭ᠃ ᠠᠷᠠᠳ ᠤᠯᠠᠨ ᠨᠠᠮ ᠪᠠ ᠵᠠᠰᠠᠭ ᠤᠨ ᠣᠷᠳᠣᠨ ᠢ ᠬᠡᠷᠬᠢᠨ ᠦᠵᠡᠬᠦ ᠨᠢ ᠢᠮᠠᠭᠲᠠ ᠳᠡᠷᠭᠡᠳᠡᠬᠢ ᠨᠠᠮ ᠤᠨ ᠭᠡᠰᠢᠭᠦᠨ  ᠺᠠᠳ᠋ᠷᠴᠤᠳ ᠤᠨ ᠲᠥᠪ ᠭᠤᠣᠯᠴᠢ ᠡᠰᠡᠬᠦ᠂ ᠠᠷᠢᠭᠤᠨ ᠴᠢᠬᠡᠴᠢ ᠡᠰᠡᠬᠦ᠂ ᠠᠵᠢᠯ ᠬᠢᠬᠦ ᠡᠰᠡᠬᠦ ᠪᠠᠷ ᠰᠢᠢᠳᠪᠦᠷᠢᠯᠡᠭᠳᠡᠳᠡᠭ᠃ ᠬᠡᠷᠪᠡ ᠳᠡᠷᠭᠡᠳᠡᠬᠢ ᠨᠠᠮ ᠤᠨ ᠭᠡᠰᠢᠭᠦᠨ  ᠺᠠᠳ᠋ᠷᠴᠤᠳ ᠣᠯᠠᠨ ᠲᠦᠮᠡᠨ ᠤ ᠶᠠᠪᠤᠳᠠᠯ ᠢ ᠤᠬᠳᠤ ᠬᠠᠶᠢᠬᠤᠷᠬᠤ ᠦᠭᠡᠢ᠂ ᠵᠥᠪᠭᠡᠨ ᠱᠠᠯᠢᠨ ᠪᠦᠷᠢᠯᠭᠡᠵᠦ ᠵᠢᠷᠭᠠᠨ ᠴᠡᠩᠭᠡᠬᠦ᠂ ᠪᠦᠷᠢᠯᠭᠡᠨ ᠰᠦᠢᠳᠬᠡᠬᠦ᠂ ᠬᠡᠯᠪᠡᠷᠢᠴᠢ  ᠦᠵᠡᠯ᠂ ᠨᠣᠶᠠᠨᠴᠢ ᠰᠤᠷᠲᠠᠯ ᠳᠡᠯᠭᠡᠷᠡᠪᠡᠯ᠂ ᠠᠷᠠᠳ ᠣᠯᠠᠨ ᠰᠤᠷᠲᠠᠯ ᠤᠨ ᠪᠠᠶᠢᠭᠤᠯᠤᠯᠲᠠ ᠨᠢ ᠪᠣᠳᠠᠲᠠᠢ ᠦᠷ᠎ᠡ ᠪᠦᠲᠦᠮᠵᠢ ᠦᠭᠡᠢ ᠭᠡᠵᠦ ᠦᠵᠡᠬᠦ ᠪᠤᠯᠤᠨ᠎ᠠ;ᠭᠡᠷᠪᠡ  ᠳᠡᠷᠭᠡᠳᠡᠬᠢ ᠨᠠᠮ ᠤᠨ ᠭᠡᠰᠢᠭᠦᠨ ᠺᠠᠳ᠋ᠷᠴᠤᠳ ᠣᠯᠠᠨ ᠲᠦᠮᠡᠨ ᠤ ᠶᠠᠪᠤᠳᠠᠯ ᠢ ᠦᠨᠡᠨ ᠬᠦ ᠰᠡᠳᠬᠢᠯ ᠳᠡᠭᠡᠨ ᠪᠤᠳᠤᠵᠤ᠂ ᠥᠷᠯᠥᠭᠡ ᠦᠳᠡᠰᠢ ᠶᠢ ᠲᠡᠮᠡᠴᠡᠨ ᠨᠡᠶᠢᠲᠡ ᠶᠢᠨ  ᠲᠥᠯᠥᠭᠡ ᠵᠢᠳᠬᠦᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠳᠤ ᠭᠦᠷᠪᠡᠯ᠂ ︽ᠳᠥᠷᠪᠡᠨ ᠰᠤᠷᠲᠠᠯ︾᠎ ᠢ ᠵᠠᠯᠠᠷᠠᠭᠤᠯᠵᠤ᠂ ᠰᠢᠨ᠎ᠡ ᠰᠤᠷᠲᠠᠯ ᠢ ᠪᠤᠶ ᠪᠤᠯᠭᠠᠬᠤ ᠦᠷ᠎ᠡ  ᠪᠦᠲᠦᠮᠵᠢ ᠶᠢ ᠨᠠᠮ ᠤᠨ ᠰᠡᠳᠬᠢᠯ ᠠᠷᠠᠳ ᠤᠨ ᠰᠡᠳᠬᠢᠯ ᠢ ᠨᠢᠭᠲᠠᠷᠠᠭᠤᠯᠬᠤ ᠬᠦᠴᠦᠷᠬᠡᠭ ᠶᠡᠭᠡ ᠢᠳᠡᠪᠬᠢ ᠬᠦᠴᠦᠨ ᠪᠣᠯᠭᠠᠨ ᠦᠨᠡᠨ ᠬᠦ ᠬᠤᠪᠢᠷᠠᠭᠤᠯᠵᠤ ᠴᠢᠳᠠᠨ᠎ᠠ᠃        ᠠᠷᠠᠳ ᠤᠯᠠᠨ ᠶᠠᠭᠤ ᠶᠢ ᠡᠰᠡᠷᠭᠦᠴᠡᠵᠦ᠂ ᠶᠠᠭᠤ ᠶᠢ ᠬᠤᠷᠣᠰᠤᠨ ᠵᠠᠨᠤᠪᠠᠯ ᠶᠠᠭᠤ ᠶᠢ ᠡᠷᠡᠰ ᠰᠡᠷᠭᠡᠶᠢᠯᠡᠨ ᠵᠠᠯᠠᠷᠠᠭᠤᠯᠬᠤ ᠬᠡᠷᠡᠭᠲᠡᠢ᠃ ᠣᠶᠢᠷ᠎ᠠ ᠶᠢᠨ  ᠵᠢᠯ ᠤᠳ ᠲᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠪᠠᠶᠢᠴᠠᠭᠠᠨ ᠰᠢᠢᠳᠪᠦᠷᠢᠯᠡᠭᠰᠡᠨ ᠬᠡᠷᠡᠭ ᠤᠨ ᠵᠢᠱᠢᠶ᠎ᠡ ᠠᠴᠠ ᠦᠵᠡᠪᠡᠯ᠂ ᠵᠠᠷᠢᠮ  ᠬᠠᠤᠯᠢ ᠪᠤᠰᠤ ᠠᠵᠢᠯᠲᠠᠨ ᠬᠡᠦᠬᠡᠳ ᠤᠨ ᠶᠠᠪᠤᠳᠠᠯ ᠰᠢᠢᠳᠪᠦᠷᠢᠯᠡᠬᠦ ᠠᠴᠠ ᠠᠰᠢᠭ ᠣᠯᠵᠤ᠂ ᠰᠤᠷᠤᠬᠴᠢᠳ ᠤᠨ ᠬᠤᠭᠤᠯᠠᠨ ᠤ ᠰᠦᠢᠳᠬᠡᠯ ᠢ ᠱᠠᠮᠰᠢᠵᠤ᠂  ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠳᠤ ᠭᠠᠷ ᠳᠦᠷᠦᠵᠦ᠂ ᠰᠠᠭᠤᠳᠬᠠᠯ ᠠᠪᠴᠤ ᠪᠠᠶᠢᠨ᠎ᠠ; ᠵᠠᠷᠢᠮ ᠡᠮᠨᠡᠯᠭᠡ ᠶᠢᠨ ᠠᠵᠢᠯᠲᠠᠨ ᠡᠮᠴᠢᠯᠡᠭᠡᠨ ᠤ  ᠦᠢᠯᠡᠴᠢᠯᠡᠭᠡ ᠶᠢ ᠲᠦᠰᠢᠭᠯᠡᠨ ᠠᠰᠢᠭ ᠣᠯᠬᠤ᠂ ᠰᠠᠭᠤᠳᠬᠠᠯ ᠠᠪᠴᠤ᠂ ᠤᠯᠠᠭᠠᠨ ᠪᠠᠭᠯᠠᠭ᠎ᠠ ᠠᠪᠴᠤ᠂ ᠠᠵᠢᠯ ᠲᠥᠷᠥᠯ ᠤᠨ ᠬᠡᠪ ᠰᠤᠷᠲᠠᠯ ᠢ ᠡᠪᠳᠡᠵᠦ ᠪᠠᠶᠢᠨ᠎ᠠ;  ᠵᠠᠷᠢᠮ ᠦᠨᠳᠦᠰᠦᠨ ᠱᠠᠲᠤᠨ ᠤ ᠺᠠᠳ᠋ᠷ ᠨᠡᠶᠢᠭᠡᠮ ᠤᠨ ᠠᠪᠤᠷᠠᠨ ᠲᠤᠰᠠᠯᠠᠯᠲᠠ ᠶᠢᠨ ︽ᠨᠠᠶᠢᠷ ᠲᠠᠯ᠎ᠠ ᠶᠢᠨ ᠪᠠᠲᠤᠯᠠᠭ᠎ᠠ︾᠂ ︽ᠬᠠᠷᠢᠴᠠᠭᠠᠨ ᠤ ᠪᠠᠲᠤᠯᠠᠭ᠎ᠠ︾ ᠶᠠᠪᠤᠭᠤᠯᠵᠤ᠂  ᠠᠷᠠᠳ ᠣᠯᠠᠨ ᠤ ︽ᠠᠮᠢ ᠠᠪᠤᠷᠠᠬᠤ ᠵᠣᠭᠤᠰ︾᠎ ᠢ ︽ᠲᠠᠩᠰᠤᠭ ᠯᠠᠮᠠ ᠶᠢᠨ ᠮᠢᠬ᠎ᠠ︾ ᠪᠣᠯᠭᠠᠨ ᠵᠠᠯᠭᠢᠵᠤ ᠪᠠᠶᠢᠨ᠎ᠠ ᠁ ᠣᠯᠠᠨ ᠲᠦᠮᠡᠨ ᠤ ᠠᠮᠢᠳᠤᠷᠠᠯ ᠲᠠᠢ ᠨᠢᠭᠲᠠ  ᠬᠤᠯᠪᠤᠭ᠎ᠠ ᠲᠠᠢ ᠬᠦᠷᠢᠶᠡᠨ ᠳᠤ ᠣᠷᠣᠬᠤ ᠲᠤᠲᠤᠮ ︽ᠪᠠᠭ᠎ᠠ ᠱᠠᠮᠰᠢᠯ ᠪᠢᠴᠢᠯ ᠢᠯᠵᠢᠷᠡᠯ︾᠎ ᠤᠨ ᠠᠪᠴᠢᠷᠠᠭᠰᠠᠨ ᠡᠪᠡᠷᠰᠢᠶᠡᠯ ᠨᠢ ᠤᠯᠠᠮ ᠢᠯᠡᠷᠬᠡᠢ ᠪᠣᠯᠵᠤ᠂ ᠤᠯᠠᠮ  ᠰᠢᠭᠤᠳ ᠪᠣᠯᠵᠤ ᠪᠠᠶᠢᠨ᠎ᠠ᠃        ᠠᠷᠠᠳ ᠤᠯᠠᠨ ᠳᠤ ᠰᠤᠷᠲᠠᠯ ᠢ ᠴᠡᠭᠴᠡᠯᠡᠨ ᠢᠯᠵᠢᠷᠡᠯ ᠢ ᠡᠰᠡᠷᠭᠦᠴᠡᠭᠰᠡᠨ ᠪᠣᠳᠠᠲᠠᠢ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠵᠦ᠂ ᠲᠥᠪ ᠭᠤᠣᠯᠴᠢ  ᠰᠢᠳᠤᠷᠭᠤ ᠶᠣᠰᠣ ᠳᠡᠷᠭᠡᠳᠡ ᠨᠢ ᠪᠠᠶᠢᠬᠤ ᠶᠢ ᠦᠨᠡᠨ ᠬᠦ ᠮᠡᠳᠡᠷᠡᠭᠦᠯᠵᠦ᠂ ᠢᠯᠵᠢᠷᠡᠯ ᠢ ᠡᠰᠡᠷᠭᠦᠴᠡᠬᠦ ᠲᠡᠮᠡᠴᠡᠯ ᠢ ᠦᠨᠳᠦᠰᠦᠨ ᠱᠠᠲᠤᠨ ᠳᠤ ᠭᠦᠷᠲᠡᠯ᠎ᠡ ᠥᠷᠭᠡᠵᠢᠭᠦᠯᠬᠦ᠂  ᠤᠯᠠᠨ ᠲᠦᠮᠡᠨ ᠤ ᠳᠡᠷᠭᠡᠳᠡ ᠭᠦᠷᠲᠡᠯ᠎ᠡ ᠥᠷᠭᠡᠵᠢᠭᠦᠯᠬᠦ ᠶᠢ ᠠᠬᠢᠭᠤᠯᠬᠤ ᠪᠣᠯ ᠰᠡᠳᠦᠪ ᠤᠨ ᠳᠣᠲᠣᠷᠠᠬᠢ ᠤᠳᠬ᠎ᠠ ᠪᠣᠯᠣᠨ᠎ᠠ᠃ ᠭᠠᠷᠳᠠᠬᠤ ᠴᠡᠭ᠂ ᠰᠢᠪᠲᠤᠯᠬᠤ ᠴᠡᠭ ᠢ  ᠣᠨᠣᠪᠴᠢᠲᠠᠢ ᠣᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ  ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠲᠦᠪᠡᠭᠳᠡᠵᠦ ᠪᠠᠶᠢᠭ᠎ᠠ ᠠᠰᠠᠭᠤᠳᠠᠯ ᠬᠦᠴᠢᠷ ᠠᠰᠠᠭᠤᠳᠠᠯ᠂ ᠤᠯᠠᠨ ᠲᠦᠮᠡᠨ ᠤ ᠲᠤᠰᠬᠠᠯ  ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠠᠭ᠎ᠠ ᠱᠠᠮᠰᠢᠯ ᠪᠢᠴᠢᠯ ᠢᠯᠵᠢᠷᠡᠯ︾᠎ ᠢ ᠴᠢᠩᠭ᠎ᠠ ᠪᠠᠶᠢᠴᠠᠭᠠᠵᠤ᠂ ᠰᠤᠷᠲᠠᠯ ᠢ  ᠵᠠᠯᠠᠷᠠᠭᠤᠯᠬᠤ ᠰᠠᠮᠠᠭᠤᠷᠠᠯ ᠢ ᠵᠠᠰᠠᠬᠤ ᠶᠢ ᠠᠬᠢᠭᠤᠯᠤᠨ᠎ᠠ᠃ ᠡᠭᠦᠨ ᠤ ᠬᠠᠮᠲᠤ᠂ ᠪᠠᠰᠠ ᠰᠢᠰᠲ᠋ᠧᠮ ᠲᠠᠢ ᠵᠠᠰᠠᠬᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ ᠪᠠᠷ ᠦᠨᠳᠦᠰᠦᠨ ᠱᠠᠲᠤᠨ ᠤ ᠪᠠᠶᠢᠭᠤᠯᠤᠯ ᠲᠣᠭᠲᠠᠴᠠ ᠶᠢᠨ  ᠥᠭᠡᠷᠡᠴᠢᠯᠡᠯᠲᠡ ᠶᠢ ᠠᠬᠢᠭᠤᠯᠵᠤ᠂ ᠬᠡᠷᠡᠭ ᠰᠢᠢᠳᠪᠦᠷᠢᠯᠡᠬᠦ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ ᠲᠦᠷᠦᠯ ᠬᠤᠪᠢᠶᠠᠨ ᠴᠡᠭᠴᠡᠯᠡᠨ  ᠰᠠᠶᠢᠵᠢᠷᠠᠭᠤᠯᠬᠤ ᠶᠢ ᠴᠢᠩᠭᠠᠳᠬᠠᠵᠤ᠂ ᠥᠪᠡᠷᠮᠢᠴᠡ ᠠᠰᠠᠭᠤᠳᠠᠯ ᠢ ᠴᠡᠭ ᠴᠡᠭ ᠢᠶᠠᠷ ᠬᠠᠷᠠᠭᠠᠯᠵᠠᠭᠤᠯᠤᠨ ᠰᠢᠢᠳᠪᠦᠷᠢᠯᠡᠬᠦ᠂ ᠨᠡᠶᠢᠲᠡᠯᠢᠭ ᠴᠢᠨᠠᠷᠲᠠᠢ ᠠᠰᠠᠭᠤᠳᠠᠯ ᠢ ᠪᠦᠭᠦ  ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠬᠡᠷᠡᠭ ᠢᠶᠠᠷ ᠵᠠᠰᠠᠬᠤ ᠶᠢ ᠠᠬᠢᠭᠤᠯᠬᠤ ᠶᠢᠨ  ᠳᠠᠪᠬᠤᠴᠠᠯ ᠦᠢᠯᠡᠳᠦᠯ ᠢ ᠦᠷᠭᠦᠯᠵᠢᠯᠡᠨ ᠶᠡᠬᠡᠰᠬᠡᠵᠦ᠂ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠡᠭᠦᠰᠬᠦ ᠬᠥᠷᠥᠰᠥ ᠰᠢᠷᠣᠢ ᠪᠠ ᠨᠥᠬᠦᠴᠡᠯ ᠢ ᠡᠬᠢ  ᠡᠭᠦᠰᠦᠯ ᠠᠴᠠ ᠨᠢ ᠠᠷᠢᠯᠭᠠᠬᠤ ᠬᠡᠷᠡᠭᠲᠡᠢ᠃         
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ