ᠬᠤᠪᠢᠶᠠᠷᠢᠯᠠᠯ ᠲᠣᠳᠣᠷᠬᠠᠢ ᠬᠠᠮᠵᠢᠯᠴᠠᠭ᠎ᠠ ᠵᠣᠬᠢᠴᠠᠩᠭᠤᠢ ᠪᠣᠯᠪᠠᠯ ᠠᠵᠢᠯ ᠤᠨ ᠦᠷ᠎ᠡ ᠪᠦᠳᠦᠮᠵᠢ ᠥᠨᠳᠥᠷ
ᠨᠡᠶᠢᠲᠡᠯᠡᠭᠰᠡᠨ ᠴᠠᠭ᠄
2025/2/14
       ᠲᠦᠷᠦᠭᠦᠬᠡᠨ ᠳᠣᠲᠣᠭᠠᠳᠤ ᠶᠢ ᠬᠠᠮᠠᠭᠠᠯᠠᠬᠤ ᠶᠠᠮᠤᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠵᠡᠷᠭᠡ ᠶᠢᠰᠦᠨ ᠰᠠᠯᠠᠭ᠎ᠠ ᠮᠥᠴᠢᠷ ᠬᠠᠮᠲᠤᠷᠠᠨ ︽ᠭᠡᠷ  ᠪᠦᠯᠢ ᠶᠢᠨ ᠬᠦᠴᠦᠷᠬᠡᠭᠯᠡᠯ ᠢ ᠰᠡᠷᠡᠮᠵᠢᠯᠡᠭᠦᠯᠭᠦ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠴᠢᠩᠭᠠᠳᠬᠠᠬᠤ ᠲᠤᠬᠠᠢ ᠰᠠᠨᠠᠯ︾᠎ ᠢ ᠳᠠᠷᠤᠮᠠᠯᠯᠠᠨ ᠲᠠᠷᠬᠠᠭᠠᠵᠤ᠂ ᠭᠡᠷ  ᠪᠦᠯᠢ ᠶᠢᠨ ᠬᠦᠴᠦᠷᠬᠡᠭᠯᠡᠯ ᠢ ᠰᠡᠷᠡᠮᠵᠢᠯᠡᠭᠦᠯᠭᠦ ᠳᠦᠷᠢᠮ ᠤᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠤᠷᠤᠭ ᠬᠤᠷᠢᠮ᠂ ᠭᠡᠷ ᠪᠦᠯᠢ ᠶᠢᠨ ᠵᠥᠷᠢᠴᠡᠯ  ᠵᠠᠭᠤᠷᠠᠯᠳᠤᠭᠠᠨ ᠢ ᠠᠷᠢᠯᠭᠠᠬᠤ ᠳᠤ ᠬᠠᠪᠰᠤᠷᠤᠮᠵᠢ ᠪᠣᠯᠵᠤ᠂ ᠭᠡᠷ ᠪᠦᠯᠢ ᠶᠢᠨ ᠬᠦᠴᠦᠷᠬᠡᠭᠯᠡᠯ ᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠡᠷᠬᠡ ᠲᠡᠭᠰᠢ᠂ ᠡᠶ᠎ᠡ  ᠨᠠᠶᠢᠷᠲᠠᠢ᠂ ᠪᠣᠯᠪᠠᠰᠤᠨ ᠭᠡᠷ ᠪᠦᠯᠢ ᠶᠢᠨ ᠬᠠᠷᠢᠴᠠᠭ᠎ᠠ ᠶᠢ ᠬᠠᠮᠠᠭᠠᠯᠠᠨ᠂ ᠭᠡᠷ ᠪᠦᠯᠢ ᠶᠢᠨ ᠡᠶ᠎ᠡ ᠵᠣᠬᠢᠴᠠᠯ ᠲᠠᠢ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ  ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃        ᠰᠡᠷᠡᠮᠵᠢᠯᠡᠭᠦᠯᠭᠦ ᠪᠣᠯ ᠨᠢᠭᠡ ᠵᠦᠢᠯ ᠤᠨ ᠵᠠᠰᠠᠭ ᠵᠠᠬᠢᠷᠭᠠᠨ ᠤ ᠵᠢᠯᠤᠭᠤᠳᠬᠤ ᠠᠷᠭ᠎ᠠ ᠬᠡᠮᠵᠢᠶ᠎ᠡ ᠮᠥᠨ᠂ ᠶᠡᠷᠦ ᠠᠴᠠ ᠪᠠᠨ ᠭᠡᠷ ᠪᠦᠯᠢ ᠶᠢᠨ ᠬᠦᠴᠦᠷᠬᠡᠭᠯᠡᠯ ᠳᠤ  ᠭᠠᠷ ᠲᠦᠷᠦᠭᠦ ︽ᠬᠠᠤᠯᠢ ᠴᠠᠭᠠᠵᠠ ᠶᠢᠨ ᠵᠡᠪᠰᠡᠭ ᠤᠨ ᠬᠥᠮᠥᠷᠭᠡ︾᠎ ᠳᠤ ᠪᠠᠶᠢᠭᠰᠠᠨ ᠶᠤᠮ᠃ ᠮᠠᠨ ᠤ ᠤᠯᠤᠰ ᠤᠨ ︽ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ  ᠬᠠᠤᠯᠢ︾᠎ ᠳᠤ᠂ ᠭᠡᠷ ᠪᠦᠯᠢ ᠶᠢᠨ ᠬᠦᠴᠦᠷᠬᠡᠭᠯᠡᠯ ᠤᠨ ᠤᠢᠢᠯᠠ ᠪᠠᠶᠢᠳᠠᠯ ᠨᠢ ᠨᠡᠯᠢᠶᠡᠳ ᠬᠥᠩᠭᠡᠨ ᠪᠠᠶᠢᠵᠤ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ  ᠬᠠᠮᠢᠶᠠᠷᠤᠯᠲᠠ ᠶᠢᠨ ᠰᠢᠢᠳᠬᠡᠯ ᠥᠭᠬᠦ ᠦᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠣᠷᠯᠠᠭᠴᠢ ᠳᠤ ᠰᠢᠭᠦᠮᠵᠢᠯᠡᠨ ᠰᠤᠷᠭᠠᠬᠤ ᠪᠤᠶᠤ  ᠰᠡᠷᠡᠮᠵᠢᠯᠡᠭᠦᠯᠭᠦ ᠪᠢᠴᠢᠭ ᠥᠭᠭᠦᠨ᠎ᠡ ᠭᠡᠵᠦ ᠲᠣᠭᠲᠠᠭᠠᠵᠠᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ  ᠦᠢᠯᠡᠳᠦᠯᠭᠡ ᠶᠢᠨ ᠳᠤᠮᠳᠠ᠂ ᠰᠡᠷᠡᠮᠵᠢᠯᠡᠭᠦᠯᠭᠦ ᠳᠦᠷᠢᠮ ᠨᠢ ᠴᠦ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠡᠪ ᠤᠨ ᠲᠣᠭᠲᠠᠴᠠ ᠶᠢᠨ ᠲᠤᠲᠠᠭᠳᠠᠵᠤ ᠪᠣᠯᠣᠰᠢ  ᠦᠭᠡᠢ ᠨᠢᠭᠡ ᠬᠡᠰᠡᠭ ᠪᠣᠯᠪᠠ᠃        ᠰᠡᠷᠡᠮᠵᠢᠯᠡᠭᠦᠯᠭᠦ ᠳᠦᠷᠢᠮ ᠨᠢ ᠭᠡᠷ ᠪᠦᠯᠢ ᠶᠢᠨ ᠬᠦᠴᠦᠷᠬᠡᠭᠯᠡᠯ ᠢ ᠰᠡᠷᠭᠡᠶᠢᠯᠡᠨ ᠬᠤᠷᠢᠭᠯᠠᠬᠤ ᠢᠳᠡᠪᠬᠢ ᠦᠢᠯᠡᠳᠦᠯ ᠢ ᠪᠠᠳᠠᠷᠠᠭᠤᠯᠵᠤ᠂ ᠬᠠᠤᠯᠢ ᠴᠠᠭᠠᠵᠠ ᠶᠢᠨ  ᠢᠯᠡᠳᠲᠡ ᠦᠷ᠎ᠡ ᠪᠦᠲᠦᠮᠵᠢ ᠣᠯᠪᠠ᠃ ᠭᠡᠲᠡᠯ᠎ᠡ᠂ ᠥᠩᠭᠡᠷᠡᠭᠰᠡᠨ ᠤ ᠰᠡᠷᠡᠮᠵᠢᠯᠡᠭᠦᠯᠭᠦ ᠳᠦᠷᠢᠮ ᠤᠨ ᠰᠢᠰᠲ᠋ᠧᠮ ᠳᠤ ᠪᠠᠰᠠ ᠬᠠᠷᠢᠴᠠᠩᠭᠤᠢ ᠪᠠᠷ ᠪᠦᠳᠦᠭᠦᠯᠢᠭ᠂ ᠪᠠᠯᠠᠷᠬᠠᠢ᠂  ᠨᠢᠭᠡᠳᠦᠯᠲᠡᠢ ᠲᠣᠭᠲᠠᠭᠠᠯ ᠲᠤᠲᠠᠭᠳᠠᠵᠤ ᠪᠠᠶᠢᠬᠤ ᠵᠡᠷᠭᠡ ᠠᠰᠠᠭᠤᠳᠠᠯ ᠣᠷᠣᠰᠢᠵᠤ᠂ ᠡᠯ᠎ᠡ ᠭᠠᠵᠠᠷ ᠤᠨ ᠬᠢᠨ ᠤ ᠬᠡᠷᠡᠭᠵᠢᠭᠦᠯᠬᠦ ᠵᠥᠷᠢᠶ᠎ᠡ ᠨᠡᠯᠢᠶᠡᠳ ᠶᠡᠭᠡ ᠪᠠᠶᠢᠵᠤ᠂  ᠰᠡᠷᠡᠮᠵᠢᠯᠡᠭᠦᠯᠭᠦ ᠪᠢᠴᠢᠭ ᠢ ᠬᠡᠷᠡᠭᠯᠡᠭᠰᠡᠨ ᠪᠠᠶᠢᠳᠠᠯ᠂ ᠭᠠᠷᠭᠠᠵᠤ ᠥᠭᠬᠦ ᠴᠠᠭ ᠤᠨ ᠬᠢᠵᠠᠭᠠᠷ᠂ ᠮᠥᠷᠳᠡᠵᠦ ᠬᠠᠷᠢᠭᠤ ᠰᠤᠷᠪᠤᠯᠵᠢᠯᠠᠬᠤ ᠵᠡᠷᠭᠡ ᠱᠠᠭᠠᠷᠳᠠᠯᠭ᠎ᠠ ᠨᠢ ᠶᠡᠷᠦ ᠨᠢ  ᠨᠢᠭᠡᠳᠦᠯ ᠦᠭᠡᠢ ᠪᠠᠶᠢᠵᠤ᠂ ᠵᠠᠷᠢᠮ ᠭᠠᠵᠠᠷ ᠤᠨ ᠬᠢᠨ ᠴᠢᠨᠠᠭᠰᠢᠯᠠᠪᠠᠯ ᠰᠡᠷᠡᠮᠵᠢᠯᠡᠭᠦᠯᠭᠦ ᠪᠢᠴᠢᠭ ᠭᠠᠷᠭᠠᠵᠤ ᠥᠭᠬᠦ ᠲᠣᠳᠣᠷᠬᠠᠢ ᠴᠠᠭ ᠤᠨ ᠬᠢᠵᠠᠭᠠᠷ ᠤᠨ  ᠱᠠᠭᠠᠷᠳᠠᠯᠭ᠎ᠠ ᠪᠠᠷ ᠳᠤᠲᠠᠮᠠᠭ ᠪᠠᠶᠢᠵᠤ᠂ ᠡᠭᠦᠨ ᠤ ᠤᠯᠠᠮ ᠠᠴᠠ ᠰᠡᠷᠡᠮᠵᠢᠯᠡᠭᠦᠯᠦᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠨᠢᠭᠡᠳᠦᠯᠲᠦ ᠴᠢᠨᠠᠷ᠂ ᠵᠢᠷᠤᠮᠵᠢᠯᠳᠤ ᠴᠢᠨᠠᠷ᠂  ᠡᠷᠬᠡ ᠰᠦᠷᠲᠦ ᠴᠢᠨᠠᠷ ᠪᠠ ᠲᠥᠪ ᠭᠤᠤᠯᠴᠢ ᠴᠢᠨᠠᠷ ᠢ ᠵᠣᠬᠢᠬᠤ ᠬᠡᠮᠵᠢᠶ᠎ᠡ ᠪᠠᠷ ᠨᠥᠯᠥᠭᠡᠯᠡᠭᠰᠡᠨ ᠪᠠᠶᠢᠨ᠎ᠠ᠃        ᠲᠣᠰ ᠤᠳᠠᠭ᠎ᠠ ᠶᠢᠰᠦᠨ ᠰᠠᠯᠠᠭ᠎ᠠ ᠮᠥᠴᠢᠷ ᠬᠠᠮᠲᠤᠷᠠᠨ ︽ᠰᠠᠨᠠᠯ︾ ᠨᠡᠶᠢᠲᠡᠯᠡᠵᠦ᠂ ᠰᠡᠷᠡᠮᠵᠢᠯᠡᠭᠦᠯᠭᠦ ᠪᠣᠳᠠᠲᠤ ᠴᠣᠭᠴᠠ ᠪᠠ ᠵᠢᠷᠤᠮᠵᠢᠯ᠂ ᠰᠡᠷᠡᠮᠵᠢᠯᠡᠭᠦᠯᠭᠦ  ᠳᠦᠷᠢᠮ ᠢ ᠬᠤᠯᠪᠣᠭᠳᠠᠯ ᠪᠦᠬᠦᠢ ᠳᠦᠷᠢᠮ ᠲᠠᠢ ᠵᠣᠯᠭᠠᠯᠳᠤᠭᠤᠯᠬᠤ᠂ ᠪᠣᠳᠠᠲᠠᠢ ᠬᠡᠷᠡᠭᠵᠢᠭᠦᠯᠬᠦ ᠵᠡᠷᠭᠡ ᠪᠦᠭᠦ ᠲᠠᠯ᠎ᠠ ᠪᠠᠷ ᠰᠢᠰᠲ᠋ᠧᠮ ᠲᠠᠢ ᠨᠠᠷᠢᠯᠢᠭᠵᠢᠭᠤᠯᠵᠤ᠂ ᠲᠠᠰ  ᠳᠡᠪᠰᠢᠭᠦᠯᠦᠨ ᠲᠡᠭᠦᠯᠳᠡᠷᠵᠢᠭᠦᠯᠵᠦ᠂ ᠴᠠᠭᠳᠠᠭ᠎ᠠ ᠲᠣᠮᠢᠯᠠᠬᠤ᠂ ᠭᠡᠷ ᠪᠦᠯᠢ ᠶᠢᠨ ᠬᠦᠴᠦᠷᠬᠡᠭᠯᠡᠯ ᠢ ᠮᠠᠭᠠᠳᠯᠠᠨ ᠲᠣᠭᠲᠠᠭᠠᠬᠤ᠂ ᠰᠡᠷᠡᠮᠵᠢᠯᠡᠭᠦᠯᠭᠦ ᠪᠢᠴᠢᠭ ᠭᠠᠷᠭᠠᠬᠤ ᠪᠠ  ᠬᠦᠷᠭᠡᠬᠦ᠂ ᠪᠠᠶᠢᠴᠠᠭᠠᠨ ᠰᠤᠷᠪᠤᠯᠵᠢᠯᠠᠬᠤ ᠵᠡᠷᠭᠡ ᠠᠯᠬᠤᠮ ᠳᠠᠷᠠᠭ᠎ᠠ ᠶᠢ ᠴᠥᠮ ᠲᠣᠬᠢᠷᠠᠭᠤᠯᠤᠯᠲᠠ ᠬᠢᠬᠦ ᠬᠡᠪᠴᠢᠶᠡᠨ ᠳᠤ ᠣᠷᠣᠭᠤᠯᠪᠠ᠃ ︽ᠰᠠᠨᠠᠯ︾ ᠎ ᠨᠢ ᠳᠣᠲᠣᠭᠠᠳᠤ ᠶᠢ  ᠬᠠᠮᠠᠭᠠᠯᠠᠬᠤ ᠪᠠᠶᠢᠭᠤᠯᠭ᠎ᠠ ᠶᠢᠨ ᠰᠡᠷᠡᠮᠵᠢᠯᠡᠭᠦᠯᠭᠦ ᠠᠷᠭ᠎ᠠ ᠬᠡᠮᠵᠢᠶ᠎ᠡ ᠠᠪᠬᠤ ᠳᠤ ᠨᠠᠩ ᠨᠢᠭᠡᠳᠦᠯᠲᠡᠢ᠂ ᠨᠠᠩ ᠣᠨᠣᠪᠴᠢᠲᠠᠶ ᠦᠨᠳᠦᠰᠦᠯᠡᠯ ᠬᠠᠩᠭᠠᠵᠤ᠂ ᠣᠶᠢᠯᠠᠭᠠᠬᠤ ᠪᠠ  ᠬᠡᠷᠡᠭᠵᠢᠭᠦᠯᠬᠦ ᠳᠠᠪᠬᠤᠷᠭ᠎ᠠ ᠶᠢᠨ ᠰᠠᠯᠠᠭ᠎ᠠ ᠤᠳᠬ᠎ᠠ ᠶᠢ ᠠᠷᠢᠯᠭᠠᠵᠤ᠂ ᠰᠡᠷᠡᠮᠵᠢᠯᠡᠭᠦᠯᠭᠦ ᠠᠷᠭ᠎ᠠ ᠬᠡᠮᠵᠢᠶ᠎ᠡ ᠶᠢᠨ ᠵᠢᠷᠤᠮᠵᠢᠯᠳᠤ ᠴᠢᠨᠠᠷ᠂ ᠬᠡᠷᠡᠭᠵᠢᠭᠦᠯᠵᠦ ᠪᠣᠯᠬᠤᠶᠢᠴᠠ  ᠴᠢᠨᠠᠷ ᠢ ᠴᠢᠩᠭᠠᠳᠬᠠᠨ᠂ ᠰᠡᠷᠡᠮᠵᠢᠯᠡᠭᠦᠯᠭᠦ ᠠᠷᠭ᠎ᠠ ᠬᠡᠮᠵᠢᠶ᠎ᠡ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠭᠦ ᠳᠤ ᠠᠰᠢᠭᠲᠠᠢ ᠶᠤᠮ᠃        ᠭᠡᠷ ᠪᠦᠯᠢ ᠶᠢᠨ ᠬᠦᠴᠦᠷᠬᠡᠭᠯᠡᠯ ᠢ ᠰᠡᠷᠭᠡᠶᠢᠯᠡᠨ ᠬᠤᠷᠢᠭᠯᠠᠬᠤ ᠳᠤ ᠪᠦᠭᠦ ᠨᠡᠶᠢᠭᠡᠮ ᠤᠨ ᠬᠠᠮᠲᠤ ᠶᠢᠨ ᠴᠢᠷᠮᠠᠶᠢᠯᠭ᠎ᠠ ᠱᠠᠭᠠᠷᠳᠠᠭᠳᠠᠨ᠎ᠠ᠂ ᠵᠥᠪᠭᠡᠨ ᠶᠠᠮᠠᠷ ᠨᠢᠭᠡᠨ  ᠰᠠᠯᠠᠭ᠎ᠠ ᠮᠥᠴᠢᠷ ᠤᠨ ᠬᠦᠴᠦᠨ ᠳᠤ ᠲᠦᠰᠢᠭᠯᠡᠭᠡᠳ ᠪᠤᠯᠬᠤ ᠦᠭᠡᠢ᠃ ︽ᠰᠠᠨᠠᠯ︾᠎ ᠳᠤ ᠡᠯ᠎ᠡ ᠰᠠᠯᠠᠭ᠎ᠠ ᠮᠥᠴᠢᠷ ᠤᠨ ᠵᠣᠬᠢᠴᠠᠯᠳᠤᠨ ᠬᠠᠮᠵᠢᠯᠴᠠᠬᠤ ᠶᠢ ᠴᠢᠬᠤᠯᠠᠴᠢᠯᠠᠵᠤ᠂  ᠬᠤᠯᠪᠣᠭᠳᠠᠯ ᠪᠦᠬᠦᠢ ᠨᠠᠢᠮᠠᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠵᠢᠴᠢ ᠵᠣᠯᠭᠠᠯᠳᠤᠭᠤᠯᠬᠤ ᠲᠣᠭᠲᠠᠴᠠ ᠶᠢ ᠲᠣᠳᠣᠷᠬᠠᠶᠢᠯᠠᠵᠤ᠂ ᠬᠤᠯᠪᠣᠭᠳᠠᠯ ᠪᠦᠬᠦᠢ  ᠰᠠᠯᠠᠭ᠎ᠠ ᠮᠥᠴᠢᠷ ᠢ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠠᠯᠪᠠᠲᠠᠨ ᠮᠡᠳᠡᠭᠦᠯᠬᠦ᠂ ᠴᠠᠭ ᠲᠤᠬᠠᠢ ᠳᠤᠨᠢ ᠬᠡᠷᠡᠭ  ᠮᠡᠳᠡᠭᠦᠯᠬᠦ᠂ ᠰᠡᠷᠡᠮᠵᠢᠯᠡᠭᠦᠯᠦᠭᠰᠡᠨ ᠤ ᠳᠠᠷᠠᠭ᠎ᠠ ᠪᠠᠶᠢᠴᠠᠭᠠᠨ ᠰᠤᠷᠪᠤᠯᠵᠢᠯᠠᠬᠤ᠂ ᠬᠠᠮᠵᠢᠯᠴᠠᠬᠤ ᠵᠡᠷᠭᠡ ᠬᠠᠷᠢᠭᠤᠴᠠᠯᠭ᠎ᠠ ᠶᠢ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠶᠢ ᠰᠡᠷᠡᠮᠵᠢᠯᠡᠭᠦᠯᠦᠭᠰᠡᠨ ᠪᠠᠶᠢᠳᠠᠯ ᠢᠶᠠᠨ ᠬᠤᠯᠪᠣᠭᠳᠠᠯ ᠪᠦᠬᠦᠢ ᠨᠢᠭᠡᠴᠢ ᠳᠤ ᠴᠠᠭ ᠲᠤᠬᠠᠢ ᠳᠤᠨᠢ ᠮᠡᠳᠡᠭᠳᠡᠬᠦ ᠶᠢ ᠱᠠᠭᠠᠷᠳᠠᠪᠠ᠃ ᠡᠨᠡ ᠨᠢ ᠠᠵᠢᠯ ᠤᠨ  ᠬᠤᠪᠢᠶᠠᠷᠢᠯᠠᠯ ᠲᠠᠢ ᠮᠥᠷᠲᠡᠭᠡᠨ ᠪᠠᠰᠠ ᠬᠠᠮᠲᠤᠷᠠᠨ ᠠᠵᠢᠯᠯᠠᠬᠤ ᠬᠠᠮᠲᠤ ᠪᠠᠷ ᠵᠠᠰᠠᠬᠤ ᠪᠠᠶᠢᠷᠢᠰᠢᠯ ᠢ ᠪᠤᠶ ᠪᠤᠯᠭᠠᠵᠤ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ  ︽ᠨᠢᠭᠡᠨ ᠰᠢᠵᠢᠮ︾ ᠪᠣᠯᠭᠠᠨ᠂ ᠭᠡᠷ ᠪᠦᠯᠢ ᠶᠢᠨ ᠵᠥᠷᠢᠴᠡᠯ ᠵᠠᠭᠤᠷᠠᠯᠳᠤᠭᠠᠨ ᠢ ᠠᠷᠢᠯᠭᠠᠬᠤ ᠠᠵᠢᠯ ᠤᠨ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠳᠤ  ᠠᠰᠢᠭᠲᠠᠢ ᠪᠣᠯᠪᠠ᠃ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠢᠯᠠᠩᠭᠤᠶ᠎ᠠ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ  ᠰᠢᠰᠲ᠋ᠧᠮ ᠤᠨ ᠬᠢᠨ ︽ᠰᠠᠨᠠᠯ︾᠎ ᠢ ᠬᠢᠨᠠᠮᠠᠭᠠᠢ ᠰᠠᠶᠢᠲᠤᠷ ᠰᠤᠷᠤᠯᠴᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠨ᠂ ᠰᠡᠷᠡᠮᠵᠢᠯᠡᠭᠦᠯᠭᠦ ᠠᠵᠢᠯᠯᠠᠭ᠎ᠠ ᠶᠢ  ᠲᠠᠰᠤᠷᠠᠯᠲᠠ ᠦᠭᠡᠢ ᠵᠢᠷᠤᠮᠵᠢᠭᠤᠯᠵᠤ᠂ ᠭᠦᠢᠴᠡᠳ ᠰᠠᠶᠢᠲᠤᠷ ᠬᠡᠷᠡᠭᠯᠡᠪᠡᠯ ᠭᠡᠷ ᠪᠦᠯᠢ ᠶᠢᠨ ᠬᠦᠴᠦᠷᠬᠡᠭᠯᠡᠯ ᠢ ᠰᠡᠷᠡᠮᠵᠢᠯᠡᠭᠦᠯᠭᠦ ᠠᠵᠢᠯ ᠢ ᠠᠬᠢᠭᠤᠯᠬᠤ ᠨᠢ ᠯᠠᠪᠲᠠᠢ᠃  
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ