ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠶ᠎ᠡ
ᠨᠡᠶᠢᠲᠡᠯᠡᠭᠰᠡᠨ ᠴᠠᠭ᠄
2025/2/14
       ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠠᠶᠢᠪᠠᠰᠤ ᠵᠣᠬᠢᠬᠤ ᠠᠭᠤᠯᠭ᠎ᠠ ᠮᠥᠨ        ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠨᠡᠶᠢᠭᠡᠮ ᠤᠨ  ᠠᠵᠢᠯ ᠤᠨ ᠦᠢᠯᠡᠳᠦᠯᠭᠡ ᠶᠢᠨ ᠰᠢᠨ᠎ᠡ ᠶᠢ ᠡᠭᠦᠳᠬᠦ᠂ ᠤᠨᠤᠯ ᠤᠨ ᠰᠢᠨ᠎ᠡ ᠶᠢ ᠡᠭᠦᠳᠬᠦ᠂ ᠪᠠᠶᠢᠭᠤᠯᠤᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠳᠤᠮᠳᠠᠳᠤ  ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠨᠡᠶᠢᠭᠡᠮ ᠤᠨ ᠵᠠᠰᠠᠯᠲᠠ ᠶᠢᠨ ᠳᠠᠪᠠᠭᠤᠯᠢᠭ ᠪᠠ ᠦᠢᠯᠡᠳᠦᠯ ᠴᠢᠳᠠᠪᠤᠷᠢ ᠡᠳᠦᠷ ᠢᠷᠡᠬᠦᠶ᠎ᠡ ᠢᠯᠡᠳᠲᠡ ᠪᠣᠯᠵᠤ᠂  ︽ᠳᠤᠮᠳᠠᠳᠤ ᠤᠯᠤᠰ ᠤᠨ ᠵᠠᠰᠠᠯᠲᠠ︾᠎ ᠶᠢᠨ ᠰᠢᠨ᠎ᠡ ᠪᠠᠶᠢᠳᠠᠯ ᠢ ᠨᠡᠭᠡᠭᠡᠪᠡ᠃ ᠣᠳᠣᠬᠠᠨ ᠳᠤ᠂ ᠮᠠᠨ ᠤ ᠤᠯᠤᠰ ᠤᠨ ᠨᠡᠶᠢᠭᠡᠮ ᠤᠨ ᠪᠦᠲᠦᠴᠡ ᠳᠤ ᠶᠠᠭ ᠭᠦᠨᠵᠡᠭᠡᠢ  ᠬᠤᠪᠢᠷᠠᠯᠲᠠ ᠭᠠᠷᠴᠤ ᠪᠠᠶᠢᠨ᠎ᠠ᠂ ᠢᠯᠠᠩᠭᠤᠶ᠎ᠠ ᠰᠢᠨ᠎ᠡ ᠪᠠᠷ ᠬᠥᠭᠵᠢᠭᠰᠡᠨ ᠬᠦᠷᠢᠶ᠎ᠡ ᠦᠳᠲᠡᠷ ᠲᠦᠷᠭᠡᠨ ᠬᠥᠭᠵᠢᠵᠦ᠂ ᠰᠢᠨ᠎ᠡ ᠠᠵᠤ ᠠᠬᠤᠢ ᠶᠢᠨ ᠵᠣᠬᠢᠶᠠᠨ  ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠡᠭᠡ ᠬᠡᠮᠵᠢᠶ᠎ᠡ ᠪᠠᠷ ᠢᠯᠡᠷᠡᠨ ᠭᠠᠷᠴᠤ᠂ ᠰᠢᠨ᠎ᠡ ᠪᠠᠷ ᠠᠵᠢᠯ ᠣᠯᠣᠭᠰᠠᠳ ᠤᠨ ᠬᠡᠪᠴᠢᠶ᠎ᠡ  ᠦᠷᠭᠦᠯᠵᠢᠯᠡᠨ ᠥᠷᠭᠡᠳᠴᠦ᠂ ᠨᠡᠶᠢᠭᠡᠮ ᠤᠨ ᠠᠵᠢᠯ ᠳᠤ ᠰᠢᠨ᠎ᠡ ᠪᠠᠶᠢᠳᠠᠯ ᠰᠢᠨ᠎ᠡ ᠡᠭᠦᠷᠭᠡ ᠲᠤᠯᠭᠠᠷᠠᠵᠤ ᠪᠠᠶᠢᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ  ᠨᠡᠶᠢᠭᠡᠮ ᠵᠢᠷᠤᠮᠲᠤ ᠨᠡᠶᠢᠭᠡᠮ ᠤᠨ ᠵᠠᠰᠠᠯᠲᠠ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠴᠢᠨᠠᠷ ᠰᠠᠶᠢᠲᠠᠢ  ᠬᠥᠭᠵᠢᠯᠲᠡ ᠶᠢ ᠠᠬᠢᠭᠤᠯᠬᠤ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃        ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ᠂ ᠰᠠᠶᠢᠨ ᠰᠠᠶᠢᠬᠠᠨ ᠨᠡᠶᠢᠭᠡᠮ ᠤᠨ ᠬᠡᠷᠡᠭᠴᠡᠭᠡ ᠶᠢ ᠬᠠᠩᠭᠠᠬᠤ ᠬᠡᠷᠡᠭᠲᠡᠢ᠃ ᠰᠢᠨ᠎ᠡ ᠴᠠᠭ ᠦᠶ᠎ᠡ ᠳᠤ  ᠣᠷᠣᠭᠰᠠᠨ ᠤ ᠳᠠᠷᠠᠭ᠎ᠠ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠶᠢ ᠳᠠᠭᠠᠯᠳᠤᠨ ᠠᠷᠠᠳ ᠣᠯᠠᠨ ᠰᠠᠶᠢᠨ ᠰᠠᠶᠢᠬᠠᠨ ᠠᠮᠢᠳᠤᠷᠠᠯ ᠳᠤ ᠨᠠᠩ ᠥᠨᠳᠥᠷ ᠬᠦᠰᠡᠯ  ᠡᠷᠡᠮᠡᠯᠵᠡᠯ ᠲᠠᠯᠪᠢᠵᠤ᠂ ᠨᠡᠶᠢᠭᠡᠮ ᠤᠨ ᠵᠠᠰᠠᠯᠲᠠ ᠳᠤ ᠨᠠᠩ ᠥᠨᠳᠥᠷ ᠱᠠᠭᠠᠷᠳᠠᠯᠭ᠎ᠠ ᠳᠤᠷᠠᠳᠪᠠ᠃ ᠶᠡᠷᠦᠩᠬᠡᠢ ᠳᠤᠨᠢ ᠠᠪᠴᠤ ᠦᠵᠡᠪᠡᠯ᠂ ᠣᠳᠣᠬᠠᠨ ᠳᠤ ᠮᠠᠨ ᠤ  ᠤᠯᠤᠰ ᠤᠨ ᠨᠡᠶᠢᠭᠡᠮ ᠤᠨ ᠵᠠᠰᠠᠯᠲᠠ ᠶᠢ ᠨᠡᠶᠢᠭᠡᠮᠴᠢᠯᠡᠬᠦ᠂ ᠬᠠᠤᠯᠢᠵᠢᠭᠤᠯᠬᠤ᠂ ᠣᠶᠤᠨᠴᠢᠯᠠᠬᠤ᠂ ᠲᠤᠰᠬᠠᠶᠢᠵᠢᠭᠤᠯᠬᠤ ᠬᠡᠮᠵᠢᠶ᠎ᠡ ᠶᠡᠭᠡ ᠪᠠᠷ ᠳᠡᠭᠡᠭᠰᠢᠯᠡᠵᠦ᠂ ᠠᠷᠠᠳ ᠲᠦᠮᠡᠨ  ᠠᠮᠤᠷ ᠵᠢᠮᠤᠷ ᠠᠵᠤ ᠲᠦᠷᠦᠭᠦ᠂ ᠨᠡᠶᠢᠭᠡᠮ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠨ᠎ᠠ᠃ ᠭᠡᠪᠡᠴᠦ ᠮᠡᠳᠡᠭᠡ ᠵᠠᠩᠭᠢ ᠶᠢᠨ ᠴᠠᠭ ᠦᠶ᠎ᠡ ᠬᠦᠷᠴᠦ ᠢᠷᠡᠬᠦ ᠶᠢ  ᠳᠠᠭᠠᠯᠳᠤᠨ ᠬᠥᠮᠥᠰ ᠤᠨ ᠦᠢᠯᠡᠳᠪᠦᠷᠢᠯᠡᠯ ᠠᠮᠢᠳᠤᠷᠠᠯ᠂ ᠰᠡᠳᠬᠢᠬᠦᠢ ᠶᠢᠨ ᠠᠷᠭ᠎ᠠ ᠮᠠᠶ᠋ᠢᠭ᠂ ᠬᠠᠷᠢᠯᠴᠠᠭᠠᠨ ᠤ ᠠᠷᠭ᠎ᠠ ᠮᠠᠶ᠋ᠢᠭ ᠭᠦᠨᠵᠡᠭᠡᠢ ᠬᠤᠪᠢᠷᠠᠵᠤ᠂ ᠨᠡᠶᠢᠭᠡᠮ ᠤᠨ  ᠣᠶᠢᠯᠠᠭᠠᠭᠳᠠᠬᠤᠨ᠂ ᠨᠡᠶᠢᠭᠡᠮ ᠤᠨ ᠰᠡᠳᠬᠢᠴᠡ᠂ ᠨᠡᠶᠢᠭᠡᠮ ᠤᠨ ᠦᠢᠯᠡ ᠠᠵᠢᠯᠯᠠᠭ᠎ᠠ ᠳᠤ ᠭᠦᠨᠵᠡᠭᠡᠢ ᠬᠤᠪᠢᠷᠠᠯᠲᠠ ᠭᠠᠷᠴᠤ᠂ ᠨᠡᠶᠢᠭᠡᠮ ᠤᠨ ᠵᠠᠰᠠᠯᠲᠠ ᠳᠤ ᠲᠤᠯᠭᠠᠷᠠᠵᠤ  ᠪᠠᠶᠢᠭ᠎ᠠ ᠪᠠᠶᠢᠳᠠᠯ ᠣᠷᠴᠢᠨ ᠨᠥᠬᠦᠴᠡᠯ᠂ ᠵᠠᠩᠭᠢᠯᠠᠭ᠎ᠠ ᠶᠢᠨ ᠬᠤᠪᠢᠰᠤᠭᠴᠢ ᠬᠡᠮᠵᠢᠭᠳᠡᠬᠦᠨ ᠨᠡᠩ ᠪᠤᠳᠤᠯᠢᠶᠠᠨᠲᠠᠢ ᠪᠣᠯᠵᠤ ᠪᠠᠶᠢᠬᠤ ᠶᠢ ᠴᠤ ᠣᠯᠵᠤ ᠬᠠᠷᠠᠬᠤ ᠬᠡᠷᠡᠭᠲᠡᠢ᠃  ᠭᠠᠭᠴᠠ ᠬᠦ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠩ ᠥᠨᠳᠥᠷ ᠪᠠᠷᠢᠮᠵᠢᠶ᠎ᠠ ᠪᠠᠷ ᠨᠡᠶᠢᠭᠡᠮ ᠤᠨ  ᠵᠠᠰᠠᠯᠲᠠ ᠶᠢ ᠠᠬᠢᠭᠤᠯᠪᠠᠯ ᠰᠠᠶ᠋ᠢ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ᠂ ᠰᠠᠶᠢᠨ ᠰᠠᠶᠢᠬᠠᠨ ᠨᠡᠶᠢᠭᠡᠮ ᠤᠨ ᠲᠤᠬᠠᠢ ᠣᠯᠠᠨ ᠲᠠᠰ ᠳᠠᠪᠬᠤᠷᠭ᠎ᠠ᠂ ᠣᠯᠠᠨ  ᠶᠠᠩᠵᠤ᠂ ᠵᠦᠷᠢᠶᠡᠴᠢᠯᠡᠭᠰᠡᠨ ᠬᠡᠷᠡᠭᠴᠡᠭᠡ ᠶᠢ ᠨᠠᠩ ᠰᠠᠶᠢᠲᠤᠷ ᠬᠠᠩᠭᠠᠵᠤ ᠴᠢᠳᠠᠨ᠎ᠠ᠃        ᠴᠢᠨᠠᠷ ᠰᠠᠶᠢᠲᠠᠢ ᠬᠥᠭᠵᠢᠯᠲᠡ ᠳᠤ ᠨᠠᠩ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠡᠭᠦᠳᠴᠦ ᠥᠭᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ  ᠫᠢᠩ᠄ ︽ᠡᠯ᠎ᠡ ᠤᠯᠤᠰ ᠤᠨ ᠵᠠᠰᠠᠯᠲᠠ ᠶᠢᠨ ᠦᠢᠯᠡᠳᠦᠯᠭᠡ ᠶᠢ ᠶᠡᠷᠦᠩᠬᠡᠢ ᠳᠤᠨᠢ ᠠᠵᠢᠭᠯᠠᠪᠠᠯ᠂ ᠬᠡᠷᠪᠡ ᠨᠡᠶᠢᠭᠡᠮ ᠤᠨ ᠵᠠᠰᠠᠯᠲᠠ ᠨᠢ ᠠᠵᠤ ᠠᠬᠤᠢ ᠶᠢᠨ ᠬᠥᠭᠵᠢᠯᠲᠡ ᠶᠢᠨ  ᠠᠯᠬᠤᠭ᠎ᠠ ᠶᠢ ᠳᠠᠭᠠᠵᠤ ᠠᠮᠵᠢᠬᠤ ᠦᠭᠡᠢ᠂ ᠡᠯ᠎ᠡ ᠵᠦᠢᠯ ᠤᠨ ᠨᠡᠶᠢᠭᠡᠮ ᠤᠨ ᠵᠥᠷᠢᠴᠡᠯ ᠪᠣᠯᠣᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ ᠴᠢᠳᠠᠬᠤ ᠦᠭᠡᠢ ᠪᠣᠯ  ᠠᠵᠤ ᠠᠬᠤᠢ ᠶᠢᠨ ᠬᠥᠭᠵᠢᠯᠲᠡ ᠦᠷᠭᠦᠯᠵᠢᠯᠡᠬᠦᠶ᠎ᠡ ᠪᠡᠷᠬᠡ ᠪᠤᠯᠬᠤ ᠪᠠᠷ ᠪᠠᠷᠠᠬᠤ ᠦᠭᠡᠢ ᠪᠦᠭᠦ᠋ᠢᠯᠡ ᠨᠡᠶᠢᠭᠡᠮ ᠴᠦ ᠣᠷᠤᠭ᠎ᠠ ᠪᠤᠰᠬᠠᠭ᠎ᠠ ᠪᠠᠶᠢᠳᠠᠯ ᠳᠤ ᠣᠷᠣᠬᠤ  ᠪᠣᠯᠣᠨ᠎ᠠ︾ ᠭᠡᠵᠦ ᠵᠢᠭᠠᠵᠤ ᠭᠠᠷᠭᠠᠪᠠ᠃ ᠬᠥᠭᠵᠢᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠠᠯᠢᠪᠠ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠮᠥᠨ᠂ ᠰᠠᠭᠤᠷᠢᠯᠠᠬᠤ ᠴᠢᠨᠠᠷᠲᠠᠢ᠂ ᠦᠨᠳᠦᠰᠦᠨ ᠴᠢᠨᠠᠷᠲᠠᠢ ᠪᠠᠶᠢᠷᠢ ᠰᠠᠭᠤᠷᠢ ᠪᠠ ᠦᠢᠯᠡᠳᠦᠯ ᠲᠠᠢ ᠶᠤᠮ; ᠠᠮᠤᠷ ᠲᠦᠪᠰᠢᠨ ᠪᠣᠯ ᠬᠥᠭᠵᠢᠯᠲᠡ ᠶᠢᠨ ᠤᠷᠢᠲᠠᠯ ᠨᠥᠬᠦᠴᠡᠯ  ᠪᠠ ᠦᠨᠳᠦᠰᠦᠨ ᠪᠠᠲᠤᠯᠠᠭ᠎ᠠ ᠮᠥᠨ᠃ ᠤᠯᠤᠰ ᠠᠮᠤᠷ ᠲᠦᠪᠰᠢᠨ ᠪᠤᠰᠤ᠂ ᠨᠡᠶᠢᠭᠡᠮ ᠲᠣᠭᠲᠠᠭᠤᠨ ᠪᠤᠰᠤ᠂ ᠴᠡᠴᠡᠭᠯᠡᠯᠲᠡ ᠬᠥᠭᠵᠢᠯᠲᠡ ᠦᠭᠡᠢ ᠪᠣᠯ ᠠᠮᠤᠷ ᠲᠠᠶᠢᠪᠤᠩ  ᠠᠵᠤ ᠲᠦᠷᠦᠭᠦ ᠶᠠᠪᠤᠳᠠᠯ ᠪᠠᠶᠢᠵᠤ ᠴᠢᠳᠠᠬᠤ ᠦᠭᠡᠢ ᠶᠤᠮ᠃ ᠣᠳᠣᠬᠠᠨ ᠳᠤ ᠵᠠᠭᠤᠨ ᠵᠢᠯ ᠤᠨ ᠬᠤᠪᠢᠰᠤᠯᠲᠠ ᠲᠦᠷᠭᠡᠰᠴᠦ᠂ ᠳᠡᠯᠡᠬᠡᠢ ᠶᠢᠷᠲᠢᠨᠴᠦ ᠰᠢᠨ᠎ᠡ ᠲᠣᠭᠲᠠᠭᠤᠨ  ᠪᠤᠰᠤ ᠬᠤᠪᠢᠰᠤᠯᠲᠠ ᠶᠢᠨ ᠬᠤᠭᠤᠴᠠᠭᠠᠨ ᠳᠤ ᠣᠷᠣᠵᠤ᠂ ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠳᠤ ᠴᠥᠭᠡᠨ ᠪᠤᠰᠤ ᠭᠦᠨ  ᠳᠠᠪᠬᠤᠷᠭ᠎ᠠ ᠶᠢᠨ ᠵᠥᠷᠢᠴᠡᠯ ᠲᠤᠯᠭᠠᠷᠠᠵᠤ ᠪᠠᠶᠢᠨ᠎ᠠ᠃ ᠭᠠᠭᠴᠠ ᠬᠦ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠳᠠ ᠦᠭᠡᠢ  ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠠᠶᠢᠭᠤᠯᠪᠠᠯ ᠰᠠᠶ᠋ᠢ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠬᠤ ᠳᠤ ᠨᠡᠩ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠡᠭᠦᠳᠴᠦ ᠴᠢᠳᠠᠨ᠎ᠠ᠃        ᠤᠯᠤᠰ ᠢ ᠵᠠᠰᠠᠬᠤ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ ᠤᠯᠤᠰ ᠤᠨ ᠵᠠᠰᠠᠯᠲᠠ ᠶᠢᠨ ᠰᠢᠰᠲ᠋ᠧᠮ  ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠪᠣᠯ ᠨᠢᠭᠡ ᠤᠯᠤᠰ ᠤᠨ ᠣᠳᠣᠬᠢᠴᠢᠯᠠᠯᠲᠠ ᠶᠢᠨ ᠴᠢᠬᠤᠯᠠ ᠪᠠᠲᠤᠯᠠᠭ᠎ᠠ ᠮᠥᠨ᠂ ᠨᠡᠶᠢᠭᠡᠮ ᠤᠨ ᠵᠠᠰᠠᠯᠲᠠ ᠪᠣᠯ  ᠤᠯᠤᠰ ᠤᠨ ᠵᠠᠰᠠᠯᠲᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠃ ᠰᠢᠨ᠎ᠡ ᠴᠠᠭ ᠦᠶ᠎ᠡ ᠳᠤ ᠣᠷᠣᠭᠰᠠᠨ ᠤ ᠲᠠᠷᠠᠭ᠎ᠠ᠂ ᠮᠠᠨ ᠤ ᠨᠠᠮ ᠨᠡᠶᠢᠭᠡᠮ ᠤᠨ ᠵᠠᠰᠠᠯᠲᠠ ᠶᠢ  ᠴᠢᠩᠭᠠᠳᠬᠠᠨ ᠰᠠᠶᠢᠵᠢᠷᠠᠭᠤᠯᠬᠤ ᠦᠢᠯᠡᠳᠦᠯᠭᠡ ᠶᠢᠨ ᠳᠤᠮᠳᠠ᠂ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠬᠠᠷᠢᠭᠤᠴᠠᠭᠰᠠᠨ᠂ ᠠᠷᠠᠳᠴᠢᠯᠠᠯ ᠢᠶᠠᠷ  ᠵᠥᠪᠯᠡᠭᠰᠡᠨ᠂ ᠨᠡᠶᠢᠭᠡᠮ ᠢᠶᠠᠷ ᠢᠶᠠᠨ ᠬᠠᠮᠵᠢᠯᠴᠠᠭᠰᠠᠨ᠂ ᠤᠯᠠᠨ ᠨᠡᠶᠢᠲᠡ ᠪᠠᠷ ᠢᠶᠠᠨ ᠣᠷᠣᠯᠴᠠᠬᠰᠠᠨ᠂ ᠬᠠᠤᠯᠢ ᠪᠠᠷ ᠵᠠᠰᠠᠬᠤ ᠪᠠᠲᠤᠯᠠᠭ᠎ᠠ ᠲᠠᠢ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠭᠰᠠᠨ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠠᠮᠲᠤ ᠪᠠᠷ ᠪᠠᠶᠢᠭᠤᠯᠬᠤ  ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠤᠢ ᠪᠤᠯᠭᠠᠵᠤ᠂ ᠡᠯ᠎ᠡ ᠪᠡᠶᠡᠴᠢ ᠴᠣᠭᠴᠠ ᠪᠣᠯ ᠴᠥᠮ ᠵᠠᠰᠠᠯᠲᠠ ᠶᠢᠨ  ᠣᠷᠣᠯᠴᠠᠭᠴᠢ᠂ ᠬᠤᠪᠢ ᠨᠡᠮᠡᠷᠢ ᠦᠵᠡᠭᠦᠯᠦᠭᠴᠢ᠂ ᠡᠳ᠋ᠯᠡᠭᠴᠢ ᠪᠤᠯᠬᠤ ᠶᠢ ᠴᠢᠬᠤᠯᠠᠴᠢᠯᠠᠭᠰᠠᠨ ᠮᠥᠷᠲᠡᠭᠡᠨ ᠪᠠᠰᠠ ᠠᠳᠠᠯᠢ ᠪᠤᠰᠤ ᠪᠡᠶᠡᠴᠢ ᠴᠣᠭᠴᠠ ᠶᠢᠨ  ᠬᠤᠭᠤᠷᠣᠨᠳᠣᠭᠢ ᠤᠯᠠᠨ ᠡᠰᠢᠲᠦ ᠦᠢᠯᠡᠳᠦᠯᠴᠡᠯ᠂ ᠪᠦᠲᠦᠮᠵᠢᠲᠡᠢ ᠬᠠᠮᠵᠢᠯᠴᠠᠭ᠎ᠠ ᠶᠢ ᠴᠢᠬᠤᠯᠠᠴᠢᠯᠠᠵᠤ᠂ ᠡᠯ᠎ᠡ ᠪᠡᠶᠡᠴᠢ ᠴᠣᠭᠴᠠ ᠶᠢᠨ ᠣᠷᠤᠯᠴᠠᠬᠤ ᠬᠠᠷᠢᠭᠤᠴᠠᠯᠭᠠᠲᠤ  ᠰᠡᠳᠬᠢᠯᠭᠡ᠂ ᠡᠭᠦᠷᠭᠡᠲᠦ ᠰᠡᠳᠬᠢᠯᠭᠡ ᠶᠢ ᠳᠡᠭᠡᠭᠰᠢᠯᠡᠭᠦᠯᠪᠡ᠃ ᠢᠷᠡᠭᠡᠳᠦᠢ ᠳᠤ ᠬᠠᠨᠳᠤᠵᠤ᠂ ᠵᠠᠰᠠᠯᠲᠠ ᠶᠢᠨ ᠬᠠᠮᠲᠤᠷᠠᠯ ᠬᠦᠴᠦᠨ ᠢ ᠴᠢᠨᠠᠭᠰᠢᠳᠠ ᠨᠢᠭᠲᠠᠷᠠᠭᠤᠯᠵᠤ᠂  ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠬᠦ  ᠬᠡᠷᠡᠭᠲᠡᠢ᠃        ᠨᠡᠶᠢᠭᠡᠮ ᠤᠨ ᠵᠠᠰᠠᠯᠲᠠ ᠶᠢᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ        ᠰᠢᠨ᠎ᠡ ᠠᠶᠠᠨ ᠳᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠳᠤ ᠰᠢᠰᠲ᠋ᠧᠮ ᠤᠨ ᠦᠵᠡᠯᠲᠡ᠂ ᠬᠤᠪᠢᠰᠤᠩᠭᠤᠢ  ᠰᠡᠳᠬᠢᠬᠦᠢ ᠶᠢ ᠪᠠᠷᠢᠮᠲᠠᠯᠠᠵᠤ᠂ ᠨᠡᠶᠢᠭᠡᠮ ᠤᠨ ᠵᠠᠰᠠᠯᠲᠠ ᠶᠢᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠳᠣᠣᠷᠠᠬᠢ  ᠬᠡᠳᠦᠨ ᠴᠢᠬᠤᠯᠠ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠡᠵᠡᠮᠳᠡᠭᠰᠡᠨ ᠰᠠᠭᠤᠷᠢᠨ ᠳᠡᠭᠡᠷ᠎ᠡ ᠨᠡᠶᠢᠭᠡᠮ ᠤᠨ ᠵᠠᠰᠠᠯᠲᠠ ᠶᠢ ᠴᠢᠨᠠᠷ ᠰᠠᠶᠢᠲᠠᠢ ᠥᠷᠨᠢᠭᠦᠯᠬᠦ  ᠬᠡᠷᠡᠭᠲᠡᠢ᠃        ᠨᠠᠮ ᠤᠨ ᠤᠳᠤᠷᠢᠳᠤᠯᠭ᠎ᠠ ᠬᠢᠭᠡᠳ ᠣᠯᠠᠨ ᠲᠠᠯ᠎ᠠ ᠶᠢᠨ ᠬᠢᠨ ᠤ ᠣᠷᠤᠯᠴᠠᠬᠤ ᠶᠢᠨ ᠬᠠᠷᠢᠴᠠᠭ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ  ᠤᠳᠤᠷᠢᠳᠤᠯᠭ᠎ᠠ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠨᠡᠶᠢᠭᠡᠮ ᠤᠨ ᠵᠠᠰᠠᠯᠲᠠ ᠪᠣᠯ ᠥᠷᠥᠨᠡᠳᠠᠬᠢᠨ ᠤ ᠨᠡᠶᠢᠭᠡᠮ ᠤᠨ  ᠵᠠᠰᠠᠯᠲᠠ ᠲᠠᠢ ᠠᠳᠠᠯᠢ ᠦᠭᠡᠢ ᠪᠠᠶᠢᠳᠠᠭ ᠤᠨ ᠦᠨᠳᠦᠰᠦᠨ ᠵᠦᠢᠯ ᠮᠥᠨ᠃ ᠨᠡᠶᠢᠭᠡᠮ ᠤᠨ ᠵᠠᠰᠠᠯᠲᠠ ᠳᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ  ᠭᠤᠣᠯᠯᠠᠭᠴᠢ ᠶᠢᠨ ᠦᠢᠯᠡᠳᠦᠯ ᠢ ᠪᠠᠳᠠᠷᠠᠭᠤᠯᠬᠤ ᠪᠠᠷ ᠳᠠᠮᠵᠢᠨ᠂ ᠦᠨᠳᠦᠰᠦᠨ ᠱᠠᠲᠤᠨ ᠳᠤ ᠨᠡᠩ ᠰᠠᠶᠢᠨ ᠭᠦᠨᠵᠡᠭᠡᠶᠢᠷᠡᠬᠦ᠂ ᠤᠯᠠᠨ ᠲᠦᠮᠡᠨ ᠲᠠᠢ ᠬᠠᠷᠢᠯᠴᠠᠬᠤ᠂  ᠬᠡᠷᠡᠭᠴᠡᠭᠡ ᠶᠢ ᠣᠶᠢᠯᠠᠭᠠᠬᠤ᠂ ᠠᠰᠠᠭᠤᠳᠠᠯ ᠢ ᠢᠯᠡᠷᠡᠭᠦᠯᠬᠦ ᠳᠤ ᠠᠰᠢᠭᠲᠠᠢ ᠪᠥᠭᠡᠳ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ  ᠲᠠᠶᠢᠴᠢᠯᠠᠵᠤ ᠨᠡᠶᠢᠭᠡᠮ ᠤᠨ ᠵᠠᠰᠠᠯᠲᠠ ᠳᠤ ᠲᠤᠯᠭᠠᠷᠠᠵᠤ ᠪᠠᠶᠢᠭ᠎ᠠ ᠥᠷᠢᠰᠦᠯᠳᠦᠭᠡᠨ ᠪᠠ ᠠᠰᠠᠭᠤᠳᠠᠯ ᠢ ᠬᠠᠮᠲᠤ ᠪᠠᠷ ᠠᠷᠭᠠᠴᠠᠭᠠᠬᠤ ᠳᠤ ᠴᠤ ᠠᠰᠢᠭᠲᠠᠢ ᠶᠤᠮ᠃  ᠡᠭᠦᠨ ᠤ ᠬᠠᠮᠲᠤ ᠶᠡᠭᠡ ᠬᠡᠮᠵᠢᠶᠡᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠵᠤ ᠠᠬᠤᠢ ᠨᠡᠶᠢᠭᠡᠮ ᠤᠨ  ᠬᠥᠭᠵᠢᠯᠲᠡ ᠶᠢᠨ ᠡᠯ᠎ᠡ ᠬᠦᠷᠢᠶᠡᠨ ᠳᠤ ᠬᠥᠭᠵᠢᠶᠡᠨᠲᠡᠢ ᠪᠠᠶᠢᠨ᠎ᠠ᠂ ᠲᠡᠳᠡ ᠪᠣᠯ ᠨᠡᠶᠢᠭᠡᠮ ᠤᠨ ᠵᠠᠰᠠᠯᠲᠠ ᠶᠢᠨ ᠴᠢᠬᠤᠯᠠ ᠬᠦᠴᠦᠨ ᠮᠥᠨ᠂ ᠪᠠᠰᠠ ᠴᠤ ᠨᠠᠮ ᠤᠨ  ᠦᠨᠳᠦᠰᠦᠨ ᠱᠠᠲᠤᠨ ᠳᠤ ᠤᠯᠠᠨ ᠲᠦᠮᠡᠨ ᠤ ᠠᠵᠢᠯ ᠢ ᠥᠷᠨᠢᠭᠦᠯᠬᠦ ᠴᠢᠬᠤᠯᠠ ᠰᠠᠭᠤᠷᠢ ᠮᠥᠨ᠃ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠳᠤ  ᠡᠷᠬᠡᠪᠰᠢ ᠨᠠᠮ ᠤᠨ ᠤᠳᠤᠷᠢᠳᠤᠯᠭ᠎ᠠ ᠳᠣᠣᠷ᠎ᠠ᠂ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ  ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠥᠪᠡᠷ ᠢ ᠪᠠᠨ ᠱᠠᠭᠠᠷᠳᠠᠬᠤ ᠴᠢᠳᠠᠮᠵᠢ ᠶᠢ  ᠪᠠᠳᠠᠷᠠᠭᠤᠯᠵᠤ᠂ ᠵᠠᠰᠠᠭ ᠤᠨ ᠣᠷᠳᠣᠨ ᠤ ᠵᠠᠰᠠᠯᠲᠠ ᠪᠠ ᠨᠡᠶᠢᠭᠡᠮ ᠤᠨ ᠲᠣᠬᠢᠷᠠᠭᠤᠯᠭ᠎ᠠ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠰᠠᠶᠢᠨ ᠨᠥᠬᠦᠴᠡᠯᠳᠦᠯ ᠢ  ᠪᠡᠶᠡᠯᠡᠭᠦᠯᠬᠦ ᠬᠡᠷᠡᠭᠲᠡᠢ᠃        ᠠᠳᠠᠯᠢ ᠪᠤᠰᠤ ᠳᠠᠪᠬᠤᠷᠭ᠎ᠠ ᠶᠢᠨ ᠬᠤᠭᠤᠷᠣᠨᠳᠣᠭᠢ ᠬᠠᠷᠢᠴᠠᠭ᠎ᠠ᠃ ᠨᠡᠶᠢᠭᠡᠮ ᠤᠨ ᠵᠠᠰᠠᠯᠲᠠ ᠳᠤᠮᠳᠠ᠂ ᠲᠥᠪ᠂ ᠬᠤᠲᠠ ᠶᠢᠨ ᠬᠡᠪᠴᠢᠶ᠎ᠡ ᠪᠠ ᠦᠨᠳᠦᠰᠦᠨ ᠱᠠᠲᠤ  ᠵᠡᠷᠭᠡ ᠠᠳᠠᠯᠢ ᠪᠤᠰᠤ ᠱᠠᠲᠤ ᠳᠠᠪᠬᠤᠷᠭ᠎ᠠ ᠨᠢ ᠠᠳᠠᠯᠢ ᠪᠤᠰᠤ ᠴᠢᠳᠠᠮᠵᠢ ᠶᠢ ᠡᠭᠦᠷᠭᠡᠯᠡᠳᠡᠭ᠃ ᠲᠥᠪ ᠠᠴᠠ ᠨᠡᠶᠢᠭᠡᠮ ᠤᠨ ᠵᠠᠰᠠᠯᠲᠠ ᠶᠢᠨ ᠦᠵᠦ ᠲᠥᠯᠥᠪᠯᠡᠭᠡ ᠪᠠ  ᠪᠦᠬᠦᠯᠢ ᠴᠣᠭᠴᠠ ᠪᠠᠷ ᠠᠬᠢᠭᠤᠯᠬᠤ ᠶᠢ ᠬᠠᠷᠢᠭᠤᠴᠠᠵᠤ᠂ ᠡᠯ᠎ᠡ ᠬᠦᠷᠢᠶ᠎ᠡ ᠴᠠᠷᠠᠭ᠎ᠠ᠂ ᠡᠯ᠎ᠡ ᠭᠠᠵᠠᠷ ᠣᠷᠣᠨ ᠤ ᠨᠡᠶᠢᠭᠡᠮ ᠤᠨ ᠵᠠᠰᠠᠯᠲᠠ ᠶᠢᠨ ᠠᠯᠬᠤᠭ᠎ᠠ ᠶᠢ ᠨᠢᠭᠡᠳᠬᠡᠵᠦ᠂  ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ᠬᠤᠳᠠ ᠬᠥᠳᠡᠭᠡ ᠶᠢᠨ ᠦᠨᠳᠦᠰᠦᠨ ᠱᠠᠲᠤ ᠪᠣᠯ ᠨᠡᠶᠢᠭᠡᠮ ᠤᠨ ᠵᠠᠰᠠᠯᠲᠠ ᠶᠢᠨ ᠰᠠᠭᠤᠷᠢ ᠮᠥᠨ᠂ ᠨᠡᠶᠢᠭᠡᠮ ᠤᠨ  ᠵᠠᠰᠠᠯᠲᠠ ᠶᠢᠨ ᠵᠦᠢᠯᠡᠰ ᠤᠨ ︽ᠡᠴᠦᠰ ᠤᠨ ᠨᠢᠭᠡ ᠺᠢᠯᠣᠮᠧᠲᠷ︾᠎ ᠤᠨ ᠪᠣᠳᠠᠲᠠᠢ ᠨᠠᠶᠢᠳᠠᠪᠤᠷᠢᠵᠢᠭᠤᠯᠤᠯᠲᠠ ᠶᠢ ᠬᠠᠷᠢᠭᠤᠴᠠᠬᠤ ᠪᠣᠯ ᠨᠡᠶᠢᠭᠡᠮ ᠤᠨ ᠵᠠᠰᠠᠯᠲᠠ ᠶᠢᠨ ᠬᠠᠮᠤᠭ  ᠡᠴᠦᠰ ᠤᠨ ᠦᠵᠦᠭᠦᠷ ᠪᠠ ᠤᠯᠠᠨ ᠲᠦᠮᠡᠨ ᠳᠤ ᠦᠢᠯᠡᠴᠢᠯᠡᠬᠦ ᠬᠠᠮᠤᠭ ᠤᠨ ᠡᠮᠦᠨ᠎ᠡ ᠹᠷᠣᠨᠲ ᠮᠥᠨ᠃ ᠬᠤᠳᠠ ᠪᠣᠯ ᠳᠡᠭᠡᠷᠡᠬᠢ ᠶᠢ ᠵᠠᠯᠭᠠᠮᠵᠢᠯᠠᠨ ᠳᠣᠷᠣᠭᠰᠢ  ᠤᠯᠠᠮᠵᠢᠯᠠᠬᠤ ᠳᠤᠮᠳᠠᠬᠢ ᠭᠤᠭᠴᠤᠭ᠎ᠠ ᠮᠥᠨ᠂ ᠬᠤᠷᠸ᠎ᠠ ᠵᠠᠰᠠᠯᠲᠠ ᠪᠠ ᠬᠤᠮᠠᠬᠢ ᠵᠠᠰᠠᠯᠲᠠ ᠶᠢ ᠬᠤᠯᠪᠣᠬᠤ ᠴᠢᠬᠤᠯᠠ ᠬᠦᠢᠰᠦ ᠮᠥᠨ᠃ ᠬᠤᠳᠠ ᠶᠢᠨ ᠬᠡᠪᠴᠢᠶᠡᠨ ᠤ  ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠦᠨᠳᠦᠰᠦᠨ  ᠱᠠᠲᠤᠨ ᠤ ᠨᠡᠶᠢᠭᠡᠮ ᠤᠨ ᠵᠠᠰᠠᠯᠲᠠ ᠶᠢ ᠠᠬᠢᠭᠤᠯᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠲᠠᠢ ᠶᠤᠮ᠃ ᠭᠠᠭᠴᠠ ᠬᠦ ᠠᠳᠠᠯᠢ ᠪᠤᠰᠤ ᠲᠡᠰ ᠳᠠᠪᠬᠤᠷᠭ᠎ᠠ ᠶᠢᠨ  ᠬᠠᠮᠵᠢᠯᠴᠠᠨ ᠬᠥᠳᠡᠯᠦᠯᠴᠡᠬᠦ ᠶᠢ ᠪᠡᠶᠡᠯᠡᠭᠦᠯᠪᠡᠯ ᠰᠠᠶ᠋ᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠵᠦ ᠴᠢᠳᠠᠨ᠎ᠠ᠃        ᠡᠮᠬᠢ ᠳᠢᠭᠯᠢᠮ ᠬᠢᠭᠡᠳ ᠠᠮᠢᠵᠢᠷᠠᠯ ᠤᠨ ᠬᠦᠴᠦᠨ ᠤ ᠲᠡᠩᠴᠡᠭᠦᠷᠢ ᠶᠢᠨ ᠬᠠᠷᠢᠴᠠᠭ᠎ᠠ᠃  ᠨᠡᠶᠢᠭᠡᠮ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠪᠠᠯ ᠠᠷᠠᠳ  ᠲᠦᠮᠡᠨ ᠰᠠᠶ᠋ᠢ ᠠᠮᠤᠷ ᠲᠦᠪᠰᠢᠨ ᠲᠥᠷᠥᠭᠳᠡᠯ ᠲᠠᠢ ᠪᠠᠶᠢᠵᠤ ᠴᠢᠳᠠᠨ᠎ᠠ᠃ ᠨᠡᠶᠢᠭᠡᠮ ᠤᠨ ᠰᠠᠶᠢᠨ ᠰᠠᠶᠢᠬᠠᠨ ᠡᠮᠬᠢ ᠵᠢᠷᠤᠮ ᠪᠣᠯ ᠨᠡᠶᠢᠭᠡᠮ ᠤᠨ ᠲᠣᠭᠲᠠᠭᠤᠨ ᠪᠠᠶᠢᠳᠠᠯ ᠢ  ᠬᠠᠮᠠᠭᠠᠯᠠᠬᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠢᠨ ᠴᠢᠬᠤᠯᠠ ᠤᠷᠢᠲᠠᠯ ᠮᠥᠨ᠃ ᠬᠦᠴᠦᠷᠬᠡᠭ ᠶᠡᠭᠡ ᠨᠡᠶᠢᠭᠡᠮ ᠤᠨ ᠠᠮᠢᠵᠢᠷᠠᠯ ᠤᠨ ᠬᠦᠴᠦᠨ ᠪᠣᠯ  ᠨᠢᠭᠡ ᠤᠯᠤᠰ ᠪᠠ ᠦᠨᠳᠦᠰᠦᠲᠡᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠲᠤᠲᠠᠭᠳᠠᠵᠤ ᠪᠣᠯᠣᠰᠢ ᠦᠭᠡᠢ ᠦᠨᠳᠦᠰᠦᠨ ᠡᠯᠧᠮᠧᠨ᠋ᠲ ᠮᠥᠨ᠃ ᠰᠢᠨᠵᠢᠯᠡᠬᠦ ᠤᠬᠠᠭᠠᠨᠴᠢ  ᠬᠠᠮᠢᠶᠠᠷᠤᠯᠲᠠ ᠶᠢᠨ ᠠᠷᠭ᠎ᠠ᠂ ᠪᠦᠷᠢᠨ ᠲᠡᠭᠦᠯᠳᠡᠷ ᠪᠠᠲᠤᠯᠠᠭ᠎ᠠ ᠶᠢᠨ ᠲᠣᠭᠲᠠᠴᠠ᠂ ᠡᠷᠬᠡ ᠲᠡᠭᠰᠢ ᠪᠠᠷ ᠣᠷᠤᠯᠴᠠᠬᠤ ᠳᠦᠷᠢᠮ ᠢᠶᠠᠷ ᠤᠯᠠᠨ ᠡᠰᠢᠲᠦ ᠭᠤᠣᠯ ᠴᠣᠭᠴᠠ ᠶᠢᠨ  ᠨᠡᠶᠢᠭᠡᠮ ᠤᠨ ᠵᠠᠰᠠᠯᠲᠠ ᠳᠤ ᠣᠷᠤᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠣᠯᠣᠨ ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠵᠦ᠂ ᠠᠵᠤ ᠠᠬᠤᠢ ᠶᠢᠨ  ᠵᠠᠰᠠᠯᠲᠠ ᠶᠢᠨ ᠠᠮᠢᠵᠢᠷᠠᠯ ᠤᠨ ᠬᠦᠴᠦᠨ ᠢ ᠨᠡᠩ ᠰᠠᠶᠢᠨ ᠪᠠᠳᠠᠷᠠᠭᠤᠯᠵᠤ᠂ ᠨᠡᠶᠢᠭᠡᠮ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠨᠢᠭᠲᠠᠷᠠᠭᠤᠯᠵᠤ ᠴᠢᠳᠠᠨ᠎ᠠ᠃  ᠨᠡᠶᠢᠭᠡᠮ ᠤᠨ ᠵᠠᠰᠠᠯᠲᠠ ᠶᠢ ᠥᠨᠳᠥᠷ ᠲᠦᠪᠰᠢᠨ ᠢᠶᠠᠷ ᠥᠷᠨᠢᠭᠦᠯᠬᠦ ᠳᠤ ᠬᠤᠪᠢᠰᠤᠩᠭᠤᠢ ᠰᠡᠳᠬᠢᠬᠦᠢ ᠶᠢ ᠪᠤᠢ ᠪᠤᠯᠭᠠᠵᠤ᠂ ᠠᠮᠢᠵᠢᠷᠠᠯ ᠤᠨ ᠬᠦᠴᠦᠨ ᠪᠣᠯᠣᠨ ᠡᠮᠬᠢ  ᠳᠢᠭᠯᠢᠮ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠨᠡᠶᠢᠭᠡᠮ ᠤᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠨᠠᠮᠳᠠᠭᠤᠯᠬᠤ ᠪᠠᠷ ᠪᠠᠷᠠᠬᠤ ᠦᠭᠡᠢ  ᠪᠠᠰᠠ ᠨᠡᠶᠢᠭᠡᠮ ᠤᠨ ᠰᠢᠨ᠎ᠡ ᠶᠢ ᠡᠭᠦᠳᠬᠦ ᠬᠥᠭᠵᠢᠯᠲᠡ ᠳᠤ ᠳᠡᠮᠵᠢᠯᠭᠡ ᠬᠠᠩᠭᠠᠵᠤ᠂ ᠠᠮᠢᠳᠤᠯᠢᠭ ᠪᠥᠭᠡᠳ ᠡᠮᠬᠢ ᠳᠢᠭᠯᠢᠮ ᠲᠠᠢ ᠬᠥᠳᠡᠯᠦᠩᠭᠦᠢ ᠲᠡᠩᠴᠡᠭᠦᠷᠢ ᠶᠢ  ᠪᠡᠶᠡᠯᠡᠭᠦᠯᠬᠦ ᠬᠡᠷᠡᠭᠲᠡᠢ᠃        ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ᠪᠠ ᠥᠪᠡᠷᠲᠡᠭᠡᠨ ᠵᠠᠰᠠᠬᠤ ᠶᠢᠨ ᠬᠠᠮᠵᠢᠯᠴᠠᠬᠤ ᠬᠠᠷᠢᠴᠠᠭ᠎ᠠ᠃ ᠬᠠᠤᠯᠢ ᠪᠠᠷ ᠵᠠᠰᠠᠬᠤ ᠪᠣᠯ  ᠨᠡᠶᠢᠭᠡᠮ ᠤᠨ ᠵᠠᠰᠠᠯᠲᠠ ᠶᠢᠨ ᠴᠢᠬᠤᠯᠠ ᠪᠠᠲᠤᠯᠠᠭ᠎ᠠ ᠮᠥᠨ᠂ ᠨᠡᠶᠢᠭᠡᠮ ᠤᠨ ᠬᠠᠷᠢᠴᠠᠭ᠎ᠠ ᠶᠢ ᠲᠣᠬᠢᠷᠠᠭᠤᠯᠬᠤ᠂ ᠵᠥᠷᠢᠴᠡᠯ ᠮᠥᠷᠭᠦᠯᠳᠦᠭᠡᠨ ᠢ ᠰᠢᠢᠳᠪᠦᠷᠢᠯᠡᠬᠦ ᠪᠠᠷ ᠳᠠᠮᠵᠢᠨ  ᠨᠡᠶᠢᠭᠡᠮ ᠤᠨ ᠰᠠᠶᠢᠨ ᠰᠠᠶᠢᠬᠠᠨ ᠡᠮᠬᠢ ᠵᠢᠷᠤᠮ ᠢ ᠬᠠᠮᠠᠭᠠᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠦᠨᠡᠨ ᠬᠦ ᠪᠠᠲᠤᠯᠠᠵᠤ ᠴᠢᠳᠠᠨ᠎ᠠ᠃ ᠶᠣᠰᠣ  ᠰᠤᠷᠲᠠᠬᠤᠨ ᠢᠶᠠᠷ ᠵᠠᠰᠠᠬᠤ ᠨᠢ  ᠤᠬᠠᠭᠠᠷᠠᠭᠤᠯᠬᠤ ᠦᠢᠯᠡᠳᠦᠯ ᠲᠠᠢ᠂ ᠬᠠᠤᠯᠢ ᠪᠠᠷ ᠵᠠᠰᠠᠬᠤ ᠶᠢᠨ ᠴᠢᠬᠤᠯᠠ ᠨᠥᠬᠦᠪᠦᠷᠢ ᠮᠥᠨ᠂ ᠳᠤᠮᠳᠠᠳᠤ ᠤᠯᠤᠰ ᠤᠨ ᠲᠡᠦᠬᠡᠨ  ᠳᠡᠭᠡᠷ᠎ᠡ ᠪᠦᠷᠢᠯᠳᠦᠵᠦ ᠤᠯᠠᠮᠵᠢᠯᠠᠭᠳᠠᠭᠰᠠᠨ ᠰᠠᠶᠢᠨ ᠰᠠᠶᠢᠬᠠᠨ ᠶᠣᠰᠣ ᠰᠤᠷᠲᠠᠬᠤᠨ᠂ ᠵᠠᠩ ᠳᠠᠳᠬᠠᠯ ᠵᠡᠷᠭᠡ ᠪᠣᠯ ᠮᠠᠨ ᠤ ᠥᠨᠥᠳᠥᠷ ᠤᠨ ᠨᠡᠶᠢᠭᠡᠮ ᠤᠨ ᠵᠠᠰᠠᠯᠲᠠ ᠶᠢ  ᠥᠷᠨᠢᠭᠦᠯᠬᠦ ᠡᠷᠬᠢᠮ ᠨᠠᠨᠳᠢᠨ ᠡᠬᠢ ᠪᠠᠶᠠᠯᠢᠭ ᠪᠠ ᠦᠨᠳᠦᠰᠦᠨ ᠵᠢᠷᠤᠮᠵᠢᠯ ᠮᠥᠨ᠃ ᠥᠪᠡᠷᠲᠡᠭᠡᠨ ᠵᠠᠰᠠᠬᠤ ᠨᠢ ᠨᠡᠶᠢᠭᠡᠮ ᠤᠨ ᠵᠠᠰᠠᠯᠲᠠ ᠳᠤ ᠥᠪᠡᠷᠮᠢᠴᠡ ᠦᠢᠯᠡᠳᠦᠯ  ᠦᠵᠡᠭᠦᠯᠵᠦ᠂ ᠨᠡᠶᠢᠭᠡᠮ ᠤᠨ ᠥᠪᠡᠷᠲᠡᠭᠡᠨ ᠵᠠᠰᠠᠬᠤ ᠶᠢ ᠲᠡᠭᠦᠯᠳᠡᠷᠵᠢᠭᠦᠯᠬᠦ ᠪᠠᠷ ᠳᠠᠮᠵᠢᠨ᠂ ᠦᠨᠳᠦᠰᠦᠨ ᠱᠠᠲᠤᠨ ᠤ ᠤᠯᠠᠨ ᠲᠦᠮᠡᠨ ᠤ ᠥᠪᠡᠷ ᠢ ᠪᠠᠨ ᠬᠠᠮᠢᠶᠠᠷᠬᠤ᠂  ᠥᠪᠡᠷ ᠤᠨ ᠪᠡᠶ᠎ᠡ ᠳᠡᠭᠡᠨ ᠦᠢᠯᠡᠴᠢᠯᠡᠬᠦ᠂ ᠥᠪᠡᠷ ᠢ ᠪᠠᠨ ᠬᠥᠮᠥᠵᠢᠭᠦᠯᠬᠦ᠂ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠶᠢ ᠠᠬᠢᠭᠤᠯᠬᠤ ᠨᠢ ᠦᠨᠳᠦᠰᠦᠨ ᠱᠠᠲᠤᠨ ᠤ  ᠵᠠᠰᠠᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠠᠰᠢᠭᠲᠠᠢ ᠶᠤᠮ᠃ ᠭᠠᠭᠴᠠ ᠬᠦ ᠨᠠᠮ ᠤᠨ ᠤᠳᠤᠷᠢᠳᠤᠯᠭ᠎ᠠ ᠳᠣᠣᠷ᠎ᠠ ᠬᠠᠤᠯᠢ ᠪᠠᠷ ᠵᠠᠰᠠᠬᠤ᠂ ᠶᠣᠰᠣ  ᠮᠣᠷᠠᠯ ᠢᠶᠠᠷ ᠵᠠᠰᠠᠬᠤ ᠪᠠ ᠥᠪᠡᠷᠲᠡᠭᠡᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠵᠦ᠂ ᠬᠠᠮᠵᠢᠯᠴᠠᠭᠤᠯᠤᠨ ᠠᠬᠢᠭᠤᠯᠪᠠᠯ ᠰᠠᠶ᠋ᠢ ᠴᠢᠳᠠᠮᠠᠭᠠᠢ ᠪᠠᠷ ᠵᠠᠰᠠᠬᠤ ᠶᠠᠪᠤᠳᠠᠯ ᠢ  ᠪᠡᠶᠡᠯᠡᠭᠦᠯᠵᠦ ᠴᠢᠳᠠᠨ᠎ᠠ᠃        ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠨᠡᠶᠢᠭᠡᠮ ᠤᠨ ᠵᠠᠰᠠᠯᠲᠠ ᠶᠢᠨ ᠵᠠᠮ ᠢᠶᠠᠷ ᠵᠠᠮᠨᠠᠨ᠎ᠠ        ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ  ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠮᠥᠨ᠂ ᠪᠠᠰᠠ ᠴᠤ  ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠪᠠ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠠᠷ ᠣᠷᠣᠰᠢᠵᠤ᠂ ᠲᠣᠬᠲᠠᠭᠠᠯᠲᠤ ᠪᠤᠰᠤ ᠵᠢᠱᠢᠵᠦ ᠮᠡᠳᠡᠬᠦᠶ᠎ᠡ ᠪᠡᠷᠬᠡ  ᠬᠦᠴᠦᠨ ᠵᠦᠢᠯ ᠨᠡᠮᠡᠭᠳᠡᠵᠦ ᠪᠠᠶᠢᠭ᠎ᠠ ᠬᠤᠭᠤᠴᠠᠭ᠎ᠠ ᠮᠥᠨ᠃ ᠰᠢᠨ᠎ᠡ ᠠᠶᠠᠨ ᠳᠤ᠂ ᠡᠯ᠎ᠡ ᠵᠦᠢᠯ ᠤᠨ ᠲᠦᠭᠰᠢᠭᠦᠷᠢ ᠪᠣᠯᠣᠨ ᠰᠢᠯᠭᠠᠯᠲᠠ ᠶᠢᠨ ᠡᠮᠦᠨ᠎ᠡ᠂ ᠮᠠᠨ ᠤ  ᠤᠯᠤᠰ ᠤᠨ ᠠᠵᠤ ᠠᠬᠤᠢ ᠨᠡᠶᠢᠭᠡᠮ ᠤᠨ ᠭᠦᠨᠵᠡᠭᠡᠢ ᠬᠤᠪᠢᠰᠤᠯᠲᠠ ᠶᠢᠨ ᠡᠮᠦᠨ᠎ᠡ᠂ ᠪᠢᠳᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ  ᠨᠡᠶᠢᠭᠡᠮ ᠤᠨ ᠵᠠᠰᠠᠯᠲᠠ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠩ ᠥᠨᠳᠥᠷ ᠲᠦᠪᠰᠢᠨ ᠪᠦᠬᠦᠢ ᠨᠡᠶᠢᠭᠡᠮ ᠤᠨ ᠵᠠᠰᠠᠯᠲᠠ ᠪᠠᠷ ᠤᠯᠤᠰ ᠤᠨ ᠥᠨᠢ  ᠤᠳᠠᠭᠠᠨ ᠠᠮᠤᠷ ᠲᠦᠪᠰᠢᠨ ᠪᠠᠶᠢᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃        ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠨᠡᠶᠢᠭᠡᠮ ᠤᠨ  ᠵᠠᠰᠠᠯᠲᠠ ᠶᠢᠨ ᠵᠠᠮ ᠢᠶᠠᠷ ᠵᠠᠮᠨᠠᠬᠤ ᠳᠤ ᠡᠷᠬᠡᠪᠰᠢ ᠨᠠᠮ ᠤᠨ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ  ᠭᠤᠣᠯᠯᠠᠭᠴᠢ ᠶᠢᠨ ᠦᠢᠯᠡᠳᠦᠯ ᠢ ᠪᠠᠷᠢᠮᠲᠠᠯᠠᠬᠤ ᠬᠡᠷᠡᠭᠲᠡᠢ᠃ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡᠳᠦᠯᠲᠡᠢ  ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠲᠦᠷᠦᠯ ᠬᠤᠪᠢᠶᠠᠨ ᠵᠢᠯᠤᠭᠤᠳᠬᠤ ᠶᠢ ᠪᠠᠷᠢᠮᠲᠠᠯᠠᠵᠤ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂  ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠪᠠᠷ ᠠᠵᠢᠯ ᠣᠯᠣᠭᠰᠠᠨ ᠬᠥᠮᠥᠰ ᠤᠨ ᠨᠠᠮ ᠤᠨ ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠵᠤ᠂  ᠨᠠᠮ ᠤᠨ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠤᠷᠢᠶᠠᠯᠠᠬᠤ ᠬᠦᠴᠦᠨ ᠨᠢᠭᠲᠠᠷᠠᠭᠤᠯᠬᠤ ᠬᠦᠴᠦᠨ ᠨᠥᠯᠥᠭᠡᠯᠡᠬᠦ ᠬᠦᠴᠦᠨ ᠢ ᠳᠠᠰᠤᠷᠠᠯᠳᠠ ᠦᠭᠡᠢ  ᠴᠢᠩᠭᠠᠳᠬᠠᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠨᠢᠭᠡᠳᠬᠡᠬᠦ ᠰᠠᠯᠭᠠᠬᠤ ᠶᠢ  ᠤᠶᠠᠯᠳᠤᠭᠤᠯᠤᠭᠰᠠᠨ᠂ ᠬᠠᠮᠵᠢᠯᠴᠠᠭᠰᠠᠨ ᠥᠨᠳᠥᠷ ᠪᠦᠲᠦᠮᠵᠢᠲᠡᠢ ᠠᠵᠢᠯ ᠤᠨ ᠪᠠᠶᠢᠷᠢᠰᠢᠯ ᠢ ᠪᠤᠢ ᠪᠤᠯᠭᠠᠬᠤ ᠶᠢ ᠠᠬᠢᠭᠤᠯᠵᠤ᠂ ᠨᠠᠮ ᠤᠨ ᠬᠤᠷᠢᠶᠠᠨ ᠤ ᠨᠡᠶᠢᠭᠡᠮ ᠤᠨ  ᠠᠵᠢᠯ ᠤᠨ ᠰᠠᠯᠠᠭ᠎ᠠ ᠮᠥᠴᠢᠷ ᠪᠣᠯᠣᠨ ᠵᠣᠬᠢᠶᠠᠨ ᠪᠠᠶᠢᠭᠤᠯᠬᠤ᠂ ᠤᠬᠠᠭᠤᠯᠬᠤ᠂ ᠤᠯᠤᠰ ᠲᠦᠷᠦ ᠬᠠᠤᠯᠢ ᠴᠠᠭᠠᠵᠠ ᠪᠠ ᠠᠷᠠᠳ ᠤᠨ ᠶᠠᠪᠤᠳᠠᠯ᠂ ᠲᠠᠷᠢᠶᠠᠯᠠᠩ ᠬᠥᠳᠡᠭᠡ  ᠲᠣᠰᠬᠤᠨ ᠵᠡᠷᠭᠡ ᠰᠠᠯᠠᠭ᠎ᠠ ᠮᠥᠴᠢᠷ ᠤᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ  ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ ᠬᠡᠷᠡᠭᠲᠡᠢ᠃ ᠠᠷᠠᠳ ᠤᠯᠠᠨ ᠤ ᠬᠡᠷᠡᠭᠴᠡᠭᠡ ᠳᠤ ᠤᠯᠠᠨ ᠡᠰᠢᠵᠢᠭᠰᠡᠨ ᠪᠠ ᠵᠥᠷᠢᠶᠡᠲᠦ ᠴᠢᠨᠠᠷᠲᠠᠢ ᠣᠨᠴᠠᠯᠢᠭ᠋ ᠲᠠᠢ᠃ ᠰᠢᠨ᠎ᠡ ᠴᠠᠭ ᠦᠶ᠎ᠡ ᠶᠢᠨ ᠨᠠᠮ ᠤᠨ ᠣᠯᠠᠨ ᠲᠦᠮᠡᠨᠴᠢ ᠱᠤᠭᠤᠮ ᠢ ᠰᠠᠶᠢᠲᠤᠷ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠠᠷᠭ᠎ᠠ ᠪᠠ ᠳᠦᠷᠢᠮ ᠢ ᠬᠡᠷᠡᠭᠯᠡᠨ᠂ ᠤᠳᠤᠷᠢᠳᠬᠤ ᠺᠠᠳ᠋ᠷ  ᠰᠣᠷᠪᠤᠯᠵᠢᠯᠠᠭ᠎ᠠ ᠭᠥᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠠᠵᠢᠯ ᠢ ᠭᠦᠨᠵᠡᠭᠡᠢ ᠥᠷᠨᠢᠭᠦᠯᠵᠦ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ ᠪᠠ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠵᠦ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ  ᠬᠠᠮᠠᠭᠠᠯᠠᠬᠤ ᠬᠡᠷᠡᠭᠲᠡᠢ᠃ ᠠᠷᠠᠳ ᠤᠨ ᠰᠠᠨᠠᠭᠤᠯᠭ᠎ᠠ ᠶᠢ ᠴᠤᠭᠯᠠᠭᠤᠯᠬᠤ ᠠᠵᠢᠯ ᠢ ᠰᠠᠶᠢᠲᠤᠷ ᠬᠢᠵᠦ᠂ ᠠᠷᠠᠳ ᠤᠨ ᠰᠠᠨᠠᠭ᠎ᠠ ᠶᠢ ᠦᠨᠡᠨ ᠬᠦ ᠰᠢᠩᠭᠡᠬᠡᠨ ᠠᠪᠴᠤ᠂  ᠠᠷᠠᠳ ᠤᠨ ᠤᠶᠤᠨ ᠤᠬᠠᠭᠠᠨ ᠢ ᠬᠤᠷᠠᠮᠳᠤᠭᠤᠯᠤᠨ᠂ ᠠᠷᠠᠳ ᠤᠯᠠᠨ ᠤ ᠨᠡᠶᠢᠭᠡᠮ ᠤᠨ ᠵᠠᠰᠠᠯᠲᠠ ᠳᠤ ᠣᠷᠤᠯᠴᠠᠬᠤ ᠠᠷᠭ᠎ᠠ ᠵᠠᠮ ᠢ ᠥᠷᠭᠡᠳᠬᠡᠵᠦ᠂ ᠤᠯᠠᠨ ᠲᠦᠮᠡᠨ ᠤ  ᠠᠩᠬᠠᠷᠴᠤ ᠪᠠᠶᠢᠭ᠎ᠠ ᠠᠰᠠᠭᠤᠳᠠᠯ ᠳᠤ ᠨᠡᠩ ᠰᠠᠶᠢᠲᠤᠷ ᠬᠠᠷᠢᠭᠤᠯᠲᠠ ᠥᠭᠴᠦ᠂ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠬᠡᠷᠡᠭᠲᠡᠢ᠃ ᠲᠣᠣᠷᠵᠢᠭᠤᠯᠤᠬᠰᠠᠨ  ᠬᠠᠮᠢᠶᠠᠷᠤᠯᠲᠠ᠂ ᠨᠠᠷᠢᠯᠢᠭ ᠦᠢᠯᠡᠴᠢᠯᠡᠭᠡ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠭᠰᠠᠨ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ ᠲᠡᠭᠦᠯᠳᠡᠷᠵᠢᠭᠦᠯᠵᠦ᠂  ᠬᠤᠲᠠ ᠬᠥᠳᠡᠭᠡ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠠᠷᠠᠳ ᠤᠯᠠᠨ ᠳᠤ ᠭᠡᠷ ᠤᠨ ᠡᠭᠦᠳᠡᠨ ᠳᠠᠬᠢ ᠰᠢᠯᠢᠳᠡᠭ ᠦᠢᠯᠡᠴᠢᠯᠡᠭᠡ ᠪᠠ  ᠨᠠᠷᠢᠯᠢᠭ ᠬᠠᠮᠢᠶᠠᠷᠤᠯᠲᠠ ᠬᠠᠩᠭᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠨᠡᠩ ᠲᠡᠭᠦᠯᠳᠡᠷ᠂  ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠪᠣᠯᠭᠠᠨ᠎ᠠ᠃        ᠪᠠᠶᠢᠭᠤᠯᠤᠯ ᠲᠣᠭᠲᠠᠴᠠ ᠶᠢ ᠪᠦᠷᠢᠨᠰᠢᠭᠦᠯᠬᠦ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠬᠤ ᠬᠡᠷᠡᠭᠲᠡᠢ᠃ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ  ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠵᠣᠬᠢᠴᠠᠭᠤᠯᠬᠤ ᠲᠣᠭᠲᠠᠴᠠ ᠶᠢ  ᠪᠦᠷᠢᠨᠰᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠳᠠᠷᠤᠭᠠᠰᠤ ᠶᠢ  ᠬᠥᠩᠭᠡᠷᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠦᠨᠳᠦᠰᠦᠨ ᠱᠠᠲᠤᠨ ᠳᠤ ᠬᠦᠴᠦᠨ ᠴᠢᠳᠠᠯ ᠣᠯᠭᠤᠬᠤ ᠪᠠ ᠳᠠᠷᠤᠭᠠᠰᠤ ᠶᠢ  ᠬᠥᠩᠭᠡᠷᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠨ᠎ᠠ᠃ ᠨᠡᠶᠢᠭᠡᠮ ᠤᠨ ᠠᠵᠢᠯ ᠤᠨ ᠲᠤᠰᠬᠠᠢ  ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ  ᠴᠢᠳᠠᠪᠤᠷᠢᠲᠠᠨ ᠢ ᠬᠥᠮᠥᠵᠢᠭᠦᠯᠬᠦ᠂ ᠦᠨᠡᠯᠡᠬᠦ᠂ ᠬᠡᠷᠡᠭᠯᠡᠬᠦ᠂ ᠤᠷᠮᠠᠰᠢᠭᠤᠯᠬᠤ ᠵᠡᠷᠭᠡ ᠭᠤᠣᠯᠳᠠᠯᠭ᠎ᠠ ᠲᠠᠢ ᠭᠤᠭᠴᠣᠭᠠᠨ ᠳᠠᠬᠢ ᠲᠥᠷᠥ ᠶᠢᠨ ᠪᠣᠳᠣᠯᠭ᠎ᠠ ᠶᠢᠨ ᠳᠦᠷᠢᠮ ᠤᠨ  ᠪᠠᠶᠢᠭᠤᠯᠤᠯᠲᠠ ᠶᠢ ᠤᠯᠠᠮ ᠴᠢᠩᠭᠠᠳᠬᠠᠨ᠂ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠲᠠ ᠦᠭᠡᠢ  ᠳᠡᠭᠡᠭᠰᠢᠯᠡᠭᠦᠯᠦᠨ᠎ᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠳᠦᠷᠢᠮ ᠪᠠ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ  ᠪᠠᠳᠠᠷᠠᠭᠤᠯᠤᠨ᠂ ᠨᠡᠶᠢᠭᠡᠮ ᠳᠤ ᠦᠢᠯᠡᠴᠢᠯᠡᠬᠦ ᠳᠤᠷᠠᠲᠠᠢ ᠨᠡᠩ ᠤᠯᠠᠨ ᠬᠥᠮᠥᠰ ᠲᠤ ᠨᠡᠶᠢᠭᠡᠮ ᠤᠨ ᠵᠠᠰᠠᠯᠲᠠ ᠳᠤ ᠣᠷᠤᠯᠴᠠᠬᠤ ᠲᠣᠭᠢᠶᠠᠯ ᠣᠯᠭᠤᠵᠤ᠂ ᠨᠡᠩ ᠰᠠᠶᠢᠨ  ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠨ᠎ᠠ᠃        ᠰᠢᠰᠲ᠋ᠧᠮ ᠤᠨ ᠦᠵᠡᠯᠲᠡ ᠶᠢ ᠪᠠᠷᠢᠮᠲᠠᠯᠠᠬᠤ ᠬᠡᠷᠡᠭᠲᠡᠢ᠃ ᠨᠡᠶᠢᠭᠡᠮ ᠤᠨ ᠵᠠᠰᠠᠯᠲᠠ ᠪᠣᠯ ᠨᠢᠭᠡ ᠵᠦᠢᠯ ᠤᠨ ᠨᠠᠷᠢᠨ ᠪᠤᠳᠤᠯᠢᠶᠠᠨᠲᠠᠢ ᠡᠭᠦᠷᠭᠡ ᠮᠥᠨ᠂ ᠰᠢᠰᠲ᠋ᠧᠮᠲᠦ  ᠴᠢᠨᠠᠷᠲᠠᠢ᠂ ᠪᠦᠬᠦᠯᠢ ᠴᠣᠭᠴᠠᠲᠤ ᠴᠢᠨᠠᠷᠲᠠᠢ᠂ ᠬᠠᠮᠵᠢᠯᠴᠠᠬᠤ ᠴᠢᠨᠠᠷᠲᠠᠢ ᠪᠠᠶᠢᠬᠤ ᠶᠢ ᠴᠢᠬᠤᠯᠠᠴᠢᠯᠠᠬᠤ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ  ᠵᠢᠷᠤᠮᠲᠤ ᠨᠡᠶᠢᠭᠡᠮ ᠤᠨ ᠵᠠᠰᠠᠯᠲᠠ ᠶᠢ ᠠᠬᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠃ ᠦᠢᠯᠡᠳᠦᠯᠭᠡ ᠶᠢᠨ ᠳᠤᠮᠳᠠ᠂ ᠠᠵᠤ ᠠᠬᠤᠢ ᠨᠡᠶᠢᠭᠡᠮ ᠤᠨ  ᠬᠥᠭᠵᠢᠯᠲᠡ ᠶᠢᠨ ᠲᠦᠪᠰᠢᠨ ᠤ ᠲᠠᠰᠤᠷᠠᠯᠳᠠ ᠦᠭᠡᠢ ᠳᠡᠭᠡᠭᠰᠢᠯᠡᠬᠦ ᠶᠢ ᠳᠠᠭᠠᠯᠳᠤᠨ᠂ ᠨᠡᠶᠢᠭᠡᠮ ᠤᠨ ᠵᠠᠰᠠᠯᠲᠠ ᠶᠢᠨ ᠡᠯ᠎ᠡ ᠬᠦᠷᠢᠶ᠎ᠡ ᠡᠯ᠎ᠡ ᠭᠤᠭᠴᠤᠭ᠎ᠠ ᠶᠢᠨ  ᠬᠤᠯᠪᠣᠯᠳᠤᠬᠤ ᠴᠢᠨᠠᠷ᠂ ᠦᠢᠯᠡᠳᠦᠯᠴᠡᠬᠦ ᠴᠢᠨᠠᠷ ᠴᠤ ᠢᠯᠡᠳᠲᠡ ᠴᠢᠩᠭᠠᠷᠠᠵᠤ᠂ ᠶᠠᠮᠠᠷᠪᠠ ᠨᠢᠭᠡ ᠲᠠᠯ᠎ᠠ ᠶᠢᠨ ᠬᠠᠷᠰᠢ ᠰᠠᠭᠠᠳ ᠪᠠ ᠬᠤᠴᠤᠷᠤᠩᠭᠤᠢ ᠪᠠᠶᠢᠳᠠᠯ ᠨᠢ ᠴᠥᠮ  ᠨᠡᠶᠢᠭᠡᠮ ᠤᠨ ᠵᠠᠰᠠᠯᠲᠠ ᠶᠢᠨ ᠦᠷ᠎ᠡ ᠳ᠋ᠦᠩ ᠳᠤ ᠰᠢᠰᠲ᠋ᠧᠮᠲᠦ ᠴᠢᠨᠠᠷᠲᠠᠢ ᠨᠠᠵᠠᠭᠠᠢ ᠨᠥᠯᠥᠭᠡ ᠦᠵᠡᠭᠦᠯᠭᠦ ᠪᠣᠯᠣᠨ᠎ᠠ᠃ ᠪᠦᠭᠦ ᠲᠠᠯ᠎ᠠ ᠶᠢᠨ ᠦᠵᠡᠯᠲᠡ ᠪᠠ ᠰᠢᠰᠲ᠋ᠧᠮᠲᠦ  ᠰᠡᠳᠬᠢᠬᠦᠢ ᠶᠢ ᠪᠠᠷᠢᠮᠲᠠᠯᠠᠵᠤ᠂ ᠤᠬᠠᠮᠰᠠᠷ ᠠᠴᠠ ᠪᠠᠨ ᠨᠡᠶᠢᠭᠡᠮ ᠤᠨ ᠵᠠᠰᠠᠯᠲᠠ ᠶᠢᠨ ᠠᠵᠢᠯ ᠢ ᠨᠠᠮ ᠪᠠ ᠤᠯᠤᠰ ᠤᠨ ᠠᠵᠢᠯ ᠤᠨ ᠪᠦᠭᠦ ᠲᠠᠯ᠎ᠠ ᠪᠠ ᠡᠯ᠎ᠡ ᠭᠠᠵᠠᠷ ᠤᠨ  ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠵᠤ ᠲᠥᠯᠥᠪᠵᠢᠭᠦᠯᠦᠨ ᠪᠠᠶᠢᠷᠢᠯᠠᠭᠤᠯᠵᠤ ᠠᠬᠢᠭᠤᠯᠬᠤ ᠬᠡᠷᠡᠭᠲᠡᠢ᠃ ᠨᠡᠶᠢᠭᠡᠮ ᠤᠨ ᠵᠠᠰᠠᠯᠲᠠ ᠶᠢᠨ  ᠠᠵᠢᠯ ᠤᠨ ᠤᠷᠢᠳᠠᠴᠢ ᠴᠢᠨᠠᠷᠲᠠᠢ ᠪᠣᠳᠣᠯᠬᠢᠯᠠᠯ᠂ ᠪᠦᠭᠦ ᠲᠠᠯ᠎ᠠ ᠶᠢᠨ ᠴᠢᠨᠠᠷᠲᠠᠢ ᠲᠥᠯᠦᠪᠵᠢᠭᠦᠯᠭᠡ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠷᠢᠰᠢᠭᠤᠯᠤᠯᠲᠠ᠂  ᠪᠦᠬᠦᠯᠢ ᠴᠣᠭᠴᠠ ᠶᠢᠨ ᠴᠢᠨᠠᠷᠲᠠᠢ ᠠᠬᠢᠭᠤᠯᠬᠤ ᠶᠢ  ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢᠨ ︽ᠬᠠᠮ ᠠᠷᠭ᠎ᠠ ᠬᠡᠮᠵᠢᠶ᠎ᠡ︾᠎ ᠶᠢ ᠰᠠᠶᠢᠲᠤᠷ ᠬᠡᠷᠡᠭᠵᠢᠭᠦᠯᠵᠦ᠂ ᠡᠯ᠎ᠡ  ᠬᠦᠷᠢᠶ᠎ᠡ ᠡᠯ᠎ᠡ ᠱᠠᠲᠤ ᠳᠠᠪᠬᠤᠷᠭ᠎ᠠ ᠡᠯ᠎ᠡ ᠭᠤᠭᠴᠤᠭ᠎ᠠ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠨᠡᠶᠢᠭᠡᠮ ᠤᠨ ᠵᠠᠰᠠᠯᠲᠠ ᠶᠢ ᠬᠠᠮᠲᠤ ᠪᠠᠷ  ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠪᠣᠯᠣᠨ ᠤᠳᠠᠭᠠᠨ ᠳᠠᠭᠠᠭᠠᠮᠠᠭᠠᠢ ᠬᠥᠳᠡᠯᠭᠡᠬᠦ ᠬᠦᠴᠦᠨ ᠢ ᠪᠦᠷᠢᠯᠳᠦᠭᠦᠯᠬᠦ ᠬᠡᠷᠡᠭᠲᠡᠢ᠃        ︵ᠵᠣᠬᠢᠶᠠᠭᠴᠢ ᠶᠢᠨ ᠬᠠᠶ᠋ᠢᠭ᠄ ᠪᠡᠭᠡᠵᠢᠩ ᠬᠤᠲᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ  ᠵᠢᠷᠤᠮ ᠤᠨ ᠦᠵᠡᠯ ᠰᠠᠨᠠᠭᠠᠨ ᠤ ᠰᠤᠳᠤᠯᠭᠠᠨ ᠤ ᠲᠥᠪ ᠤᠨ ᠣᠨᠴᠠ ᠤᠷᠢᠭᠰᠠᠨ ᠰᠤᠳᠤᠯᠤᠭᠴᠢ᠂ ᠳᠤᠮᠳᠠᠳᠤ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ  ᠶᠡᠭᠡ ᠰᠤᠷᠭᠠᠭᠤᠯᠢ ᠶᠢᠨ ᠫᠷᠤᠹᠧᠰᠰᠤᠷ︶  
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ